2024-08-14 16:21:47
ᠵᠤᠨ᠎ᠤ ᠥᠷᠯᠥᠭᠡ ᠠᠯᠠᠱᠠ᠎ᠶ᠋ᠢᠨ ᠬᠤᠶᠠᠷᠬᠤᠳᠳᠤᠭ᠎ᠤᠨ ᠬᠦᠳᠡᠭᠡ ᠰᠤᠷᠭᠠᠭᠤᠯᠢ᠎ᠳᠤ ᠬᠦᠷᠬᠦ᠌᠎ᠳᠦ᠂ ᠨᠣᠮ ᠤᠩᠱᠢᠬᠤ ᠲᠠᠭᠤᠨ ᠰᠤᠷᠭᠠᠭᠤᠯᠢ ᠶ᠋ᠢᠨ ᠬᠦᠷᠢᠶ᠎ᠡ ᠲᠦᠬᠦᠷᠡᠩ ᠴᠤᠤᠷᠢᠶᠠᠲᠤᠨ᠎ᠠ᠃ ᠳᠣᠯᠣᠳᠤᠭᠠᠷ ᠣᠨ ᠤ ᠬᠣᠶᠠᠳᠤᠭᠠᠷ ᠠᠩᠭᠢ᠎ᠶ᠋ᠢᠨ ᠬᠢᠴᠢᠶᠡᠯ᠎ᠦᠨ ᠬᠡᠷ᠎ᠲᠦ᠂ ᠰᠤᠷᠤᠭ᠍ᠴᠢᠳ ᠶᠣᠭ᠍ᠲᠠ ᠥᠯᠢᠭᠡᠷ᠎ᠤᠨ ᠬᠢᠴᠢᠶᠡᠯ ᠤᠷᠤᠵᠤ᠌ ᠪᠠᠢᠯ᠎ᠠ᠃ ᠪᠠᠭ᠍ᠰᠢ ᠱ᠌ᠢ ᠬᠣᠩ ᠶᠠᠨ ᠰᠤᠷᠤᠭ᠍ᠴᠢᠳ᠎ᠲᠠᠶ᠎ᠪᠠᠨ ᠬᠠᠮᠲᠤ ᠦᠯᠢᠭᠡᠷ᠎ᠤᠨ ᠦᠶ᠋ᠯᠡ ᠶᠠᠪᠤᠳᠠᠯ᠎ᠢ ᠵᠠᠳᠠᠯᠵᠤ᠂ ᠥᠬᠡ ᠦᠬᠦᠯᠡᠪᠦᠷᠢ ᠵᠢ ᠨᠢ ᠠᠮᠳᠠᠷᠬᠠᠨ ᠤᠩᠰᠢᠵᠤ᠂ ᠳᠤᠮᠳᠠᠳᠤ ᠭᠠᠳᠠᠭᠠᠳᠤ᠎ᠶ᠋ᠢᠨ ᠶᠣᠭ᠍ᠲᠠ ᠥᠯᠢᠭᠡᠷ ᠢ ᠳᠡᠯᠭᠡᠷᠡᠭᠦᠯᠦᠨ ᠶᠠᠷᠢᠵᠤ᠂ ᠦᠭᠡ ᠬᠡᠯᠡ ᠥᠰᠥᠭ ᠪᠢᠴᠢᠭ᠎ᠦᠨ ᠭᠠᠢᠬᠠᠮᠰᠢᠭ᠎ᠢ ᠤᠢᠯᠠᠭᠠᠨ ᠮᠡᠳᠡᠷᠡᠵᠦ᠂ ᠬᠢᠴᠢᠶᠡᠯ᠎ᠦᠨ ᠲᠠᠩᠬᠢᠮ᠎ᠤᠨ ᠠᠭᠤᠷ ᠠᠮᠢᠰᠭᠤᠯ ᠳᠤᠩ ᠬᠥᠷ ᠬᠥᠭ᠌ᠵᠢᠶᠡᠨᠲᠡᠶ ᠪᠠᠢᠯ᠎ᠠ᠃
ᠣᠢᠯᠠᠭᠠᠭ᠍ᠰᠠᠨ᠎ᠢᠶᠠᠷ᠂ ᠠᠯᠠᠱᠠ ᠶ᠋ᠢᠨ ᠬᠤᠶᠠᠷᠬᠤᠳᠳᠤᠭ ᠤᠨ ᠬᠦᠳᠡᠭᠡ ᠰᠤᠷᠭᠠᠭᠤᠯᠢ᠎ᠶ᠋ᠢᠨ ᠳᠣᠯᠣᠳᠤᠭᠠᠷ ᠣᠨ ᠤ ᠬᠣᠶᠠᠳᠤᠭᠠᠷ ᠠᠩᠭᠢ ᠪᠣᠯ ᠡᠯ᠎ᠡ ᠦᠨᠳᠦᠰᠦᠲᠡᠨ᠎ᠤ ᠰᠤᠷᠤᠭ᠍ᠴᠢ ᠬᠤᠯᠢᠯᠳᠤᠭᠰᠠᠨ ᠠᠩᠭᠢ ᠪᠣᠯᠤᠨ᠎ᠠ᠂ ᠰᠤᠷᠭᠠᠭᠤᠯᠢ ᠪᠠ ᠪᠠᠭ᠍ᠰᠢ᠎ᠨᠠᠷ ᠰᠤᠷᠤᠭ᠍ᠴᠢᠳ᠎ᠤᠨ ᠪᠣᠳᠠᠲᠠᠶ ᠪᠠᠢᠳᠠᠯ᠎ᠢ ᠦᠨᠳᠦᠰᠦᠯᠡᠨ ᠤᠨᠴᠠᠯᠢᠭ ᠲᠤᠨᠢ ᠲᠣᠬᠢᠷᠠᠭᠤᠯᠤᠨ ᠵᠢᠭᠠᠨ ᠰᠤᠷᠭᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠶ᠋ᠢᠨ ᠬᠠᠮᠲᠤ ᠡᠯ᠎ᠡ ᠦᠨᠳᠦᠰᠦᠲᠡᠨ᠎ᠤ ᠰᠤᠷᠤᠭ᠍ᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠮᠡᠭ᠌ᠳᠡᠭᠦᠯᠪᠡ᠃
《ᠪᠢᠳᠡ ᠬᠢᠴᠢᠶᠡᠯᠯᠡᠬᠦ ᠳ᠋ᠡᠭᠡᠨ ᠦᠢᠯᠡ ᠠᠵᠢᠯᠯᠠᠭ᠎ᠠ᠂ ᠣᠷᠴᠢᠨ ᠠᠬᠤᠢ ᠵᠡᠷᠭᠡ ᠭᠣᠭ᠍ᠴᠣᠭ᠎ᠠ ᠲᠤᠬᠢᠷᠠᠭᠤᠯᠵᠤ᠂ ᠥᠩᠭᠡᠷᠡᠭ᠌ᠰᠡᠨ᠎ᠦ ᠬᠢᠴᠢᠶᠡᠯ ᠲᠡᠭᠡᠷ᠎ᠡ 〈ᠪᠠᠭ᠍ᠰᠢ᠎ᠪᠠᠷ ᠭᠣᠣᠯ ᠪᠤᠯᠭᠠᠵᠤ〉 ᠪᠠᠢᠭᠰᠠᠨ᠎ᠢ〈ᠰᠤᠷᠤᠭ᠍ᠴᠢ᠎ᠪᠠᠷ ᠭᠣᠣᠯ ᠴᠣᠭ᠍ᠴᠠ ᠪᠣᠯᠭᠠᠬᠤ〉ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠳᠠᠩ ᠭᠠᠭ᠍ᠴᠠ〈ᠮᠡᠳᠡᠯᠭᠡ ᠤᠯᠠᠮᠵᠢᠯᠠᠬᠤ〉᠎ᠡᠴᠡ ᠰᠤᠷᠤᠭ᠍ᠴᠢᠳ᠎ᠤᠨ〈ᠮᠡᠳᠡᠬᠦ ᠢᠳᠡᠭᠡᠬᠦ ᠬᠢᠬᠦ〉 ᠵᠢᠨ ᠠᠭᠤᠰᠤᠯᠴᠠᠯ᠎ᠢ ᠴᠢᠬᠤᠯᠠᠴᠢᠯᠠᠬᠤ ᠪᠣᠯᠭᠠᠨ ᠬᠤᠪᠢᠷᠠᠭᠤᠯᠵᠤ᠂ ᠰᠤᠷᠤᠭ᠍ᠴᠢᠳ᠎ᠤᠨ ᠰᠡᠳᠭᠢᠬᠦᠢ᠎ᠶ᠋ᠢᠨ ᠴᠢᠳᠠᠪᠤᠷᠢ᠂ ᠦᠢᠯᠡᠳᠦᠯᠭᠡ᠎ᠶ᠋ᠢᠨ ᠴᠢᠳᠠᠪᠤᠷᠢ ᠪᠣᠯᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠥᠮᠦᠵᠢᠭᠦᠯᠬᠦ᠌᠎ᠶ᠋ᠢ ᠨᠡᠩ ᠴᠢᠬᠤᠯᠠᠴᠢᠯᠠᠵᠤ᠂ ᠡᠭᠦᠨ᠎ᠦ ᠤᠯᠠᠮ᠎ᠢᠶᠠᠷ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠬᠦ᠌ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠪᠡ》 ᠭᠡᠵᠦ᠍ ᠱ᠌ᠢ ᠬᠣᠩ ᠶᠠᠨ ᠰᠤᠷᠪᠤᠯᠵᠢᠯᠠᠭ᠍ᠴᠢ᠎ᠳᠤ ᠬᠡᠯᠡᠪᠡ᠃
《ᠪᠠᠭ᠍ᠰᠢ ᠪᠣᠯᠤᠨ ᠬᠠᠮᠲᠤ ᠰᠤᠷᠤᠭ᠍ᠴᠢᠳ ᠤᠨ ᠬᠠᠪᠰᠤᠷᠤᠯᠭ᠎ᠠ ᠳᠣᠣᠷ᠎ᠠ᠂ ᠮᠢᠨᠦ᠍ ᠤᠩᠱᠢᠯᠭ᠎ᠠ᠎ᠶ᠋ᠢᠨ ᠴᠢᠳᠠᠪᠤᠷᠢ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠲᠦᠪᠱᠢᠨ ᠠᠯᠬᠤᠮ ᠠᠯᠬᠤᠮ᠎ᠢᠶᠠᠷ ᠳᠡᠭᠡᠭ᠌ᠰᠢᠯᠡᠵᠦ᠍᠂ ᠬᠡᠯᠡ ᠪᠢᠴᠢᠭ᠎ᠦᠨ ᠬᠢᠷᠢ ᠪᠦᠲᠦᠮᠵᠢ ᠴᠦ᠍ ᠦᠷᠭᠦᠯᠵᠢᠯᠡᠨ ᠳᠡᠭᠡᠭ᠌ᠰᠢᠯᠡᠵᠦ᠍ ᠪᠠᠢᠨ᠎ᠠ》 ᠭᠡᠵᠦ᠍ ᠳᠣᠯᠣᠳᠤᠭᠠᠷ ᠣᠨ᠎ᠤ ᠬᠣᠶᠠᠳᠤᠭᠠᠷ ᠠᠩᠭᠢ᠎ᠶ᠋ᠢᠨ ᠰᠤᠷᠤᠭ᠍ᠴᠢ ᠠᠯᠲᠠᠨᠭᠤᠯᠤᠮᠳᠠ ᠶᠠᠷᠢᠨ᠎ᠠ᠃ ᠤᠯᠤᠰ ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ᠂ ᠬᠤᠶᠠᠷᠬᠤᠳᠳᠤᠭ᠎ᠤᠨ ᠬᠦᠳᠡᠭᠡ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠢ᠎ᠡ ᠦᠵᠡᠭᠦᠯᠬᠦ᠌ ᠲᠤᠭᠤᠷᠢᠭ᠎ᠤᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠵᠢᠭᠠᠨ ᠰᠤᠷᠭᠠᠯᠲᠠ ᠰᠤᠳᠤᠯᠭᠠᠨ᠂ ᠡᠳᠦᠷ ᠲᠤᠳᠤᠮ᠎ᠤᠨ ᠵᠢᠭᠠᠨ ᠰᠤᠷᠭᠠᠯᠲᠠ᠎ᠶ᠋ᠢᠨ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠰᠤᠷᠤᠭ᠍ᠴᠢᠳ᠎ᠤᠨ ᠪᠦᠬᠦ᠌ ᠲᠠᠯ᠎ᠠ᠎ᠪᠠᠷ ᠬᠥᠭ᠌ᠵᠢᠬᠦ᠌᠂ ᠡᠷᠡᠭᠦᠯ᠎ᠢᠶᠡᠷ ᠦᠰᠦᠨ ᠪᠣᠢᠵᠢᠬᠤ᠎ᠶ᠋ᠢ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠤᠯᠭᠠᠬᠤ ᠪᠡᠷ ᠴᠢᠷᠮᠠᠢᠵᠤ ᠪᠠᠢᠨ᠎ᠠ᠃
ᠰᠤᠷᠤᠭ᠍ᠴᠢᠳ ᠤᠨ ᠬᠢᠴᠢᠶᠡᠯ ᠰᠤᠷᠤᠯᠭ᠎ᠠ ᠪᠠᠨ ᠳᠠᠭᠠᠵᠤ ᠳᠡᠢᠯᠬᠦ᠌ ᠪᠠ ᠬᠢᠴᠢᠶᠡᠯ ᠲᠦᠷᠦᠯ᠎ᠢ ᠰᠠᠢᠲᠤᠷ ᠵᠣᠯᠭᠠᠭᠤᠯᠬᠤ᠎ᠶ᠋ᠢᠨ ᠲᠥᠯᠥᠭᠡ᠂ ᠠᠯᠠᠱᠠ᠎ᠶ᠋ᠢᠨ ᠬᠤᠶᠠᠷᠬᠤᠳᠳᠤᠬᠤᠨ ᠬᠦᠳᠡᠭᠡ ᠰᠤᠷᠭᠠᠭᠤᠯᠢ ᠪᠠᠭ᠍ᠰᠢ᠎ᠶ᠋ᠢᠨ ᠪᠠᠲᠤᠯᠠᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠳᠤᠲᠠᠭ᠍ᠳᠠᠵᠤ ᠪᠦᠬᠦᠢ ᠰᠤᠷᠭᠠᠨ ᠬᠦᠮᠦᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠭᠤᠤᠯᠯᠠᠭ᠍ᠴᠢ ᠪᠠᠭ᠍ᠰᠢ᠎ᠶ᠋ᠢᠨ ᠬᠠᠷᠢᠴᠠᠯ᠎ᠢ 44.8% ᠳ᠋ᠤ ᠬᠦᠷᠭᠡᠵᠡᠢ; ᠵᠠᠯᠠᠭᠤ ᠪᠠᠭ᠍ᠰᠢ ᠨᠠᠷ᠎ᠤᠨ ᠦᠰᠦᠨ ᠪᠣᠢᠵᠢᠯᠳᠠ᠎ᠶ᠋ᠢ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠰᠤᠷᠤᠯᠭ᠎ᠠ᠎ᠶ᠋ᠢᠨ ᠬᠤᠭᠤᠴᠠᠭ᠎ᠠ ᠪᠦᠷᠢ ᠵᠠᠯᠠᠭᠤ ᠪᠠᠭ᠍ᠰᠢ ᠨᠠᠷ᠎ᠤᠨ ᠦᠨᠳᠦᠰᠦᠨ ᠴᠢᠳᠠᠪᠤᠷᠢ᠎ᠶ᠋ᠢᠨ ᠤᠷᠤᠯᠳᠤᠭᠠᠨ᠂ ᠠᠵᠢᠯ᠎ᠤᠨ ᠪᠠᠢᠷᠢ᠎ᠶ᠋ᠢᠨ ᠪᠤᠯᠪᠠᠰᠤᠷᠠᠯ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ;ᠪᠠᠭ᠍ᠰᠢ᠎ᠨᠠᠷ᠎ᠢ ᠢᠳᠡᠪᠬᠢᠲᠡᠶ ᠵᠣᠬᠢᠶᠠᠨ ᠪᠠᠢᠭᠤᠯᠤᠨ ᠭᠤᠷᠪᠠᠨ ᠲᠠᠯ᠎ᠠ᠎ᠪᠠᠷ ᠢᠵᠢᠯ ᠠᠯᠬᠤᠮ ᠵᠢᠡᠷ ᠵᠢᠭᠠᠨ ᠰᠤᠳᠤᠯᠬᠤ᠂ ᠬᠠᠮᠲᠤ᠎ᠪᠠᠷ ᠬᠢᠴᠢᠶᠡᠯ ᠪᠡᠯᠡᠳᠭᠡᠬᠦ᠌᠂ ᠦᠨᠡᠯᠡᠯᠲᠡ ᠰᠣᠨᠣᠰᠭᠤ ᠵᠡᠷᠭᠡ ᠠᠵᠢᠯᠯᠠᠭ᠎ᠠ᠎ᠳᠤ ᠣᠷᠣᠯᠴᠠᠭᠤᠯᠵᠤ᠂ ᠪᠠᠭ᠍ᠰᠢ᠎ᠨᠠᠷ᠎ᠤᠨ ᠵᠢᠭᠠᠨ ᠰᠤᠷᠭᠠᠯᠲᠠ ᠵᠢᠨ ᠬᠢᠷᠢ ᠲᠦᠪᠰᠢᠨ᠎ᠢ ᠳᠡᠭᠡᠭ᠌ᠰᠢᠯᠡᠭᠦᠯᠪᠡ; ᠣᠷᠣᠨ ᠪᠦᠰᠡ ᠠᠯᠤᠰᠯᠠᠭ᠍ᠰᠠᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠠᠯᠠᠱᠠ ᠵᠡᠭᠦᠨ ᠬᠣᠱᠢᠭᠤᠨ᠎ᠤ ᠬᠣᠶᠠᠷ ᠰᠤᠷᠭᠠᠭᠤᠯᠢ᠎ᠲᠠᠶ ᠰᠣᠯᠢᠯᠴᠠᠭ᠎ᠠ ᠬᠢᠵᠦ᠍ ᠠᠵᠢᠯ᠎ᠤᠨ ᠪᠠᠢᠷᠢ ᠡᠭᠡᠯᠵᠢᠯᠡᠬᠦ᠌ ᠠᠵᠢᠯᠯᠠᠭ᠎ᠠ ᠥᠷᠨᠢᠭᠦᠯᠵᠦ᠍᠂ ᠨᠢᠩᠱᠢᠶᠠ᠎ᠶ᠋ᠢᠨ ᠵᠥᠩ ᠸᠧᠶ ᠬᠣᠲᠠ᠎ᠶ᠋ᠢᠨ ᠱᠠ ᠫᠦᠸᠸ ᠳᠧᠦ ᠲᠣᠭᠣᠷᠢᠭ᠎ᠲᠠᠶ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ᠌ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠲᠣᠭ᠍ᠲᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠬᠦᠯᠬᠦ ᠵᠢ ᠤᠯᠠᠨ ᠲᠠᠯ᠎ᠠ ᠪᠡᠷ ᠦᠨᠡᠨ ᠬᠦ᠌ ᠪᠠᠲᠤᠯᠠᠪᠠ᠃ 《ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠤᠬᠠᠢ ᠬᠡᠷᠡᠭ᠌ᠵᠢᠭᠦᠯᠬᠦ᠌ ᠲᠥᠰᠦᠯ ᠵᠢᠴᠢ ᠪᠠᠭ᠍ᠰᠢ᠎ᠶ᠋ᠢᠨ ᠪᠣᠯᠪᠠᠰᠤᠷᠠᠯ᠎ᠤᠨ ᠲᠥᠯᠥᠪᠯᠡᠭᠡ᠎ᠶ᠋ᠢ ᠲᠣᠭ᠍ᠲᠠᠭᠠᠵᠤ᠂ 〈ᠪᠤᠯᠪᠠᠰᠤᠷᠠᠯ ᠬᠦᠷᠳᠡᠭᠡᠪᠡᠯ ᠵᠣᠬᠢᠬᠤ ᠪᠦᠬᠦᠨ᠎ᠳ᠋ᠤ ᠪᠤᠯᠪᠠᠰᠤᠷᠠᠯ ᠬᠦᠷᠳᠡᠭᠡᠵᠦ᠂ ᠪᠦᠬᠦ᠌ ᠠᠵᠢᠯᠳᠠᠨ ᠪᠣᠯᠪᠠᠰᠤᠷᠠᠯ ᠳ᠋ᠤ ᠤᠷᠤᠯᠴᠠᠬᠤ〉 ᠵᠠᠷᠴᠢᠮ ᠶᠣᠰᠣᠭᠠᠷ᠂ ᠪᠦᠬᠦ᠌ ᠠᠵᠢᠯᠳᠠᠨ ᠪᠦᠬᠦ ᠰᠠᠯᠠᠭᠠᠨ᠎ᠤ ᠪᠣᠯᠪᠠᠰᠤᠷᠠᠯ ᠪᠣᠯᠤᠨ ᠵᠢᠭᠠᠨ ᠰᠤᠷᠭᠠᠯᠲᠠ᠎ᠶ᠋ᠢᠨ ᠦᠨᠡᠯᠡᠯᠲᠡ᠎ᠶ᠋ᠢ ᠥᠷᠨᠢᠭᠦᠯᠵᠦ᠍᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠠᠩᠬᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠪᠠᠢᠬᠤ᠎ᠶ᠋ᠢ ᠠᠬᠢᠭᠤᠯᠪᠠ》ᠭᠡᠵᠦ᠍ ᠠᠯᠠᠱᠠ᠎ᠶ᠋ᠢᠨ ᠬᠤᠶᠠᠷᠬᠤᠳᠳᠤᠬᠤᠨ ᠬᠦᠳᠡᠭᠡ ᠰᠤᠷᠭᠠᠭᠤᠯᠢ᠎ᠶ᠋ᠢᠨ ᠳᠡᠳ᠋ ᠵᠠᠬᠢᠷᠤᠯ ᠾᠧ ᠹᠠᠩ ᠬᠡᠯᠡᠪᠡ᠃
ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠵᠢᠯ᠎ᠳᠦ᠂ ᠠᠯᠠᠱᠠ᠎ᠶ᠋ᠢᠨ ᠬᠤᠶᠠᠷᠬᠤᠳᠳᠤᠬᠤᠨ ᠬᠦᠳᠡᠭᠡ ᠰᠤᠷᠭᠠᠭᠤᠯᠢ ᠵᠢᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠤᠨ ᠲᠤᠭᠤᠷᠢᠨ ᠳ᠋ᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠪᠠ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠳᠠᠯᠢ ᠪᠤᠰᠤ ᠣᠨ᠎ᠤ ᠰᠤᠷᠤᠭ᠍ᠴᠢᠳ᠎ᠲᠤ ᠴᠢᠭ᠌ᠯᠡᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠢ ᠥᠷᠨᠢᠭᠦᠯᠵᠦ᠍᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ》ᠣᠢᠯᠠᠭᠠᠭ᠍ᠳᠠᠬᠤᠨ᠎ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠳᠤ ᠢᠳᠡᠭ ᠢᠳᠡᠭ᠎ᠢᠶᠡᠷ ᠨᠡᠪᠴᠢᠭᠦᠯᠪᠡ᠃ ᠡᠳᠦᠭᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ᠎ᠶ᠋ᠢᠨ ᠪᠤᠯᠤᠩ ᠵᠢᠴᠢ ᠳᠤᠮᠳᠠᠳᠤ᠎ᠶ᠋ᠢᠨ ᠱᠢᠯᠢᠳᠡᠭ ᠱᠢᠯᠦᠭ ᠳᠠᠭᠤᠯᠠᠯ᠂ ᠨᠡᠢᠭᠡᠮ ᠵᠢᠷᠤᠮ᠎ᠤᠨ ᠭᠣᠣᠯᠯᠠᠬᠤ ᠦᠷᠳᠡᠭ᠎ᠦᠨ ᠦᠵᠡᠯᠲᠡ᠎ᠶ᠋ᠢᠨ ᠭᠠᠷ ᠪᠢᠴᠢᠮᠡᠯ ᠰᠣᠨᠢᠨ ᠰᠤᠷᠭᠠᠭᠤᠯᠢ ᠵᠢᠨ ᠬᠦᠷᠢᠶᠡᠨ᠎ᠤ ᠭᠠᠵᠠᠷ ᠪᠤᠯᠭᠠᠨ ᠳ᠋ᠦ ᠬᠠᠷᠠᠬᠳᠠᠨ᠎ᠠ ᠁ ᠡᠨᠡ ᠨᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠭ᠍ᠰᠠᠨ᠎ᠢᠶᠠᠷ ᠪᠠᠷᠠᠬᠤ ᠦᠭᠡᠢ ᠪᠠᠰᠠ ᠰᠤᠷᠤᠭ᠍ᠴᠢᠳ᠎ᠢ ᠬᠠᠪᠰᠤᠷᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠤᠮᠤᠬ᠍ᠰᠢᠯᠳᠤ ᠰᠡᠳᠭᠢᠯᠭᠡ ᠪᠣᠯᠤᠨ ᠢᠲᠡᠭᠡᠯ ᠵᠤᠷᠢᠭ᠎ᠢ ᠨᠡᠮᠡᠭᠳᠡᠬᠦᠯᠦᠭᠰᠡᠨ ᠪᠠᠢᠨ᠎ᠠ᠃
《ᠪᠢᠳᠡ ᠦᠷᠭᠦᠯᠵᠢᠯᠡᠨ ᠳᠠᠭᠠᠭᠠᠴᠢᠯᠠᠨ ᠬᠣᠯᠪᠣᠭᠠᠯᠠᠬᠤ ᠲᠦᠷᠢᠮ᠎ᠢ ᠨᠠᠢᠳᠠᠪᠤᠷᠢᠵᠢᠭᠤᠯᠬᠤ᠂ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ ᠢ ᠳᠡᠭᠡᠭ᠌ᠰᠢᠯᠡᠭᠦᠯᠬᠦ᠌᠂ ᠪᠠᠭ᠍ᠰᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠂ ᠲᠥᠷᠥ᠎ᠶ᠋ᠢᠨ ᠪᠣᠳᠣᠯᠭ᠎ᠠ ᠪᠠᠷ ᠬᠥᠲᠥᠯᠥᠨ ᠵᠢᠯᠣᠭᠣᠳᠭᠤ᠎ᠶ᠋ᠢ ᠴᠢᠩᠭᠠᠳᠭᠠᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠶ᠋ᠢ ᠪᠠᠲᠤᠯᠠᠨ᠎ᠠ》 ᠬᠡᠵᠦ ᠾᠧ ᠹᠠᠩ ᠬᠡᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃