2024-09-10 09:38:13
ᠲᠦᠩᠯᠢᠶᠣᠣ ᠬᠤᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠨᠤᠭᠤᠰᠤᠲᠠᠢ ᠪᠠᠯᠭᠠᠰᠤᠨ᠎ᠤ ᠭᠣᠣᠯ ᠰᠤᠷᠭᠠᠭᠤᠯᠢ᠎ᠳᠤ ᠬᠦᠷᠴᠦ ᠤᠴᠢᠬᠤ᠎ᠳᠤ᠂ ᠰᠤᠷᠭᠠᠭᠤᠯᠢ᠎ᠶᠢᠨ ᠬᠤᠷᠠᠯ᠎ᠤᠨ ᠭᠡᠷ᠎ᠲᠦ ᠶᠠᠭ ᠰᠠᠶᠢᠬᠠᠨ ᠬᠢᠴᠢᠶᠠᠯ ᠬᠦᠮᠦᠵᠢᠯ᠎ᠤᠨ ᠰᠤᠳᠤᠯᠭᠠᠨ ᠰᠣᠯᠢᠯᠴᠠᠭᠠᠨᠦ ᠠᠵᠢᠯᠯᠠᠭ᠎ᠠ ᠶᠠᠪᠤᠭᠳᠠᠵᠤ ᠪᠠᠢᠪᠠ᠂ ᠠᠵᠢᠯᠯᠠᠭ᠎ᠠ ᠶᠢᠨ ᠳᠤᠮᠳᠠ᠂ ᠪᠠᠭ᠍ᠰᠢ ᠨᠠᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠢᠴᠢᠶᠡᠯ᠎ᠦᠨ ᠵᠢᠭᠠᠬᠤ ᠮᠠᠲᠧᠷᠢᠶᠠᠯ᠂ ᠰᠤᠷᠤᠯᠴᠠᠵᠤ ᠪᠠᠢᠭ᠎ᠠ ᠪᠠᠢᠳᠠᠯ᠂ ᠵᠢᠭᠠᠨ ᠰᠤᠷᠭᠠᠯᠲᠠ᠎ᠶᠢᠨ ᠠᠷᠭ᠎ᠠ᠂ ᠵᠢᠭᠠᠨ ᠰᠤᠷᠭᠠᠯᠲᠠ᠎ᠶᠢᠨ ᠳᠤᠮᠳᠠ ᠲᠣᠬᠢᠶᠠᠯᠳᠤᠭᠰᠠᠨ ᠠᠰᠠᠭᠤᠳᠠᠯ᠎ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠪᠠᠢᠯ᠎ᠠ᠃
《ᠡᠨᠡ ᠬᠤᠭᠤᠴᠠᠭᠠᠨ᠎ᠤ ᠵᠢᠭᠠᠨ ᠰᠤᠷᠭᠠᠯᠲᠠᠳ᠋ᠠᠭᠠᠨ᠂ ᠪᠢ ᠬᠡᠦᠬᠡᠳ᠎ᠦᠨ ᠶᠠᠷᠢᠶᠠᠨ᠎ᠤ ᠬᠡᠯᠡᠨ᠎ᠦ ᠬᠠᠷᠢᠯᠴᠠᠭᠠᠨ᠎ᠤ ᠴᠢᠳᠠᠪᠤᠷᠢ᠂ ᠦᠰᠦᠭ ᠲᠠᠨᠢᠬᠤ ᠦᠰᠦᠭ ᠪᠢᠴᠢᠬᠦ ᠴᠢᠳᠠᠪᠤᠷᠢ᠂ ᠤᠩᠰᠢᠬᠤ ᠴᠢᠳᠠᠪᠤᠷᠢ ᠪᠠ ᠵᠣᠬᠢᠶᠠᠨ ᠪᠢᠴᠢᠬᠦ ᠴᠢᠳᠠᠪᠤᠷᠢ ᠠᠴᠠ ᠭᠠᠷᠳᠠᠨ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦᠨ ᠰᠡᠳᠬᠢᠬᠦᠢ᠎ᠶᠢᠨ ᠴᠢᠳᠠᠪᠤᠷᠢ᠎ᠶᠢ ᠠᠯᠬᠤᠮ ᠠᠯᠬᠤᠮ᠎ᠢᠶᠠᠷ ᠭᠤᠤᠯᠳᠠᠭ᠎ᠠ ᠳᠠᠢ ᠬᠥᠮᠥᠵᠢᠭᠦᠯᠦᠨ᠎ᠡ》 ᠭᠡᠵᠦ ᠨᠤᠭᠤᠰᠤᠳᠠᠢ ᠪᠠᠯᠭᠠᠰᠤᠨ᠎ᠤ ᠭᠣᠣᠯ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠰᠠᠴᠤᠷᠠ ᠬᠡᠯᠡᠪᠡ᠃
ᠡᠨᠡ ᠬᠡᠳᠦᠨ ᠵᠢᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠡᠩ ᠭᠦᠨᠵᠡᠭᠡᠢ ᠳᠡᠯᠭᠡᠷᠡᠭᠦᠯᠤᠨ ᠲᠦᠬᠡᠮᠡᠯᠵᠢᠬᠦᠯᠬᠦ᠎ᠶᠢᠨ ᠲᠥᠯᠥᠭᠡ᠂ ᠨᠤᠭᠤᠰᠤᠲᠠᠢ ᠪᠠᠯᠭᠠᠰᠤᠨ᠎ᠤ ᠭᠣᠣᠯ ᠰᠤᠷᠭᠠᠭᠤᠯᠢ ᠲᠤᠰ ᠪᠡᠶ᠎ᠡ᠎ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠬᠢᠴᠢᠶᠡᠯ᠎ᠦᠨ ᠪᠢᠴᠢᠭ᠎ᠦᠨ ᠵᠦᠴᠦᠭᠡ᠂ ᠡᠷᠲᠡᠨ᠎ᠦ ᠰᠢᠯᠦᠭ ᠳᠠᠭᠤᠯᠠᠯ ᠤᠨ ᠤᠷᠠᠨ ᠤᠩᠰᠢᠯᠭ᠎ᠠ᠎ᠶᠢᠨ ᠤᠷᠤᠯᠳᠤᠭᠠᠨ᠂ ᠨᠣᠮ ᠤᠩᠰᠢᠵᠤ ᠬᠤᠪᠢᠶᠠᠯᠴᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠬᠦ᠎ᠪᠡᠷ ᠳᠠᠮᠵᠢᠭᠤᠯᠵᠤ᠂ ᠰᠤᠷᠤᠭ᠍ᠴᠢᠳᠢ᠋ ᠪᠠᠶᠠᠷ ᠪᠠᠶᠠᠰᠬᠤᠯᠠᠩᠳᠤ ᠠᠭᠤᠷ ᠠᠮᠢᠰᠬᠤᠯ᠎ᠤᠨ ᠳᠤᠮᠳᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠭᠤᠯᠵᠤ᠂ ᠳᠤᠮᠳᠠᠳᠤ ᠶᠢᠨ ᠦᠨᠳᠦᠰᠦᠲᠡᠨ᠎ᠦ ᠰᠢᠯᠢᠳᠡᠭ ᠤᠯᠠᠮᠵᠢᠯᠠᠯᠲᠤ ᠰᠣᠶᠣᠯ ᠪᠠ ᠲᠡᠦᠬᠡ᠎ᠶᠢ ᠭᠦᠨᠵᠡᠭᠡᠢ ᠣᠢᠯᠠᠭᠠᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠠᠢᠷᠠᠯᠠᠬᠤ ᠪᠠ ᠮᠡᠳᠡᠷᠡᠬᠦ ᠰᠡᠳᠬᠢᠯᠭᠡ᠎ᠶᠢ ᠨᠢ ᠨᠡᠮᠡᠭᠳᠡᠭᠦᠯᠦᠭᠰᠡᠨ ᠪᠠᠢᠨ᠎ᠠ᠃
《ᠰᠤᠷᠭᠠᠭᠤᠯᠢ᠎ᠠᠴᠠ ᠦᠭᠡ ᠬᠡᠯᠡ ᠦᠰᠦᠭ ᠪᠢᠴᠢᠭ᠎ᠦᠨ ᠠᠵᠢᠯ᠎ᠢ ᠰᠤᠷᠭᠠᠭᠤᠯᠢ᠎ᠶᠢᠨ ᠬᠢᠴᠢᠶᠠᠯ ᠬᠥᠮᠦᠵᠢᠯ ᠵᠢᠭᠠᠨ ᠰᠤᠷᠭᠠᠯᠲᠠ᠎ᠶᠢᠨ ᠠᠵᠢᠯ ᠤᠨ ᠨᠢᠭᠡᠨ ᠴᠢᠬᠤᠯᠠ ᠡᠭᠦᠷᠭᠡ ᠪᠣᠯᠭᠠᠨ ᠠᠳᠬᠤᠵᠤ᠂ ᠦᠭᠡ ᠬᠡᠯᠡ ᠦᠰᠦᠭ ᠪᠢᠴᠢᠭ᠎ᠦᠨ ᠠᠵᠢᠯ ᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠵᠢᠭᠠᠨ ᠰᠤᠷᠭᠠᠯᠲᠠ᠎ᠶᠢᠨ ᠦᠨᠳᠦᠰᠦᠨ ᠴᠢᠳᠠᠪᠤᠷᠢ ᠵᠢᠨ ᠪᠣᠯᠪᠠᠰᠤᠷᠠᠯ᠂ ᠰᠤᠷᠭᠠᠭᠤᠯᠢ᠎ᠶᠢᠨ ᠬᠡᠪ᠎ᠦᠨ ᠬᠠᠮᠢᠶᠠᠷᠤᠯᠲᠠ᠎ᠳᠤ ᠣᠷᠣᠭᠤᠯᠵᠤ᠂ ᠶᠣᠰᠣ᠌ ᠰᠤᠷᠳᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠢᠬᠠᠨ᠂ ᠬᠥᠳᠡᠯᠮᠦᠷᠢ ᠵᠡᠷᠭᠡ ᠡᠯ᠎ᠡ ᠵᠦᠢᠯ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯᠯᠠᠭ᠎ᠠ᠎ᠳᠤ ᠨᠡᠪᠴᠢᠭᠦᠯᠵᠦ᠂ ᠬᠡᠪ ᠴᠢᠨᠠᠷ᠎ᠤᠨ ᠰᠤᠷᠭᠠᠨ ᠬᠥᠮᠦᠵᠢᠯ᠎ᠦᠨ ᠠᠬᠢᠴᠠ᠎ᠶᠢ ᠠᠬᠢᠭᠤᠯᠤᠭᠰᠠᠨ ᠪᠠᠢᠨ᠎ᠠ》 ᠭᠡᠵᠦ ᠨᠤᠭᠤᠰᠤᠳᠠᠢ ᠪᠠᠯᠭᠠᠰᠤᠨ᠎ᠤ ᠭᠣᠣᠯ ᠰᠤᠷᠭᠠᠭᠤᠯᠢ᠎ᠶᠢᠨ ᠵᠠᠬᠢᠷᠤᠯ ᠸᠠᠩ ᠫᠢᠩ ᠠᠨ ᠬᠡᠯᠡᠪᠡ᠃
ᠣᠢᠷ᠎ᠠ᠎ᠶᠢᠨ ᠵᠢᠯ᠎ᠳᠦ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠬᠢᠨ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠰᠤᠷᠭᠠᠭᠤᠯᠢ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠬᠦ ᠵᠢᠭ᠍ᠰᠠᠭᠠᠯ᠎ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ᠎ᠶᠢᠨ ᠦᠭᠡ ᠬᠡᠯᠡ ᠥᠰᠥᠭ ᠪᠢᠴᠢᠭ ᠦᠨ ᠳᠦᠷᠢᠮᠵᠢᠭᠦᠯᠦᠯᠲᠡ᠎ᠶᠢᠨ ᠲᠦᠪᠰᠢᠨ᠎ᠢ ᠳᠡᠭᠡᠭᠰᠢᠯᠡᠭᠦᠯᠪᠡ᠃ ᠣᠲᠣ᠌ ᠪᠣᠯᠲᠠᠯ᠎ᠠ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ 29 ᠳᠤᠮᠳᠠᠳᠤ ᠪᠠᠭ᠎ᠠ ᠰᠤᠷᠭᠠᠭᠤᠯᠢ᠎ᠳᠤ ᠴᠥᠮ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ ᠬᠡᠷᠡᠭᠯᠡᠵᠦ ᠪᠠᠢᠨ᠎ᠠ᠃ ᠡᠭᠦᠨ᠎ᠡᠴᠡ ᠭᠠᠳᠠᠨ᠎ᠠ᠂ 84 ᠬᠡᠦᠬᠡᠳ᠎ᠦᠨ ᠴᠡᠴᠡᠷᠯᠢᠭ ᠴᠥᠮ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ᠶ᠋ᠡᠷ ᠠᠰᠠᠷᠠᠨ ᠬᠦᠮᠦᠵᠢᠬᠦᠯᠵᠦ ᠪᠠᠢᠭ᠎ᠠ ᠶᠤᠮ᠃
ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠳᠠᠳ᠋ ᠳᠠᠷᠤᠭ᠎ᠠ ᠵᠠᠩ ᡁᠢ ᠴᠢᠶᠠᠩ᠄ 《ᠪᠢᠳᠠ ᠰᠤᠷᠭᠠᠨ ᠬᠥᠮᠦᠵᠢᠯ᠎ᠦᠨ ᠠᠵᠢᠯ᠎ᠳᠠᠬᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ᠌ ᠰᠤᠷᠲᠠᠬᠤᠨ ᠵᠢᠡᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠬᠡᠦᠬᠡᠳ᠎ᠦᠨ ᠰᠡᠳᠬᠢᠯ᠎ᠳᠦ ᠨᠠᠮ ᠵᠢᠨᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ ᠦᠷ᠎ᠡ᠎ᠶᠢ ᠰᠠᠴᠤᠵᠤ᠂ ᠡᠬᠡ ᠤᠯᠤᠰ ᠢᠶᠠᠨ ᠬᠠᠢᠷᠠᠯᠠᠬᠤ᠂ ᠤᠯᠤᠰ᠎ᠲᠠᠭᠠᠨ ᠬᠦᠴᠦ᠎ᠪᠡᠨ ᠡᠷᠭᠦᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠢ ᠨᠢᠭ᠍ᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠠᠭᠤᠷ ᠠᠮᠢᠰᠬᠤᠯ᠎ᠤᠨ ᠳᠤᠮᠳᠠ ᠰᠤᠷᠭᠠᠭᠤᠯᠢ ᠶᠢᠨ ᠰᠤᠷᠭᠠᠨ ᠬᠥᠮᠦᠵᠢᠯ ᠢ ᠠᠮᠢᠵᠢᠷᠠᠯ ᠤᠨ ᠬᠦᠴᠦᠨ᠎ᠵᠢᠡᠷ ᠪᠢᠯᠬᠠᠮ᠎ᠠ ᠪᠣᠯᠭᠠᠨ᠎ᠠ》 ᠬᠡᠵᠦ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃