2025-06-06 09:46:34
5 ᠰᠠᠷ᠎ᠠ᠎ᠶ᠋ᠢᠨ 28᠎ᠤ᠋ ᠡᠳᠦᠷ᠂ ᠰᠤᠷᠪᠤᠯᠵᠢᠯᠠᠭ᠍ᠴᠢ ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠵᠢᠯ᠎ᠦᠳ᠎ᠲᠦ᠂ ᠬᠠᠢᠨᠠᠨ ᠲᠣᠭᠣᠷᠢᠭ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠭᠠᠭᠤᠯᠢ᠎ᠶ᠋ᠢᠨ ᠬᠦᠷᠢᠶᠡᠨ᠎ᠳᠦ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠢᠭᠠᠨ ᠰᠤᠷᠭᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ ᠠᠵᠢᠯᠯᠠᠭ᠎ᠠ᠎ᠶ᠋ᠢᠨ ᠠᠭᠤᠯᠭ᠎ᠠ᠎ᠶ᠋ᠢ ᠪᠠᠶᠠᠯᠢᠭ᠍ᠵᠢᠭᠤᠯᠵᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠣᠯᠪᠠᠰᠤᠷᠠᠩᠭᠤᠶ ᠡᠵᠡᠮᠱᠢᠭᠦ ᠵᠢ ᠬᠦᠳᠦᠯᠦᠨ ᠵᠢᠯᠤᠭᠤᠳᠴᠤ᠂ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠰᠠᠢᠲᠤᠷ ᠶᠠᠷᠢᠵᠤ᠂ ᠳᠦᠷᠢᠮᠵᠢᠭ᠌ᠰᠡᠨ ᠥᠰᠥᠭ ᠪᠢᠴᠢᠭ᠎ᠢ ᠰᠠᠢᠬᠠᠨ ᠪᠢᠴᠢᠬᠦ᠌》 ᠨᠢ ᠰᠤᠷᠭᠠᠭᠤᠯᠢ᠎ᠶ᠋ᠢᠨ ᠬᠦᠷᠢᠶᠡᠨ᠎ᠤ ᠬᠡᠪ ᠵᠠᠩᠱᠢᠯ ᠪᠤᠯᠵᠠᠢ᠃
ᠬᠠᠢᠨᠠᠨ ᠲᠣᠭᠣᠷᠢᠭ᠎ᠤᠨ ᠳᠥᠷᠪᠡᠳᠦᠭᠡᠷ ᠬᠡᠦᠬᠡᠳ᠎ᠦᠨ ᠴᠡᠴᠡᠷᠯᠢᠭ᠎ᠤᠨ ᠦᠵᠡᠭᠳᠡᠯ᠎ᠢ ᠦᠵᠡᠵᠦ ᠶᠠᠷᠢᠬᠤ ᠵᠢᠱ᠌ᠢᠮᠡᠭ ᠬᠢᠴᠢᠶᠡᠯ ᠳᠡᠭᠡᠷ᠎ᠡ᠂ ᠪᠠᠭ᠍ᠰᠢ᠎ᠠᠴᠠ ᠬᠡᠲᠦ ᠳᠡᠯᠭᠡᠭᠦᠷ ᠡᠴᠡ ᠪᠠᠷᠠᠭ᠎ᠠ ᠬᠤᠳᠠᠯᠳᠤᠨ ᠠᠪᠬᠤ᠂ ᠨᠣᠮ᠎ᠤᠨ ᠰᠠᠩ᠎ᠠᠴᠠ ᠨᠣᠮ ᠵᠢᠭᠡᠯᠡᠬᠦ᠌᠂ ᠡᠮᠨᠡᠯᠭᠡ᠎ᠶ᠋ᠢᠨ ᠬᠣᠷᠢᠶ᠎ᠠ᠎ᠳᠦ ᠡᠪᠡᠳᠴᠢᠨ ᠦᠵᠡᠭᠦᠯᠬᠦ᠌ ᠵᠡᠷᠭᠡ ᠠᠮᠢᠳᠤᠷᠠᠯ᠎ᠳᠤ ᠣᠢᠷᠠᠲᠤᠭ᠍ᠰᠠᠨ ᠡᠯ᠎ᠡ ᠵᠦᠶ᠋ᠯ᠎ᠦᠨ ᠪᠠᠢᠳᠠᠯ᠎ᠢ ᠨᠠᠷᠢᠨ ᠨᠢᠮᠪᠠᠶ ᠲᠦᠰᠦᠪᠯᠡᠨ᠂ ᠰᠤᠷᠤᠭ᠍ᠴᠢᠳ ᠠᠳᠠᠯᠢ ᠪᠤᠰᠤ ᠳᠦᠷᠢ᠎ᠶ᠋ᠢ ᠲᠣᠭ᠍ᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠶᠠᠷᠢᠯᠴᠠᠨ ᠰᠣᠯᠢᠯᠴᠠᠪᠠ᠃ 《ᠡᠢᠮᠦᠷᠬᠦᠦ ᠪᠡᠶᠡᠴᠢᠯᠡᠨ ᠣᠢᠯᠠᠭᠠᠬᠤ ᠠᠵᠢᠯᠯᠠᠭ᠎ᠠ᠎ᠪᠠᠷ ᠳᠡᠮᠵᠢᠨ ᠰᠤᠷᠤᠭ᠍ᠴᠢᠳ ᠶᠠᠷᠢᠶᠠᠨ᠎ᠤ ᠬᠡᠯᠡᠨ᠎ᠦ ᠢᠯᠡᠳᠭᠡᠬᠦ᠌ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠰᠣᠷᠣᠭ᠍ᠰᠠᠨ᠎ᠢᠶᠠᠨ ᠦᠨᠡᠨ ᠬᠦ᠌ ᠬᠡᠷᠡᠭ᠌ᠯᠡᠵᠦ᠍ ᠴᠢᠳᠠᠬᠤ ᠵᠢ ᠪᠡᠶᠡᠯᠡᠬᠦᠯᠦᠭᠰᠡᠨ ᠪᠠᠢᠨ᠎ᠠ》 ᠭᠡᠵᠦ ᠠᠵᠢᠯᠯᠠᠭ᠎ᠠ᠎ᠳᠤ ᠣᠷᠣᠯᠴᠠᠭ᠍ᠰᠠᠨ ᠪᠠᠭ᠍ᠰᠢ ᠶᠠᠷᠢᠪᠠ᠃
ᠬᠠᠢᠨᠠᠨ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠵᠢᠨ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠳᠤᠮᠳᠠ ᠥᠪᠡᠷᠮᠢᠴᠡ ᠦᠢᠯᠡᠳᠦᠯ ᠦᠵᠡᠭᠦᠯᠵᠦ᠍ ᠪᠤᠢ᠃ ᠰᠤᠷᠭᠠᠭᠤᠯᠢ᠎ᠶ᠋ᠢᠨ ᠤᠷᠠᠨ ᠪᠢᠴᠢᠯᠭᠡ᠎ᠶ᠋ᠢᠨ ᠭᠤᠳᠤᠮᠵᠢ᠎ᠳᠤ ᠭᠤᠴᠤ ᠰᠠᠢᠬᠠᠨ ᠤᠷᠠᠨ ᠪᠢᠴᠢᠯᠭᠡ᠎ᠶ᠋ᠢᠨ ᠪᠦᠲᠦᠭᠡᠯ᠎ᠦᠳ ᠨᠢ ᠬᠢᠲᠠᠳ ᠦᠰᠦᠭ᠎ᠦᠨ ᠥᠪᠡᠷᠮᠢᠴᠡ ᠷᠢᠳᠢ ᠱᠢᠳᠢ᠎ᠶ᠋ᠢ ᠭᠠᠢᠬᠠᠭᠤᠯᠵᠤ᠂ ᠳᠦᠷᠢᠮᠵᠢᠭ᠌ᠰᠡᠨ ᠦᠰᠦᠭ ᠪᠢᠴᠢᠭ᠎ᠢ ᠰᠠᠢᠲᠤᠷ ᠪᠢᠴᠢᠬᠦ᠌᠎ᠶ᠋ᠢ ᠪᠠᠭ᠍ᠰᠢ ᠰᠤᠷᠤᠭ᠍ᠴᠢᠳ᠎ᠲᠤ ᠴᠠᠭ ᠢᠮᠠᠭ᠍ᠲᠠ ᠰᠠᠨᠠᠭᠤᠯᠵᠤ ᠪᠠᠢᠳᠠᠭ᠃ 《ᠪᠢᠳᠠ ᠢᠮᠠᠭ᠍ᠲᠠ ᠤᠷᠠᠨ ᠪᠢᠴᠢᠯᠭᠡ᠂ ᠤᠷᠠᠨ ᠤᠩᠱᠢᠯᠭ᠎ᠠ ᠵᠢᠴᠢ ᠤᠯᠠᠮᠵᠢᠯᠠᠯᠲᠤ ᠰᠣᠶᠣᠯ᠎ᠤᠨ ᠰᠤᠷᠤᠯᠴᠠᠯᠭ᠎ᠠ᠎ᠶ᠋ᠢ ᠬᠡᠦᠬᠡᠳ᠎ᠦᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠬᠦ᠌᠎ᠶ᠋ᠢ ᠠᠬᠢᠭᠤᠯᠬᠤ ᠴᠢᠬᠤᠯᠠ ᠠᠷᠭ᠎ᠠ ᠵᠠᠮ ᠪᠤᠯᠭᠠᠵᠤ ᠪᠠᠢᠨ᠎ᠠ》 ᠭᠡᠵᠦ ᠬᠠᠢᠨᠠᠨ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠵᠠᠬᠢᠷᠤᠯ ᠯᠢᠦ ᠮᠢᠨ ᠲᠠᠨᠢᠯᠴᠠᠭᠤᠯᠪᠠ᠃ ᠲᠡᠷᠡ ᠪᠠᠰᠠ᠂ ᠡᠳᠦᠷ ᠲᠤᠲᠤᠮ᠎ᠤᠨ ᠵᠢᠭᠠᠨ ᠰᠤᠷᠭᠠᠯᠲᠠ ᠳᠤᠮᠳᠠ ᠪᠠᠨ ᠪᠢᠳᠡ ᠠᠮᠢᠳᠤᠯᠢᠭ ᠰᠣᠨᠢᠷᠬᠠᠯᠲᠠᠶ ᠥᠯᠢᠭᠡᠷ᠂ ᠪᠠᠶᠠᠷ ᠬᠥᠷ᠎ᠲᠡᠶ ᠬᠡᠦᠬᠡᠳ᠎ᠦᠨ ᠳᠠᠭᠤᠤ᠂ ᠰᠣᠨᠢᠷᠬᠠᠯᠲᠠᠶ ᠲᠣᠭ᠍ᠯᠠᠭᠠᠮ᠎ᠢᠶᠠᠷ ᠬᠡᠦᠬᠡᠳ᠎ᠦᠨ ᠰᠣᠨᠣᠰᠭᠤ᠂ ᠶᠠᠷᠢᠬᠤ᠂ ᠤᠩᠱᠢᠬᠤ᠂ ᠪᠢᠴᠢᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠬᠥᠮᠦᠵᠢᠭᠦᠯᠵᠦ ᠪᠤᠢ ᠭᠡᠵᠡᠶ᠃ ᠠᠩᠭᠢ ᠪᠦᠷᠢᠳᠦ ᠴᠥᠮ ᠤᠩᠱᠢᠯᠭ᠎ᠠ᠎ᠶ᠋ᠢᠨ ᠪᠤᠯᠤᠩ ᠭᠠᠷᠭᠠᠵᠤ᠂ ᠬᠠᠷᠠᠭ᠎ᠠ ᠳᠦᠭᠦᠷᠡᠩ ᠨᠣᠮ ᠪᠢᠴᠢᠭ ᠨᠢ ᠬᠡᠦᠬᠡᠳ᠎ᠦᠨ ᠤᠩᠱᠢᠯᠭ᠎ᠠ᠎ᠶ᠋ᠢᠨ ᠤᠷᠮ᠎ᠠ᠎ᠶ᠋ᠢ ᠲᠠᠳᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠪᠡ᠃
ᠬᠠᠢᠨᠠᠨ ᠲᠣᠭᠣᠷᠢᠭ᠎ᠤᠨ ᠡᠯ᠎ᠡ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢ ᠭᠣᠣᠯᠳᠠᠯᠭ᠎ᠠ ᠲᠠᠶ ᠠᠵᠢᠯ᠎ᠳᠠᠭᠠᠨ ᠣᠷᠣᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠎ᠶ᠋ᠢ ᠪᠦᠬᠦ᠌ ᠲᠠᠯ᠎ᠠ᠎ᠪᠠᠷ᠂ ᠤᠯᠠᠨ ᠳᠡᠰ ᠳᠠᠪᠬᠤᠷᠭ᠎ᠠ ᠪᠠᠷ ᠡᠳᠦᠷ ᠳᠤᠳᠤᠮ᠎ᠤᠨ ᠵᠢᠭᠠᠨ ᠰᠤᠷᠭᠠᠯᠲᠠ᠎ᠶ᠋ᠢᠨ ᠠᠵᠢᠯᠯᠠᠭ᠎ᠠ᠎ᠳᠤ ᠠᠭᠤᠰᠤᠯᠴᠠᠭᠤᠯᠤᠭ᠍ᠰᠠᠭᠠᠷ ᠢᠷᠡᠵᠠᠢ᠃ ᠡᠯ᠎ᠡ ᠰᠤᠷᠭᠠᠭᠤᠯᠢ ᠲᠤᠰᠭᠠᠶ ᠮᠡᠷᠭᠡᠵᠢᠯ᠎ᠦᠨ ᠪᠥᠭᠡᠳ ᠲᠤᠷᠱᠢᠯᠭ᠎ᠠ᠎ᠪᠠᠷ ᠪᠠᠶᠠᠯᠢᠭ ᠪᠠᠭ᠍ᠰᠢ᠎ᠶ᠋ᠢᠨ ᠪᠦᠯᠬᠦᠮ᠎ᠢ ᠲᠣᠬᠢᠷᠠᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠲᠡᠷᠢᠭᠦᠨ᠎ᠦ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠶᠡᠬᠡᠪᠡᠷ ᠣᠷᠣᠭᠤᠯᠤᠨ ᠠᠪᠴᠢᠷᠠᠪᠠ᠃ ᠬᠢᠴᠢᠶᠡᠯ ᠳᠡᠭᠡᠷ᠎ᠡ᠂ ᠪᠠᠭ᠍ᠰᠢ ᠨᠠᠷ ᠤᠯᠠᠨ ᠵᠠᠭᠤᠴᠢᠳᠤ ᠰᠤᠷᠭᠠᠨ ᠬᠥᠮᠦᠵᠢᠯ᠎ᠦᠨ ᠲᠥᠬᠥᠭᠡᠷᠦᠮᠵᠢ᠎ᠶ᠋ᠢ ᠠᠱᠢᠭ᠍ᠯᠠᠨ ᠤᠷᠠᠨ ᠤᠩᠱᠢᠯᠭ᠎ᠠ᠂ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ ᠵᠡᠷᠭᠡ ᠬᠢᠴᠢᠶᠡᠯ᠎ᠦᠨ ᠠᠭᠤᠯᠭ᠎ᠠ᠎ᠶ᠋ᠢ ᠪᠣᠰᠣᠭ᠎ᠠ ᠴᠣᠭ᠍ᠴᠠᠵᠢᠭᠤᠯᠤᠨ ᠢᠯᠡᠷᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠎ᠶ᠋ᠢ ᠨᠡᠩ ᠠᠮᠢᠳᠤᠯᠢᠭ ᠰᠣᠨᠢᠷᠬᠠᠯᠲᠠᠢ ᠪᠣᠯᠭᠠᠪᠠ᠃ ᠡᠭᠦᠨ᠎ᠦ ᠬᠠᠮᠲᠤ᠂ ᠲᠦᠭᠡᠮᠡᠯ ᠭᠠᠷᠠᠭ᠎ᠤᠨ ᠠᠵᠢᠯᠯᠠᠭ᠎ᠠ᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠦᠨ᠎ᠡ》 ᠵᠡᠷᠭᠡ ᠭᠤᠤᠯ ᠰᠡᠳᠦᠪᠲᠦ ᠠᠵᠢᠯᠯᠠᠭ᠎ᠠ᠎ᠶ᠋ᠢ ᠳᠡᠯᠭᠡᠷᠡᠭᠦᠯᠵᠦ᠍᠂ ᠨᠣᠮ ᠤᠩᠱᠢᠬᠤ᠂ ᠶᠠᠷᠢᠶ᠎ᠠ ᠢᠯᠡᠳᠭᠡᠯ ᠬᠢᠬᠦ᠌᠂ ᠵᠣᠬᠢᠶᠠᠯ ᠡᠯᠰᠡᠬᠦ᠌᠂ ᠤᠷᠠᠨ ᠤᠩᠱᠢᠯᠭ᠎ᠠ ᠬᠢᠬᠦ᠌᠂ ᠲᠠᠱᠢᠶ᠎ᠠ ᠥᠰᠥᠭ ᠡᠷᠢᠬᠦ᠌ ᠵᠡᠷᠭᠡ ᠣᠯᠠᠨ ᠬᠡᠯᠪᠡᠷᠢ ᠶᠠᠩᠵᠤ᠎ᠶ᠋ᠢᠨ ᠱᠢᠷᠢᠰ ᠠᠵᠢᠯᠯᠠᠭ᠎ᠠ ᠡᠷᠬᠢᠯᠡᠵᠦ᠂ ᠪᠠᠭ᠍ᠰᠢ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠬᠡᠷᠡᠭ᠌ᠯᠡᠬᠦ᠌᠎ᠳᠦ ᠬᠦᠴᠦᠨ ᠨᠡᠮᠡᠷᠢᠯᠡᠪᠡ᠃ ᠰᠤᠷᠤᠭᠴᠢ ᠪᠠ ᠭᠡᠷ᠎ᠦᠨ ᠠᠬᠠᠮᠠᠳ ᠬᠠᠮᠲᠤ᠎ᠪᠠᠷ ᠳᠠᠪᠱᠢᠬᠤ ᠵᠢ ᠠᠬᠢᠭᠤᠯᠬᠤ ᠶ᠋ᠢᠨ ᠲᠥᠯᠥᠭᠡ᠂ ᠬᠠᠢᠨᠠᠨ ᠲᠣᠭᠣᠷᠢᠭ ᠪᠠᠰᠠ 《ᠭᠠᠷ ᠭᠠᠷ᠎ᠢᠶᠠᠨ ᠬᠣᠯᠪᠣᠯᠴᠠᠨ᠂ ᠬᠠᠮᠲᠤ᠎ᠪᠠᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠬᠤ》 ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠬᠡᠦᠬᠡᠳ ᠵᠢᠡᠷ ᠬᠡᠷ᠎ᠤᠨ ᠠᠬᠠᠮᠠᠳ᠎ᠢ ᠨᠦᠯᠦᠭᠡᠯᠡᠵᠦ᠂ ᠳᠤᠮᠳᠠᠳᠤ᠎ᠶ᠋ᠢᠨ ᠰᠣᠶᠣᠯ᠎ᠤᠨ ᠲᠠᠨᠢᠯᠳᠠ ᠵᠢ ᠨᠡᠮᠡᠭ᠌ᠳᠡᠭᠦᠯᠪᠡ᠃
ᠡᠳᠦᠭᠡ ᠬᠠᠢᠨᠠᠨ ᠲᠣᠭᠣᠷᠢᠭ᠎ᠲᠤ᠂ 7 ᠳᠤᠮᠳᠠᠳᠤ ᠪᠠᠭ᠎ᠠ ᠰᠤᠷᠭᠠᠭᠤᠯᠢ᠂ 8 ᠬᠡᠦᠬᠡᠳ᠎ᠦᠨ ᠴᠡᠴᠡᠷᠯᠢᠭ ᠨᠢᠭᠡᠨᠲᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠯᠲᠠ ᠥᠷᠨᠢᠭᠦᠯᠬᠦ᠌᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠦᠭ᠌ᠰᠡᠨ ᠪᠥᠭᠡᠳ ᠪᠤᠢ ᠪᠦᠬᠦᠢ ᠰᠤᠷᠭᠠᠭᠤᠯᠢ ᠴᠥᠮ ᠦᠬᠠᠢ ᠬᠤᠳᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠦᠷᠢᠮᠵᠢᠭ᠌ᠰᠡᠨ ᠪᠠᠷᠢᠮᠵᠢᠶ᠎ᠠ᠎ᠳᠤ ᠬᠦᠷᠦᠭ᠌ᠰᠡᠨ ᠰᠤᠷᠭᠠᠭᠤᠯᠢ᠎ᠶ᠋ᠢᠨ ᠦᠨᠡᠯᠡᠨ ᠵᠢᠱ᠌ᠢᠯᠲᠡ᠎ᠶ᠋ᠢ ᠤᠷᠤᠭ᠍ᠰᠢᠲᠠᠢ ᠥᠩᠭᠡᠷᠡᠭᠡᠵᠦ᠍᠂ ᠲᠤᠰ ᠲᠣᠭᠣᠷᠢᠭ᠎ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ 868 ᠪᠠᠭ᠍ᠰᠢ᠎ᠶ᠋ᠢᠨ ᠨᠡᠢᠲᠡᠯᠢᠭ ᠬᠡᠯᠡᠨ᠎ᠦ ᠬᠢᠷᠢ ᠲᠦᠪᠱᠢᠨ᠎ᠦ ᠬᠢᠷᠢ ᠲᠡᠩᠴᠡᠭ᠌ᠰᠡᠨ ᠨᠤᠷᠮ᠎ᠠ 100%᠎ᠳᠦ ᠬᠦᠷᠴᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃