ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-06-27 11:39:11

ᠵᠣᠬᠢᠶᠠᠭ᠍ᠴᠢ᠄ ᠯᠢ ᠱᠢᠨ ᠵᠢᠶᠦ᠋ᠨ ᠵᠠᠩ ᠱᠢᠶᠣᠤ ᠢᠦᠶ ᠣᠩᠱᠢᠭ᠍ᠰᠠᠨ ᠣᠳᠠᠭ᠎ᠠ᠄ 3

6 ᠰᠠᠷ᠎ᠠ᠎ᠶ᠋ᠢᠨ 23᠎ᠤ᠋ ᠡᠳᠦᠷ᠂ ᠬᠥᠯᠥᠨ ᠪᠣᠢᠷ ᠬᠣᠲᠠ᠎ᠶ᠋ᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠨᠢᠭᠡᠳᠦᠭᠡᠷ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠳᠤ ᠬᠦᠷᠬᠦ ᠳ᠋ᠤ᠂ 《ᠥᠨᠢ ᠡᠭᠦᠷᠢᠳᠡ ᠨᠠᠮ᠎ᠢᠶᠠᠨ ᠳᠠᠭᠠᠬᠤ》᠂ 《ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌》 ᠵᠡᠷᠭᠡ ᠭᠤᠤᠯ ᠰᠡᠳᠦᠪᠲᠦ ᠰᠣᠶᠣᠯ᠎ᠤᠨ ᠬᠠᠨ᠎ᠠ ᠬᠢᠭᠡᠳ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠷᠢᠶ᠎ᠠ ᠯᠣᠽᠦᠢ᠍ᠩ᠎ᠨᠢ ᠲᠤᠳᠤ ᠬᠠᠷᠠᠭᠳᠠᠵᠤ᠂ ᠨᠠᠷᠢᠨ ᠨᠢᠮᠪᠠᠶ ᠴᠣᠭ᠍ᠴᠠᠯᠠᠭ᠍ᠰᠠᠨ 《 ᠨᠢᠭᠡ ᠠᠰᠠᠷ ᠨᠢᠭᠡ ᠭᠤᠤᠯ ᠰᠡᠳᠦᠪ᠂ ᠨᠢᠭᠡ ᠠᠩᠭᠢ ᠨᠢᠭᠡ ᠣᠨᠴᠠᠯᠢᠭᠳᠤ 》 ᠣᠷᠴᠢᠨ ᠲᠣᠭᠣᠷᠢᠨ᠎ᠨᠢ ᠬᠡᠷᠡᠮ ᠬᠠᠨ᠎ᠠ ᠨᠢᠭᠡ ᠪᠦᠷᠢ᠂ ᠥᠨᠴᠥᠭ ᠪᠤᠯᠤᠩ ᠨᠢᠭᠡ ᠪᠦᠷᠢ᠎ᠶ᠋ᠢ ᠦᠭᠡ ᠬᠡᠯᠡ ᠥᠰᠥᠭ ᠪᠢᠴᠢᠭ ᠎ᠦᠨ ᠳᠦᠷᠢᠮᠵᠢᠭᠦᠯᠦᠯᠳᠡ ᠵᠢᠨ 《ᠠᠮᠢᠳᠤ ᠵᠢᠭᠠᠬᠤ ᠮᠠᠲ᠋ᠧᠷᠢᠶᠠᠯ 》 ᠪᠣᠯᠭᠠᠵᠠᠶ᠃

ᠨᠢᠭᠡᠳᠦᠭᠡᠷ ᠲᠤᠷᠱᠢᠯᠲᠠ᠎ᠶ᠋ᠢᠨ ᠪᠠᠭ᠎ᠠ ᠰᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠎ᠦᠨ ᠰᠤᠷᠭᠠᠨ ᠬᠥᠮᠦᠵᠢᠯ ᠨᠢ ᠰᠤᠷᠤᠭ᠍ᠴᠢᠳ᠎ᠤ᠋ᠨ ᠦᠰᠦᠨ ᠪᠣᠢᠵᠢᠯᠲᠠ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠪᠡ

ᠤᠷᠭᠠᠭᠤᠯᠢ 1926 ᠣᠨ᠎ᠳᠤ ᠪᠠᠢᠭᠤᠯᠤᠭ᠍ᠳᠠᠵᠤ᠂ ᠤᠳᠤ ᠪᠣᠯᠲᠠᠯ᠎ᠠ ᠨᠢᠭᠡᠨᠲᠡ ᠵᠠᠭᠤ ᠱᠢᠬᠠᠮ ᠵᠢᠯ᠎ᠦᠨ ᠲᠡᠦᠬᠡ᠎ᠲᠡᠶ ᠪᠣᠯᠵᠠᠢ᠃ ᠤᠢ᠍ᠢᠷ᠎ᠠ᠎ᠶ᠋ᠢᠨ ᠵᠢᠯ᠎ᠡᠴᠡ᠂ ᠲᠤᠰ ᠰᠤᠷᠭᠠᠭᠤᠯᠢ 《ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌ 》 ᠪᠡᠷ ᠵᠣᠷᠢᠯᠲᠠ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠭᠠᠷᠳᠠᠴᠠ ᠪᠣᠯᠭᠠᠵᠤ᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠣᠷᠴᠢᠨ ᠲᠣᠭᠣᠷᠢᠨ ᠎ᠤ ᠨᠡᠪᠴᠢᠯᠲᠡ᠂ ᠵᠢᠭᠠᠨ ᠰᠤᠷᠭᠠᠯᠲᠠ ᠰᠤᠳᠤᠯᠭᠠᠨ᠎ᠤ ᠴᠢᠳᠠᠪᠤᠷᠢ ᠣᠯᠭᠣᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ᠎ᠡᠴᠡ᠎ᠪᠠᠨ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ + ᠦᠨᠳᠦᠰᠦᠲᠡᠨ ᠎ᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ》 ᠰᠤᠷᠭᠠᠨ ᠬᠥᠮᠦᠵᠢᠯ᠎ᠦᠨ ᠬᠡᠪ ᠵᠠᠭ᠍ᠪᠤᠷ᠎ᠢ ᠪᠦᠬᠦ᠌ ᠲᠠᠯ᠎ᠠ᠎ᠪᠠᠷ ᠲᠡᠰ ᠳᠡᠪᠱᠢᠭᠦᠯᠬᠦ᠌᠎ᠶ᠋ᠢ ᠪᠡᠶᠡᠯᠡᠭᠦᠯᠪᠡ᠃

ᠰᠤᠷᠭᠠᠭᠤᠯᠢ᠎ᠨᠢ 《ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠎ᠢ ᠬᠡᠷᠡᠭ᠌ᠵᠢᠭᠦᠯᠬᠦ᠌ ᠪᠣᠯ ᠰᠤᠷᠭᠠᠨ ᠬᠥᠮᠦᠵᠢᠯ᠎ᠦᠨ ᠡᠷᠬᠡ ᠲᠡᠭ᠌ᠰᠢ᠎ᠶ᠋ᠢᠨ ᠰᠠᠭᠤᠷᠢ ᠪᠠ ᠦᠨᠳᠦᠰᠦᠲᠡᠨ᠎ᠦ ᠠᠭᠤᠰᠤᠯᠴᠠᠯ ᠎ᠤᠨ ᠬᠥᠭᠥᠷᠭᠡ ᠮᠥᠨ》 ᠭᠡᠳᠡᠭ᠎ᠢ ᠭᠦᠨᠵᠡᠭᠡᠶ ᠲᠠᠨᠢᠵᠤ᠂ 2023 ᠣᠨ᠎ᠳᠤ ᠲᠤᠰᠭᠠᠶ ᠠᠵᠢᠯ ᠎ᠤᠨ ᠤᠳᠤᠷᠢᠳᠭᠤ ᠳᠤᠭᠤᠢᠯᠠᠩ ᠪᠠᠢᠭᠤᠯᠵᠤ᠂《ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢᠨ ᠬᠡᠷᠡᠭ᠌ᠵᠢᠭᠦᠯᠬᠦ᠌ ᠲᠥᠰᠦᠯ》ᠢ᠋ ᠲᠣᠭ᠍ᠲᠠᠭᠠᠵᠤ᠂《ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ — ᠲᠦᠷᠢᠮ᠎ᠦᠨ ᠪᠠᠲᠤᠯᠠᠭ᠎ᠠ — ᠪᠥᠬᠥ᠌ ᠭᠡᠱᠢᠭᠦᠳ ᠣᠷᠣᠯᠴᠠᠬᠤ》 ᠪᠠᠲᠤ ᠪᠠᠬᠢ ᠠᠵᠢᠯ᠎ᠤᠨ ᠱᠢᠰᠲ᠋ᠧᠮ ᠎ᠢ ᠪᠠᠢᠭᠤᠯᠪᠠ᠃

ᠪᠠᠭ᠍ᠰᠢ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯ ᠬᠡᠯᠪᠡᠷᠢ᠎ᠪᠡᠨ ᠬᠤᠪᠢᠷᠠᠭᠤᠯᠬᠤ᠎ᠶ᠋ᠢᠨ ᠵᠠᠩᠭᠢᠯᠠᠭ᠎ᠠ ᠮᠥᠨ᠃ ᠲᠣᠰ ᠰᠤᠷᠭᠠᠭᠤᠯᠢ ᠵᠡᠭᠦᠨ ᠬᠣᠢᠲᠤ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠎ᠲᠠᠶ ᠬᠠᠮᠲᠤ ᠎ᠪᠠᠷ ᠪᠣᠯᠪᠠᠰᠤᠷᠠᠯ ᠎ᠤᠨ ᠲᠥᠷᠥᠯ ᠵᠦᠶ᠋ᠯ᠎ᠢ ᠪᠠᠢᠭᠤᠯᠬᠤ᠎ᠪᠠᠷ ᠳᠠᠮᠵᠢᠭᠤᠯᠤᠨ᠂ ᠲᠤᠰᠭᠠᠶ ᠮᠡᠷᠭᠡᠵᠢᠯᠲᠡᠨ᠎ᠢ ᠤᠷᠢᠵᠤ ᠰᠤᠷᠭᠠᠭᠤᠯᠢ᠎ᠳᠤ ᠣᠷᠣᠭᠤᠯᠤᠨ ᠵᠢᠭᠠᠨ ᠵᠢᠯᠣᠭᠣᠳᠣᠭᠤᠯᠵᠤ᠂ ᠬᠥᠯᠥᠨ ᠪᠣᠢᠷ ᠬᠣᠲᠠ᠎ᠶ᠋ᠢᠨ 《ᠰᠤᠷᠭᠠᠨ ᠬᠥᠮᠦᠵᠢᠯ ᠪᠣᠯᠪᠠᠰᠤᠷᠠᠯ》 ᠳ᠋ᠤ ᠢᠳᠡᠪᠬᠢᠲᠡᠶ ᠣᠷᠣᠯᠴᠠᠭᠤᠯᠤᠨ᠂ 《 ᠤᠷᠢᠵᠤ ᠠᠪᠴᠢᠷᠠᠬᠤ + ᠭᠠᠷᠴᠤ᠌ ᠶᠠᠪᠤᠬᠤ》 ᠬᠤᠤᠰ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠠᠭ᠍ᠪᠤᠷ᠎ᠢ ᠪᠦᠷᠢᠯᠳᠦᠭᠦᠯᠵᠦ᠍᠂ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠵᠢᠭᠠᠨ ᠰᠤᠷᠭᠠᠬᠤ ᠴᠢᠳᠠᠪᠤᠷᠢ ᠪᠠ ᠬᠢᠷᠢ ᠲᠦᠪᠱᠢᠨ᠎ᠢ ᠢᠯᠡᠳᠲᠡ ᠳᠡᠭᠡᠭ᠌ᠰᠢᠯᠡᠭᠦᠯᠪᠡ᠃ 《3 ᠵᠢᠯ ᠎ᠦᠨ ᠲᠤᠷᠰᠢ᠂ ᠰᠤᠷᠭᠠᠭᠤᠯᠢ᠎ᠡᠴᠡ ᠨᠡᠢᠲᠡ 10 ᠲᠦᠮᠡᠨ ᠲᠥᠭᠥᠷᠢᠭ᠎ᠦᠨ ᠵᠠᠷᠤᠳᠠᠯ ᠣᠷᠣᠭᠤᠯᠵᠤ᠂ ᠲᠤᠮᠢᠯᠠᠭᠰᠠᠨ ᠪᠠᠭ᠍ᠰᠢ ᠨᠢ 280 ᠭᠠᠷᠤᠶ ᠬᠥᠮᠦᠨ ᠤᠳᠠᠭ᠎ᠠ ᠪᠠᠢᠵᠤ ᠡᠯ᠎ᠡ ᠱᠠᠲᠤᠨ᠎ᠤ ᠪᠣᠯᠪᠠᠰᠤᠷᠠᠯ᠎ᠳᠤ ᠣᠷᠣᠯᠴᠠᠭᠤᠯᠵᠠᠶ》 ᠭᠡᠵᠦ᠍ ᠳᠡᠳ᠋ ᠵᠠᠬᠢᠷᠤᠯ ᠣᠤ ᠭᠸ ᠶᠢᠦ ᠲᠠᠨᠢᠯᠴᠠᠭᠤᠯᠪᠠ᠃

ᠣᠳᠣᠬᠠᠨ᠎ᠳᠤ᠂ ᠲᠤᠰ ᠰᠤᠷᠭᠠᠭᠤᠯᠢ ᠨᠢᠭᠡᠨᠲᠡ ᠪᠦᠬᠦ ᠬᠢᠴᠢᠶᠡᠯ ᠲᠦᠷᠦᠯ ᠢ᠋ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠵᠢᠡᠷ ᠬᠢᠴᠢᠶᠡᠯᠯᠡᠬᠦ᠌᠎ᠶ᠋ᠢ ᠪᠡᠶᠡᠯᠡᠭᠦᠯᠪᠡ᠃

《ᠪᠢᠳᠡ ᠭᠠᠷᠠᠭ ᠪᠦᠷᠢ ᠲᠤᠰᠭᠠᠢ ᠬᠢᠴᠢᠶᠡᠯ᠎ᠦᠨ ᠭᠡᠷ᠎ᠲᠦ ᠬᠡᠯᠡ ᠪᠢᠴᠢᠭ ᠪᠠ ᠶᠣᠰᠣ ᠰᠤᠷᠳᠠᠬᠤᠨ ᠬᠢᠭᠡᠳ ᠬᠠᠤᠯᠢ ᠪᠡᠷ ᠵᠠᠰᠠᠬᠤ ᠬᠢᠴᠢᠶᠡᠯ᠎ᠦᠨ ᠵᠢᠭᠠᠨ ᠰᠤᠷᠭᠠᠯᠲᠠ ᠥᠷᠨᠢᠭᠦᠯᠵᠦ᠍᠂ ᠨᠢᠭᠡᠳᠦᠯᠲᠡᠢ ᠨᠠᠢᠷᠠᠭᠤᠯᠤᠨ ᠪᠡᠯᠡᠳᠬᠡᠭᠰᠡᠨ ᠬᠢᠴᠢᠶᠡᠯ᠎ᠦᠨ ᠱᠢᠰᠲ᠋ᠧᠮ᠎ᠢ ᠠᠱᠢᠭ᠍ᠯᠠᠨ ᠤᠷᠠᠨ ᠲᠣᠳᠣ ᠤᠩᠱᠢᠵᠤ ᠱᠢᠯᠭᠠᠨ ᠦᠨᠡᠯᠡᠬᠦ᠌᠂ ᠬᠢᠲᠠᠳ ᠦᠰᠦᠭ᠎ᠢ ᠰᠣᠨᠣᠰᠴᠤ᠌ ᠪᠢᠴᠢᠬᠦ᠌ ᠵᠡᠷᠭᠡ ᠰᠣᠨᠢᠷᠬᠠᠯᠲᠠᠢ ᠠᠵᠢᠯᠯᠠᠭ᠎ᠠ ᠥᠷᠨᠢᠭᠦᠯᠵᠦ᠍᠂ ᠰᠤᠷᠤᠭ᠍ᠴᠢᠳ᠎ᠤᠨ ᠰᠤᠷᠤᠯᠴᠠᠬᠤ ᠬᠠᠯᠠᠭᠤᠨ ᠰᠡᠳᠭᠢᠯᠭᠡ᠎ᠶ᠋ᠢ ᠪᠦᠲᠦᠮᠵᠢᠲᠡᠢ ᠬᠥᠭ᠌ᠵᠢᠭᠡᠵᠠᠢ》 ᠭᠡᠵᠦ ᠬᠡᠯᠡ ᠪᠢᠴᠢᠭ᠎ᠦᠨ ᠬᠢᠴᠢᠶᠡᠯ ᠲᠦᠷᠦᠯ ᠤ᠋ᠨ ᠡᠷᠬᠢᠯᠡᠭ᠌ᠴᠢ ᠴᠢᠦᠶ ᠵᠢᠩ ᠬᠤᠸᠠ ᠲᠠᠨᠢᠯᠴᠠᠭᠤᠯᠪᠠ᠃

ᠡᠭᠦᠨ᠎ᠡᠴᠡ ᠭᠠᠳᠠᠨ᠎ᠠ᠂ ᠲᠤᠰ ᠰᠤᠷᠭᠠᠭᠤᠯᠢ᠎ᠨᠢ ᠤᠷᠠᠨ ᠪᠢᠴᠢᠯᠭᠡ᠂ ᠤᠩᠱᠢᠯᠭ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠬᠥᠲᠥᠯᠥᠭ᠌ᠴᠢ ᠵᠡᠷᠭᠡ ᠪᠦᠯᠬᠦᠮ ᠨᠡᠢᠲᠡ᠎ᠶ᠋ᠢ ᠡᠷᠭᠢᠯᠡᠵᠦ᠍᠂ ᠵᠢᠯ ᠪᠦᠷᠢ 《ᠨᠡᠢᠳᠡᠯᠢᠭ ᠬᠡᠯᠡ ᠵᠢ ᠲᠦᠭᠡᠮᠡᠯᠵᠢᠭᠦᠯᠬᠦ᠌ ᠭᠠᠷᠠᠭ》 ᠢ᠋ ᠦᠷᠨᠢᠭᠦᠯᠵᠦ᠂《ᠰᠣᠩᠭᠣᠳᠠᠭ ᠪᠦᠲᠦᠭᠡᠯ ᠤ᠋ᠨ ᠤᠩᠱᠢᠯᠭ᠎ᠠ᠎ᠶ᠋ᠢᠨ ᠤᠷᠤᠯᠳᠤᠭᠠᠨ》᠂ 《ᠬᠤᠨ ᠭᠠᠯᠠᠭᠤ ᠵᠠᠬᠢᠳᠠᠯ ᠬᠦᠷᠭᠡᠯ᠎ᠡ 》 ᠵᠡᠷᠭᠡ ᠠᠵᠢᠯᠯᠠᠭ᠎ᠠ᠎ᠶ᠋ᠢ 10 ᠭᠠᠷᠤᠶ ᠲᠠᠯᠠᠪᠠᠶ ᠡᠷᠭᠢᠯᠡᠵᠦ᠍ ᠂ 4 ᠵᠢᠯ ᠳᠠᠷᠠᠭᠠᠯᠠᠨ ᠪᠠᠭ᠍ᠰᠢ ᠰᠤᠷᠤᠭ᠍ᠴᠢᠳ᠎ᠤᠨ《ᠤᠩᠱᠢᠬᠤ ᠳᠤᠷᠠᠲᠠᠶ》 ᠨᠣᠮ ᠤᠩᠱᠢᠬᠤ ᠠᠵᠢᠯᠯᠠᠭ᠎ᠠ ᠥᠷᠨᠢᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠩᠭᠣᠳᠠᠭ ᠨᠠᠷᠠᠲᠤ ᠪᠦᠲᠦᠭᠡᠯ᠎ᠦᠨ ᠤᠩᠱᠢᠯᠭ᠎ᠠ᠎ᠶ᠋ᠢᠨ ᠠᠵᠢᠯᠯᠠᠭ᠎ᠠ᠎ᠶ᠋ᠢᠨ ᠱᠢᠯᠢᠳᠡᠭ ᠵᠣᠬᠢᠶᠠᠨ ᠪᠠᠢᠭᠤᠯᠬᠤ ᠨᠢᠭᠡᠴᠢ》 ᠪᠠᠷ ᠦᠨᠡᠯᠡᠭ᠌ᠳᠡᠪᠡ᠃ 《ᠲᠤᠮᠳᠠᠳᠤ ᠵᠢᠨ ᠰᠤᠶᠤᠯ ᠢ᠋ ᠤᠯᠠᠮᠵᠢᠯᠠᠨ ᠵᠠᠯᠭᠠᠮᠵᠢᠯᠠᠶ᠎ᠠ》 ᠭᠣᠣᠯ ᠰᠡᠳᠦᠪᠲᠦ ᠨᠣᠮ ᠤᠩᠱᠢᠬᠤ ᠠᠵᠢᠯᠯᠠᠭ᠎ᠠ ᠨᠢ ᠭᠡᠷ ᠪᠦᠯᠢ ᠰᠤᠷᠭᠠᠭᠤᠯᠢ ᠨᠡᠢᠭᠡᠮ ᠬᠣᠯᠪᠣᠭᠠᠯᠠᠨ ᠬᠥᠳᠡᠯᠦᠯᠴᠡᠬᠦ᠌᠎ᠶ᠋ᠢ ᠪᠡᠶᠡᠯᠡᠭᠦᠯᠵᠦ᠍᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠤᠯᠴᠠᠨ ᠳᠡᠯᠭᠡᠷᠡᠭᠦᠯᠵᠦ᠍ ᠲᠦᠭᠡᠮᠡᠯᠵᠢᠭᠦᠯᠬᠦ᠌ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠ᠃ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠠᠵᠢᠯᠯᠠᠭ᠎ᠠ᠂ 《ᠤᠯᠤᠰ ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ》ᠤ᠋ᠨ ᠬᠢᠴᠢᠶᠡᠯ ᠎ᠦᠨ ᠲᠠᠩᠬᠢᠮ᠎ᠤᠨ ᠦᠵᠡᠭᠦᠯᠭᠡ ᠵᠡᠷᠭᠡ᠎ᠪᠡᠷ ᠳᠠᠮᠵᠢᠭᠤᠯᠤᠨ᠂ ᠰᠤᠷᠤᠭ᠍ᠴᠢᠳ᠎ᠲᠤ ᠳᠤᠮᠳᠠᠳᠤ᠎ᠶ᠋ᠢᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠰᠣᠯᠢᠯᠴᠠᠭᠠᠨ᠎ᠤ ᠳᠤᠮᠳᠠ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠣᠢᠯᠠᠭᠠᠭᠤᠯᠬᠤ ᠪᠣᠯᠤᠨ᠎ᠠ᠃

ᠯᠠᠪᠳᠠᠭᠤᠨ ᠪᠠᠲᠤᠲᠠᠶ ᠦᠶ᠋ᠯᠡᠳᠦᠯᠭᠡ ᠡᠴᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠲᠣᠰ ᠰᠤᠷᠭᠠᠭᠤᠯᠢ᠎ᠨᠢ ᠤᠷᠢᠳ ᠬᠣᠵᠢᠳ 《ᠪᠥᠬᠥ᠌ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠎ᠢ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ》᠂ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠦᠨ ᠬᠥᠯᠥᠨ ᠪᠣᠢᠷ ᠬᠣᠲᠠ᠎ᠶ᠋ᠢᠨ ᠲᠠᠰ᠎ᠤᠨ ᠵᠢᠱ᠌ᠢᠶ᠎ᠡ ᠦᠵᠡᠭᠦᠯᠬᠦ᠌ ᠰᠤᠷᠭᠠᠭᠤᠯᠢ》 ᠵᠡᠷᠭᠡ 20 ᠭᠠᠷᠤᠶ ᠤᠯᠤᠰ ᠵᠢᠴᠢ ᠮᠤᠵᠢ ᠬᠣᠲᠠ᠎ᠶ᠋ᠢᠨ ᠲᠠᠰ᠎ᠤᠨ ᠢᠷᠠᠭᠤ ᠠᠯᠳᠠᠷ᠎ᠢ ᠭᠥᠷᠳᠡᠪᠡ᠃

ᠡᠸᠡᠩᠬᠢ ᠦᠨᠳᠦᠰᠦᠲᠡᠨ ᠎ᠦ ᠥᠪᠡᠷᠲᠡᠭᠡᠨ ᠵᠠᠰᠠᠬᠤ ᠬᠣᠱᠢᠭᠤᠨ᠎ᠤ ᠨᠢᠭᠡᠳᠦᠭᠡᠷ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠬᠡᠯᠪᠡᠷᠢ᠎ᠪᠡᠨ ᠬᠤᠪᠢᠷᠠᠭᠤᠯᠤᠭ᠍ᠰᠠᠨ ᠦᠢᠯᠡᠳᠦᠯᠭᠡ ᠨᠢ ᠲᠠᠯ᠎ᠠ ᠨᠤᠲᠤᠭ᠎ᠤᠨ ᠭᠦᠨ᠎ᠳᠡᠬᠢ ᠬᠡᠦᠬᠡᠳ᠎ᠦᠳ᠎ᠲᠦ ᠨᠡᠩ ᠥᠷᠭᠡᠨ ᠠᠭᠤᠳᠠᠮ ᠢᠷᠡᠭᠡᠳᠦᠢ᠎ᠳᠦ ᠨᠡᠪᠲᠡᠷᠡᠬᠦ᠌ ᠪᠠᠲᠤ ᠪᠡᠬᠢ ᠵᠠᠮ᠎ᠢ ᠳᠡᠪᠢᠰᠴᠦ᠍᠂ ᠲᠡᠳᠡᠨᠡᠷ᠎ᠢ ᠳᠤᠮᠳᠠᠳᠤ᠎ᠶ᠋ᠢᠨ ᠰᠣᠶᠣᠯ᠎ᠤᠨ ᠦᠩ ᠱᠢᠮᠡᠯᠢᠭ ᠬᠥᠷᠥᠰᠥᠨ᠎ᠳᠦ ᠢᠳᠡᠷᠡᠭᠦᠨ᠎ᠢᠶᠡᠷ ᠦᠰᠦᠨ ᠪᠣᠢᠵᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面