ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-06-04 09:47:42

ᠵᠣᠬᠢᠶᠠᠭ᠍ᠴᠢ᠄ ᠭᠦᠸᠧ ᠴᠢ ᠨᠠᠨ ᠂ ᠭᠧᠩ ᠶᠠ ᠴᠤᠤ ᠣᠩᠱᠢᠭ᠍ᠰᠠᠨ ᠣᠳᠠᠭ᠎ᠠ᠄ 3

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠤᠯᠠᠭᠠᠨᠴᠠᠪ ᠬᠤᠳᠠ ᠎ᠶ᠋ᠢᠨ ᠵᠦᠸᠧᠽᠢ ᠱᠢᠶᠠᠨ ᠎ᠤ ᠡᠯ᠎ᠡ ᠰᠤᠷᠭᠠᠭᠤᠯᠢ ᠤᠨᠴᠠᠯᠢᠬ᠍ᠳᠤ ᠬᠢᠴᠢᠶᠡᠯ᠎ᠢᠶᠡᠷ ᠭᠠᠷᠳᠠᠴᠠ ᠪᠣᠯᠭᠠᠵᠤ᠂ ᠰᠤᠷᠤᠭᠴᠢᠳ᠎ᠦᠨ ᠦᠵᠡᠵᠤ ᠰᠤᠨᠢᠷᠬᠠᠬᠤ ᠲᠤᠷᠠᠳᠠᠢ ᠬᠡᠯᠪᠡᠷᠢ᠎ᠪᠡᠷ ᠳᠤᠷ᠎ᠠ ᠰᠣᠨᠢᠷᠬᠠᠯ᠎ᠢ ᠨᠢ ᠬᠥᠭ᠌ᠵᠢᠭᠡᠵᠦ᠍᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠭᠡᠨ᠎ᠦ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃

5 ᠰᠠᠷ᠎ᠠ᠎ᠶ᠋ᠢᠨ 28᠎ᠤ᠋ ᠡᠳᠦᠷ᠂ ᠵᠦᠸᠧᠽᠢ ᠱᠢᠶᠠᠨ᠎ᠤ ᠢ ᠹᠦ᠋ ᠰᠤᠷᠭᠠᠭᠤᠯᠢ᠎ᠶ᠋ᠢᠨ ᠨᠢᠭᠡᠳᠦᠭᠡᠷ ᠣᠨ᠎ᠤ ᠬᠡᠯᠡ ᠪᠢᠴᠢᠭ᠎ᠦᠨ ᠬᠢᠴᠢᠶᠡᠯ ᠳᠡᠭᠡᠷ᠎ᠡ ᠰᠤᠷᠤᠭᠴᠢᠳ 《ᠪᠣᠷᠣᠭᠠᠨ ᠣᠷᠣᠯ᠎ᠠ》 ᠭᠡᠬᠦ᠌ ᠥᠪᠡᠷᠮᠢᠴᠡ ᠣᠨᠴᠠᠯᠢᠭ᠎ᠲᠠᠶ ᠦᠵᠡᠭ᠌ᠳᠡᠯᠲᠦ ᠵᠦᠴᠦᠭᠡ᠎ᠶ᠋ᠢ ᠲᠣᠭ᠍ᠯᠠᠵᠤ ᠪᠠᠢᠯ᠎ᠠ᠃ ᠰᠤᠷᠤᠭ᠍ᠴᠢᠳ ᠪᠢᠴᠢᠬᠠᠨ ᠴᠠᠭᠠᠨ ᠲᠠᠤᠯᠠᠢ᠂ ᠱᠢᠷᠭᠤᠯᠵᠢ᠂ ᠵᠢᠷᠠᠭᠠᠬᠠᠢ ᠪᠠ ᠬᠠᠷᠢᠶᠠᠴᠠᠶ ᠪᠣᠯᠤᠨ 《ᠬᠤᠪᠢᠷᠠᠵᠤ》᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠳᠦᠷᠢ᠎ᠵᠢ ᠲᠣᠭ᠍ᠯᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ᠎ᠶ᠋ᠢ ᠦᠢᠯᠡ ᠶᠠᠪᠤᠳᠠᠯ᠎ᠳᠠᠭᠠᠨ ᠠᠮᠢᠳᠤᠯᠢᠭ ᠵᠢᠡᠷ ᠠᠭᠤᠰᠭᠠᠨ᠂ ᠰᠣᠨᠢᠷᠬᠠᠯᠲᠤ ᠤᠷᠤᠯᠳᠤᠭᠠᠨ᠎ᠤ ᠬᠡᠯᠪᠡᠷᠢ᠎ᠪᠡᠷ ᠰᠤᠷᠤᠭᠰᠠᠨ ᠠᠭᠤᠯᠭ᠎ᠠ᠎ᠪᠠᠨ ᠪᠡᠬᠢᠵᠢᠭᠦᠯᠪᠡ᠃

《ᠡᠨᠡᠬᠦ ᠦᠰᠦᠭ᠎ᠦᠨ ᠪᠦᠲᠦᠴᠡ᠎ᠶ᠋ᠢ ᠬᠡᠷᠬᠢᠨ ᠵᠠᠳᠠᠯᠬᠤ ᠪᠤᠢ? ᠪᠢᠴᠢᠯᠭᠡ ᠵᠢᠨ ᠲᠡᠷᠢᠬᠦᠨ ᠵᠢᠷᠤᠯᠭ᠎ᠠ ᠨᠢ ᠶᠠᠭᠤ ᠪᠤᠢ?》 ᠨᠥᠭᠥᠭᠡ ᠨᠢᠭᠡ ᠬᠢᠴᠢᠶᠡᠯ᠎ᠤᠨ ᠲᠠᠩᠬᠢᠮ ᠳᠡᠭᠡᠷ᠎ᠡ᠂ ᠰᠤᠷᠤᠭ᠍ᠴᠢᠳ ᠪᠠᠭ᠍ᠰᠢ᠎ᠪᠠᠨ ᠳᠠᠭᠠᠵᠤ᠂ ᠳᠣᠯᠣᠪᠤᠷ ᠬᠤᠷᠤᠭᠤ᠎ᠪᠠᠷ᠎ᠢᠶᠠᠨ 《ᠪᠢᠷ》 ᠪᠣᠯᠭᠠᠵᠤ᠂ ᠥᠰᠥᠭ᠎ᠦᠨ ᠪᠢᠴᠢᠯᠭᠡ᠎ᠶ᠋ᠢ ᠳᠠᠭᠤᠷᠢᠶᠠᠨ ᠵᠢᠷᠤᠵᠤ᠂ ᠲᠠᠬᠢᠨ ᠪᠢᠷ᠎ᠢᠶᠡᠨ ᠠᠳᠬᠤᠨ ᠲᠡᠪᠳᠡᠷ ᠲᠡᠭᠡᠷ᠎ᠠ ᠪᠠᠨ ᠲᠡᠭᠰᠢ ᠰᠠᠢᠬᠠᠨ ᠪᠢᠴᠢᠵᠦ ᠪᠠᠢᠯ᠎ᠠ᠃

ᠣᠯᠠᠨ ᠶᠠᠩᠵᠤ᠎ᠶ᠋ᠢᠨ ᠥᠪᠡᠷᠮᠢᠴᠡ ᠣᠨᠴᠠᠯᠢᠭ᠎ᠲᠠᠶ ᠬᠢᠴᠢᠶᠡᠯ ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠠᠵᠢᠯ᠎ᠢ᠎ᠨᠢᠳᠦᠨ᠎ᠳᠦ ᠦᠵᠡᠭᠳᠡᠮ᠎ᠠ᠂ ᠰᠡᠳᠭᠢᠯ᠎ᠳᠦ ᠰᠠᠭᠤᠭᠳᠠᠮ᠎ᠠ᠂ ᠭᠠᠷ᠎ᠲᠦ ᠪᠠᠷᠢᠭᠳᠠᠮ᠎ᠠ ᠰᠠᠢᠳᠤᠷ ᠬᠢᠵᠤ᠂ ᠰᠤᠷᠤᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠠᠶᠠᠨᠳᠠᠭᠠᠨ ᠰᠠᠢᠳᠤᠷ ᠶᠠᠷᠢᠬᠤ᠂ ᠳᠦᠷᠢᠮᠵᠢᠭ᠌ᠰᠡᠨ ᠥᠰᠥᠭ᠎ᠢ ᠰᠠᠢᠳᠤᠷ ᠪᠢᠴᠢᠬᠦ ᠰᠠᠢᠨ ᠳᠠᠳᠭᠠᠯ ᠲᠠᠢ ᠪᠤᠯᠵᠠᠢ᠃

ᠵᠦᠸᠧᠽᠢ ᠱᠠᠨ ᠪᠠᠯᠭᠠᠰᠤᠨ᠎ᠤ ᠪᠸᠢ ᠸᠠᠨ ᠪᠠᠭ᠎ᠠ ᠰᠤᠷᠭᠠᠭᠤᠯᠢ᠎ᠶ᠋ᠢᠨ ᠨᠡᠢᠭᠡᠮ᠎ᠦᠨ ᠪᠦᠯᠬᠦᠮ᠎ᠦᠨ ᠬᠢᠴᠢᠶᠡᠯ᠎ᠦᠨ ᠲᠠᠩᠬᠢᠮ᠎ᠨᠢ ᠤᠯᠠᠮᠵᠢᠯᠠᠯᠲᠤ ᠰᠤᠶᠤᠯ ᠤᠷᠠᠯᠢᠭ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠪᠣᠯᠪᠠᠰᠤᠷᠠᠯ ᠎ᠢ ᠤᠷᠠᠨ᠎ᠢᠶᠠᠷ ᠤᠶᠠᠯᠳᠤᠭᠤᠯᠵᠤ᠂ ᠰᠤᠷᠤᠭ᠍ᠴᠢᠳ ᠳᠤᠭᠤᠢᠯᠠᠩ ᠬᠤᠪᠢᠶᠠᠨ 《ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠨ ᠥᠰᠥᠭ᠌ᠲᠦ ᠨᠣᠮ》 ᠢ᠋ ᠤᠶᠠᠩᠭᠠᠯᠠᠨ᠂ ᠠᠢᠵᠠᠮ ᠴᠣᠬᠢᠯᠭ᠎ᠠ᠎ᠶ᠋ᠢᠨ ᠳᠤᠮᠳᠠ ᠵᠦᠪ ᠤᠨᠤᠪᠴᠢᠳᠠᠢ ᠠᠪᠢᠶᠠᠯᠠᠬᠤ ᠵᠢ ᠪᠣᠯᠪᠠᠰᠤᠷᠠᠵᠤ᠂ ᠦᠭᠡ ᠬᠡᠯᠡᠨ᠎ᠦ ᠢᠯᠡᠳᠭᠡᠮᠵᠢ ᠵᠢᠨ ᠤᠷᠤᠰᠤᠮ᠎ᠠ ᠰᠠᠢᠬᠠᠨ᠎ᠤ ᠬᠡᠮᠵᠢᠶ᠎ᠡ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠵᠢᠷᠤᠮᠵᠢᠭᠤᠨ ᠬᠡᠷᠡᠭ᠌ᠯᠡᠬᠦ᠌ ᠤᠬᠠᠮᠰᠠᠷ ᠵᠢᠡᠨ ᠳᠡᠭᠡᠭ᠌ᠰᠢᠯᠡᠭᠦᠯᠦᠨ᠎ᠡ᠃

ᠵᠦᠸᠧᠽᠢ ᠱᠠᠨ ᠪᠠᠯᠭᠠᠰᠤᠨ᠎ᠤ ᠪᠸᠢ ᠸᠠᠨ ᠪᠠᠭ᠎ᠠ ᠰᠤᠷᠭᠠᠭᠤᠯᠢ᠎ᠶ᠋ᠢᠨ ᠵᠠᠬᠢᠷᠤᠯ ᠯᠢ ᠭᠸᠨ ᠬ᠍ᠤ᠄ 《ᠪᠢᠳᠡ 〈ᠰᠣᠨᠣᠰᠴᠤ᠌ ᠶᠠᠷᠢᠬᠤ ᠤᠩᠱᠢᠵᠤ ᠪᠢᠴᠢᠬᠦ᠌〉 ᠲᠦᠷᠪᠡ᠎ᠶ᠋ᠢ ᠨᠢᠭᠡ ᠴᠤᠬ᠍ᠴᠠᠵᠢᠭᠤᠯᠬᠤ ᠵᠢᠭᠠᠨ ᠰᠤᠷᠭᠠᠯᠲᠠ᠎ᠶ᠋ᠢ ᠪᠠᠷᠢᠮᠲᠠᠯᠠᠵᠤ᠂ ᠡᠳᠦᠷ ᠲᠤᠳᠤᠮ᠎ᠤᠨ ᠬᠡᠷᠡᠭ᠌ᠯᠡᠭᠡ᠎ᠶ᠋ᠢ ᠪᠠᠷᠢᠮᠲᠠᠯᠠᠬᠤ᠎ᠶ᠋ᠢᠨ ᠬᠠᠮᠲᠤ ᠳᠤᠮᠳᠠᠳᠤ᠎ᠶ᠋ᠢᠨ ᠰᠣᠩᠭᠣᠳᠠᠭ ᠪᠦᠲᠦᠭᠡᠯ᠎ᠦᠨ ᠤᠩᠱᠢᠯᠭ᠎ᠠ᠂ ᠶᠠᠷᠢᠶ᠎ᠠ ᠢᠯᠡᠳᠭᠡᠯ᠂ ᠡᠴᠢᠭᠡ ᠡᠬᠡ ᠦᠷ᠎ᠡ ᠬᠡᠦᠬᠡᠳ᠎ᠦᠨ ᠬᠠᠮᠲᠤ᠎ᠶ᠋ᠢᠨ ᠤᠩᠱᠢᠯᠭ᠎ᠠ ᠵᠡᠷᠭᠡ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠡᠯ᠎ᠡ ᠣᠨ᠎ᠳᠠᠭᠠᠨ ᠬᠥᠲᠥᠯᠥᠭ᠌ᠴᠢ᠎ᠶ᠋ᠢᠨ ᠨᠡᠢᠭᠡᠮ᠎ᠦᠨ ᠪᠦᠯᠬᠦᠮ᠎ᠦᠨ ᠬᠢᠴᠢᠶᠡᠯ᠎ᠢ ᠲᠤᠬᠢᠷᠠᠭᠤᠯᠵᠠᠢ᠃ ᠡᠭᠦᠨ᠎ᠦ ᠬᠠᠮᠲᠤ᠂ ᠲᠣᠭᠠᠴᠢᠯᠠᠭ᠍ᠰᠠᠨ ᠤᠷᠠᠨ ᠪᠢᠴᠢᠯᠭᠡ᠎ᠶ᠋ᠢᠨ ᠬᠢᠴᠢᠶᠡᠯ᠎ᠢ ᠠᠱᠢᠭ᠍ᠯᠠᠵᠤ᠂ ᠡᠳᠦᠷ ᠪᠦᠷᠢ 15 ᠮᠢᠨᠦ᠋ᠲ᠎ᠦᠨ ᠤᠷᠨᠨ ᠪᠢᠴᠢᠯᠭᠡ ᠵᠢᠨ ᠪᠣᠯᠪᠠᠰᠤᠷᠠᠯ᠎ᠢ ᠥᠷᠨᠢᠭᠦᠯᠵᠦ᠍᠂ ᠬᠡᠦᠬᠡᠳ᠎ᠦᠳ᠎ᠦᠨ ᠵᠢᠭᠳᠡ ᠰᠠᠢᠬᠠᠨ ᠪᠢᠴᠢᠬᠦ᠌ ᠳᠠᠳᠭᠠᠯ᠎ᠢ ᠬᠥᠮᠦᠵᠢᠭᠦᠯᠵᠦ᠍᠂ ᠵᠢᠷᠤᠮᠵᠢᠭᠤᠨ ᠪᠢᠴᠢᠭᠦ ᠴᠢᠳᠠᠪᠤᠷᠢ᠎ᠶ᠋ᠢ ᠳᠡᠭᠡᠭ᠌ᠰᠢᠯᠡᠭᠦᠯᠪᠠ》 ᠬᠡᠵᠠᠢ᠃

ᠣᠢᠷ᠎ᠠ᠎ᠶ᠋ᠢᠨ ᠵᠢᠯ ᠳ᠋ᠤ᠂ ᠵᠦᠸᠧᠽᠢ ᠱᠢᠶᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠲᠦᠮᠵᠢᠲᠡᠶ ᠳᠡᠯᠭᠡᠷᠡᠭᠦᠯᠦᠨ ᠲᠦᠭᠡᠮᠡᠯᠵᠢᠭᠦᠯᠵᠦ᠍᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠂ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠰᠠᠭᠤᠷᠢ ᠵᠢᠭ᠍ᠰᠠᠭᠠᠯ᠎ᠤᠨ ᠭᠠᠵᠠᠷ ᠎ᠦ᠋ᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠭᠡᠨ᠎ᠦ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面