2025-01-13 15:37:00
2024 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ ᠲᠡᠶ ᠨᠢᠭ᠍ᠲᠠ ᠤᠶᠠᠯᠳᠤᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠥᠬᠥ᠌ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠦᠨᠳᠦᠰᠦᠲᠡᠨ᠎ᠨᠦᠭᠦᠳ᠎ᠦᠨ ᠦᠭᠡ ᠬᠡᠯᠡ ᠥᠰᠥᠭ ᠪᠢᠴᠢᠭ᠎ᠢ ᠱᠢᠨᠵᠢᠯᠡᠬᠦ᠌ ᠤᠬᠠᠭᠠᠨᠴᠢ᠎ᠪᠠᠷ ᠬᠠᠮᠠᠭᠠᠯᠠᠨ ᠬᠦᠭᠵᠢᠬᠦᠯᠵᠦ᠂ ᠴᠥᠭᠡᠨ ᠲᠣᠭᠠᠲᠤ ᠦᠨᠳᠦᠰᠦᠲᠡᠨ᠎ᠦ ᠦᠭᠡ ᠬᠡᠯᠡ ᠥᠰᠥᠭ ᠪᠢᠴᠢᠭ᠎ᠦᠨ ᠰᠤᠷᠤᠯᠴᠠᠯᠭ᠎ᠠ ᠪᠠ ᠬᠡᠷᠡᠭ᠌ᠯᠡᠯᠲᠡ᠎ᠶ᠋ᠢ ᠬᠦᠨᠳᠦᠳᠭᠡᠨ ᠪᠠᠲᠤᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠬᠦᠴᠦᠯᠡᠨ ᠪᠠᠢᠭᠤᠯᠵᠤ᠂ ᠦᠭᠡ ᠬᠡᠯᠡ ᠥᠰᠥᠭ ᠪᠢᠴᠢᠭ᠎ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠬᠦᠴᠦᠨ ᠪᠣᠯᠭᠠᠵᠠᠢ᠃
2024 ᠣᠨ᠎ᠳᠤ ᠮᠠᠨ ᠤ᠋ ᠤᠷᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠡᠯ᠎ᠡ ᠱᠠᠲᠤᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ᠂ ᠬᠥᠮᠦᠵᠢᠯ ᠦᠢᠯᠡᠳᠦᠯᠭᠡ ᠪᠠ ᠤᠬᠠᠭᠤᠯᠤᠨ ᠲᠠᠢᠯᠪᠤᠷᠢᠯᠠᠬᠤ ᠠᠭᠤᠯᠭ᠎ᠠ᠎ᠳᠤ ᠠᠭᠤᠰᠤᠯᠴᠠᠭᠤᠯᠵᠦ᠍᠂ ᠢᠳᠡᠪᠬᠢᠲᠡᠢ ᠦᠷ᠎ᠡ ᠪᠦᠲᠦᠮᠵᠢ ᠤᠯᠵᠠᠢ᠃ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢᠨ ᠭᠡᠮ ᠰᠣᠭᠣᠭ᠎ᠤᠨ ᠠᠰᠠᠭᠤᠳᠠᠯ᠎ᠤᠨ ᠲᠣᠭᠣᠷᠢᠨ᠎ᠳᠤ ᠰᠤᠳᠤᠯᠭᠠᠨ᠎ᠢᠶᠠᠨ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ᠎ᠶ᠋ᠢ ᠨᠠᠷᠢᠯᠢᠭ ᠪᠣᠳᠠᠲᠠᠢ ᠬᠢᠵᠦ᠍᠂ ᠨᠡᠢᠭᠡᠮ᠎ᠦᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭ᠌ᠴᠦ ᠂ ᠦᠨᠳᠦᠰᠦᠲᠡᠨ᠎ᠦ ᠬᠦᠷᠢᠶᠡᠨ᠎ᠳᠡᠬᠢ ᠭᠣᠣᠯᠳᠠᠯᠭ᠎ᠠ᠎ᠲᠠᠶ ᠠᠶᠤᠯ ᠲᠦᠭ᠌ᠰᠢᠭᠦᠷᠢ᠎ᠶ᠋ᠢᠨ ᠭᠡᠮ ᠰᠣᠭᠣᠭ᠎ᠢ ᠰᠡᠷᠭᠡᠢᠯᠡᠨ ᠠᠷᠢᠯᠭᠠᠬᠤ ᠠᠵᠢᠯ᠎ᠢ ᠬᠦᠴᠦᠲᠡᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠲᠡᠶ ᠬᠠᠮᠲᠤᠷᠠᠨ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠴᠢᠨᠠᠭ᠍ᠰᠢᠳᠠ ᠰᠠᠢᠲᠤᠷ ᠬᠢᠬᠦ᠌ ᠲᠤᠬᠠᠢ ᠲᠥᠰᠦᠯ》 ᠢ᠋ ᠳᠠᠷᠤᠮᠠᠯᠯᠠᠨ ᠲᠠᠷᠬᠠᠭᠠᠵᠦ ᠨᠠᠢᠳᠠᠪᠤᠷᠢᠵᠢᠭᠤᠯᠤᠨ ᠠᠬᠢᠭᠤᠯᠵᠦ᠂ 27 ᠳ᠋ᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠤᠨ ᠥᠷᠨᠢᠭᠦᠯᠵᠦ᠂ ᠱᠢᠷᠢᠰ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ 200 ᠱᠢᠬᠠᠮ ᠤᠳᠠᠭ᠎ᠠ ᠡᠷᠭᠢᠯᠡᠵᠤ᠂ ᠲᠦᠮᠡ ᠭᠠᠷᠤᠶ ᠬᠥᠮᠦᠨ ᠤᠳᠠᠭ᠎ᠠ ᠣᠷᠣᠯᠴᠠᠠ᠂ ᠦᠭᠡ ᠬᠡᠯᠡ᠎ᠪᠡᠷ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠰᠡᠳᠭᠢᠯ ᠵᠢᠷᠦᠬᠡ᠎ᠪᠡᠨ ᠬᠣᠯᠪᠣᠬᠤ ᠬᠥᠭᠥᠷᠭᠡ ᠬᠤᠯᠪᠤᠭᠠᠰᠦᠪᠤᠯᠭᠠᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠦᠴᠦᠯᠡᠨ ᠪᠠᠢᠭᠤᠯᠵᠠᠢ᠃
2024 ᠤᠨ ᠳ᠋ᠤ᠂ ᠮᠠᠨ ᠤ᠋ ᠤᠷᠤᠨ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》᠂ 《ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ》᠂ 《ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠭᠠᠷᠠᠭ》 ᠤ᠋ᠨ ᠠᠵᠢᠯᠯᠠᠭ᠎ᠠ ᠲᠠᠶ ᠤᠶᠠᠯᠳᠤᠭᠤᠯᠤᠨ᠂ ᠤᠬᠠᠭᠤᠯᠤᠨ ᠲᠠᠢᠯᠪᠤᠷᠢᠯᠠᠬᠤ ᠬᠢᠴᠢᠶᠡᠯ ᠳᠠᠢᠯᠤᠮᠵᠢ᠂ ᠶᠠᠷᠢᠶ᠎ᠠ ᠢᠯᠡᠳᠭᠡᠯ᠂ ᠳᠡᠯᠭᠡᠨ ᠦᠵᠡᠭᠦᠯᠭᠡ᠂ ᠠᠰᠠᠭᠤᠯᠳᠠ ᠬᠠᠷᠢᠭᠤᠯᠳᠠ ᠵᠡᠷᠭᠡ ᠣᠯᠠᠨ ᠶᠠᠩᠵᠤ᠎ᠶ᠋ᠢᠨ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠢᠯᠠᠩᠭᠤᠶ᠎ᠠ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠠᠬᠢᠭᠤᠯᠪᠠ; ᠪᠠᠷᠢᠮᠵᠢᠶᠠᠵᠢᠯᠳᠠ ᠵᠢᠨ ᠪᠦᠲᠦᠭᠡᠨ ᠪᠠᠢᠭᠤᠯᠤᠯᠲᠠ ᠱᠢᠨ᠎ᠡ ᠱᠢᠪᠲᠤᠯᠤᠯᠲᠠ᠎ᠲᠠᠶ ᠪᠣᠯᠵᠤ᠂ ᠮᠣᠩᠭᠣᠯ ᠬᠡᠯᠡᠨ᠎ᠦ ᠯᠠᠲ᠋ᠢᠨ ᠪᠢᠴᠢᠯᠭᠡ ᠵᠢᠨ ᠣᠯᠠᠨ ᠤᠯᠤᠰ᠎ᠤᠨ ᠪᠠᠷᠢᠮᠵᠢᠶ᠎ᠠ᠎ᠶ᠋ᠢᠨ ᠭᠤᠶᠤᠴᠢᠯᠠᠬᠤ ᠬᠢᠷᠢ ᠬᠡᠮ᠎ᠢ ᠤᠷᠤᠭ᠍ᠰᠢᠲᠠᠶ ᠣᠯᠵᠤ᠂ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠭᠠᠯᠢᠭ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠠᠮᠵᠢᠯᠲᠠ᠎ᠲᠠᠶ ᠮᠡᠳᠡᠭᠦᠯᠵᠠᠢ᠃ ᠣᠷᠣᠨ᠎ᠤ ᠳᠣᠲᠣᠨ᠎ᠠ ᠭᠠᠳᠠᠨᠠᠬᠢ ᠬᠠᠮᠢᠶ᠎ᠠ ᠪᠥᠬᠥᠶ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ 25 ᠵᠦᠶ᠋ᠯ᠎ᠦᠨ ᠮᠣᠩᠭᠣᠯ ᠬᠡᠯᠡᠨ᠎ᠦ ᠤᠯᠤᠰ᠎ᠤᠨ ᠪᠠᠷᠢᠮᠵᠢᠶ᠎ᠠ᠎ᠶ᠋ᠢ ᠳᠠᠬᠢᠨ ᠬᠢᠨᠠᠭ᠍ᠰᠠᠨ ᠰᠠᠨᠠᠯ᠎ᠢ ᠬᠢᠨᠠᠨ ᠬᠠᠷᠭᠤᠭᠤᠯᠵᠤ᠂ 4 ᠵᠦᠶ᠋ᠯ᠎ᠦᠨ ᠢᠵᠢ ᠪᠦᠷᠢᠳᠦᠭᠦᠯᠬᠦ᠌ ᠪᠠᠷᠢᠮᠵᠢᠶ᠎ᠠ᠎ᠶ᠋ᠢ ᠰᠤᠳᠤᠯᠤᠨ ᠦᠶ᠋ᠯᠡᠳᠬᠦ᠌ ᠲᠥᠯᠥᠪᠯᠡᠭᠡ ᠲᠣᠭ᠍ᠲᠠᠭᠠᠪᠠ᠃
ᠡᠯ᠎ᠡ ᠠᠢᠮᠠᠭ ᠬᠣᠲᠠ᠎ᠶ᠋ᠢᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠢ ᠴᠢᠩᠭᠠᠳᠭᠠᠵᠤ᠂ ᠬᠣᠯᠪᠣᠭ᠍ᠳᠠᠯ ᠪᠦᠬᠦᠢ ᠶᠠᠬᠡ ᠳᠡᠭᠡᠳᠦ ᠰᠤᠷᠭᠠᠭᠤᠯᠢ᠎ᠨᠤᠭᠤᠳ᠂ ᠡᠯ᠎ᠡ ᠰᠤᠳᠤᠯᠭᠠᠨ᠎ᠤ ᠪᠠᠢᠭᠤᠯᠤᠮᠵᠢ᠂ ᠡᠯ᠎ᠡ ᠬᠣᠯᠪᠣᠭ᠍ᠳᠠᠯ ᠪᠦᠬᠦᠢ ᠠᠵᠢᠯ ᠲᠥᠷᠥᠯ᠎ᠢ ᠬᠥᠲᠥᠯᠥᠨ ᠵᠢᠯᠣᠭᠣᠳᠴᠤ᠂ ᠪᠥᠬᠥ᠌ ᠵᠢᠯ᠎ᠳᠦ 280 ᠭᠠᠷᠤᠶ ᠱᠢᠨ᠎ᠡ ᠨᠡᠷ᠎ᠡ ᠲᠣᠮᠢᠶ᠎ᠠ᠎ᠶ᠋ᠢ ᠬᠢᠨᠠᠨ ᠲᠣᠭ᠍ᠲᠠᠭᠠᠵᠤ᠂ 4 ᠬᠤᠭᠤᠴᠠᠭ᠎ᠠ ᠠᠯᠪᠠᠨ ᠮᠡᠳᠡᠭᠡ ᠨᠡᠢᠲᠡᠯᠠᠠ᠂ 89 ᠨᠡᠷᠠᠰ ᠮᠣᠩᠭᠣᠯ ᠬᠡᠯᠡᠨ᠎ᠦ ᠣᠷᠴᠢᠭᠤᠯᠭ᠎ᠠ᠎ᠶ᠋ᠢᠨ ᠲᠤᠰᠭᠠᠢ ᠮᠡᠷᠭᠡᠵᠢᠯ᠎ᠦᠨ ᠬᠢᠷᠢ ᠬᠡᠮ᠎ᠢ ᠬᠢᠨᠠᠨ ᠲᠣᠭ᠍ᠲᠠᠭᠠᠠ᠂ 《ᠮᠣᠩᠭᠣᠯ ᠬᠡᠯᠡᠨ᠎ᠦ ᠵᠥᠪ ᠪᠢᠴᠢᠯᠭᠡ᠎ᠶ᠋ᠢᠨ ᠠᠷᠭ᠎ᠠ᠎ᠶ᠋ᠢᠨ ᠲᠣᠯᠢ ᠪᠢᠴᠢᠭ (ᠭᠤᠷᠪᠠᠳᠤᠭᠠᠷ ᠬᠡᠪᠯᠡᠯ)》᠎ᠢ᠋ ᠳᠡᠯᠭᠡᠷᠡᠭᠦᠯᠦᠨ ᠬᠡᠷᠡᠭ᠌ᠯᠠᠵᠤ᠂ ᠰᠤᠷᠭᠠᠨ ᠬᠥᠮᠦᠵᠢᠯ᠎ᠦᠨ ᠦᠨᠳᠦᠰᠦᠲᠡᠨ᠎ᠦ ᠬᠡᠯᠡ ᠪᠢᠴᠢᠭ᠎ᠦᠨ ᠠᠵᠢᠯᠲᠠᠨ᠎ᠢ 1400 ᠭᠠᠷᠤᠶ ᠬᠥᠮᠦᠨ ᠤᠳᠠᠭ᠎ᠠ ᠪᠣᠯᠪᠠᠰᠤᠷᠠᠯ ᠳ᠋ᠤ ᠤᠷᠤᠯᠴᠠᠭᠤᠯᠵᠤ᠂ ᠮᠠᠨ ᠤ᠋ ᠤᠷᠤᠨ ᠤ᠋ ᠰᠤᠶᠤᠯ ᠰᠤᠷᠭᠠᠨ ᠬᠥᠮᠦᠵᠢᠯ᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ ᠵᠡᠷᠭᠡ ᠬᠦᠷᠢᠶᠡᠨ᠎ᠳᠦ ᠮᠣᠩᠭᠣᠯ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠦᠨ ᠬᠡᠷᠡᠭ᠌ᠯᠡᠬᠦ᠌᠎ᠳᠦ ᠴᠠᠭ ᠲᠤᠬᠠᠶ᠎ᠳᠤᠨᠢ ᠪᠦᠲᠦᠮᠵᠢᠲᠡᠶ ᠦᠶ᠋ᠯᠡᠴᠢᠯᠡᠭᠡ ᠬᠠᠩᠭᠠᠵᠠᠢ᠃
ᠪᠦᠬᠦ ᠤᠷᠤᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠳᠦ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠳᠥᠷᠪᠡᠳᠦᠭᠡᠷ ᠪᠤᠳᠢ᠎ᠶ᠋ᠢᠨ ᠮᠣᠩᠭᠣᠯ ᠬᠡᠯᠡᠨ᠎ᠦ ᠬᠡᠪᠯᠡᠯ᠎ᠢ 6 ᠲᠦᠮᠡ ᠱᠢᠬᠠᠮ ᠳᠡᠪᠲᠡᠷ ᠬᠦᠷᠭᠡᠪᠡ; ᠡᠯ᠎ᠡ ᠲᠦᠷᠦᠯ᠎ᠦᠨ ᠦᠨᠳᠦᠰᠦᠲᠡᠨ᠎ᠦ ᠦᠭᠡ ᠬᠡᠯᠡ ᠰᠣᠶᠣᠯ᠎ᠤᠨ ᠠᠵᠢᠯᠯᠠᠭ᠎ᠠ᠎ᠪᠠᠷ ᠳᠠᠮᠵᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠠ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠬᠡᠪᠯᠡᠯ᠎ᠦᠨ ᠤᠬᠠᠭᠤᠯᠭ᠎ᠠ᠎ᠶ᠋ᠢᠨ ᠳᠡᠪᠲᠡᠷ᠂ ᠤᠬᠠᠭᠤᠯᠭ᠎ᠠ᠎ᠶ᠋ᠢᠨ ᠮᠠᠲ᠋ᠧᠷᠢᠶᠠᠯ᠎ᠢ 7 ᠲᠦᠮᠡ ᠭᠠᠷᠤᠢ ᠬᠤᠪᠢ ᠲᠠᠷᠬᠠᠭᠠᠵᠤ᠂ ᠬᠦᠯᠢᠶᠡᠨ ᠠᠪᠤᠭ᠍ᠰᠠᠳ 6 ᠲᠦᠮᠡ ᠭᠠᠷᠤᠢ ᠬᠥᠮᠦᠨ ᠤᠳᠠᠭ᠎ᠠ᠎ᠳᠤ ᠬᠦᠷᠴᠡᠢ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠮᠣᠩᠭᠣᠯ ᠰᠦᠯᠵᠢᠶᠡᠨ᠎ᠦ ᠪᠥᠬᠥ᠌ ᠵᠢᠯ᠎ᠦᠨ ᠴᠤᠭ᠍ᠯᠠᠭᠤᠯᠤᠭ᠍ᠰᠠᠨ᠂ ᠣᠷᠴᠢᠭᠤᠯᠤᠭ᠍ᠰᠠᠨ᠂ ᠬᠢᠨᠠᠨ ᠬᠠᠷᠭᠤᠭᠤᠯᠵᠤ ᠨᠡᠢᠲᠡᠯᠡᠭ᠌ᠰᠡᠨ ᠮᠡᠳᠡᠭᠡ ᠵᠠᠩᠭᠢ 600 ᠬᠤᠪᠢ᠂ ᠪᠠᠷᠤᠭ 110 ᠲᠦᠮᠡᠨ ᠥᠰᠥᠭᠲᠦ ᠬᠦᠷᠴᠦ᠍᠂ 1000 ᠭᠠᠷᠤᠶ ᠬᠡᠷᠡᠯ ᠵᠢᠷᠤᠭ ᠨᠡᠢᠲᠡᠯᠡᠵᠡᠶ᠃
2024 ᠤᠨ᠎ᠳᠦ ᠮᠠᠨ ᠤ᠋ ᠤᠷᠤᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢᠨ ᠦᠨᠳᠦᠰᠦᠨ ᠱᠠᠲᠤᠨ᠎ᠤ ᠠᠶᠠᠯᠠᠯ᠎ᠤᠨ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠵᠢᠴᠢ 《ᠠᠨᠠᠷ᠎ᠤᠨ ᠬᠡᠯᠬᠢᠶ᠎ᠠ》 ᠲᠥᠷᠥ᠎ᠶ᠋ᠢᠨ ᠪᠣᠳᠣᠯᠭ᠎ᠠ ᠬᠦᠷᠭᠡᠬᠦ᠌ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ 17 ᠤᠳᠠᠭ᠎ᠠ ᠥᠷᠨᠢᠭᠦᠯᠵᠦ᠍᠂ ᠲᠣᠭᠠᠴᠢᠯᠠᠭ᠍ᠰᠠᠨ ᠡᠬᠢ ᠪᠠᠶᠠᠯᠢᠭ᠂ ᠣᠶᠤᠨᠴᠢᠯᠠᠭ᠍ᠰᠠᠨ ᠦᠷ᠎ᠡ ᠪᠦᠲᠦᠭᠡᠯ᠂ ᠲᠣᠭᠠᠴᠢᠯᠠᠭ᠍ᠰᠠᠨ ᠦᠶ᠋ᠯᠡᠴᠢᠯᠡᠭᠡ᠎ᠶ᠋ᠢ ᠠᠭᠤᠰᠤᠯᠴᠠᠭᠤᠯᠤᠨ ᠬᠠᠮᠲᠤ᠎ᠪᠠᠷ ᠡᠳ᠋ᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠦᠶ᠋ᠯᠡᠴᠢᠯᠡᠵᠦ᠍᠂ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠪᠣᠯᠪᠠᠰᠤᠷᠠᠯ᠎ᠢᠶᠠᠷ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠳᠤ ᠬᠦᠴᠦᠨ ᠨᠡᠮᠡᠷᠢᠯᠡᠵᠦ᠍᠂ ᠨᠠᠮ᠎ᠤᠨ ᠲᠠᠭᠤᠨ᠂ ᠨᠠᠮ᠎ᠤᠨ ᠬᠠᠢᠷ᠎ᠠ ᠬᠠᠯᠠᠮᠵᠢ᠎ᠶ᠋ᠢ ᠦᠨᠳᠦᠰᠦᠨ ᠱᠠᠲᠤᠨ᠎ᠳᠤ ᠳᠠᠮᠵᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠦᠷᠭᠡᠵᠠᠢ᠃
2024 ᠤᠨ᠎ᠳᠦ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠡᠷᠳᠡᠮ ᠱᠢᠨᠵᠢᠯᠡᠭᠡᠨ᠎ᠦ ᠲᠥᠷᠥᠯ ᠵᠦᠢᠯ᠎ᠢ 12 ᠵᠣᠬᠢᠶᠠᠨ ᠪᠠᠢᠭᠤᠯᠤᠨ ᠬᠡᠷᠡᠭ᠌ᠵᠢᠭᠦᠯᠵᠤ᠂ 《ᠮᠣᠩᠭᠣᠯ ᠬᠡᠯᠡ ᠪᠢᠴᠢᠭ》 ᠤ᠋ᠨ ᠡᠷᠳᠡᠮ ᠱᠢᠨᠵᠢᠯᠡᠭᠡᠨ᠎ᠦ ᠰᠡᠳᠬᠦᠯ᠎ᠢ 12 ᠬᠤᠭᠤᠴᠠᠭ᠎ᠠ ᠨᠡᠢᠲᠡᠯᠡᠵᠦ᠍᠂ ᠬᠡᠪᠯᠡᠯ ᠡᠬᠢᠯᠡᠭ᠌ᠰᠡᠨ 70 ᠵᠢᠯ᠎ᠦᠨ ᠣᠶ᠎ᠶ᠋ᠢᠨ ᠲᠤᠰᠭᠠᠶ ᠬᠡᠪᠯᠡᠯ ᠵᠢᠴᠢ ᠦᠷ᠎ᠡ ᠪᠦᠲᠦᠭᠡᠯ᠎ᠦᠨ ᠦᠵᠡᠰᠭᠦᠯᠡᠩ᠎ᠢ ᠡᠷᠭᠢᠯᠡᠵᠦ᠍᠂ 《ᠥᠪᠥᠷ ᠮᠣᠩᠭᠣᠯ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠤᠬᠠᠮᠰᠠᠷ᠎ᠢ ᠪᠠᠲᠤ ᠴᠣᠭ᠍ᠴᠠᠯᠠᠬᠤ ᠡᠷᠲᠡᠨ᠎ᠦ ᠨᠣᠮ ᠪᠢᠴᠢᠭ᠎ᠢ ᠡᠮᠬᠢᠳᠭᠡᠨ ᠰᠤᠳᠤᠯᠬᠤ ᠨᠣᠮ ᠪᠢᠴᠢᠭ᠎ᠦᠨ ᠰᠠᠯᠪᠤᠷᠢ》 ᠶ᠋ᠢᠨ ᠠᠵᠢᠯ᠎ᠢ ᠡᠬᠢᠯᠡᠭᠦᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃