ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-10-11 11:10:14

ᠵᠣᠬᠢᠶᠠᠭ᠍ᠴᠢ᠄ ᠵᠠᠩ ᠯᠦ᠍ ᠣᠩᠱᠢᠭ᠍ᠰᠠᠨ ᠣᠳᠠᠭ᠎ᠠ᠄ 3

ᠱᠢᠯᠢ᠎ᠶ᠋ᠢᠨ ᠭᠣᠣᠯ ᠠᠢᠮᠠᠭ᠎ᠤᠨ ᠲᠤᠯᠤᠨ ᠨᠤᠤᠷ ᠱᠢᠶᠠᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠨᠠᠢ᠍ᠮᠠᠳᠤᠭᠠᠷ ᠣᠨ᠎ᠤ ᠭᠤᠷᠪᠠᠳᠤᠭᠠᠷ ᠠᠩᠬᠢ᠎ᠶ᠋ᠢᠨ ᠬᠢᠴᠢᠶᠡᠯ᠎ᠦᠨ ᠭᠡᠷ᠎ᠲᠦ ᠤᠷᠤᠪᠠᠯ᠂ ᠰᠤᠷᠤᠭ᠍ᠴᠢᠳ ᠭᠠᠷ᠎ᠲᠠᠭᠠᠨ ᠬᠢᠴᠢᠶᠡᠯ᠎ᠦᠨ ᠪᠢᠴᠢᠭ᠎ᠢᠶᠡᠨ ᠪᠠᠷᠢᠵᠤ ᠲᠤᠮᠳᠠᠳᠤ ᠵᠢᠨ ᠰᠢᠯᠢᠳᠡᠭ ᠰᠢᠯᠦᠭ ᠲᠠᠭᠤᠯᠠᠯ ᠎ᠢ ᠳᠠᠭᠤ ᠨᠢᠭᠡᠲᠡᠢ ᠤᠩᠱᠢᠵᠠᠭᠠᠨ᠎ᠠ᠃ ᠡᠨᠡᠬᠦ ᠤᠩᠰᠢᠯᠭ᠎ᠠ ᠵᠢᠨ ᠲᠠᠭᠤᠨ᠎ᠨᠢ ᠰᠤᠷᠭᠠᠭᠤᠯᠢ ᠎ᠶ᠋ᠢᠨ ᠬᠦᠷᠢᠶᠡᠨ᠎ᠦ ᠨᠢᠭᠡ ᠡᠳᠦᠷ ᠎ᠢ ᠡᠬᠢᠯᠡᠬᠦᠯᠦᠭᠰᠡᠨ᠎ᠢᠶᠡᠷ ᠪᠠᠷᠠᠬᠤ ᠥᠬᠡᠶ᠂ ᠨᠠᠩ ᠴᠤ᠌ ᠲᠤᠰ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠭᠤᠤᠯ ᠪᠣᠯᠭᠠᠭ᠍ᠰᠠᠨ ᠰᠣᠶᠣᠯ᠎ᠵᠢᠡᠷ ᠬᠥᠮᠦᠨ ᠬᠥᠮᠦᠵᠢᠭᠦᠯᠬᠦ᠌ ᠪᠠᠢᠳᠠᠯ᠎ᠢ ᠱᠢᠭᠤᠳ ᠬᠠᠷᠠᠭᠤᠯᠪᠠ᠃

ᠲᠤᠯᠤᠨ ᠨᠤᠤᠷ ᠎ᠰᠢᠶᠠᠨ ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠤᠷᠠᠨ ᠪᠢᠴᠢᠯᠭᠡ᠎ᠶ᠋ᠢᠨ ᠬᠢᠴᠢᠶᠡᠯ᠎ᠦᠨ ᠭᠡᠷ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠴᠢᠬᠤᠯᠠ ᠠᠴᠢᠶᠠᠯᠠᠪᠤᠷᠢ ᠪᠣᠯᠤᠨ᠎ᠠ᠃ ᠤᠷᠠᠨ ᠪᠢᠴᠢᠯᠭᠡ᠎ᠶ᠋ᠢᠨ ᠪᠣᠯᠪᠠᠰᠤᠷᠠᠯ᠎ᠢᠶᠠᠷ ᠳᠠᠮᠵᠢᠨ ᠰᠤᠷᠤᠭ᠍ᠴᠢᠳ ᠦᠭᠡ ᠬᠡᠯᠡ ᠦᠰᠦᠭ ᠪᠢᠴᠢᠭ᠎ᠦᠨ ᠬᠡᠯᠪᠡᠷᠢ ᠵᠢᠨ ᠭᠤᠤ᠎ᠠ ᠰᠠᠢᠬᠠᠨ ᠪᠠ ᠰᠣᠶᠣᠯ᠎ᠤᠨ ᠠᠭᠤᠯᠤᠭ᠍ᠳᠠᠬᠤᠨ᠎ᠢ ᠮᠡᠳᠡᠷᠡᠨ᠎ᠡ᠃

《 ᠪᠢᠷ ᠠᠳᠭᠤᠬᠤ᠎ᠳᠤ ᠳᠣᠯᠢᠶᠠᠪᠤᠷ ᠬᠤᠷᠤᠭᠤ ᠨᠢ ᠡᠷᠡᠬᠡᠢ ᠬᠤᠷᠤᠭᠤ᠎ᠡᠴᠡ ᠵᠢᠭᠠᠬᠠᠨ ᠥᠨᠳᠥᠷ ᠪᠠᠢᠵᠤ᠂ ᠪᠢᠷ᠎ᠦᠨ ᠦᠵᠦᠭᠦᠷ ᠪᠠ ᠴᠠᠭᠠᠰᠤᠨ᠎ᠤ ᠥᠨᠴᠥᠭ᠎ᠢ ᠰᠠᠢᠲᠤᠷ ᠡᠷᠢᠵᠦ᠍ ᠣᠯᠪᠠᠯ ᠰᠠᠶᠢ ᠲᠡᠷᠢ ᠲᠡᠭ᠌ᠰᠢ ᠬᠢᠲᠠᠳ ᠦᠰᠦᠭ ᠎ᠢ ᠪᠢᠴᠢᠵᠦ᠍ ᠴᠢᠳᠠᠨ᠎ᠠ》᠃ ᠤᠷᠠᠨ ᠪᠢᠴᠢᠯᠭᠡ᠎ᠶ᠋ᠢᠨ ᠪᠠᠭ᠍ᠰᠢ ᠲᠠᠨ ᠬᠣᠩ ᠰᠤᠷᠤᠭ᠍ᠴᠢᠳ᠎ᠤᠨ ᠪᠢᠷ ᠠᠳᠭᠤᠬᠤ ᠬᠡᠯᠪᠡᠷᠢ᠎ᠶ᠋ᠢ ᠵᠠᠯᠠᠷᠠᠭᠤᠯᠬᠤ᠎ᠶ᠋ᠢᠨ ᠳᠠᠭᠠᠤ ᠦᠰᠦᠨ ᠪᠢᠷ᠎ᠢᠶᠡᠷ ᠲᠣᠷᠭᠠᠨ ᠴᠠᠭᠠᠰᠤᠨ ᠳᠡᠭᠡᠷ᠎ᠡ ᠵᠢᠱ᠌ᠢᠶ᠎ᠡ ᠦᠵᠡᠭᠦᠯᠦᠨ ᠪᠢᠴᠢᠨ᠎ᠡ᠃ ᠲᠡᠷᠡ ᠄ 《ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠱᠢᠰᠲ᠋ᠧᠮ ᠎ᠲᠡᠶ ᠠᠬᠢᠭᠤᠯᠬᠤ᠎ᠶ᠋ᠢᠨ ᠲᠥᠯᠥᠭᠡ ᠰᠤᠷᠭᠠᠭᠤᠯᠢ ᠡᠴᠡ ᠤᠷᠠᠨ ᠪᠢᠴᠢᠯᠭᠡ᠎ᠶ᠋ᠢ ᠰᠤᠷᠭᠠᠭᠤᠯᠢ᠎ᠶ᠋ᠢᠨ ᠶᠡᠷᠦᠳᠠ ᠵᠢᠨ ᠬᠢᠴᠢᠶᠡᠯ ᠪᠤᠯᠭᠠᠪᠠ᠃ 〈ᠰᠠᠭᠤᠷᠢ — ᠳᠡᠭᠡᠭ᠌ᠰᠢᠯᠡᠯᠲᠡ — ᠬᠡᠷᠡᠭ᠌ᠯᠡᠭᠡᠨ 〉 ᠎ᠤ᠋ ᠱᠠᠲᠤᠯᠢᠭ ᠲᠥᠯᠥᠪᠯᠡᠭᠡ ᠵᠢ ᠭᠡᠷᠡᠭᠵᠢᠬᠦᠯᠵᠦ᠂ ᠦᠨᠳᠦᠰᠦᠨ ᠵᠢᠷᠤᠯᠭ᠎ᠠ᠎ᠶ᠋ᠢᠨ ᠪᠣᠯᠪᠠᠰᠤᠷᠠᠯ᠎ᠡᠴᠡ ᠰᠣᠩᠭᠣᠳᠠᠭ ᠵᠣᠬᠢᠶᠠᠯ᠎ᠤᠨ ᠭᠠᠷᠴᠠᠭ᠎ᠢ ᠬᠠᠭᠤᠯᠬᠤ ᠬᠦᠷᠲᠡᠯ᠎ᠡ᠂ ᠰᠤᠷᠤᠭ᠍ᠴᠢᠳ ᠲᠸ᠋ ᠦᠰᠦᠭ ᠪᠢᠴᠢᠵᠤ ᠪᠣᠯᠪᠠᠰᠤᠷᠠᠬᠤ ᠶᠠᠪᠤᠴᠠ ᠲᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠱᠢᠳᠢ᠎ᠶ᠋ᠢ ᠮᠡᠳᠡᠷᠡᠭᠦᠯᠦᠨ᠎ᠡ》 ᠭᠡᠪᠡ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠨᠤᠮ᠎ᠤᠨ ᠬᠡᠰᠢᠭᠲᠦ ᠰᠤᠷᠭᠠᠭᠤᠯᠢ᠎ᠶ᠋ᠢᠨ ᠬᠦᠷᠢᠶᠡᠨ᠎ᠦ ᠪᠠᠢᠭᠤᠯᠤᠯᠲᠠ᠎ᠶ᠋ᠢ ᠭᠦᠨᠵᠡᠭᠡᠢ ᠠᠭᠤᠰᠤᠯᠴᠠᠭᠤᠯᠬᠤ ᠵᠢᠨ ᠲᠥᠯᠥᠭᠡ᠂ ᠲᠤᠯᠤᠨ ᠨᠤᠤᠷ᠎ᠤᠨ ᠬᠣᠶᠠᠳᠤᠭᠠᠷ ᠳᠤᠮᠳᠠᠳᠤ ᠰᠤᠷᠭᠠᠭᠤᠯᠢ ᠪᠠᠰᠠ 《ᠭᠤᠷᠪᠠᠨ ᠳᠡᠰ᠎ᠤᠨ ᠤᠩᠱᠢᠯᠭ᠎ᠠ᠎ᠶ᠋ᠢᠨ ᠱᠢᠰᠲ᠋ᠧᠮ》 ᠎ᠢ᠋ ᠴᠣᠭ᠍ᠴᠠᠯᠠᠪᠠ᠃ ᠠᠩᠭᠢ᠎ᠶ᠋ᠢᠨ ᠭᠡᠷ᠎ᠤᠨ 《ᠨᠣᠮ᠎ᠤᠨ ᠪᠤᠯᠤᠩ》 ᠳ᠋ᠤ᠌᠂ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠵᠢᠡᠷ ᠤᠩᠱᠢᠯᠭ᠎ᠠ ᠎ᠶ᠋ᠢᠨ ᠣᠯᠤᠯᠲᠠ᠎ᠪᠠᠨ ᠬᠤᠪᠢᠶᠠᠯᠴᠠᠨ᠎ᠠ; ᠰᠤᠷᠭᠠᠭᠤᠯᠢ᠎ᠶ᠋ᠢᠨ ᠬᠦᠷᠢᠶᠡᠨ᠎ᠤ᠋ 《ᠤᠩᠱᠢᠯᠭ᠎ᠠ᠎ᠶ᠋ᠢᠨ ᠪᠤᠯᠤᠩ》 ᠎ᠳ᠋ᠤ᠌᠂ ᠰᠤᠷᠤᠭ᠍ᠴᠢᠳ ᠡᠳᠦᠷ ᠪᠦᠷᠢ ᠨᠣᠮ ᠪᠢᠴᠢᠭ ᠤᠷᠪᠠᠭᠤᠯᠵᠤ᠂ ᠰᠡᠳᠭᠢᠯ ᠲᠠᠯᠪᠢᠨ ᠤᠩᠱᠢᠳᠠᠭ; ᠰᠤᠷᠭᠠᠭᠤᠯᠢ᠎ᠶ᠋ᠢᠨ ᠬᠦᠷᠢᠶᠡᠨ᠎ᠦ ᠷᠠᠳᠢᠣ᠋᠎ᠪᠠᠷ ᠰᠤᠷᠤᠭ᠍ᠴᠢᠳ᠎ᠤᠨ ᠵᠣᠬᠢᠶᠠᠯ᠂ ᠰᠤᠷᠭᠠᠭᠤᠯᠢ᠎ᠶ᠋ᠢᠨ ᠬᠦᠷᠢᠶᠡᠨ᠎ᠦ ᠱᠢᠨ᠎ᠡ ᠰᠣᠷᠭᠣᠭ ᠤᠴᠢᠷ᠎ᠢ ᠴᠠᠭ ᠲᠤᠬᠠᠶ᠎ᠳᠤᠨᠢ ᠬᠤᠪᠢᠶᠠᠯᠴᠠᠳᠠᠭ᠃ ᠰᠠᠷ᠎ᠠ ᠪᠦᠷᠢ᠎ᠶ᠋ᠢᠨ《ᠨᠤᠮ ᠎ᠤᠨ ᠬᠡᠰᠢᠭᠲᠦ ᠠᠩᠭᠢ》 ᠶ᠋ᠢᠨ ᠱᠢᠯᠭᠠᠷᠠᠭᠤᠯᠤᠯᠲᠠ᠎ᠳᠤ ᠪᠠᠭ᠍ᠰᠢ ᠰᠤᠷᠤᠭ᠍ᠴᠢᠳ᠎ᠤᠨ ᠤᠩᠱᠢᠯᠭ᠎ᠠ᠂ ᠵᠣᠬᠢᠶᠠᠨ ᠪᠢᠴᠢᠯᠭᠡ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠭᠡᠷᠡᠭᠯᠡᠭᠡ ᠪᠡᠷ ᠴᠢᠬᠤᠯᠠ ᠪᠠᠷᠢᠮᠵᠢᠶ᠎ᠠ ᠪᠣᠯᠭᠠᠳᠠᠭ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠭᠦ᠎ᠳ᠋ᠤ ᠬᠡᠷ ᠪᠦᠯᠢ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠡᠴᠡ ᠰᠠᠯᠵᠤ ᠴᠢᠳᠠᠬᠤ ᠥᠬᠡᠶ ᠶᠤᠮ᠂ ᠲᠤᠯᠤᠨ ᠨᠤᠤᠷ᠎ᠰᠢᠶᠠᠨ᠎ᠤ ᠬᠣᠶᠠᠳᠤᠭᠠᠷ ᠳᠤᠮᠳᠠᠳᠤ ᠰᠤᠷᠭᠠᠭᠤᠯᠢ ᠬᠡᠷ ᠪᠦᠯᠢ ᠰᠤᠷᠭᠠᠭᠤᠯᠢ᠎ᠶ᠋ᠢᠨ ᠬᠠᠮᠵᠢᠯᠴᠠᠭ᠎ᠠ᠎ᠪᠠᠷ ᠳᠠᠮᠵᠢᠨ᠂ ᠳᠦᠷᠢᠮᠵᠢᠭ᠌ᠰᠡᠨ ᠦᠭᠡ ᠬᠡᠯᠡ ᠎ᠶ᠋ᠢ ᠰᠤᠷᠭᠠᠭᠤᠯᠢ᠎ᠶ᠋ᠢᠨ ᠬᠦᠷᠢᠶᠡᠨ᠎ᠡᠴᠡ ᠬᠡᠷ ᠪᠦᠯᠢ᠎ᠳᠦ ᠬᠦᠷᠲᠡᠯ᠎ᠡ ᠥᠷᠭᠡᠳᠭᠡᠪᠡ᠃

ᠰᠤᠷᠭᠠᠭᠤᠯᠢ ᠲᠠᠷᠬᠠᠬᠤ ᠦᠶ᠎ᠡ᠎ᠳᠦ ᠨᠠᠢ᠍ᠮᠠᠳᠤᠭᠠᠷ ᠣᠨ᠎ᠤ ᠰᠤᠷᠤᠭ᠍ᠴᠢ᠎ᠶ᠋ᠢᠨ ᠭᠡᠷ᠎ᠦᠨ ᠠᠬᠠᠮᠠᠳ ᠯᠢ ᠠᠪᠠᠬᠠᠢ ᠰᠤᠷᠭᠠᠭᠤᠯᠢ᠎ᠶ᠋ᠢᠨ ᠡᠭᠦᠳᠡᠨ ᠳᠡᠭᠡᠷ᠎ᠡ ᠬᠡᠦᠬᠡᠳ᠎ᠢᠶᠡᠨ ᠬᠦᠯᠢᠶᠡᠵᠦ᠍ ᠪᠠᠢᠪᠠ᠃ ᠲᠡᠷᠡ ᠰᠤᠷᠪᠤᠯᠵᠢᠯᠠᠭ᠍ᠴᠢ᠎ᠳᠤ ᠄《 ᠳᠡᠭᠡᠷ᠎ᠡ ᠤᠳᠠᠭ᠎ᠠ ᠬᠡᠦᠬᠡᠳ᠎ᠲᠡᠶ ᠪᠠᠨ ᠬᠠᠮᠲᠤ 〈ᠦᠨᠡᠨᠴᠢ ᠢᠲᠡᠭᠡᠮᠵᠢ 〉 ᠭᠡᠬᠦ᠌ ᠬᠣᠶᠠᠷ ᠦᠰᠦᠭ ᠎ᠢ ᠪᠢᠴᠢᠵᠦ᠍᠂ ᠮᠢᠨᠦ ᠬᠡᠦᠬᠡᠳ ᠪᠠᠰᠠ ᠨᠠᠳᠠ᠎ᠳᠤ〈ᠽᠧᠩ ᠽᠢ ᠭᠠᠬᠠᠢ ᠠᠯᠠᠭ᠍ᠰᠠᠨ〉 ᠦᠯᠢᠭᠡᠷ᠎ᠢ ᠶᠠᠷᠢᠵᠤ ᠥᠭ᠌ᠴᠡᠢ᠂ ᠡᠢᠮᠦᠷᠬᠦᠦ ᠬᠠᠷᠢᠯᠴᠠᠨ ᠬᠦᠳᠡᠯᠦᠯᠴᠡᠬᠦ ᠬᠡᠯᠪᠡᠷᠢ ᠨᠢ ᠭᠡᠷ᠎ᠤᠨ ᠠᠬᠠᠮᠠᠳ ᠪᠣᠯᠤᠨ ᠬᠡᠦᠬᠡᠳ᠎ᠦᠨ ᠬᠣᠭᠣᠷᠣᠨᠳᠣᠬᠢ ᠵᠠᠢ᠎ᠶ᠋ᠢ ᠤᠢ᠍ᠢᠷᠠᠳᠤᠭᠤᠯᠤᠭ᠍ᠰᠠᠨ᠎ᠢᠶᠠᠷ ᠪᠠᠷᠠᠬᠤ ᠦᠭᠡᠢ᠂ ᠪᠠᠰᠠ ᠨᠠᠳᠠ᠎ᠳᠤ ᠴᠥᠭᠡᠨ ᠪᠤᠰᠤ ᠤᠯᠠᠮᠵᠢᠯᠠᠯᠲᠤ ᠰᠣᠶᠣᠯ᠎ᠤᠨ ᠮᠡᠳᠡᠯᠭᠡ᠎ᠶ᠋ᠢ ᠰᠤᠷᠤᠯᠴᠠᠭᠤᠯᠪᠠ》 ᠭᠡᠪᠠ᠃

ᠡᠴᠢᠭᠡ ᠡᠬᠡ ᠦᠷ᠎ᠡ ᠬᠡᠦᠬᠡᠳ ᠬᠠᠮᠳᠤ ᠪᠡᠷ ᠦᠰᠦᠭ ᠪᠢᠴᠢᠬᠦ᠌᠂ ᠥᠯᠢᠭᠡᠷ ᠬᠤᠪᠢᠶᠠᠯᠴᠠᠬᠤ ᠡᠴᠡ ᠭᠠᠳᠠᠨ᠎ᠠ᠂ ᠰᠤᠷᠭᠠᠭᠤᠯᠢ᠎ᠡᠴᠡ ᠪᠠᠰᠠ ᠲᠣᠭ᠍ᠲᠠᠮᠠᠯ ᠬᠤᠭᠤᠴᠠᠭ᠎ᠠ᠎ᠲᠠᠶ᠎ᠪᠠᠷ《 ᠵᠠᠯᠠᠭᠤ ᠪᠠᠭ᠍ᠰᠢ᠎ᠨᠠᠷ᠎ᠤᠨ ᠤᠷᠠᠨ ᠪᠢᠴᠢᠯᠭᠡ᠎ᠵᠢᠨ ᠤᠷᠤᠯᠳᠤᠭᠠᠨ》 ᠎ᠢ᠋ ᠡᠷᠭᠢᠯᠡᠵᠦ᠍᠂ ᠪᠠᠭ᠍ᠰᠢ᠎ᠨᠠᠷ᠎ᠤᠨ ᠳᠦᠷᠢᠮᠵᠢᠭᠰᠡᠨ ᠪᠢᠴᠢᠯᠭᠡ ᠪᠠ ᠦᠭᠡ ᠬᠡᠯᠡᠨ᠎ᠦ ᠵᠢᠱ᠌ᠢᠶ᠎ᠡ ᠦᠵᠡᠭᠦᠯᠬᠦ᠌᠎ᠪᠡᠷ ᠳᠠᠮᠵᠢᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠬᠡᠷᠡᠭ᠌ᠯᠡᠬᠦ᠌᠎ᠶ᠋ᠢ ᠳᠠᠢᠴᠢᠯᠠᠪᠠ᠃ ᠡᠭᠦᠨ᠎ᠡᠴᠡ ᠭᠠᠳᠠᠨ᠎ᠠ᠂ 《ᠨᠤᠮ᠎ᠤᠨ ᠬᠡᠰᠢᠭᠲᠦ ᠰᠤᠷᠭᠠᠭᠤᠯᠢ᠎ᠶ᠋ᠢᠨ ᠬᠦᠷᠢᠶ᠎ᠡ᠎ᠵᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ》 ᠵᠢᠡᠷ ᠳᠠᠮᠵᠢᠨ ᠨᠤᠮ᠎ᠤᠨ ᠬᠡᠰᠢᠭᠲᠦ ᠠᠩᠭᠢ᠂ ᠨᠤᠮ᠎ᠤᠨ ᠬᠡᠰᠢᠭᠲᠦ ᠬᠡᠷ ᠎ᠦᠨ ᠠᠬᠠᠮᠠᠳ ᠎ᠢ ᠬᠥᠬᠢᠭᠦᠯᠦᠨ ᠰᠠᠢᠱᠢᠶᠠᠵᠤ᠂ 《ᠰᠤᠷᠭᠠᠭᠤᠯᠢ᠎ᠶ᠋ᠢᠨ ᠬᠦᠷᠢᠶ᠎ᠡ ᠬᠥᠲᠥᠯᠥᠨ ᠳᠠᠭᠠᠭᠤᠯᠵᠤ᠂ ᠬᠡᠷ ᠪᠦᠯᠢ ᠴᠤᠤᠷᠢᠶᠠᠲᠤᠨ ᠳᠠᠭᠠᠬᠤ》 ᠰᠠᠢᠨ ᠰᠠᠢᠬᠠᠨ ᠣᠷᠴᠢᠯ᠎ᠢ ᠪᠣᠶ ᠪᠣᠯᠭᠠᠪᠠ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠪᠣᠯ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠬᠣᠯᠪᠣᠭᠠᠰᠤ ᠮᠥᠨ᠂ ᠪᠠᠰᠠ ᠴᠤ᠌ ᠰᠤᠷᠤᠭ᠍ᠴᠢᠳ᠎ᠤᠨ ᠦᠰᠦᠨ ᠪᠣᠢᠵᠢᠬᠤ᠎ᠶ᠋ᠢᠨ ᠰᠠᠭᠤᠷᠢ ᠮᠥᠨ》᠃ ᠰᠤᠷᠭᠠᠭᠤᠯᠢ᠎ᠶ᠋ᠢᠨ ᠵᠠᠬᠢᠷᠤᠯ ᠸᠠᠩ ᠯᠢ ᠵᠢᠶᠦ᠋ᠨ᠄ 《ᠲᠠᠷᠠᠭᠠᠴᠢ᠎ᠶ᠋ᠢᠨ ᠠᠯᠬᠤᠮ᠎ᠳᠤ᠂ ᠪᠢᠳᠡ ᠨᠣᠮ ᠪᠢᠴᠢᠭ᠎ᠤᠨ ᠠᠭᠤᠳᠠᠮ ᠲᠠᠯᠠᠪᠠᠶ᠎ᠶ᠋ᠢ ᠪᠠᠢᠭᠤᠯᠬᠤ᠎ᠪᠠᠷ ᠲᠥᠯᠥᠪᠯᠡᠵᠦ᠍᠂ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠣᠨᠢᠷᠬᠠᠯᠲᠠᠢ ᠬᠠᠷᠢᠯᠴᠠᠨ ᠬᠦᠳᠡᠯᠦᠯᠴᠡᠬᠦ ᠲᠥᠬᠥᠭᠡᠷᠦᠮᠵᠢ᠎ᠶ᠋ᠢ ᠨᠡᠮᠡᠨ ᠪᠠᠢᠭᠤᠯᠵᠤ᠂ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠷᠢᠳᠢ᠎ᠱᠢᠳᠢ᠎ᠶ᠋ᠢ ᠮᠡᠳᠡᠷᠡᠭᠦᠯᠦᠨ᠎ᠡ᠃ ᠡᠭᠦᠨ᠎ᠦ ᠬᠠᠮᠲᠤ ᠨᠡᠢᠭᠡᠮ ᠲᠣᠭᠣᠷᠢᠭ᠎ᠲᠠᠶ ᠬᠠᠮᠲᠤᠷᠠᠨ〈ᠨᠡᠢᠲᠡᠯᠢᠭ ᠬᠡᠯᠡ ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ〉 ᠰᠠᠢᠨ ᠳᠤᠷ᠎ᠠ᠎ᠶ᠋ᠢᠨ ᠠᠵᠢᠯᠯᠠᠭ᠎ᠠ ᠵᠢ ᠥᠷᠨᠢᠭᠦᠯᠵᠦ᠍᠂ ᠳᠦᠷᠢᠮᠵᠢᠭ᠌ᠰᠡᠨ ᠦᠭᠡ ᠬᠡᠯᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠡᠴᠡ ᠨᠠᠩ ᠥᠷᠭᠡᠨ ᠠᠭᠤᠳᠠᠮ ᠨᠡᠢᠭᠡᠮ᠎ᠦᠨ ᠠᠬᠤᠢ ᠦᠵᠡᠭᠳᠡᠯ ᠪᠤᠯᠭᠠᠨ᠎ᠠ》 ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面