2025-05-26 10:47:56
5 ᠰᠠᠷ᠎ᠠ᠎ᠶᠢᠨ 16᠎ᠤ᠋ ᠡᠳᠦᠷ᠎ᠦᠨ ᠦᠳᠡ᠎ᠶᠢᠨ ᠬᠣᠢᠨᠠᠬᠢ 4 ᠴᠠᠭ᠎ᠲᠤ᠂ ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠤ ᠦᠨᠳᠦᠰᠦᠲᠡᠨ᠎ᠦ ᠪᠠᠭ᠎ᠠ ᠰᠤᠷᠭᠠᠭᠤᠯᠢ᠎ᠶᠢᠨ ᠤᠷᠠᠨ ᠪᠢᠴᠢᠯᠭᠡ᠎ᠶᠢᠨ ᠦᠷᠦᠭᠡ ᠳ᠋ᠤ ᠪᠠᠭ᠍ᠰᠢ ᠨᠠᠷ ᠠᠩᠬᠠᠷᠤᠯ᠎ᠢᠶᠠᠨ ᠲᠥᠪᠯᠡᠷᠡᠭᠦᠯᠦᠨ᠂ ᠲᠥᠪ ᠰᠠᠭᠤᠵᠤ᠂ ᠰᠣᠩᠭᠣᠳᠠᠭ ᠰᠢᠯᠦᠭ ᠳᠠᠭᠤᠯᠠᠯ᠎ᠢ ᠪᠢᠴᠢᠬᠦ ᠪᠤᠶᠤ ᠬᠤᠪᠢᠰᠬᠠᠯᠳᠤ ᠠᠯᠲᠠᠨ ᠪᠠᠳᠠᠭ ᠢ ᠨᠢᠮᠪᠠᠢ ᠬᠠᠭᠤᠯᠤᠨ ᠪᠢᠴᠢᠨ᠎ᠡ᠃ ᠲᠤᠰ ᠤᠳᠠᠭ᠎ᠠ ᠵᠢᠨ ᠠᠵᠢᠯᠯᠠᠭ᠎ᠠ ᠨᠢ ᠬᠡᠯᠪᠡᠷᠢ ᠵᠢᠨ ᠲᠠᠯ᠎ᠠ ᠪᠡᠷ ᠵᠥᠭᠡᠯᠡᠨ ᠪᠢᠷ᠂ ᠬᠠᠲᠠᠭᠤ ᠪᠢᠷ ᠪᠠ ᠣᠶᠢᠨ ᠪᠢᠷ᠎ᠤᠨ ᠭᠤᠷᠪᠠᠨ ᠵᠦᠢᠯ᠎ᠦᠨ ᠪᠢᠴᠢᠯᠭᠡ᠎ᠶᠢ ᠪᠠᠭᠲᠠᠭᠠᠵᠤ᠂ ᠠᠭᠤᠯᠭ᠎ᠠ ᠵᠢᠨ ᠲᠠᠯ᠎ᠠ ᠪᠡᠷ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠂ ᠤᠯᠤᠰ ᠭᠡᠷ᠎ᠦᠨ ᠬᠠᠢᠷ᠎ᠠ ᠰᠡᠳᠬᠢᠯᠭᠡ ᠵᠢᠴᠢ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠢᠯᠡᠷᠡᠭᠦᠯᠦᠭᠰᠡᠨ ᠡᠷᠲᠡᠨ ᠡᠳᠦᠭᠡ᠎ᠶᠢᠨ ᠰᠢᠯᠦᠭ ᠵᠣᠬᠢᠶᠠᠯ᠂ ᠬᠣᠣᠰ ᠤᠶᠠᠩᠭ᠎ᠠ᠂ ᠨᠠᠷᠠᠲᠤ ᠦᠭᠡ ᠰᠡᠷᠡᠮᠵᠢ᠎ᠶᠢᠨ ᠥᠭᠦᠯᠡᠪᠦᠷᠢ ᠵᠡᠷᠭᠡ᠎ᠶᠢ ᠰᠤᠩᠭᠤᠵᠠᠢ᠃
《ᠰᠤᠷᠭᠠᠭᠤᠯᠢ᠎ᠠᠴᠠ ᠤᠷᠠᠨ ᠪᠢᠴᠢᠯᠭᠡ᠎ᠶᠢᠨ ᠦᠷᠦᠭᠡ ᠪᠠᠢᠭᠤᠯᠤᠭᠰᠠᠨ ᠨᠢ ᠲᠡᠰ ᠳᠠᠪᠬᠤᠷᠭ᠎ᠠ ᠬᠤᠪᠢᠶᠠᠭᠰᠠᠨ ᠵᠢᠭᠠᠨ ᠰᠤᠷᠭᠠᠯᠲᠠ᠂ ᠤᠷ᠎ᠠ ᠮᠡᠷᠭᠡᠵᠢᠯ᠎ᠦᠨ ᠵᠢᠭᠠᠨ ᠵᠢᠯᠣᠭᠣᠳᠤᠯᠭ᠎ᠠ ᠵᠢᠴᠢ ᠰᠢᠯᠢᠳᠡᠭ ᠪᠦᠲᠦᠭᠡᠯ᠎ᠦᠨ ᠦᠵᠡᠭᠦᠯᠭᠡ ᠦᠨᠡᠯᠡᠯᠲᠡ᠎ᠪᠡᠷ ᠳᠠᠮᠵᠢᠨ ᠪᠠᠭ᠍ᠰᠢ ᠰᠤᠷᠤᠭ᠍ᠴᠢᠳ᠎ᠤᠨ ᠬᠢᠲᠠᠳ ᠦᠰᠦᠭ ᠪᠢᠴᠢᠬᠦ ᠳᠠᠳᠬᠠᠯ᠎ᠢ ᠵᠢᠷᠤᠮᠵᠢᠭᠤᠯᠬᠤ ᠵᠢᠨ ᠲᠦᠯᠦᠭᠡ ᠶᠤᠮ᠃ ᠡᠬᠦᠨ᠎ᠤ ᠲᠠᠭᠠᠤ᠂ ᠬᠠᠮᠲᠤ᠎ᠪᠠᠷ ᠤᠩᠰᠢᠵᠤ ᠬᠠᠮᠲᠤ᠎ᠪᠠᠷ ᠪᠢᠴᠢᠬᠦ ᠦᠷᠦᠭᠡ ᠵᠢ ᠪᠠᠢᠭᠤᠯᠵᠤ᠂ ᠰᠣᠩᠭᠣᠳᠠᠭ ᠵᠣᠬᠢᠶᠠᠯ᠎ᠢ ᠰᠤᠳᠤᠯᠤᠨ ᠤᠩᠰᠢᠬᠤ᠂ ᠭᠣᠣᠯ ᠰᠡᠳᠦᠪᠲᠦ ᠵᠣᠬᠢᠶᠠᠨ ᠪᠢᠴᠢᠬᠦ ᠪᠣᠯᠪᠠᠰᠤᠷᠠᠯ ᠦᠷᠨᠢᠬᠦᠯᠬᠦ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ ᠪᠠᠢᠨ᠎ᠠ》 ᠭᠡᠵᠦ ᠵᠡᠭᠦᠨᠭᠠᠷ ᠬᠣᠰᠢᠭᠤᠨ᠎ᠤ ᠦᠨᠳᠦᠰᠦᠲᠡᠨ᠎ᠦ ᠪᠠᠭ᠎ᠠ ᠰᠤᠷᠭᠠᠭᠤᠯᠢ᠎ᠶᠢᠨ ᠳᠡᠳ᠋ ᠵᠠᠬᠢᠷᠤᠯ ᠢ ᠯᠦ᠍ ᠬᠡᠯᠡᠪᠡ᠃
ᠡᠩ᠎ᠦᠨ ᠦᠶ᠎ᠡ᠎ᠳᠦ ᠤᠷᠠᠨ ᠪᠢᠴᠢᠯᠭᠡ᠎ᠶᠢᠨ ᠦᠷᠦᠭᠡ ᠳ᠋ᠤ ᠪᠠᠭ᠍ᠰᠢ ᠰᠤᠷᠤᠭ᠍ᠴᠢᠳ 《ᠴᠢᠨ ᠶᠤᠸᠠᠨ ᠴᠦᠨ ᠳᠠᠭᠤᠯᠠᠯ·ᠴᠠᠰᠤ》 ᠵᠡᠷᠭᠡ ᠪᠦᠲᠦᠭᠡᠯ᠎ᠢ ᠪᠢᠴᠢᠬᠦ ᠪᠡᠷ ᠳᠡᠮᠵᠢᠨ ᠡᠭᠡ ᠤᠯᠤᠰ᠎ᠤᠨ ᠰᠦᠷ ᠵᠢᠪᠬᠤᠯᠠᠩᠢ ᠮᠡᠳᠡᠷᠡᠵᠦ᠂ ᠳᠤᠮᠳᠠᠳᠤ ᠵᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ ᠪᠠᠲᠤ ᠴᠣᠭᠴᠠᠯᠠᠬᠤ ᠢᠳᠡ ᠬᠦᠴᠦᠲᠡᠢ ᠦᠭᠡ ᠶᠠᠷᠢᠶ᠎ᠠ᠎ᠶᠢ ᠬᠠᠭᠤᠯᠤᠨ ᠪᠢᠴᠢᠨ᠎ᠡ᠃ ᠪᠠᠭ᠍ᠰᠢ ᠰᠤᠷᠤᠭ᠍ᠴᠢᠳ ᠪᠠᠰᠠ ᠬᠠᠪᠲᠠᠭᠠᠢ ᠪᠢᠴᠢᠯᠭᠡ᠂ ᠬᠢᠴᠢᠶᠡᠩᠭᠦᠢ ᠦᠰᠦᠭ ᠵᠡᠷᠭᠡ ᠥᠰᠥᠭ᠎ᠦᠨ ᠲᠢᠭ᠎ᠢᠶᠡᠷ ᠵᠣᠬᠢᠶᠠᠨ ᠪᠦᠲᠦᠭᠡᠵᠦ᠂ ᠠᠯᠢ ᠣᠯᠠᠨ ᠪᠦᠲᠦᠭᠡᠯ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠤᠷᠠᠯᠢᠭ᠋᠎ᠤᠨ ᠭᠤᠸ᠎ᠠ ᠰᠠᠢᠬᠠᠨ᠎ᠢ ᠢᠯᠡᠷᠡᠭᠦᠯᠦᠭᠰᠡᠨ᠎ᠢᠶᠡᠷ ᠪᠠᠷᠠᠬᠤ ᠦᠭᠡᠢ ᠪᠠᠰᠠ ᠤᠯᠠᠮᠵᠢᠯᠠᠯᠲᠤ ᠤᠷᠠᠨ ᠪᠢᠴᠢᠯᠭᠡ᠎ᠶᠢᠨ ᠥᠪᠡᠷᠮᠢᠴᠡ ᠦᠨᠦᠷ ᠠᠮᠲᠠ᠎ᠶᠢ ᠢᠯᠡᠷᠡᠬᠦᠯᠦᠭᠰᠡᠨ ᠪᠠᠢᠨ᠎ᠠ᠃
《ᠰᠤᠷᠭᠠᠭᠤᠯᠢ᠎ᠶ᠋ᠢᠨ ᠭᠠᠷᠠᠭ ᠪᠦᠷᠢᠡᠷᠬᠢᠯᠡᠵᠦ ᠪᠦᠬᠦᠢ ᠤᠷᠠᠨ ᠪᠢᠴᠢᠯᠭᠡ᠎ᠶ᠋ᠢᠨ ᠪᠣᠯᠪᠠᠰᠤᠷᠠᠯ᠎ᠨᠢ ᠪᠠᠭ᠍ᠰᠢ᠎ᠶ᠋ᠢᠨ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ ᠨᠠᠩ ᠴᠤ᠌ ᠰᠤᠷᠤᠭ᠍ᠴᠢᠳ᠎ᠤᠨ ᠤᠷᠠᠨ ᠪᠢᠴᠢᠯᠭᠡ ᠵᠢᠨ ᠬᠢᠷᠢ ᠲᠦᠪᠱᠢᠨ ᠢ ᠳᠡᠭᠡᠭ᠌ᠰᠢᠯᠡᠭᠦᠯᠬᠦ᠌᠎ᠳᠦ ᠨᠥᠯᠥᠭᠡ ᠦᠵᠡᠭᠦᠯᠵᠡᠶ》 ᠬᠡᠵᠦ ᠵᠡᠭᠦᠨᠭᠠᠷ ᠬᠣᠱᠢᠭᠤᠨ᠎ᠤ ᠦᠨᠳᠦᠰᠦᠲᠡᠨ᠎ᠦ ᠪᠠᠭ᠎ᠠ ᠰᠤᠷᠭᠠᠭᠤᠯᠢ᠎ᠶ᠋ᠢᠨ ᠪᠠᠭ᠍ᠰᠢ ᠭᠦᠸᠧ ᠱᠢᠶᠤᠤ ᠷᠦᠩ ᠭᠦᠨ ᠲᠥᠷᠥᠭ᠌ᠳᠡᠯ᠎ᠲᠡᠶ ᠶᠠᠷᠢᠨ᠎ᠠ᠃
《ᠪᠢᠴᠢᠬᠠᠨ ᠭᠣᠷᠣᠬ᠎ᠠ᠎ᠶ᠋ᠢ ᠳᠠᠭᠠᠵᠤ᠂ ᠯᠧᠢ ᠹᠧᠩ ᠠᠪᠠᠭ᠎ᠠ᠎ᠶ᠋ᠢᠨ ᠤᠯᠠ ᠮᠥᠷ᠎ᠢ ᠡᠷᠢᠨ᠎ᠡ᠂ ᠴᠢ ᠬᠠᠮᠢᠭ᠎ᠠ ᠪᠠᠢᠬᠤ ᠪᠤᠢ᠂ ᠴᠢ ᠬᠠᠮᠢᠭ᠎ᠠ ᠪᠠᠢᠬᠤ ᠪᠤᠢ ᠁》 ᠲᠤᠰ ᠰᠤᠷᠭᠠᠭᠤᠯᠢ᠎ᠶ᠋ᠢᠨ ᠬᠣᠶᠠᠳᠤᠭᠠᠷ ᠣᠨ᠎ᠤ ᠬᠣᠶᠠᠳᠤᠭᠠᠷ ᠠᠩᠭᠢ᠎ᠶ᠋ᠢᠨ ᠤᠩᠱᠢᠯᠭ᠎ᠠ᠎ᠶ᠋ᠢᠨ ᠬᠢᠴᠢᠶᠡᠯ ᠳᠡᠭᠡᠷ᠎ᠡ ᠬᠡᠦᠬᠡᠳ᠎ᠦᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠤᠳᠭ᠎ᠠ ᠵᠣᠬᠢᠶᠠᠯ᠎ᠤᠨ ᠪᠦᠲᠦᠭᠡᠯ᠎ᠢ ᠣᠷᠭᠢᠯᠤᠮ᠎ᠠ ᠬᠠᠯᠠᠭᠤᠨ ᠰᠡᠳᠭᠢᠯᠭᠡ ᠲᠠᠢ ᠤᠩᠱᠢᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠢᠷ᠎ᠠ ᠰᠡᠳᠭᠢᠯᠭᠡ᠎ᠪᠡᠨ ᠢᠯᠡᠷᠡᠭᠦᠯᠦᠨ᠎ᠡ᠃
ᠵᠡᠭᠦᠨᠭᠠᠷ ᠬᠣᠱᠢᠭᠤᠨ᠎ᠤ ᠦᠨᠳᠦᠰᠦᠲᠡᠨ᠎ᠦ ᠪᠠᠭ᠎ᠠ ᠰᠤᠷᠭᠠᠭᠤᠯᠢ ᠪᠠᠰᠠ ᠤᠷᠠᠨ ᠲᠣᠳᠣ ᠤᠩᠱᠢᠯᠭ᠎ᠠ᠎ᠶ᠋ᠢᠨ ᠤᠷᠤᠯᠳᠤᠭᠠᠨ᠂ ᠶᠠᠷᠢᠶ᠎ᠠ ᠢᠯᠡᠳᠭᠡᠯ᠎ᠤᠨ ᠦᠵᠡᠭᠦᠯᠭᠡ᠂ ᠬᠢᠲᠠᠳ ᠥᠰᠥᠭ ᠰᠣᠨᠣᠰᠴᠤ᠌ ᠪᠢᠴᠢᠬᠦ᠌ ᠵᠡᠷᠭᠡ ᠥᠪᠡᠷᠮᠢᠴᠡ ᠣᠨᠴᠠᠯᠢᠭ᠎ᠪᠦᠬᠦᠢ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ 《ᠦᠵᠡᠯ ᠰᠠᠨᠠᠭ᠎ᠠ ᠤᠯᠤᠰ ᠲᠥᠷᠥ᠎ᠶ᠋ᠢᠨ ᠬᠦᠳᠡᠯᠦᠩᠭᠦᠢ ᠬᠢᠴᠢᠶᠡᠯ》 ᠪᠣᠯᠤᠨ ᠭᠤᠤᠯ ᠰᠡᠳᠦᠪᠲᠦ ᠰᠤᠳᠤᠯᠤᠨ ᠰᠤᠷᠤᠯᠴᠠᠬᠤ ᠲᠥᠷᠥᠯ ᠵᠦᠶ᠋ᠯ᠎ᠤᠨ ᠰᠢᠨ᠎ᠡ ᠵᠢ ᠡᠬᠦᠳᠴᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠤᠯᠴᠠᠯᠭ᠎ᠠ᠎ᠶ᠋ᠢ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠭᠦᠯᠭᠡ᠎ᠶ᠋ᠢᠨ ᠲᠢᠩᠬᠢᠮ》 ᠤ᠋ᠨ ᠲᠠᠢᠯᠤᠮᠵᠢ᠂ 《ᠡᠯᠪᠡᠭ ᠬᠤᠷᠢᠶᠠᠯᠲᠠ᠎ᠶ᠋ᠢᠨ ᠪᠠᠶᠠᠷ》 ᠤ᠋ᠨ ᠲᠠᠷᠢᠮᠠᠯ ᠤᠨ ᠵᠦᠶ᠋ᠯ᠎ᠦᠨ ᠲᠠᠨᠢᠯᠴᠠᠭᠤᠯᠭ᠎ᠠ ᠵᠡᠷᠭᠡ ᠪᠠᠢᠳᠠᠯ᠎ᠳᠤ ᠠᠭᠤᠰᠤᠯᠴᠠᠭᠤᠯᠵᠤ᠂ ᠬᠡᠯᠡᠨ᠎ᠦ ᠮᠡᠳᠡᠯᠭᠡ᠎ᠡᠴᠡ ᠪᠣᠳᠠᠲᠠᠶ ᠬᠡᠷᠡᠭ᠌ᠯᠡᠭᠡᠨ᠎ᠦ ᠴᠢᠳᠠᠪᠤᠷᠢ ᠳᠠᠢᠰᠢ ᠬᠤᠪᠢᠷᠠᠭᠤᠯᠬᠤ᠎ᠶ᠋ᠢ ᠪᠡᠶᠡᠯᠡᠭᠦᠯᠪᠡ᠃
《ᠳᠡᠭᠡᠷᠡᠬᠢ ᠱᠢᠰᠲ᠋ᠧᠮᠲᠦ ᠴᠢᠨᠠᠷᠲᠠᠶ ᠠᠷᠭ᠎ᠠ ᠬᠡᠮᠵᠢᠶ᠎ᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠪᠠᠷ ᠳᠡᠮᠵᠢᠨ ᠮᠠᠨ᠎ᠤ ᠰᠤᠷᠭᠠᠭᠤᠯᠢ ᠪᠥᠬᠥ᠌ ᠲᠠᠯ᠎ᠠ᠎ᠶ᠋ᠢᠨ᠂ ᠣᠯᠠᠨ ᠲᠠᠰ ᠳᠠᠪᠬᠤᠷᠭ᠎ᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ᠎ᠦᠨ ᠠᠮᠢ ᠠᠬᠤᠶ᠎ᠶ᠋ᠢᠨ ᠱᠢᠰᠲ᠋ᠧᠮ᠎ᠢ ᠪᠠᠢᠭᠤᠯᠪᠠ᠃ ᠪᠠᠭ᠍ᠰᠢ ᠨᠠᠷ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ᠎ᠶ᠋ᠢᠨ ᠦᠶ᠋ᠯᠡᠳᠦᠯᠭᠡ᠂ ᠬᠢᠴᠢᠶᠡᠯ ᠲᠥᠷᠥᠯ ᠠᠯᠤᠰᠯᠠᠭ᠍ᠰᠠᠨ ᠬᠢᠴᠢᠶᠡᠯ᠎ᠦᠨ ᠵᠢᠷᠤᠭ ᠲᠥᠯᠥᠪᠯᠡᠭᠡ ᠳᠤᠮᠳᠠ ᠲᠤᠰᠭᠠᠶ ᠮᠡᠷᠭᠡᠵᠢᠯ᠎ᠦᠨ ᠴᠢᠳᠠᠪᠤᠷᠢ᠎ᠪᠠᠨ ᠲᠠᠪᠳᠠᠨ ᠪᠣᠯᠪᠠᠰᠤᠷᠠᠭᠤᠯᠵᠤ᠂ ᠬᠢᠲᠠᠳ ᠥᠰᠥᠭ᠎ᠤᠨ ᠪᠢᠴᠢᠯᠭᠡ ᠵᠢ ᠵᠢᠯᠣᠭᠣᠳᠭᠤ ᠴᠢᠳᠠᠪᠤᠷᠢ ᠬᠢᠭᠡᠳ ᠵᠢᠭᠠᠨ ᠰᠤᠷᠭᠠᠯᠲᠠ᠎ᠶ᠋ᠢᠨ ᠱᠢᠨ᠎ᠡ᠎ᠶ᠋ᠢ ᠡᠭᠦᠳᠬᠦ᠌ ᠬᠢᠷᠢ ᠲᠦᠪᠱᠢᠨ ᠵᠢᠡᠨ ᠢᠯᠡᠳᠲᠡ ᠳᠡᠭᠡᠭ᠌ᠰᠢᠯᠡᠬᠦᠯᠪᠡ᠃ ᠰᠤᠷᠤᠭ᠍ᠴᠢᠳ ᠳᠦᠷᠢᠮᠵᠢᠭ᠌ᠰᠡᠨ ᠪᠢᠴᠢᠯᠭᠡ᠂ ᠶᠠᠷᠢᠶᠠᠨ᠎ᠤ ᠬᠡᠯᠡᠨ᠎ᠦ ᠢᠯᠡᠳᠭᠡᠯᠲᠡ᠂ ᠪᠦᠲᠦᠭᠡᠯᠴᠢ ᠵᠣᠬᠢᠶᠠᠨ ᠪᠢᠴᠢᠯᠭᠡ ᠵᠡᠷᠭᠡ ᠲᠠᠯ᠎ᠠ᠎ᠪᠠᠷ ᠳᠠᠪᠠᠯᠲᠠ᠎ᠳᠤ ᠮᠠᠶᠢᠭ᠎ᠤᠨ ᠳᠠᠪᠱᠢᠯᠲᠠ᠎ᠶ᠋ᠢ ᠪᠡᠶᠡᠯᠡᠭᠦᠯᠵᠦ᠍᠂ ᠰᠣᠶᠣᠯ᠎ᠤᠨ ᠢᠲᠡᠭᠡᠯ ᠪᠠ ᠬᠡᠯᠡᠨ᠎ᠦ ᠬᠡᠷᠡᠭ᠌ᠯᠡᠭᠡᠨ᠎ᠦ ᠴᠢᠳᠠᠪᠤᠷᠢ ᠨᠢ ᠵᠡᠷᠭᠡ᠎ᠪᠡᠷ ᠨᠡᠮᠡᠭ᠌ᠳᠡᠪᠡ》᠃ ᠢ ᠯᠦ᠍᠂ ᠰᠤᠷᠭᠠᠭᠤᠯᠢ ᠪᠠᠰᠠ 《ᠡᠴᠢᠭᠡ ᠡᠬᠡ ᠦᠷ᠎ᠡ ᠬᠡᠦᠬᠡᠳ᠎ᠤᠨ ᠬᠠᠮᠲᠤ ᠵᠢᠨ ᠰᠤᠷᠤᠯᠴᠠᠯᠭ᠎ᠠ》 ᠵᠢᠨ ᠠᠵᠢᠯᠯᠠᠭ᠎ᠠ ᠪᠠᠷ ᠬᠣᠯᠪᠣᠭᠠᠰᠤ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠭᠤᠯᠢ᠎ᠶ᠋ᠢᠨ ᠬᠦᠷᠢᠶᠡᠨ᠎ᠡᠴᠡ ᠬᠡᠷ ᠪᠦᠯᠢ᠂ ᠨᠡᠢᠭᠡᠮ ᠲᠡᠢᠰᠢ ᠥᠷᠭᠡᠵᠢᠬᠦ᠌᠎ᠶ᠋ᠢ ᠠᠬᠢᠭᠤᠯᠵᠤ᠂ ᠰᠤᠷᠭᠠᠨ ᠬᠥᠮᠦᠵᠢᠯ᠎ᠦᠨ ᠨᠥᠯᠥᠭᠡᠯᠡᠬᠦ᠌ ᠦᠶ᠋ᠯᠡᠳᠦᠯ᠎ᠢ ᠦᠨᠡᠨ ᠬᠦ᠌ ᠪᠠᠳᠠᠷᠠᠭᠤᠯᠵᠤ ᠪᠤᠢ ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃