ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-05-14 10:28:28

ᠵᠣᠬᠢᠶᠠᠭ᠍ᠴᠢ᠄ ᠬᠤᠤ ᠱᠢᠤᠸᠠᠢ ᠯᠢᠶᠠᠨ ᠂ ᠭᠤᠤ ᠱᠢᠤᠢ ᠣᠩᠱᠢᠭ᠍ᠰᠠᠨ ᠣᠳᠠᠭ᠎ᠠ᠄ 3

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ 《ᠠᠶᠠᠯᠭᠤ ᠳᠠᠭᠤᠨ》 ᠨᠢ ᠪᠦᠯᠬᠦᠮᠳᠡᠨ ᠳᠠᠪᠱᠢᠵᠦ ᠴᠡᠴᠡᠭᠯᠡᠨ ᠭᠦᠭᠵᠢᠬᠦ 《ᠨᠠᠢᠷᠠᠯ ᠬᠥᠭ᠌ᠵᠢᠮ》 ᠢ᠋ ᠴᠢᠪᠬᠠᠳᠠᠨ᠎ᠠ

ᠰᠤᠷᠭᠠᠭᠤᠯᠢ᠎ᠶ᠋ᠢᠨ ᠬᠦᠷᠢᠶᠡᠨ᠎ᠡᠴᠡ ᠨᠡᠢᠭᠡᠮ ᠲᠣᠭᠣᠷᠢᠭ ᠬᠦᠷᠲᠡᠯ᠎ᠡ᠂ ᠲᠠᠬᠢᠭᠠᠳ ᠬᠥᠳᠡᠭᠡ ᠲᠣᠰᠭᠣᠨ ᠮᠠᠯᠵᠢᠬᠤ ᠣᠷᠣᠨ ᠬᠦᠷᠲᠡᠯ᠎ᠡ᠂ ᠤᠷᠳᠤᠰ ᠬᠤᠳᠠ᠎ᠶ᠋ᠢᠨ ᠬᠠᠩᠭᠢᠨ ᠬᠣᠱᠢᠭᠤᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠦᠭ᠌ᠰᠡᠨ ᠨᠢ ᠶᠠᠭ ᠡᠨᠡ ᠬᠦ᠌ ᠬᠠᠯᠠᠭᠤᠨ ᠬᠦᠷᠦᠰᠤᠨ ᠳ᠋ᠤ ᠬᠦᠴᠦᠨ ᠴᠢᠳᠠᠯ ᠣᠯᠭᠣᠵᠤ ᠪᠤᠢ᠃ ᠡᠨᠡ ᠨᠢ ᠨᠢᠭᠡ ᠤᠳᠠᠭ᠎ᠠ᠎ᠶ᠋ᠢᠨ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠂ ᠳᠡᠯᠭᠡᠷᠡᠭᠦᠯᠬᠦ᠌ ᠪᠠ ᠲᠦᠭᠡᠮᠡᠯᠵᠢᠭᠦᠯᠬᠦ᠌ ᠶᠠᠪᠤᠳᠠᠯ ᠪᠣᠯᠬᠤ᠎ᠪᠠᠷ ᠪᠠᠷᠠᠬᠤ ᠦᠬᠡᠢ᠂ ᠨᠡᠩ ᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠠᠮᠢᠳᠤᠯᠢᠭ ᠦᠢᠯᠡᠳᠦᠯᠭᠡ᠎ᠪᠠᠢᠵᠤ᠂ ᠲᠤᠬᠠᠢ᠎ᠶ᠋ᠢᠨ ᠭᠠᠵᠠᠷ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠲᠠᠰᠤᠷᠠᠯᠳᠠ ᠦᠬᠡᠢ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃

4 ᠰᠠᠷ᠎ᠠ᠎ᠶ᠋ᠢᠨ 23 ᠤ᠋ ᠥᠷᠯᠥᠭᠡ᠂ ᠬᠠᠩᠭᠢᠨ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠬᠦᠷᠢᠶᠡᠨ᠎ᠳᠦ ᠨᠣᠮ ᠤᠩᠱᠢᠬᠤ ᠲᠠᠭᠤᠨ ᠬᠠᠩᠭᠢᠨᠠᠵᠤ᠂ ᠨᠢᠭᠡᠳᠦᠭᠡᠷ ᠣᠨ᠎ᠤ ᠬᠣᠶᠠᠳᠤᠭᠠᠷ ᠠᠩᠬᠢ᠎ᠶ᠋ᠢᠨ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠰᠣᠩᠭᠣᠳᠠᠭ ᠵᠣᠬᠢᠶᠠᠯ᠎ᠢ ᠤᠩᠱᠢᠵᠤ᠂ ᠬᠡᠤᠬᠡᠳ ᠤ᠋ᠨ ᠲᠠᠭᠤᠨ ᠴᠡᠭᠡᠯᠬᠡᠨ ᠪᠥᠭᠡᠳ ᠬᠦᠴᠦᠲᠡᠢ ᠪᠠᠢᠯ᠎ᠠ᠃ ᠲᠤᠰ ᠰᠤᠷᠭᠠᠭᠤᠯᠢ ᠨᠢ ᠪᠦᠬᠦ᠌ ᠬᠣᠱᠢᠭᠤᠨ᠎ᠤ ᠦᠭᠡ ᠬᠡᠯᠡ ᠦᠰᠦᠭ ᠪᠢᠴᠢᠭ᠎ᠦᠨ ᠳᠦᠷᠢᠮᠵᠢᠭ᠌ᠰᠡᠨ ᠵᠢᠱ᠌ᠢᠢ᠎ᠡ ᠦᠵᠡᠭᠦᠯᠬᠦ᠌ ᠰᠤᠷᠭᠠᠭᠤᠯᠢ᠎ᠶ᠋ᠢ ᠡᠭᠦᠳᠦᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠠᠵᠢᠯ᠎ᠢ ᠪᠡᠬᠢᠵᠢᠭᠦᠯᠵᠦ᠍᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠳᠤ ᠯᠠᠪᠳᠠᠭᠤᠨ ᠪᠠᠲᠤᠲᠠᠢ ᠰᠠᠭᠤᠷᠢ ᠲᠠᠯᠪᠢᠵᠠᠢ᠃ ᠨᠡᠩ ᠤᠯᠠᠨ ᠪᠠᠬᠰᠢ ᠰᠤᠷᠤᠬᠴᠢᠳ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠬᠦ᠌ ᠨᠢ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠰᠠᠭᠤᠷᠢ ᠪᠣᠯᠬᠤ᠎ᠪᠠᠷ ᠪᠠᠷᠠᠬᠤ ᠦᠭᠡᠢ ᠨᠡᠩ ᠴᠤ᠌ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠠᠩᠭᠢᠯᠠᠭ᠎ᠠ᠎ᠶ᠋ᠢᠨ ᠬᠣᠯᠪᠣᠭᠠᠰᠤ ᠪᠣᠯᠤᠨ᠎ᠠ ᠬᠡᠳᠡᠭ᠎ᠢ ᠲᠠᠨᠢᠵᠤ ᠤᠯᠪᠠ᠃ ᠳᠦᠷᠢᠮᠵᠢᠭ᠌ᠰᠡᠨ ᠦᠭᠡ ᠬᠡᠯᠡ᠎ᠪᠡᠷ ᠰᠤᠷᠤᠯᠴᠠᠬᠤ᠎ᠪᠠᠷ ᠳᠠᠮᠵᠢᠨ᠂ ᠰᠤᠷᠤᠭ᠍ᠴᠢᠳ ᠬᠠᠮᠲᠤ᠎ᠪᠠᠷ ᠡᠳ᠋ᠯᠡᠬᠦ᠌ ᠰᠣᠶᠣᠯ᠎ᠤᠨ ᠲᠠᠪᠴᠠᠩ ᠳᠡᠭᠡᠷ᠎ᠡ ᠬᠠᠷᠠᠭ᠎ᠠ᠎ᠪᠠᠨ ᠥᠷᠭᠡᠳᠭᠡᠵᠦ᠍᠂ ᠰᠣᠯᠢᠯᠴᠠᠭ᠎ᠠ᠎ᠪᠠᠨ ᠨᠡᠮᠡᠭ᠌ᠳᠡᠭᠦᠯᠵᠦ᠍᠂ ᠣᠯᠠᠨ ᠡᠱᠢᠲᠦ ᠨᠢᠭᠡ ᠴᠣᠭ᠍ᠴᠠᠵᠢᠭ᠍ᠰᠠᠨ ᠪᠠᠢᠷᠢᠱᠢᠯ ᠳᠤᠮᠳᠠ ᠬᠠᠮᠲᠤ᠎ᠪᠡᠷ ᠳᠠᠪᠱᠢᠬᠤ ᠪᠠ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠪᠡ᠃ ᠲᠤᠰ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠶᠠᠩ ᠬᠦ᠋ ᠡᠯ᠄ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠪᠠᠷ ᠳᠠᠮᠵᠢᠨ᠂ ᠰᠤᠷᠤᠭ᠍ᠴᠢᠳ᠎ᠤᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠳᠡᠭᠡᠭ᠌ᠰᠢᠯᠡᠭ᠌ᠰᠡᠨ᠎ᠢᠶᠡᠷ ᠪᠠᠷᠠᠬᠤ ᠦᠭᠡᠢ ᠲᠡᠳᠡᠨ᠎ᠦ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠢ ᠲᠠᠨᠢᠯᠳᠠ᠎ᠶ᠋ᠢ ᠨᠡᠮᠡᠭ᠌ᠳᠡᠭᠦᠯᠦᠭ᠌ᠰᠡᠨ ᠪᠠᠢᠨ᠎ᠠ᠃ ᠤᠳᠤ᠂ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠤᠷᠤᠰᠤᠮ᠎ᠠ ᠰᠠᠢᠬᠠᠨ ᠰᠣᠯᠢᠯᠴᠠᠵᠤ ᠳᠡᠢᠯᠬᠦ᠌ ᠪᠣᠯᠤᠭ᠍ᠰᠠᠨ ᠨᠢ ᠲᠡᠳᠡᠨ᠎ᠦ ᠢᠷᠡᠭᠡᠳᠦᠢ ᠎ᠶ᠋ᠢᠨ ᠬᠥᠭ᠌ᠵᠢᠯᠲᠡ᠎ᠳᠦ ᠨᠡᠩ ᠥᠷᠭᠡᠨ ᠠᠭᠤᠳᠠᠮ ᠣᠷᠣᠨ ᠵᠠᠢ ᠬᠠᠡᠭᠭᠠᠵᠠᠢ》 ᠭᠡᠵᠦ ᠲᠠᠨᠢᠯᠴᠠᠭᠤᠯᠤᠨ᠎ᠠ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠰᠠᠢᠲᠤᠷ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢᠨ ᠲᠥᠯᠥᠭᠡ᠂ ᠨᠡᠢᠭᠡᠮ ᠲᠣᠭᠣᠷᠢᠭ ᠪᠠᠰᠠ〈ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠰᠠᠢ᠌ᠨ ᠲᠤᠷᠠᠴᠤᠳ᠎ᠤᠨ ᠦᠢᠯᠡᠴᠢᠯᠡᠭᠡᠨ᠎ᠦ ᠠᠩᠬᠢ〉 ᠵᠢ ᠪᠠᠢᠭᠤᠯᠪᠠ᠃ ᠡᠳᠡᠭᠡᠷ ᠰᠠᠢᠨ ᠳᠤᠷᠠᠴᠤᠳ ᠡᠷᠦᠬᠡ ᠪᠡᠷ ᠬᠦᠨᠵᠡᠭᠡᠢᠷᠡᠨ ᠰᠤᠷᠪᠤᠯᠵᠢᠯᠠᠨ ᠦᠢᠯᠡᠴᠢᠯᠡᠬᠦ ᠳᠤᠮᠳᠠ ᠣᠯᠠᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠵᠢᠭᠠᠵᠤ ᠦᠭᠳᠡᠭ᠃ ᠤᠳᠤ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠢᠷᠢ ᠲᠦᠪᠱᠢᠨ ᠢᠯᠡᠳᠲᠡ ᠳᠡᠭᠡᠭ᠌ᠰᠢᠯᠡᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠠᠭᠤᠷ ᠠᠮᠢᠰᠭᠤᠯ ᠨᠡᠩ ᠥᠳᠭᠡᠨ ᠪᠣᠯᠵᠠᠢ》 ᠭᠡᠵᠦ᠍ ᠬᠠᠩᠭᠢᠨ ᠬᠣᠱᠢᠭᠤᠨ᠎ᠤ ᠱᠢᠨ᠎ᠠ ᠪᠠᠯᠭᠠᠰᠤ᠎ᠶ᠋ᠢᠨ ᠢᠦᠶ ᠼᠠᠢ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠡᠸ᠋ ᠬᠠᠶ ᠲᠠᠩ ᠲᠠᠨᠢᠯᠴᠠᠭᠤᠯᠪᠠ᠃

ᠡᠭᠦᠨ᠎ᠢᠶᠡᠷ ᠪᠠᠷᠠᠬᠤ ᠥᠬᠡᠶ᠂ ᠬᠠᠩᠭᠢᠨ ᠬᠣᠱᠢᠭᠤ ᠪᠠᠰᠠ ᠡᠯᠪᠡᠭ ᠪᠠᠶᠠᠯᠢᠭ ᠰᠣᠶᠣᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠷᠢᠳᠢ ᠱᠢᠳᠢ᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠰᠢᠭᠤᠯᠵᠠᠢ᠃ 2024 ᠣᠨ᠎ᠳᠤ ᠶᠠᠪᠤᠭ᠍ᠳᠠᠭ᠍ᠰᠠᠨ 《ᠳᠤᠮᠳᠠᠳᠤ᠎ᠶ᠋ᠢᠨ ᠰᠣᠩᠭᠣᠳᠠᠭ ᠪᠦᠲᠦᠭᠡᠯ᠎ᠦᠨ ᠤᠩᠱᠢᠯᠭ᠎ᠠ》 ᠶ᠋ᠢᠨ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠤᠷᠤᠯᠳᠤᠭᠠᠨ᠎ᠳᠤ ᠣᠷᠣᠯᠴᠠᠭ᠍ᠰᠠᠨ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠰᠣᠩᠭᠣᠳᠠᠭ ᠱᠢᠯᠦᠭ᠂ ᠨᠠᠢᠷᠠᠭᠤᠯᠤᠯ᠎ᠢ ᠤᠶᠠᠩᠭᠠᠯᠠᠨ ᠤᠩᠰᠢᠵᠦ᠂ ᠲᠠᠭᠤᠨ᠎ᠤ ᠠᠢᠵᠠᠮ ᠴᠣᠬᠢᠯᠭ᠎ᠠ᠂ ᠬᠠᠢᠷ᠎ᠠ ᠰᠡᠳᠭᠢᠯᠭᠡ᠎ᠨᠢ ᠬᠥᠮᠦᠰ᠎ᠦᠨ ᠰᠡᠳᠭᠢᠯ᠎ᠢ ᠬᠥᠳᠡᠯᠭᠡᠵᠡᠢ᠃ ᠬᠠᠩᠭᠢᠨ ᠬᠣᠱᠢᠭᠤᠨ᠎ᠤ ᠮᠣᠩᠭᠣᠯ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ ᠤᠯᠮᠤᠩᠭᠤᠤ᠎ᠠ ᠠᠵᠢᠯᠯᠠᠭ᠎ᠠ᠎ᠶ᠋ᠢᠨ ᠳᠤᠮᠳᠠ ᠲᠣᠪᠣᠢᠮ᠎ᠠ ᠢᠯᠡᠷᠡᠯ᠎ᠲᠡᠶ ᠪᠠᠢᠵᠤ ᠂ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠤᠶᠠᠩᠭᠠᠯᠠᠨ ᠤᠩᠱᠢᠵᠤ᠂ ᠦᠵᠡᠭ᠌ᠴᠢᠳ᠎ᠦᠨ ᠬᠠᠯᠠᠭᠤᠨ ᠠᠯᠠᠭ᠎ᠠ ᠲᠡᠱᠢᠯᠲᠡ᠎ᠶ᠋ᠢ ᠣᠯᠵᠠᠶ᠃ ᠤᠯᠮᠤᠩᠭᠤᠤ᠎ᠠ᠄ 《ᠡᠢᠮᠦᠷᠬᠥᠤ ᠠᠵᠢᠯᠯᠠᠭ᠎ᠠ᠎ᠳᠤ ᠣᠷᠣᠯᠴᠠᠬᠤ᠎ᠪᠠᠷ ᠳᠡᠮᠵᠢᠨ᠂ ᠮᠢᠨᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠢᠷᠢ ᠲᠦᠪᠱᠢᠨ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠶ᠎ᠶ᠋ᠢ ᠮᠡᠳᠡᠷᠡᠪᠡ》 ᠭᠡᠵᠡᠢ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠦᠭ᠌ᠰᠡᠨ ᠨᠢ ᠬᠠᠩᠭᠢᠨ ᠬᠣᠱᠢᠭᠤᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭ᠌ᠰᠡᠨ ᠪᠠᠢᠨ᠎ᠠ᠃ ᠳᠤᠭᠤᠢ ᠳᠠᠯ᠎ᠠ ᠪᠠᠯᠭᠠᠰᠤᠨ᠎ᠤ ᠤᠯᠠᠠ ᠤᠰᠤ ᠭᠠᠴᠠᠭ᠎ᠠ᠎ᠳᠤ᠂ ᠮᠠᠯᠴᠢᠨ ᠲᠠᠷᠢᠶᠠᠴᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠪᠠᠷ ᠳᠠᠮᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ《ᠲᠦᠷᠭᠡᠨ ᠲᠡᠷᠭᠡ》᠎ᠳ᠋ᠦ ᠭᠠᠷᠴᠠᠶ᠃ ᠤᠷᠳᠤᠰ ᠬᠤᠳᠠ᠎ᠶ᠋ᠢᠨ ᠯᠢᠦᠢ ᠴᠦᠨ ᠮᠦ᠍ ᠶᠸ ᠲᠡᠵᠢᠭᠡᠪᠦᠷᠢ᠎ᠶ᠋ᠢᠨ ᠲᠤᠰᠭᠠᠢ ᠬᠤᠷᠱᠢᠶ᠎ᠠ᠎ᠶ᠋ᠢᠨ ᠬᠠᠷᠢᠭᠤᠴᠠᠯᠭᠠᠲᠠᠨ ᠶᠦᠨ ᠱᠠᠨ᠄ 《ᠥᠩᠭᠡᠷᠡᠭ᠌ᠰᠡᠨ᠎ᠳᠦ ᠲᠤᠬᠠᠢ᠎ᠶ᠋ᠢᠨ ᠭᠠᠵᠠᠷ᠎ᠤᠨ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ᠎ᠢ ᠨᠡᠭᠡᠭᠡᠬᠦ᠌᠎ᠳᠦ ᠬᠦᠴᠢᠷ ᠪᠠᠢᠵᠠᠢ᠃ ᠣᠳᠣ ᠲᠠᠷᠢᠶᠠᠴᠢᠨ ᠮᠠᠯᠴᠢᠳ ᠮᠤᠵᠢ᠎ᠶ᠋ᠢᠨ ᠳᠣᠲᠣᠨ᠎ᠠ ᠭᠠᠳᠠᠨᠠᠬᠢ ᠬᠡᠷᠡᠭ᠌ᠯᠡᠭ᠌ᠴᠢᠳ᠎ᠲᠦ ᠥᠪᠡᠷ᠎ᠦᠨ ᠦᠬᠡᠷ ᠬᠣᠨᠢᠨ ᠮᠢᠬᠠᠨ᠎ᠤ ᠭᠠᠷᠤᠯᠲᠠ᠎ᠪᠠᠨ ᠨᠡᠩ ᠣᠨᠣᠪᠴᠢᠲᠠᠶ ᠲᠠᠨᠢᠯᠴᠠᠭᠤᠯᠵᠤ ᠪᠠᠢᠨ᠎ᠠ᠃ 2024 ᠣᠨ᠎ᠳᠤ᠂ ᠪᠢᠳᠡ ᠰᠦᠯᠵᠢᠶ᠎ᠡ᠎ᠪᠡᠷ ᠳᠠᠮᠵᠢᠭᠤᠯᠤᠨ ᠭᠠᠴᠠᠭᠠᠨ᠎ᠤ ᠮᠠᠯᠴᠢᠨ ᠲᠠᠷᠢᠶᠠᠴᠢᠨ᠎ᠢ ᠬᠠᠪᠰᠤᠷᠤᠨ 78 ᠲᠦᠮᠡᠨ ᠲᠥᠭᠥᠷᠢᠭ᠎ᠦᠨ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ᠎ᠢ ᠪᠣᠷᠣᠯᠠᠭᠤᠯᠵᠤ᠂ ᠮᠠᠯᠴᠢᠨ ᠲᠠᠷᠢᠶᠠᠴᠢᠨ ᠡᠷᠦᠬᠡ᠎ᠶ᠋ᠢᠨ ᠳᠤᠮᠳᠠᠴᠢ ᠣᠷᠣᠯᠭ᠎ᠠ 5000 ᠭᠠᠷᠤᠶ ᠲᠥᠭᠥᠷᠢᠭ ᠨᠡᠮᠡᠭ᠌ᠳᠡᠪᠡ》ᠭᠡᠪᠡ᠃ ᠡᠨᠡ ᠪᠣᠯ ᠬᠠᠩᠭᠢᠨ ᠬᠣᠱᠢᠭᠤ ᠬᠡᠷᠡᠭ᠌ᠯᠡᠭᠡ᠎ᠪᠡᠷ ᠬᠠᠪᠰᠤᠷᠤᠨ ᠲᠡᠳᠬᠦᠬᠦ᠌᠎ᠪᠡᠷ ᠬᠥᠭᠥᠷᠭᠡ ᠪᠣᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌᠎ᠳᠦ ᠬᠦᠴᠦᠨ ᠨᠡᠮᠡᠷᠢᠯᠡᠵᠦ᠍᠂ ᠭᠠᠷ ᠬᠣᠯᠪᠣᠨ ᠣᠳᠣᠬᠢᠴᠢᠯᠠᠯᠲᠠ᠎ᠶ᠋ᠢᠨ ᠱᠢᠨ᠎ᠡ ᠠᠶᠠᠨ ᠵᠠᠮ᠎ᠳᠤ ᠤᠷᠤᠭ᠍ᠰᠢᠯᠠᠭ᠍ᠰᠠᠨ ᠬᠤᠷᠢᠶᠠᠩᠭᠤᠶ ᠳᠦᠷᠰᠦ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面