ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-12-02 10:02:22

ᠵᠣᠬᠢᠶᠠᠭ᠍ᠴᠢ᠄ ᠱᠢᠤᠸᠠᠢ ᠢ ᠴᠢᠶᠦ᠋ᠨ ᠣᠩᠱᠢᠭ᠍ᠰᠠᠨ ᠣᠳᠠᠭ᠎ᠠ᠄ 3

《ᠡᠨᠡ ᠤᠳᠠᠭ᠎ᠠ᠎ᠶ᠋ᠢᠨ ᠠᠵᠢᠯᠯᠠᠭ᠎ᠠ ᠨᠠᠳᠠ᠎ᠳᠤ ᠠᠪᠴᠤ᠌ ᠬᠡᠯᠡᠪᠡᠯ ᠨᠢᠭᠡᠨ ᠤᠳᠠᠭᠠᠨ᠎ᠤ ᠲᠠᠪᠲᠠᠯᠲᠠ ᠪᠣᠯᠤᠨ᠎ᠠ᠂ ᠰᠤᠷᠭᠠᠭᠤᠯᠢ᠎ᠶ᠋ᠢᠨ ᠲᠤᠬᠠᠢᠯᠠᠭ᠍ᠰᠠᠨ ᠠᠵᠢᠯ᠎ᠤᠨ ᠤᠳᠤᠷᠢᠳᠤᠯᠭ᠎ᠠ ᠪᠣᠯᠤᠨ ᠵᠢᠭᠠᠨ ᠰᠤᠳᠤᠯᠬᠤ ᠳᠤᠭᠤᠢᠯᠠᠩ᠎ᠤᠨ ᠪᠠᠭ᠍ᠰᠢ᠎ᠨᠠᠷ᠎ᠤᠨ ᠬᠠᠪᠰᠤᠷᠤᠯᠭ᠎ᠠ ᠳᠣᠣᠷ᠎ᠠ ᠪᠢ ᠬᠢᠴᠢᠶᠡᠯ᠎ᠦᠨ ᠵᠢᠭᠠᠨ ᠰᠤᠷᠭᠠᠯᠲᠠ᠎ᠶ᠋ᠢᠨ ᠲᠥᠯᠥᠪᠯᠡᠭᠡ ᠪᠡᠨ ᠪᠡᠶᠡᠯᠡᠭᠦᠯᠵᠦ᠍᠂ ᠵᠢᠭᠠᠨ ᠰᠤᠷᠭᠠᠯᠲᠠ ᠶ᠋ᠢᠨ ᠦᠷ᠎ᠡ ᠪᠦᠲᠦᠮᠵᠢ ᠳ᠋ᠡᠬᠡᠨ ᠮᠠᠰᠢ ᠬᠠᠨᠤᠮᠵᠢᠲᠠᠢ ᠪᠠᠢᠨ᠎ᠠ》 ᠬᠡᠵᠦ ᠲᠦᠷᠦᠭᠦᠭᠡᠨ ᠰᠤᠷᠭᠠᠨ ᠬᠦᠮᠤᠵᠢᠯ᠎ᠢ ᠬᠥᠳᠡᠭᠡ ᠬᠦᠷᠬᠡᠬᠦ ᠠᠵᠢᠯᠯᠠᠭ᠎ᠠ᠎ᠳᠦ ᠤᠷᠤᠯᠴᠠᠬᠰᠠᠨ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠪᠠᠭ᠍ᠰᠢ ᠬᠤᠡᠭ ᠴᠡᠴᠡᠭ ᠬᠡᠯᠡᠨ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠲᠥᠯᠥᠭᠡ᠂ 2021 ᠣᠨ᠎ᠠᠴᠠ ᠡᠬᠢᠯᠡᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ 《 ᠨᠢᠭᠡ ᠶ᠋ᠢ ᠣᠯᠠᠨ ᠳ᠋ᠤ ᠬᠠᠨᠲᠤᠭᠤᠯᠤᠨ ᠬᠠᠪᠰᠤᠷᠤᠯᠴᠠᠭ᠎ᠠ ᠪᠠᠢᠭᠤᠯᠬᠤ 》 ᠪᠠ 《 ᠣᠯᠠᠨ᠎ᠢ ᠣᠯᠠᠨ ᠳ᠋ᠤ ᠬᠠᠨᠲᠤᠭᠤᠯᠤᠨ ᠬᠠᠪᠰᠤᠷᠤᠯᠴᠠᠭ᠎ᠠ ᠪᠠᠢᠭᠤᠯᠬᠤ 》 ᠬᠡᠯᠪᠡᠷᠢ᠎ᠪᠠᠷ ᠪᠥᠬᠥ᠌ ᠬᠣᠱᠢᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ ᠬᠡᠪᠴᠢᠶᠡᠨ᠎ᠳᠦ ᠬᠠᠪᠰᠤᠷᠤᠯᠴᠠᠭ᠎ᠠ ᠪᠠᠢᠭᠤᠯᠤᠨ ᠬᠠᠮᠲᠤ ᠪᠡᠷ ᠪᠠᠢᠭᠤᠯᠬᠤ ᠴᠤᠬᠴᠠ ᠵᠢ 8 ᠪᠠᠢᠭᠤᠯᠤᠨ᠂ ᠰᠠᠷ᠎ᠠ ᠪᠦᠷᠢ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ᠎ᠶ᠋ᠢ ᠤᠶᠠᠯᠳᠤᠭᠤᠯᠬᠤ ᠬᠡᠯᠪᠡᠷᠢ ᠪᠠᠷ ᠬᠣᠶᠠᠷ ᠤᠳᠠᠭᠠᠨ᠎ᠤ ᠬᠠᠮᠲᠤ᠎ᠶ᠋ᠢᠨ ᠬᠢᠴᠢᠶᠡᠯ ᠪᠡᠯᠡᠳᠭᠡᠬᠦ᠌ ᠠᠵᠢᠯᠯᠠᠭ᠎ᠠ ᠥᠷᠨᠢᠭᠦᠯᠵᠠᠢ᠃ ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠪᠠᠢᠭᠤᠯᠬᠤ ᠴᠣᠭ᠍ᠴᠠ ᠵᠢᠨ ᠰᠠᠭᠤᠷᠢᠨ ᠰᠤᠷᠭᠠᠭᠤᠯᠢ᠎ᠨᠢ ᠪᠠᠰᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠤᠷᠭᠠᠨ ᠬᠥᠮᠦᠵᠢᠯ᠎ᠢ ᠬᠥᠳᠡᠭᠡ ᠬᠦᠷᠬᠡᠬᠦ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠴᠢᠩᠭᠠᠳᠬᠠᠵᠤ᠂ ᠥᠷᠭᠡᠨ ᠳᠡᠯᠭᠡᠷ ᠰᠠᠢᠨ ᠦᠨᠡᠯᠡᠯᠲᠡ᠎ᠶ᠋ᠢ ᠣᠯᠪᠠ᠃

ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠪᠠᠢᠭᠤᠯᠬᠤ ᠴᠣᠭ᠍ᠴᠠ ᠵᠢᠨ ᠬᠤᠶᠠᠲᠤᠭᠠᠷ ᠲᠤᠭᠤᠢᠯᠠᠡᠭ ᠤ᠋ᠨ ᠰᠠᠭᠤᠷᠢᠨ ᠰᠤᠷᠭᠠᠭᠤᠯᠢ ᠪᠣᠯᠤᠭ᠍ᠰᠠᠨ᠎ᠤ ᠬᠤᠪᠢ᠎ᠳᠤ᠂ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ ᠰᠤᠷᠭᠠᠨ ᠬᠥᠮᠦᠵᠢᠯ᠎ᠢ ᠬᠥᠳᠡᠭᠡ ᠬᠦᠷᠭᠡᠬᠦ᠌ ᠠᠵᠢᠯᠯᠠᠭ᠎ᠠ᠎ᠶ᠋ᠢ ᠮᠠᠰᠢ ᠴᠢᠬᠤᠯᠠᠴᠢᠯᠠᠵᠤ᠂ ᠰᠠᠷ᠎ᠠ ᠪᠦᠷᠢ ᠰᠤᠷᠭᠠᠭᠤᠯᠢ᠎ᠶ᠋ᠢᠨ ᠱᠢᠯᠢᠳᠡᠭ ᠵᠠᠯᠠᠭᠤ ᠪᠠᠭ᠍ᠰᠢ᠎ᠶ᠋ᠢ ᠰᠣᠩᠭᠣᠨ ᠲᠣᠮᠢᠯᠠᠵᠤ ᠣᠷᠣᠯᠴᠠᠭᠤᠯᠵᠦ ᠪᠠᠢᠨ᠎ᠠ᠃

《 ᠬᠠᠮᠲᠤ ᠨᠦᠬᠦᠳ ᠡ᠂ ᠡᠨᠡ ᠵᠤᠬᠢᠶᠠᠯ᠎ᠢ᠋ 〈ᠬᠥᠭᠥᠷᠭᠡ〉 ᠭᠡᠳᠡᠭ ᠨᠢᠭᠡ ᠯᠡ ᠦᠭᠡ᠎ᠪᠡᠷ ᠭᠠᠷᠴᠠᠬᠯᠠᠵᠠᠢ᠂ ᠶᠠᠭᠤ ᠵᠢ ᠪᠢᠴᠢᠬᠰᠡᠨ ᠪᠤᠯ? ᠡᠨᠡ ᠨᠢ ᠶᠠᠮᠠᠷ ᠱᠢᠤ ᠬᠥᠭᠥᠷᠭᠡ ᠪᠤᠯᠴᠢᠬᠠᠪᠠ? ᠤᠳᠤ ᠪᠢᠳᠠ ᠬᠠᠮᠲᠤ᠎ᠪᠠᠷ ᠤᠨᠭᠰᠢᠵᠦ ᠦᠵᠡᠶ᠎ᠠ ᠁ 》 ᠬᠤᠡᠭ ᠴᠡᠴᠡᠭ ᠪᠠᠭ᠍ᠰᠢ ᠨᠠᠷᠢᠨ ᠨᠢᠮᠪᠠᠢ ᠪᠡᠯᠡᠳᠭᠡᠭ᠌ᠰᠡᠨ ᠵᠢᠷᠭᠤᠳᠤᠭᠠᠷ ᠣᠨ᠎ᠤ ᠬᠡᠯᠡ ᠪᠢᠴᠢᠭ᠎ᠦᠨ ᠨᠠᠢᠲᠠ ᠵᠢᠨ ᠬᠢᠴᠢᠶᠡᠯ ᠪᠤᠯᠬᠤ 《 ᠬᠥᠭᠥᠷᠭᠡ 》 ᠵᠢ ᠨᠠᠷᠢᠯᠢᠭ ᠰᠠᠢᠬᠠᠨ ᠳᠠᠢᠯᠪᠤᠷᠢᠯᠠᠪᠠ᠃ ᠠᠮᠢᠳᠤᠯᠢᠭ ᠰᠣᠨᠢᠷᠬᠠᠯᠲᠠᠶ ᠲᠠᠢᠯᠪᠤᠷᠢᠯᠠᠬᠤ ᠠᠷᠭ᠎ᠠ ᠮᠠᠶᠢᠭ ᠨᠢ ᠲᠠᠢᠰᠠᠨ ᠳᠤᠤᠷᠠᠬᠢ ᠰᠤᠷᠤᠭ᠍ᠴᠢᠳ᠎ᠤᠨ ᠠᠩᠬᠠᠷᠤᠯ᠎ᠢ ᠲᠠᠲᠠᠭ᠍ᠰᠠᠨ ᠪᠥᠭᠡᠳ ᠱᠢᠷᠠᠲᠠᠯ᠎ᠠ ᠭᠤᠤᠯ ᠰᠤᠷᠭᠠᠭᠤᠯᠢ ᠪᠠ ᠲᠤᠰ ᠰᠤᠷᠭᠠᠭᠤᠯᠢ᠎ᠳᠤ ᠲᠣᠭᠣᠷᠢᠨ ᠦᠵᠡᠵᠤ ᠬᠢᠴᠢᠶᠠᠯ ᠰᠤᠨᠤᠰᠬᠤ ᠪᠡᠷ ᠢᠷᠡᠭ᠌ᠰᠡᠨ ᠴᠢᠯᠠᠭᠤᠲᠤ ᠪᠠᠯᠭᠠᠰᠤᠨ᠎ᠤ ᠭᠤᠤᠯ ᠰᠤᠷᠭᠠᠭᠤᠯᠢ᠂ ᠪᠠᠶᠠᠨᠮᠣᠳᠣ ᠰᠤᠮᠤ᠎ᠶ᠋ᠢᠨ ᠭᠤᠤᠯ ᠰᠤᠷᠭᠠᠭᠤᠯᠢ᠂ ᠴᠠᠩ ᠱᠧᠩ ᠭᠤᠤᠯ ᠰᠤᠷᠭᠠᠭᠤᠯᠢ᠎ᠶ᠋ᠢᠨ ᠪᠠᠭ᠍ᠰᠢ ᠨᠠᠷ᠎ᠤᠨ ᠨᠤᠳᠠᠯᠠᠯᠳᠠ ᠵᠢ ᠣᠯᠤᠭ᠍ᠰᠠᠨ ᠪᠠᠢᠨ᠎ᠠ᠃

《 ᠰᠤᠷᠭᠠᠨ ᠬᠥᠮᠦᠵᠢᠯ᠎ᠢ ᠬᠥᠳᠡᠭᠡ ᠬᠦᠷᠭᠡᠬᠦ᠌᠎ᠨᠢ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠵᠢᠭᠠᠨ ᠰᠤᠷᠭᠠᠬᠤ ᠴᠢᠳᠠᠪᠤᠷᠢ᠎ᠶ᠋ᠢ ᠪᠦᠲᠦᠮᠵᠢᠲᠡᠶ ᠲᠡᠭᠡᠭᠰᠢᠯᠡᠬᠦᠯᠦᠭᠰᠡᠨ᠎ᠢᠶᠠᠷ ᠪᠠᠷᠠᠬᠤ ᠥᠬᠡᠶ ᠪᠠᠰᠠ ᠰᠤᠷᠤᠭ᠍ᠴᠢᠳ᠎ᠤᠨ ᠰᠤᠷᠤᠯᠴᠠᠬᠤ ᠤᠷᠮ᠎ᠠ ᠪᠠᠬ᠎ᠠ᠎ᠶ᠋ᠢ ᠨᠠᠩ ᠬᠦᠭᠵᠢᠭᠡᠵᠠᠢ 》 ᠭᠡᠵᠦ᠍ ᠱᠢᠷᠠᠳᠠᠯ᠎ᠠ ᠭᠣᠣᠯ ᠰᠤᠷᠭᠠᠭᠤᠯᠢ᠎ᠶ᠋ᠢᠨ ᠳᠡᠳ᠋ ᠵᠠᠬᠢᠷᠤᠯ ᠴᠦᠨ ᠬᠤᠸᠠ ᠬᠡᠯᠡᠪᠡ᠃

ᠡᠭᠦᠨ᠎ᠡᠴᠡ ᠭᠠᠳᠠᠨ᠎ᠠ᠂ ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠪᠠᠢᠭᠤᠯᠬᠤ ᠴᠣᠭ᠍ᠴᠠ ᠨᠢ ᠪᠠᠰᠠ ᠡᠯ᠎ᠡ ᠰᠤᠷᠭᠠᠭᠤᠯᠢ᠎ᠶ᠋ᠢᠨ ᠪᠠᠭ᠍ᠰᠢ᠎ᠶ᠋ᠢᠨ 《ᠭᠠᠷᠴᠤ᠌ ᠶᠠᠪᠤᠬᠤ》 ᠶ᠋ᠢ ᠵᠣᠷᠢᠭ᠍ᠵᠢᠭᠤᠯᠵᠤ᠂ ᠵᠢᠱ᠌ᠢᠶ᠎ᠡ ᠦᠵᠡᠭᠦᠯᠬᠦ᠌ ᠬᠢᠴᠢᠶᠡᠯ᠎ᠦᠨ ᠦᠵᠡᠭᠦᠯᠭᠡ᠎ᠶ᠋ᠢᠨ ᠠᠵᠢᠯᠯᠠᠭ᠎ᠠ ᠥᠷᠨᠢᠭᠦᠯᠦᠨ᠂ ᠰᠤᠷᠭᠠᠭᠤᠯᠢ᠎ᠶ᠋ᠢᠨ ᠪᠠᠭ᠍ᠰᠢ᠎ᠨᠠᠷ᠎ᠲᠤ ᠬᠠᠷᠢᠯᠴᠠᠨ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠵᠤ᠂ ᠲᠡᠳᠡᠨ᠎ᠢ ᠰᠤᠷᠭᠠᠨ ᠬᠥᠮᠦᠵᠢᠯ᠎ᠦᠨ ᠤᠢᠯᠠᠭᠠᠬᠳᠠᠬᠤᠨ᠂ ᠬᠥᠭ᠌ᠵᠢᠯᠲᠡ᠎ᠶ᠋ᠢᠨ ᠲᠥᠯᠥᠪᠵᠢᠭᠦᠯᠭᠡ ᠵᠡᠷᠭᠡ ᠲᠠᠯ᠎ᠠ᠎ᠪᠠᠷ ᠭᠦᠨᠵᠡᠭᠡᠶ ᠰᠣᠯᠢᠯᠴᠠᠭ᠎ᠠ ᠪᠠ ᠬᠠᠮᠲᠤᠷᠠᠯᠴᠠᠭ᠎ᠠ ᠬᠢᠯᠭᠡᠵᠦ᠍᠂ ᠬᠠᠮᠲᠤ᠎ᠪᠠᠷ ᠰᠤᠷᠤᠯᠴᠠᠵᠤ ᠬᠠᠮᠲᠤ᠎ᠪᠠᠷ ᠳᠠᠪᠱᠢᠬᠤ ᠦᠷ᠎ᠡ ᠪᠦᠳᠦᠮᠵᠢ᠎ᠵᠢ ᠤᠯᠤᠬᠰᠠᠨ ᠪᠠᠢᠨ᠎ᠠ᠃

《ᠰᠤᠷᠭᠠᠨ ᠬᠥᠮᠦᠵᠢᠯ᠎ᠢ ᠬᠥᠳᠡᠭᠡ ᠬᠦᠷᠬᠡᠬᠦ᠎ᠳᠤ ᠭᠤᠤᠯᠯᠠᠭ᠍ᠴᠢ ᠪᠠᠭ᠍ᠰᠢ᠎ᠶ᠋ᠢᠨ ᠵᠢᠱ᠌ᠢᠶ᠎ᠡ ᠦᠵᠡᠭᠦᠯᠬᠦ᠌᠂ ᠬᠥᠲᠥᠯᠥᠨ ᠳᠠᠭᠠᠭᠤᠯᠬᠤ᠂ ᠨᠥᠯᠥᠭᠡᠯᠡᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠠᠭ᠍ᠰᠢ᠎ᠶ᠋ᠢᠨ ᠬᠣᠭᠣᠷᠣᠨᠳᠣᠬᠢ ᠰᠣᠯᠢᠯᠴᠠᠭ᠎ᠠ ᠪᠠ ᠨᠡᠪᠲᠡᠷᠡᠯᠴᠡᠭᠡ᠎ᠶ᠋ᠢ ᠴᠢᠩᠭᠠᠳᠭᠠᠵᠤ᠂ ᠪᠠᠭ᠍ᠰᠢ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠰᠤᠷᠭᠠᠨ ᠬᠥᠮᠦᠵᠢᠯ᠎ᠦᠨ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠪᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠰᠡᠳᠭᠢᠴᠡ᠎ᠪᠡᠨ ᠥᠷᠭᠡᠳᠭᠡᠵᠦ᠍᠂ ᠠᠵᠢᠯᠯᠠᠭ᠎ᠠ᠎ᠶ᠋ᠢᠨ ᠬᠡᠯᠪᠡᠷᠢ᠎ᠪᠡᠨ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠰᠤᠷᠭᠠᠨ ᠬᠥᠮᠦᠵᠢᠯ᠎ᠦᠨ ᠴᠡᠴᠡᠬᠡᠰ᠎ᠢ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠡᠬᠡ ᠭᠠᠵᠠᠷ᠎ᠲᠤ ᠨᠠᠩ ᠦᠵᠡᠰᠭᠦᠯᠡᠩᠲᠦ ᠰᠠᠢᠬᠠᠨ ᠳᠡᠯᠭᠡᠷᠡᠭᠦᠯᠤᠨ᠎ᠠ》 ᠭᠡᠵᠦ᠍ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠣᠣ ᠵᠢᠶᠦ᠋ᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面