ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-12-22 11:49:15

ᠵᠣᠬᠢᠶᠠᠭ᠍ᠴᠢ᠄ ᠯᠢᠦ ᡁᠢ ᠱᠢᠶᠠᠨ ᠣᠩᠱᠢᠭ᠍ᠰᠠᠨ ᠣᠳᠠᠭ᠎ᠠ᠄ 3

2022 ᠣᠨ ᠡᠴᠡ ᠨᠠᠭᠠᠰᠢ ᠥᠪᠥᠷ ᠮᠣᠩᠭᠣᠯ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌ ᠲᠦᠷᠦᠯ ᠵᠦᠢᠯ ᠢ᠋ ᠨᠠᠷᠢᠨ ᠨᠢᠮᠪᠠᠢ ᠬᠡᠷᠡᠭᠵᠢᠬᠦᠯᠵᠡᠢ᠃ ᠲᠣᠰ ᠲᠥᠷᠥᠯ ᠵᠦᠶ᠋ᠯ ᠨᠢ ᠨᠢᠭᠡᠨᠲᠡ ᠪᠥᠬᠥ᠌ ᠣᠷᠣᠨ ᠤ᠋ 12 ᠠᠢᠮᠠᠭ ᠬᠣᠲᠠ ᠶ᠋ᠢᠨ 349 ᠤᠤᠯ ᠤ᠋ᠨ ᠦᠨᠳᠦᠰᠦᠲᠡᠨ ᠤ᠋ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠳᠤᠮᠳᠠᠳᠤ ᠪᠠᠭ᠎ᠠ ᠰᠤᠷᠭᠠᠭᠤᠯᠢ ᠂ 2519 ᠲᠦᠭᠡᠮᠡᠯ ᠬᠠᠷᠠᠭᠠᠯᠵᠠᠯ ᠤ᠋ᠨ ᠴᠢᠨᠠᠷᠲᠠᠶ ᠬᠡᠦᠬᠡᠳ ᠤ᠋ᠨ ᠴᠡᠴᠡᠷᠯᠢᠭ ᠢ᠋ ᠬᠠᠮᠤᠷᠴᠤ᠌᠂ ᠰᠤᠷᠭᠠᠭᠤᠯᠢ᠎ᠵᠢᠨ ᠨᠠᠰᠤᠨ ᠡᠴᠡ ᠡᠮᠦᠨᠡᠬᠢ ᠣᠶᠤᠨᠴᠢ ᠵᠢᠭᠠᠨ ᠰᠤᠷᠭᠠᠯᠲᠠ ᠵᠢ ᠬᠠᠪᠰᠤᠷᠬᠤ ᠱᠢᠰᠲ᠋ᠧᠮ ᠢ᠋ ᠲᠣᠬᠢᠷᠠᠭᠤᠯᠤᠨ᠂ ᠳᠤᠮᠳᠠᠳᠤ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠤ᠋ᠨ ᠲᠤᠰᠭᠠᠶ ᠰᠡᠳᠦᠪᠲᠦ ᠬᠢᠴᠢᠶᠡᠯ ᠤ᠋ᠨ ᠲᠠᠩᠬᠢᠮ ᠢ᠋ ᠪᠠᠢᠭᠤᠯᠵᠤ᠂ ᠪᠠᠭ᠍ᠰᠢ ᠶ᠋ᠢᠨ ᠣᠶᠤᠨᠴᠢ ᠰᠤᠷᠤᠯᠴᠠᠬᠤ ᠲᠠᠪᠴᠠᠩ ᠢ᠋ ᠪᠠᠢᠭᠤᠯᠤᠭ᠍ᠰᠠᠨ ᠪᠥᠭᠡᠳ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠤ᠋ᠨ ᠲᠤᠰᠭᠠᠶ ᠰᠤᠷᠭᠠᠨ ᠬᠥᠮᠦᠵᠢᠯ ᠤ᠋ᠨ ᠡᠬᠢ ᠪᠠᠶᠠᠯᠢᠭ ᠵᠡᠷᠭᠡ ᠵᠢ ᠨᠡᠭᠡᠭᠡᠨ ᠬᠥᠭ᠌ᠵᠢᠭᠦᠯᠵᠦ᠍᠂ 《 ᠬᠥᠮᠦᠨ ᠪᠦᠬᠦᠨ ᠰᠤᠷᠤᠯᠴᠠᠬᠤ᠂ ᠴᠠᠭ ᠢᠮᠠᠭ᠍ᠲᠠ ᠰᠤᠷᠤᠯᠴᠠᠬᠤ᠂ ᠭᠠᠵᠠᠷ ᠪᠣᠯᠭᠠᠨ ᠳ᠋ᠤ ᠰᠤᠷᠤᠯᠴᠠᠬᠤ》 ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠰᠤᠷᠤᠯᠴᠠᠬᠤ ᠣᠷᠴᠢᠨ ᠲᠣᠭᠣᠷᠢᠨ ᠢ᠋ ᠢᠳᠡᠪᠬᠢᠲᠡᠶ ᠡᠭᠦᠳᠦᠨ ᠪᠠᠢᠭᠤᠯᠵᠤ᠂ ᠪᠠᠭ᠍ᠰᠢ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠡᠷᠡᠭ᠌ᠯᠡᠭᠡᠨ ᠤ᠋ ᠴᠢᠳᠠᠪᠤᠷᠢ ᠶ᠋ᠢᠨ ᠪᠥᠬᠥ᠌ ᠲᠠᠯ᠎ᠠ ᠪᠡᠷ ᠳᠡᠭᠡᠭ᠌ᠰᠢᠯᠡᠬᠦ᠌ ᠵᠢ ᠠᠬᠢᠭᠤᠯᠪᠠ ᠃

ᠬᠥᠯᠥᠨ ᠪᠣᠢᠷ ᠬᠣᠲᠠ ᠶ᠋ᠢᠨ ᠬᠠᠭᠤᠴᠢᠨ ᠪᠠᠷᠭᠤ ᠬᠣᠱᠢᠭᠤᠨ ᠤ᠋ ᠦᠨᠳᠦᠰᠦᠲᠡᠨ ᠤ᠋ ᠪᠠᠭ᠎ᠠ ᠰᠤᠷᠭᠠᠭᠤᠯᠢ ᠶ᠋ᠢᠨ ᠨᠢᠭᠡᠳᠦᠭᠡᠷ ᠣᠨ ᠤ᠋ ᠬᠡᠯᠡ ᠪᠢᠴᠢᠭ ᠤ᠋ᠨ ᠪᠠᠭ᠍ᠰᠢ ᠢᠦᠶ ᠶᠢᠩ ᠣᠶᠤᠨᠴᠢ ᠬᠢᠴᠢᠶᠡᠯ ᠤ᠋ᠨ ᠲᠠᠩᠬᠢᠮ ᠤ᠋ᠨ ᠱᠢᠰᠲ᠋ᠧᠮ ᠢ᠋ ᠠᠰᠢᠬᠯᠠᠨ ᠬᠢᠴᠢᠶᠡᠯ ᠪᠡᠯᠡᠳᠭᠡᠨ ᠬᠢᠴᠢᠶᠡᠯ ᠤᠷᠤᠭᠠᠳ ᠨᠢᠭᠡᠨᠲᠡ ᠵᠢᠯ ᠭᠠᠷᠤᠶ ᠪᠣᠯᠵᠣ᠂ ᠲᠡᠭᠦᠨ ᠤ᠋ ᠬᠡᠷᠡᠭᠯᠡᠬᠦ ᠬᠠᠮᠤᠭ ᠤ᠋ᠨ ᠳᠤᠷᠠᠲᠠᠶ ᠴᠢᠳᠠᠮᠵᠢ ᠪᠣᠯ ᠳᠠᠷᠤᠶ ᠲᠣᠭᠠᠴᠢᠯᠠᠭ᠍ᠰᠠᠨ ᠬᠢᠴᠢᠶᠡᠯ ᠪᠡᠯᠡᠳᠭᠡᠬᠦ᠌ ᠳᠥᠭᠥᠮ ᠳᠥᠲᠡ ᠠᠷᠭ᠎ᠠ ᠮᠠᠶᠢᠭ ᠪᠣᠯᠤᠨ᠎ᠠ᠃ 《ᠡᠨᠡ ᠬᠦ᠌ ᠱᠢᠰᠲ᠋ᠧᠮ ᠢ᠋ᠶ᠋ᠡᠷ ᠳᠠᠮᠵᠢᠭᠤᠯᠤᠨ ᠂ ᠮᠠᠨ ᠤ᠋ ᠪᠠᠭ᠍ᠰᠢ ᠨᠠᠷ ᠬᠡᠵᠢᠶ᠎ᠡ ᠬᠠᠮᠢᠭ᠎ᠠ ᠴᠤ᠌ ᠭᠡᠰᠡᠨ ᠬᠢᠴᠢᠶᠡᠯ ᠪᠡᠯᠡᠳᠭᠡᠵᠦ᠍ ᠪᠣᠯᠤᠨ᠎ᠠ᠃ ᠲᠠᠩᠰᠠᠨ᠎ᠳᠤ ᠲᠡᠮᠳᠡᠭ᠌ᠯᠡᠭᠦᠯᠦᠭ᠌ᠰᠡᠨ ᠤ᠋ ᠳᠠᠷᠠᠭ᠎ᠠ᠂ ᠤᠳᠠᠭ᠎ᠠ ᠪᠦᠷᠢ ᠶ᠋ᠢᠨ ᠬᠢᠴᠢᠶᠡᠯ ᠪᠡᠯᠡᠳᠭᠡᠬᠦ᠌ ᠠᠭᠤᠯᠭ᠎ᠠ ᠨᠢ ᠴᠥᠮ ᠠᠳᠠᠯᠢ ᠠᠯᠬᠤᠮ ᠢ᠋ᠶ᠋ᠡᠷ ᠶᠠᠪᠤᠭ᠍ᠳᠠᠨ᠎ᠠ᠂ ᠢᠩᠭᠢᠪᠡᠯ ᠲᠠᠩ ᠭᠠᠭ᠍ᠴᠠ ᠬᠢᠴᠢᠶᠡᠯ ᠪᠡᠯᠡᠳᠭᠡᠬᠦ᠌ ᠣᠷᠴᠢᠨ ᠨᠥᠬᠥᠴᠡᠯ ᠪᠠ ᠲᠥᠬᠥᠭᠡᠷᠦᠮᠵᠢ ᠳ᠋ᠤ ᠪᠠᠷᠢᠭ᠍ᠳᠠᠬᠤ ᠥᠬᠡᠶ᠃ ᠤᠤᠯ ᠨᠢ ᠬᠢᠴᠢᠶᠡᠯ ᠤᠷᠤᠬᠤ ᠮᠠᠲᠸᠷᠢᠶᠠᠯ ᠢ᠋ᠶ᠋ᠡᠨ ᠪᠡᠯᠡᠳᠭᠡᠵᠦ ᠪᠠᠷᠠᠪᠠᠯ ᠪᠢᠳᠡ U ᠲᠠᠪᠠᠭ ᠲᠦ᠍ ᠺᠣᠫᠢᠳᠠᠵᠤ᠂ ᠳᠠᠬᠢᠨ ᠵᠢᠭᠠᠨ ᠰᠤᠷᠭᠠᠯᠲᠠ ᠶ᠋ᠢᠨ ᠺᠣᠮᠫᠢᠦ᠋ᠲ᠋ᠧᠷ ᠲᠦ᠍ ᠺᠣᠫᠢᠳᠠᠬᠤ ᠬᠡᠷᠡᠭ᠌ᠲᠡᠶ᠂ ᠮᠠᠰᠢ ᠳᠥᠭᠥᠮ ᠦᠭᠡᠢ ᠮᠦᠷᠳᠡᠭᠡᠨ ᠠᠮᠠᠷᠬᠠᠨ ᠡᠪᠳᠡᠷᠡᠬᠦ᠌ ᠪᠤᠶᠤ ᠭᠡᠭᠡᠭ᠌ᠳᠡᠵᠤ ᠮᠡᠳᠡᠨ᠎ᠠ》 ᠭᠡᠵᠦ᠍ ᠢᠦᠢ ᠶᠢᠩ ᠬᠡᠯᠡᠨ᠎ᠠ᠃

ᠱᠢᠰᠲ᠋ᠧᠮ᠎ᠢ ᠬᠡᠷᠡᠭ᠌ᠯᠡᠭ᠌ᠰᠡᠨ ᠨᠢ ᠬᠡᠯᠡ ᠪᠢᠴᠢᠭ ᠤ᠋ᠨ ᠬᠢᠴᠢᠶᠡᠯ ᠤ᠋ᠨ ᠵᠢᠭᠠᠨ ᠰᠤᠷᠭᠠᠯᠲᠠ ᠪᠠ ᠰᠤᠷᠤᠯᠴᠠᠯᠭ᠎ᠠ ᠳ᠋ᠤ ᠮᠠᠰᠢ ᠣᠯᠠᠨ ᠳᠥᠭᠥᠮ ᠦᠵᠡᠭᠦᠯᠦᠭ᠌ᠰᠡᠨ ᠢ᠋ᠶ᠋ᠡᠷ ᠪᠠᠷᠠᠬᠤ ᠦᠭᠡᠢ᠂ ᠪᠠᠰᠠ ᠪᠤᠰᠤᠳ ᠬᠢᠴᠢᠶᠡᠯ ᠤ᠋ᠨ ᠵᠢᠭᠠᠨ ᠰᠤᠷᠭᠠᠯᠲᠠ᠎ᠳᠤ ᠨᠠᠩ ᠣᠯᠠᠨ ᠪᠣᠯᠤᠯᠴᠠᠭ᠎ᠠ ᠬᠠᠩᠭᠠᠭ᠍ᠰᠠᠨ ᠪᠠᠢᠨ᠎ᠠ᠃

ᠬᠥᠬᠡᠬᠣᠲᠠ ᠶ᠋ᠢᠨ ᠦᠨᠳᠦᠰᠦᠲᠡᠨ ᠤ᠋ ᠲᠤᠷᠱᠢᠯᠲᠠ ᠶ᠋ᠢᠨ ᠰᠤᠷᠭᠠᠭᠤᠯᠢ ᠶ᠋ᠢᠨ ᠶᠣᠰᠣ ᠰᠤᠷᠲᠠᠬᠤᠨ ᠬᠢᠭᠡᠳ ᠬᠠᠤᠯᠢ ᠪᠡᠷ ᠵᠠᠰᠠᠬᠤ ᠲᠤᠰᠭᠠᠶ ᠮᠡᠷᠭᠡᠵᠢᠯ ᠤ᠋ᠨ ᠪᠠᠭ᠍ᠰᠢ ᠸᠠᠩ ᠢᠦᠶ ᠮᠦᠸᠸ ᠬᠣᠶᠠᠳᠤᠭᠠᠷ ᠣᠨ ᠤ᠋ 7 ᠠᠩᠭᠢ ᠶ᠋ᠢᠨ ᠶᠣᠰᠣ ᠰᠤᠷᠳᠠᠬᠤᠨ ᠬᠢᠭᠡᠳ ᠬᠠᠤᠯᠢ ᠪᠡᠷ ᠵᠠᠰᠠᠬᠤ ᠱᠢᠨᠵᠢᠯᠡᠭᠡᠨ ᠤ᠋ ᠵᠢᠭᠠᠨ ᠰᠤᠷᠭᠠᠯᠲᠠ ᠶ᠋ᠢᠨ ᠠᠵᠢᠯ ᠢ᠋ ᠡᠭᠦᠷᠭᠡᠯᠡᠭᠡᠳ᠂ ᠨᠢᠭᠡᠨᠲᠡ 5 ᠵᠢᠯ ᠭᠠᠷᠤᠶ ᠶ᠋ᠢᠨ ᠵᠢᠭᠠᠨ ᠰᠤᠷᠭᠠᠯᠲᠠ ᠶ᠋ᠢᠨ ᠲᠤᠷᠱᠢᠯᠭ᠎ᠠ ᠲᠠᠢ ᠪᠣᠯᠵᠠᠶ᠃ ᠲᠡᠭᠦᠨ ᠤ᠋ ᠬᠢᠴᠢᠶᠡᠯ ᠤᠷᠤᠵᠤ ᠪᠠᠢᠭ᠎ᠠ ᠣᠨ ᠤ᠋ ᠰᠤᠷᠤᠭ᠍ᠴᠢᠳ ᠤ᠋ᠨ ᠨᠠᠰᠤ ᠪᠠᠭ᠎ᠠ ᠪᠣᠯᠬᠣᠷ ᠶᠣᠰᠣ ᠰᠤᠷᠲᠠᠬᠤᠨ ᠬᠢᠭᠡᠳ ᠬᠠᠤᠯᠢ ᠪᠡᠷ ᠵᠠᠰᠠᠬᠤ ᠱᠢᠨᠵᠢᠯᠡᠭᠡᠨ ᠤ᠋ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠤᠬᠴᠠᠯᠠᠬᠤ᠂ ᠨᠡᠢᠭᠡᠮ ᠵᠢᠷᠤᠮ ᠤ᠋ᠨ ᠭᠣᠣᠯᠯᠠᠬᠴᠢ ᠦᠷᠳᠡᠭ ᠤ᠋ᠨ ᠦᠵᠡᠯᠲᠡ ᠵᠡᠷᠭᠡ ᠬᠡᠢᠰᠪᠦᠷᠢᠴᠢᠯᠡᠭ᠌ᠰᠡᠨ ᠤᠬᠠᠭ᠍ᠳᠠᠬᠤᠨ ᠢ᠋ ᠦᠨᠡᠨ ᠪᠣᠳᠠᠲᠠᠢ ᠣᠢᠯᠠᠭᠠᠬᠤ ᠳ᠋ᠤ ᠠᠨᠠᠢ ᠪᠠᠢᠳᠠᠭ᠂ ᠡᠢᠮᠦ᠍ ᠡᠴᠡ ᠱᠢᠰᠲ᠋ᠧᠮ ᠤ᠋ᠨ ᠬᠠᠩᠭᠠᠭ᠍ᠰᠠᠨ ᠶᠡᠬᠡ ᠬᠡᠮᠵᠢᠶᠡᠨ ᠤ᠋ ᠢᠵᠢ ᠪᠦᠷᠢᠳᠦᠭ᠌ᠰᠡᠨ ᠭᠡᠷᠡᠯ ᠵᠢᠷᠤᠭ᠂ ᠲᠠᠭᠤ ᠳᠦᠷᠰᠦ ᠱᠢᠩᠭᠡᠭᠡᠯᠲᠡ ᠶ᠋ᠢᠨ ᠵᠢᠭᠠᠨ ᠰᠤᠷᠭᠠᠯᠲᠠ ᠶ᠋ᠢᠨ ᠡᠬᠢ ᠪᠠᠶᠠᠯᠢᠭ ᠵᠡᠷᠭᠡ ᠨᠢ ᠶᠠᠭ 《ᠴᠠᠭ ᠤ᠋ᠨ ᠬᠤᠷ᠎ᠠ》 ᠮᠡᠲᠦ ᠪᠠᠢᠵᠤ᠂ ᠭᠦᠨᠴᠡ ᠲᠠᠢ᠂ ᠬᠦᠴᠢᠷᠲᠡᠢ ᠮᠡᠳᠡᠯᠭᠡ ᠵᠢ ᠬᠢᠯᠪᠠᠷᠴᠢᠯᠠᠵᠤ᠂ ᠰᠣᠨᠢᠷᠬᠠᠯᠲᠠᠢ ᠪᠣᠯᠭᠠᠨ᠂ ᠰᠤᠷᠤᠭ᠍ᠴᠢᠳ ᠲᠦ᠍ ᠤᠢ᠍ᠢᠯᠠᠭᠠᠭᠤᠯᠤᠨ ᠰᠤᠷᠤᠯᠴᠠᠭᠤᠯᠳᠠᠭ᠃ ᠸᠠᠩ ᠢᠦᠶ ᠮᠦᠸᠸ ᠪᠠᠰᠠ ᠱᠢᠰᠲ᠋ᠧᠮ ᠤ᠋ᠨ ᠵᠠᠷᠢᠮ ᠴᠢᠳᠠᠮᠵᠢ ᠵᠢ ᠬᠡᠷᠡᠭ᠌ᠯᠡᠨ ᠬᠢᠴᠢᠶᠡᠯ ᠤ᠋ᠨ ᠲᠠᠩᠬᠢᠮ ᠤ᠋ᠨ ᠰᠣᠨᠢᠷᠬᠠᠯᠲᠤ ᠴᠢᠨᠠᠷ ᠢ᠋ ᠳᠡᠭᠡᠭ᠌ᠰᠢᠯᠡᠭᠦᠯᠬᠦ᠌ ᠳᠤᠷᠠᠲᠠᠶ ᠪᠠᠢᠳᠠᠭ᠂ ᠵᠢᠱ᠌ᠢᠶᠡᠯᠡᠪᠡᠯ᠂ ᠬᠤᠷᠰᠢᠯᠴᠠᠬᠤ ᠭᠣᠭ᠍ᠴᠣᠭᠠᠨ᠎ᠳᠤ 《ᠲᠣᠬᠢᠶᠠᠯᠳᠤᠯ ᠢ᠋ᠶ᠋ᠡᠷ ᠬᠥᠮᠦᠨ ᠰᠣᠩᠭᠣᠬᠤ》 ᠴᠢᠳᠠᠮᠵᠢ ᠵᠢ ᠬᠡᠷᠡᠭ᠌ᠯᠡᠳᠡᠭ ᠂ ᠡᠨᠡ ᠬᠦ᠌ ᠲᠣᠭ᠍ᠲᠠᠭᠠᠯᠲᠤ ᠪᠤᠰᠤ ᠴᠢᠨᠠᠷ ᠨᠢ ᠪᠠᠭ᠎ᠠ ᠰᠤᠷᠭᠠᠭᠤᠯᠢ ᠶ᠋ᠢᠨ ᠰᠣᠷᠣᠭ᠍ᠴᠢ ᠳ᠋ᠤ ᠠᠪᠴᠤ᠌ ᠬᠡᠯᠡᠪᠡᠯ ᠮᠠᠰᠢ ᠲᠠᠲᠠᠬᠤ ᠬᠦᠴᠦᠨ ᠲᠠᠢ ᠪᠠᠢᠳᠠᠭ ᠪᠦᠭᠡᠳ ᠰᠤᠷᠤᠭ᠍ᠴᠢᠳ ᠤ᠋ᠨ ᠠᠩᠬᠠᠷᠤᠯ ᠢ᠋ᠶ᠋ᠡᠨ ᠳᠡᠭᠡᠳᠦ ᠬᠡᠮᠵᠢᠶ᠎ᠡ ᠪᠡᠷ ᠲᠥᠪᠯᠡᠷᠡᠭᠦᠯᠬᠦ᠌ ᠵᠢ ᠠᠬᠢᠭᠤᠯᠵᠤ᠂ ᠴᠠᠭ ᠲᠤᠬᠠᠶ ᠳ᠋ᠤᠨᠢ ᠠᠰᠠᠭᠤᠯᠲᠠ ᠬᠠᠷᠢᠭᠤᠯᠬᠤ ᠪᠡᠷ ᠪᠡᠯᠡᠳᠭᠡᠳᠡᠭ᠂ ᠬᠠᠷᠢᠭᠤᠯᠤᠭ᠍ᠰᠠᠨ ᠤ᠋ ᠳᠠᠷᠠᠭ᠎ᠠ᠂ ᠪᠠᠭ᠍ᠰᠢ ᠪᠠᠰᠠ ᠱᠢᠰᠲ᠋ᠧᠮ ᠢ᠋ᠶ᠋ᠡᠷ ᠳᠠᠮᠵᠢᠭᠤᠯᠤᠨ ᠬᠠᠷᠢᠭᠤᠯᠲᠠ ᠳ᠋ᠤ ᠦᠨᠡᠯᠡᠯᠲᠡ ᠬᠢᠬᠦ᠌ ᠶ᠋ᠢᠨ ᠬᠠᠮᠲᠤ ᠵᠠᠷᠢᠮ ᠲᠠᠭᠤ ᠭᠠᠷᠭᠠᠬᠤ ᠴᠢᠳᠠᠮᠵᠢ ᠪᠠᠷ ᠰᠣᠷᠣᠭ᠍ᠴᠢ ᠳ᠋ᠤ ᠮᠠᠭ᠍ᠲᠠᠭᠠᠯ ᠳᠡᠪᠱᠢᠭᠦᠯᠵᠦ᠍ ᠪᠣᠯᠤᠨ᠎ᠠ᠃ 《ᠰᠤᠷᠤᠭ᠍ᠴᠢᠳ ᠡᠨᠡ ᠬᠦ᠌ ᠠᠰᠠᠭᠤᠳᠠᠯ ᠢ᠋ ᠬᠠᠷᠢᠭᠤᠯᠬᠤ ᠬᠡᠯᠪᠡᠷᠢ ᠳ᠋ᠤ ᠮᠠᠰᠢ ᠳᠤᠷᠠᠲᠠᠶ ᠪᠠᠢᠳᠠᠭ᠂ ᠡᠢᠮᠦᠷᠬᠦᠦ ᠦᠨᠡᠯᠡᠯᠲᠡ ᠨᠢ ᠬᠢᠴᠢᠶᠡᠯ ᠤ᠋ᠨ ᠲᠠᠩᠬᠢᠮ ᠤ᠋ᠨ ᠰᠠᠢᠨ ᠰᠠᠢᠬᠠᠨ ᠠᠭᠤᠷ ᠠᠮᠢᠰᠭᠤᠯ ᠢ᠋ ᠪᠣᠶ ᠪᠣᠯᠭᠠᠵᠤ᠂ ᠰᠤᠷᠤᠭ᠍ᠴᠢᠳ ᠢ᠋ ᠰᠠᠢᠨ ᠰᠠᠢᠬᠠᠨ ᠰᠤᠷᠤᠯᠴᠠᠬᠤ ᠳᠠᠳᠭᠠᠯ ᠲᠠᠢ ᠪᠣᠯᠭᠠᠵᠤ ᠴᠢᠳᠠᠨ᠎ᠠ》 ᠭᠡᠵᠦ᠍ ᠸᠠᠩ ᠢᠦᠢ ᠮᠦᠸᠸ ᠬᠡᠯᠡᠯ᠎ᠠ᠃

ᠤᠶᠤᠨ᠎ᠠ ᠪᠣᠯ ᠪᠤᠭᠤᠲᠤ ᠬᠤᠳᠠ ᠶ᠋ᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠶ᠋ᠢᠨ ᠳᠡᠭᠡᠳᠦ ᠭᠤᠷᠪᠠ᠎ᠵᠢᠨ ᠲᠡᠦᠬᠡ ᠶ᠋ᠢᠨ ᠪᠠᠭ᠍ᠰᠢ ᠪᠤᠯᠤᠨ᠎ᠠ᠂ ᠲᠡᠷᠡ ᠤᠳᠤ ᠡᠨᠡ ᠬᠦ᠌ ᠱᠢᠰᠲ᠋ᠧᠮ ᠢ᠋ ᠬᠡᠷᠡᠭ᠌ᠯᠡᠭᠡᠳ ᠳᠠᠳᠮᠠᠭᠠᠢ ᠪᠣᠯᠵᠠᠢ᠃ ᠳᠡᠯᠡᠬᠡᠢ ᠶ᠋ᠢᠨ ᠠᠩᠬᠠᠳᠤᠭᠠᠷ ᠶᠡᠬᠡ ᠳᠠᠢᠨ ᠭᠡᠬᠦ᠌ ᠡᠨᠡ ᠬᠦ᠌ ᠮᠡᠳᠡᠯᠭᠡ ᠶ᠋ᠢᠨ ᠴᠡᠭ ᠢ᠋ ᠶᠠᠷᠢᠬᠤ ᠦᠶ᠎ᠡ ᠳ᠋ᠤ᠂ ᠲᠡᠷᠡ ᠬᠢᠴᠢᠶᠡᠯ ᠪᠡᠯᠡᠳᠭᠡᠬᠦ᠌ ᠱᠢᠰᠲ᠋ᠧᠮ ᠡᠴᠡ ᠬᠠᠮᠢᠶ᠎ᠠ ᠪᠦᠬᠦᠢ ᠰᠡᠳᠭᠢᠬᠦᠢ ᠶ᠋ᠢᠨ ᠤᠳᠤᠷᠢᠳᠭᠠᠯ ᠵᠢᠷᠤᠭ᠂ ᠠᠷᠤ ᠦᠵᠡᠭ᠌ᠳᠡᠯ ᠤ᠋ᠨ ᠵᠢᠵᠢᠭ ᠸᠢᠳᠢᠣ᠋ ᠵᠡᠷᠭᠡ ᠡᠯᠪᠡᠭ ᠪᠠᠶᠠᠯᠢᠭ ᠡᠬᠢ ᠪᠠᠶᠠᠯᠢᠭ ᠢ᠋ ᠡᠷᠢᠨ ᠣᠯᠵᠤ ᠂ ᠬᠡᠷᠡᠭ᠌ᠴᠡᠭᠡ ᠪᠠᠨ ᠦᠨᠳᠦᠰᠦᠯᠡᠨ ᠲᠡᠭᠦᠨ ᠤ᠋ ᠡᠯᠧᠺᠲᠷᠣᠨ ᠬᠢᠴᠢᠶᠡᠯ ᠤ᠋ᠨ ᠳᠡᠪᠲᠡᠷ ᠲᠦ᠍ ᠰᠣᠩᠭᠣᠨ ᠣᠷᠣᠭᠤᠯᠵᠤ᠂ ᠬᠢᠴᠢᠶᠡᠯ ᠪᠡᠯᠡᠳᠭᠡᠬᠦ᠌ ᠪᠠ ᠬᠢᠴᠢᠶᠡᠯ ᠣᠷᠣᠬᠤ ᠦᠷ᠎ᠡ ᠪᠦᠲᠦᠮᠵᠢ ᠵᠢ ᠶᠡᠬᠡ ᠪᠡᠷ ᠳᠡᠭᠡᠭ᠌ᠰᠢᠯᠡᠭᠦᠯᠪᠡ᠃ ᠨᠡᠩ ᠪᠠᠶᠠᠷᠯᠠᠭᠤᠱᠢᠲᠠᠶ ᠨᠢ ᠭᠡᠪᠡᠯ᠂ ᠰᠤᠷᠤᠭ᠍ᠴᠢᠳ ᠤ᠋ᠨ ᠰᠤᠷᠤᠯᠴᠠᠬᠤ ᠤᠷᠮ᠎ᠠ ᠪᠠᠬ᠎ᠠ ᠎ᠵᠢ ᠶᠡᠬᠡ ᠪᠡᠷ ᠲᠠᠳᠠᠭᠰᠠᠨ ᠪᠠᠢᠨ᠎ᠠ᠃ 《ᠣᠲᠣ ᠪᠢ ᠡᠯᠧᠺᠲ᠋ᠷᠣᠨ ᠬᠢᠴᠢᠶᠡᠯ ᠤ᠋ᠨ ᠳᠡᠪᠲᠡᠷ ᠢ᠋ᠶ᠋ᠡᠨ ᠰᠡᠬᠦᠪᠠᠯ ᠂ ᠰᠤᠷᠤᠭ᠍ᠴᠢᠳ ᠸᠢᠳᠢᠣ᠋ ᠂ ᠠᠦ᠋ᠳᠢᠤ᠋ ᠵᠡᠷᠭᠡ ᠱᠣᠱᠢᠭ᠎ᠠ ᠵᠢ ᠣᠯᠵᠤ ᠦᠵᠡᠪᠡᠯ ᠳᠠᠷᠤᠢ ᠨᠠᠮᠠᠶ᠋ᠢ ᠬᠤᠷᠳᠤᠨ ᠲᠤᠪᠴᠢᠳᠠᠬᠤ ᠵᠢ ᠱᠠᠯᠠᠪᠳᠠᠭᠤᠯᠳᠠᠭ ᠂ ᠰᠤᠷᠤᠯᠴᠠᠬᠤ ᠢᠳᠡᠪᠬᠢᠵᠢᠯ ᠨᠢ ᠮᠠᠰᠢ ᠥᠨᠳᠥᠷ ᠪᠠᠢᠳᠠᠭ᠃ ᠡᠭᠦᠨ ᠡᠴᠡ ᠭᠠᠳᠠᠨ᠎ᠠ᠂ ᠪᠢ ᠪᠠᠰᠠ ᠬᠢᠴᠢᠶᠡᠯ ᠤ᠋ᠨ ᠲᠠᠩᠬᠢᠮ ᠳ᠋ᠤ ᠰᠠᠭᠤᠷᠢᠯᠠᠨ ᠠᠯᠢ ᠴᠢᠳᠠᠬᠤ ᠪᠡᠷ ᠱᠢᠨ᠎ᠡ ᠴᠢᠳᠠᠮᠵᠢ ᠶ᠋ᠢᠨ ᠬᠡᠷᠡᠭ᠌ᠯᠡᠬᠦ᠌ ᠠᠷᠭ᠎ᠠ ᠵᠢ ᠰᠦᠪᠡᠭ᠌ᠴᠢᠯᠡᠵᠦ᠍ ᠪᠠᠢᠨ᠎ᠠ᠂ ᠵᠢᠱ᠌ᠢᠶᠡᠯᠡᠪᠡᠯ ᠂ ᠣᠳᠣᠬᠠᠨ᠎ᠳᠤ ᠶᠠᠭ ᠰᠠᠢᠬᠠᠨ ᠱᠢᠩᠭᠡᠭᠡᠬᠦ᠌ ᠴᠢᠳᠠᠮᠵᠢ ᠵᠢ ᠲᠤᠷᠰᠢᠨ ᠬᠡᠷᠡᠭᠯᠡᠵᠦ ᠪᠠᠢᠨ᠎ᠠ᠂ ᠡᠭᠦᠨ ᠢ᠋ ᠠᠰᠢᠬᠯᠠᠨ ᠵᠠᠷᠢᠮ ᠭᠤᠤᠯᠳᠠᠯᠭ᠎ᠠ ᠲᠠᠢ ᠬᠦᠴᠢᠷ ᠠᠰᠠᠭᠤᠳᠠᠯ ᠂ ᠠᠮᠠᠷᠬᠠᠨ ᠪᠤᠷᠤᠭᠤᠳᠠᠬᠤ ᠰᠡᠳᠦᠪ ᠵᠡᠷᠭᠡ ᠠᠭᠤᠯᠭ᠎ᠠ ᠵᠢ ᠰᠠᠢᠲᠤᠷ ᠱᠢᠩᠭᠡᠭᠡᠨ ᠦᠶ᠋ᠯᠡᠳᠴᠦ᠍ ᠂ ᠰᠤᠷᠤᠭ᠍ᠴᠢᠳ ᠢ᠋ᠶ᠋ᠡᠷ ᠳᠠᠬᠢᠨ ᠳᠠᠪᠲᠠᠨ ᠰᠤᠷᠤᠯᠴᠠᠭᠤᠯᠵᠤ ᠂ ᠵᠢᠭᠠᠨ ᠰᠤᠷᠭᠠᠯᠲᠠ ᠶ᠋ᠢᠨ ᠦᠷ᠎ᠡ ᠪᠦᠲᠦᠮᠵᠢ ᠵᠢ ᠤᠯᠠᠮ ᠴᠢᠨᠠᠬᠰᠢᠲᠠ ᠳᠡᠭᠡᠭ᠌ᠰᠢᠯᠡᠭᠦᠯᠬᠦ᠌ ᠪᠡᠷ ᠬᠦᠴᠤᠯᠠᠵᠤ ᠪᠠᠢᠨ᠎ᠠ》 ᠭᠡᠵᠦ ᠤᠶᠤᠨ᠎ᠠ ᠬᠠᠷᠠᠯᠳᠠ ᠪᠠᠨ ᠲᠤᠳᠤᠷᠠᠭᠤᠯᠵᠤ ᠭᠠᠷᠤᠯ᠎ᠠ᠃

ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ᠄ 《ᠬᠣᠶᠠᠷ ᠵᠢᠯ ᠭᠠᠷᠤᠶ ᠶ᠋ᠢᠨ ᠪᠥᠲᠥᠭᠡᠨ ᠪᠠᠢᠭᠤᠯᠤᠯᠲᠠ ᠪᠠ ᠲᠡᠭᠦᠯᠳᠡᠷᠵᠢᠬᠦᠯᠤᠯᠳᠠ ᠪᠡᠷ ᠳᠡᠮᠵᠢᠨ᠂ ᠣᠳᠣᠬᠠᠨ ᠳ᠋ᠤ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠡᠷᠡᠭ᠌ᠯᠡᠭᠡᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌ ᠲᠥᠷᠥᠯ ᠵᠦᠶ᠋ᠯ ᠢ᠋ ᠨᠢᠭᠡᠨᠲᠡ ᠪᠥᠬᠥ᠌ ᠲᠠᠯ᠎ᠠ ᠪᠡᠷ ᠬᠡᠷᠡᠭᠵᠢᠬᠦᠯᠵᠦ᠂ ᠨᠡᠢᠲᠡ 6.1 ᠲᠦᠮᠡ ᠭᠠᠷᠤᠶ ᠪᠠᠭ᠍ᠰᠢ᠂ 41 ᠲᠦᠮᠡ ᠱᠢᠬᠠᠮ ᠰᠣᠷᠣᠭ᠍ᠴᠢ ᠲᠥᠷᠥᠯ ᠵᠦᠶ᠋ᠯ ᠤ᠋ᠨ ᠲᠠᠪᠴᠠᠩ ᠢ᠋ ᠬᠡᠷᠡᠭᠯᠡᠵᠦ ᠪᠠᠢᠨ᠎ᠠ᠃ ᠡᠭᠦᠨ ᠤ᠋ ᠬᠠᠮᠲᠤ᠂ ᠪᠠᠭ᠍ᠰᠢ ᠶ᠋ᠢᠨ ᠵᠢᠭᠠᠨ ᠰᠤᠷᠭᠠᠯᠲᠠ ᠪᠠ ᠰᠤᠷᠤᠭ᠍ᠴᠢᠳ ᠤ᠋ᠨ ᠰᠤᠷᠤᠯᠴᠠᠬᠤ ᠪᠣᠳᠠᠲᠤ ᠬᠡᠷᠡᠭ᠌ᠴᠡᠭᠡ ᠵᠢ ᠦᠨᠳᠦᠰᠦᠯᠡᠨ᠂ ᠲᠥᠷᠥᠯ ᠵᠦᠶ᠋ᠯ ᠨᠢ ᠴᠦ᠍ ᠲᠠᠰᠤᠷᠠᠯᠲᠠ ᠥᠬᠡᠶ ᠡᠬᠢ ᠪᠠᠶᠠᠯᠢᠭ ᠢ᠋ ᠪᠠᠶᠠᠯᠢᠭ᠍ᠵᠢᠭᠤᠯᠵᠤ᠂ ᠴᠢᠳᠠᠮᠵᠢ ᠵᠢ ᠲᠡᠭᠦᠯᠳᠡᠷᠵᠢᠭᠦᠯᠵᠦ᠍᠂ ᠪᠠᠭ᠍ᠰᠢ ᠰᠤᠷᠤᠭ᠍ᠴᠢᠳ ᠤ᠋ᠨ ᠲᠦᠷᠦᠯ ᠵᠦᠢᠯ ᠢ᠋ ᠬᠡᠷᠡᠭ᠌ᠯᠡᠵᠦ᠍᠂ ᠰᠠᠢᠲᠤᠷ ᠬᠡᠷᠡᠭ᠌ᠯᠡᠬᠦ ᠵᠢ ᠠᠬᠢᠭᠤᠯᠤᠨ᠂ ᠲᠥᠷᠥᠯ ᠵᠦᠶ᠋ᠯ ᠤ᠋ᠨ ᠰᠤᠷᠭᠠᠭᠤᠯᠢ ᠶ᠋ᠢᠨ ᠪᠠᠭ᠍ᠰᠢ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠠᠢᠲᠤᠷ ᠰᠤᠷᠴᠤ᠌ ᠬᠡᠷᠡᠭ᠌ᠯᠡᠬᠦ᠌ ᠵᠢ ᠲᠠᠰᠤᠷᠠᠯᠲᠠ ᠥᠬᠡᠶ ᠠᠬᠢᠭᠤᠯᠵᠤ᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠬᠡᠷᠡᠭ᠌ᠯᠡᠯᠲᠡ ᠵᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠳᠠᠷᠤᠭᠠᠰᠤ ᠵᠢ ᠬᠥᠩᠭᠡᠷᠡᠭᠦᠯᠵᠦ᠍ ᠦᠷ᠎ᠡ ᠠᠱᠢᠭ ᠢ᠋ ᠨᠡᠮᠡᠭ᠌ᠳᠡᠭᠦᠯᠬᠦ᠌ ᠳ᠋ᠤ ᠬᠦᠴᠦᠨ ᠨᠡᠮᠡᠷᠢᠯᠡᠵᠦ᠍ ᠪᠠᠢᠨ᠎ᠠ》 ᠭᠡᠵᠤ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面