2025-06-15 11:09:27
ᠦᠭᠡ ᠬᠡᠯᠡ ᠨᠡᠪᠲᠡᠷᠡᠯᠴᠡᠬᠦ᠌ ᠪᠣᠯ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠰᠣᠶᠣᠯ ᠤ᠋ᠨ ᠰᠠᠭᠤᠷᠢ ᠮᠥᠨ; ᠦᠰᠦᠭ ᠪᠢᠴᠢᠭ ᠤ᠋ᠨ ᠵᠢᠷᠤᠮᠵᠢᠯ ᠪᠣᠯ ᠣᠷᠣᠨ ᠪᠦᠰᠡ ᠵᠢᠨ ᠬᠥᠭ᠌ᠵᠢᠯᠲᠡ ᠵᠢᠨ ᠪᠣᠯᠪᠠᠰᠤᠨ ᠤ᠋ ᠬᠣᠯᠪᠣᠭᠠᠰᠤ ᠮᠥᠨ᠃ ᠤᠢ᠍ᠢᠷᠠ ᠵᠢᠨ ᠵᠢᠯᠳ᠋ᠦ᠂ ᠪᠤᠭᠤᠲᠤ ᠵᠢᠨ ᠵᠢᠦᠶᠤᠸᠠᠨ ᠲᠣᠭᠣᠷᠢᠭ ᠢᠮᠠᠭ᠍ᠲᠠ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠢ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢᠨ ᠪᠦᠬᠦ᠌ ᠲᠠᠯ᠎ᠠ ᠳ᠋ᠦ ᠣᠷᠣᠭᠤᠯᠵᠤ᠂ ᠤᠨᠢᠨ ᠳᠡᠭᠡᠷ᠎ᠡ ᠨᠢ ᠪᠣᠯᠪᠠᠰᠤᠷᠠᠭᠤᠯᠬᠤ᠂ ᠦᠢᠯᠡᠳᠦᠯᠭᠡ ᠪᠡᠷ ᠴᠢᠳᠠᠪᠤᠷᠢ ᠣᠯᠭᠣᠬᠤ ᠵᠡᠷᠭᠡ ᠤᠯᠠᠨ ᠡᠰᠢᠳᠦ ᠠᠷᠭ᠎ᠠ ᠵᠠᠮ ᠵᠢᠡᠷ ᠦᠨᠳᠦᠰᠦᠨ ᠱᠠᠲᠤᠨ ᠤ᠋ ᠺᠠᠳ᠋ᠷ᠂ ᠵᠠᠯᠠᠭᠤ ᠢᠳᠡᠷ ᠬᠥᠳᠡᠯᠮᠦᠷᠢ ᠬᠦᠴᠦᠨᠦ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨᠦ ᠴᠢᠳᠠᠪᠤᠷᠢ ᠵᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠠᠮᠢᠵᠢᠷᠠᠯ ᠤ᠋ᠨ ᠬᠦᠴᠦᠨ ᠨᠡᠮᠡᠷᠢᠯᠡᠵᠠᠢ᠃
《ᠥᠨᠥᠳᠦᠷ ᠪᠦᠯᠬᠦᠮ ᠤ᠋ᠨ ᠨᠥᠬᠥᠳ ᠲᠠᠢᠪᠡᠨ ᠤᠷᠤᠯᠳᠤᠭᠠᠨ ᠤ᠋ ᠳᠤᠮᠳᠠ ᠤᠬᠠᠭᠠᠨ ᠵᠢᠡᠨ ᠣᠯᠣᠯᠴᠠᠵᠤ᠂ ᠬᠤᠷᠴᠠ ᠰᠢᠷᠦᠬᠦᠨ ᠦᠷᠢᠰᠦᠯᠳᠦᠭᠡᠨ ᠢ᠋ ᠳᠠᠮᠵᠢᠨ ᠬᠠᠨᠤᠮᠵᠢᠲᠠᠶ ᠬᠢᠷᠢ ᠪᠦᠲᠦᠮᠵᠢ ᠣᠯᠵᠠᠶ᠂ ᠡᠨᠡ ᠨᠢ ᠪᠢᠳᠡᠨᠦ ᠬᠣᠢᠱᠢᠳᠠ ᠵᠢᠨ ᠡᠳᠦᠷ ᠲᠤᠲᠤᠮ ᠤ᠋ᠨ ᠠᠮᠢᠳᠤᠷᠠᠯ ᠳᠤᠮᠳᠠ ᠪᠡᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠰᠠᠢᠲᠤᠷ ᠰᠤᠷᠤᠯᠴᠠᠬᠤ ᠵᠢ ᠨᠠᠩ ᠤᠷᠮᠠᠰᠢᠭᠤᠯᠤᠨ ᠵᠣᠷᠢᠭ᠍ᠵᠢᠭᠤᠯᠵᠠᠢ》 ᠭᠡᠵᠦ ᠤᠷᠤᠯᠳᠤᠭᠠᠨ ᠳ᠋ᠦ ᠣᠷᠣᠯᠴᠠᠭ᠍ᠰᠠᠳ ᠰᠡᠳᠭᠢᠯ ᠳᠣᠭ᠍ᠳᠣᠯᠤᠨ ᠬᠡᠯᠡᠨ᠎ᠠ᠃
ᠲᠦᠷᠦᠭᠦᠬᠡᠨ᠂ ᠪᠤᠭᠤᠲᠤ ᠬᠣᠲᠠ ᠵᠢᠨ ᠰᠤᠷᠭᠠᠨ ᠬᠥᠮᠦᠵᠢᠯ ᠤ᠋ᠨ ᠲᠣᠪᠴᠢᠶ᠎ᠠ ᠡᠴᠡ ᠭᠤᠤᠯᠯᠠᠨ ᠡᠷᠭᠢᠯᠡᠵᠦ᠍᠂ ᠵᠢᠦᠶᠤᠸᠠᠨ ᠲᠣᠭᠣᠷᠢᠭ ᠤ᠋ᠨ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠵᠥᠪᠯᠡᠯ ᠤ᠋ᠨ ᠠᠯᠪᠠᠨ ᠬᠡᠷᠡᠴᠡ ᠳᠠᠭᠠᠭᠠᠴᠢᠯᠠᠨ ᠡᠷᠭᠢᠯᠡᠭ᠌ᠰᠡᠨ 《ᠤᠯᠤᠰ ᠤ᠋ᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠵᠦ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠨ᠎ᠠ》 ᠦᠨᠳᠦᠰᠦᠨ ᠱᠠᠲᠤᠨ ᠤ᠋ ᠺᠠᠳ᠋ᠷ᠂ ᠵᠠᠯᠠᠭᠤ ᠢᠳᠡᠷ ᠬᠥᠳᠡᠯᠮᠦᠷᠢ ᠬᠦᠴᠦᠨᠦ ᠮᠡᠳᠡᠯᠭᠡ ᠵᠢᠨ ᠤᠷᠤᠯᠳᠤᠭᠠᠨ ᠠᠮᠵᠢᠯᠲᠠᠲᠠᠶ ᠶᠠᠪᠤᠭᠳᠠᠵᠦ᠂ ᠪᠥᠬᠥ᠌ ᠬᠣᠲᠠ ᠵᠢᠨ 10 ᠲᠥᠯᠥᠭᠡᠯᠡᠭ᠌ᠴᠢᠳ ᠤ᠋ᠨ ᠠᠡᠭᠬᠢᠵᠢᠨ ᠬᠢᠨ ᠨᠢᠭᠡ ᠲᠠᠩᠬᠢᠮ ᠳ᠋ᠦ ᠴᠤᠭ᠍ᠯᠠᠷᠠᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠵᠢᠷᠤᠮᠵᠢᠭᠤᠯᠤᠨ ᠬᠡᠷᠡᠭ᠌ᠯᠡᠬᠦ᠌ ᠪᠡᠷ ᠭᠤᠤᠯ ᠪᠣᠯᠭᠠᠭ᠍ᠰᠠᠨ ᠱᠢᠷᠦᠭᠦᠨ ᠥᠷᠢᠰᠥᠯᠳᠦᠭᠡᠨ ᠢ᠋ ᠥᠷᠨᠢᠭᠦᠯᠪᠡ᠃ ᠵᠢᠤᠶᠤᠸᠠᠠ ᠲᠣᠭᠣᠷᠢᠭ ᠤ᠋ᠨ ᠲᠥᠯᠥᠭᠡᠯᠡᠭ᠌ᠴᠢᠳ ᠤ᠋ᠨ ᠠᠩᠭᠢ ᠵᠢᠨ 3 ᠤᠷᠤᠯᠳᠤᠭᠠᠨ ᠳ᠋ᠦ ᠤᠷᠤᠯᠴᠠᠭᠰᠠᠳ ᠯᠠᠪᠳᠠᠭᠤᠨ ᠲᠣᠭ᠍ᠲᠠᠭᠤᠨ ᠵᠢᠡᠷ ᠤᠷ᠎ᠠ ᠴᠢᠳᠠᠪᠤᠷᠢ ᠪᠡᠨ ᠪᠠᠳᠠᠷᠠᠭᠤᠯᠤᠨ᠂ ᠡᠴᠦᠰᠲᠡᠬᠡᠨ ᠯᠠᠪᠳᠠᠭᠤᠨ ᠪᠠᠳᠤᠳᠠᠢ ᠦᠭᠡ ᠬᠡᠯᠡᠨ᠎ᠦ ᠦᠨᠳᠦᠰᠦᠨ ᠪᠤᠯᠪᠠᠰᠤᠷᠠᠯ ᠪᠤᠯᠤᠨ ᠲᠤᠬᠠᠢ ᠵᠢᠨ ᠲᠠᠯᠠᠪᠤᠷ ᠤ᠋ᠨ ᠠᠷᠭᠠᠴᠠᠭᠠᠬᠤ ᠴᠢᠳᠠᠪᠤᠷᠢᠪᠠᠷ ᠵᠢᠡᠨ ᠨᠢᠭᠡᠳᠦᠭᠡᠷ ᠳᠡᠰ ᠤ᠋ᠨ ᠱᠠᠩᠨᠠᠯ ᠬᠦᠷᠲᠡᠪᠡ᠃ ᠡᠨᠡ ᠬᠦ᠌ ᠬᠢᠷᠢ ᠪᠦᠲᠦᠮᠵᠢ ᠨᠢ ᠪᠦᠯᠬᠦᠮ ᠨᠡᠢᠲᠡ ᠵᠢᠨ ᠦᠭᠡ ᠬᠡᠯᠡᠨ᠎ᠦ ᠬᠡᠪ ᠪᠣᠯᠪᠠᠰᠤᠷᠠᠯ ᠢ᠋ ᠢᠯᠡᠷᠡᠭᠦᠯᠦᠭ᠌ᠰᠡᠨ ᠵᠢᠡᠷ ᠪᠠᠷᠠᠬᠤ ᠥᠬᠡᠶ᠂ ᠨᠠᠩ ᠴᠤ᠌ ᠵᠢᠦᠶᠤᠸᠠᠨ ᠲᠤᠭᠤᠷᠢᠭ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠢᠬᠤ ᠵᠢ ᠬᠠᠷᠠᠭᠤᠯᠵᠠᠢ᠃ ᠤᠷᠤᠯᠳᠤᠭᠠᠨ ᠬᠡᠳᠦᠢᠪᠡᠷ ᠥᠨᠳᠥᠷᠯᠡᠭ᠌ᠰᠡᠨ ᠪᠣᠯᠪᠠᠴᠤ᠌ ᠵᠢᠦᠶᠤᠸᠠᠨ ᠲᠣᠭᠣᠷᠢᠭ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠵᠢᠡᠷ ᠦᠨᠳᠦᠰᠦᠨ ᠱᠠᠲᠤᠨ ᠤ᠋ ᠵᠠᠰᠠᠯᠲᠠ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠠᠬᠢᠭᠤᠯᠬᠤ ᠳ᠋ᠦ ᠴᠢᠳᠠᠪᠤᠷᠢ ᠤᠯᠭᠤᠬᠤ ᠦᠢᠯᠡᠳᠦᠯᠭᠡ ᠮᠥᠨ ᠬᠦ᠌ ᠦᠷᠭᠦᠯᠵᠢᠯᠡᠭᠰᠡᠭᠡᠷ ᠪᠠᠢᠨ᠎ᠠ᠃
ᠵᠢᠤᠶᠤᠸᠠᠠ ᠲᠣᠭᠣᠷᠢᠭ ᠤ᠋ᠨ ᠠᠭᠠᠷᠤᠳᠠᠢ ᠰᠤᠮᠤ ᠵᠢᠨ ᠠᠭᠠᠷᠤᠲᠠᠢ ᠭᠠᠴᠠᠭ᠎ᠠ ᠳ᠋ᠦ ᠬᠦᠷᠤᠬᠦᠯᠠᠷ᠂ ᠠᠰᠠᠷ ᠳᠠᠭᠳᠤ ᠵᠢᠭ᠌ᠳᠡᠷᠡᠨ᠂ ᠠᠢᠯ ᠲᠣᠰᠭᠣᠨ ᠤ᠋ ᠣᠷᠴᠢᠨ ᠲᠣᠭᠣᠷᠢᠨ ᠮᠠᠰᠢ ᠲᠠᠭᠠᠯᠠᠮᠵᠢᠲᠠᠢ ᠪᠠᠢᠯ᠎ᠠ᠃ ᠰᠠᠶᠢᠬᠠᠨ ᠨᠡᠢᠲᠡᠯᠡᠭ᠌ᠰᠡᠨ ᠳᠣᠯᠣᠳᠤᠭᠠᠷ ᠬᠤᠭᠤᠴᠠᠭᠠᠨ ᠤ᠋ ᠪᠥᠬᠥ᠌ ᠤᠯᠤᠰ ᠤ᠋ᠨ ᠪᠣᠯᠪᠠᠰᠤᠨ ᠲᠣᠰᠭᠣᠨ ᠪᠠᠯᠭᠠᠰᠤ ᠵᠢᠨ ᠨᠡᠷᠡᠰ ᠤ᠋ᠨ ᠵᠢᠭ᠍ᠰᠠᠭᠠᠯᠲᠠ ᠳ᠋ᠦ ᠠᠭᠠᠷᠤᠳᠠᠢ ᠭᠠᠴᠠᠭ᠎ᠠ ᠲᠣᠳᠣᠷᠠᠭ᠍ᠰᠠᠨ ᠪᠦᠭᠡᠳ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨᠦ ᠬᠡᠷᠡᠭ ᠡᠷᠭᠢᠯᠡᠬᠦ᠌ ᠵᠥᠪᠯᠡᠯ ᠤ᠋ᠨ ᠲᠦᠷᠦᠬᠦᠤ ᠪᠦᠯᠦᠭᠤᠨ 《ᠡᠶ᠎ᠡ ᠨᠠᠢᠷᠠᠮᠳᠠᠭᠤ ᠬᠥᠳᠡᠭᠡ ᠲᠣᠰᠭᠣᠨ ᠤ᠋ ᠲᠤᠷᠱᠢᠯᠲᠠ ᠵᠢᠨ ᠴᠡᠭ 》ᠵᠢᠡᠷ ᠰᠣᠩᠭᠣᠭ᠍ᠳᠠᠭᠰᠠᠨ ᠪᠠᠢᠨ᠎ᠠ᠃ ᠡᠨᠡ ᠬᠦ᠌ ᠵᠥᠪᠬᠡᠨ 377 ᠬᠥᠮᠦᠨ ᠲᠠᠢ ᠵᠢᠵᠢᠭ ᠭᠠᠴᠠᠭ᠎ᠠ ᠵᠢᠨ ᠬᠠᠮᠲᠤ ᠵᠢᠨ ᠵᠢᠯ ᠤ᠋ᠨ ᠣᠷᠣᠯᠭ᠎ᠠ ᠨᠢ 1140 ᠲᠦᠮᠡᠨ ᠲᠥᠭᠥᠷᠢᠭ ᠢ᠋ ᠳᠠᠪᠠᠵᠤ᠂ ᠬᠥᠮᠦᠨ ᠳᠤᠮᠳᠠᠴᠢ ᠵᠢᠨ ᠵᠢᠯ ᠤ᠋ᠨ ᠣᠷᠣᠯᠭ᠎ᠠ ᠨᠢ ᠪᠠᠷᠤᠭ 2.8 ᠲᠦᠮᠡᠨ ᠲᠥᠭᠥᠷᠢᠭ ᠲᠣ᠌ ᠬᠦᠷᠴᠡᠶ᠂ ᠪᠥᠬᠥ᠌ ᠴᠠᠷᠠᠭᠠᠨ ᠤ᠋ ᠵᠢᠭᠤᠯᠴᠢᠯᠠᠯ ᠤ᠋ᠨ ᠬᠥᠭ᠌ᠵᠢᠯᠲᠡ ᠵᠢᠨ ᠰᠡᠳᠭᠢᠴᠡ ᠪᠡᠷ ᠲᠣᠰ ᠭᠠᠴᠠᠭ᠎ᠠ ᠨᠢ ᠬᠥᠳᠡᠭᠡ ᠠᠵᠦ ᠠᠬᠤᠢ ᠰᠣᠶᠣᠯ ᠵᠢᠭᠤᠯᠴᠢᠯᠠᠯ ᠤ᠋ᠨ ᠠᠭᠤᠰᠤᠯᠴᠠᠭ᠍ᠰᠠᠨ ᠬᠥᠳᠡᠭᠡ ᠲᠣᠰᠭᠣᠨ ᠤ᠋ ᠶᠡᠷᠦᠩᠬᠡᠢᠯᠡᠭ᠌ᠰᠡᠨ ᠴᠣᠭ᠍ᠴᠠ ᠵᠢ ᠪᠠᠢᠭᠤᠯᠵᠤ᠂ ᠵᠢᠯ ᠳᠤᠮᠳᠠᠴᠢᠪᠠᠷ 15 ᠲᠦᠮᠡᠨ ᠬᠥᠮᠦᠨ ᠤᠳᠠᠭ᠎ᠠ ᠵᠢᠨ ᠵᠢᠭᠤᠯᠴᠢᠯᠠᠭᠴᠢᠵᠢ ᠭᠥᠯᠢᠶᠡᠨ ᠠᠪᠴᠠᠶ᠃
ᠠᠭᠠᠷᠤᠳᠠᠢ ᠭᠠᠴᠠᠭᠠᠨ ᠤ᠋ ᠨᠠᠮ ᠤ᠋ᠨ ᠡᠭᠦᠷ ᠤ᠋ᠨ ᠳᠡᠳ᠋ ᠱᠦᠵᠢ ᠮᠡᠷᠭᠡᠨ ᠰᠤᠷᠪᠤᠯᠵᠢᠯᠠᠭ᠍ᠴᠢ ᠳ᠋ᠦ ᠲᠤᠬᠠᠢ ᠵᠢᠨ ᠭᠠᠵᠠᠷ ᠵᠢᠡᠨ ᠬᠡᠷᠬᠢᠨ ᠪᠠᠶᠠᠵᠢᠭᠤᠯᠤᠭᠰᠠᠨ ᠲᠤᠬᠠᠢ ᠶᠠᠷᠢᠬᠤ ᠳ᠋ᠠᠭᠠᠨ᠂ ᠲᠤᠬᠠᠢ ᠵᠢᠨ ᠭᠠᠵᠠᠷ ᠤ᠋ᠨ ᠬᠥᠭ᠌ᠵᠢᠯᠲᠡ ᠨᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠲᠠᠢ ᠨᠢᠭ᠍ᠲᠠ ᠬᠣᠯᠪᠣᠭᠠᠲᠠᠶ ᠬᠡᠯ᠎ᠠ᠃ ᠠᠭᠠᠷᠤᠳᠠᠢ ᠭᠠᠴᠠᠭᠠᠨ ᠤ᠋ ᠤᠤᠭᠠᠨ ᠨᠠᠮ ᠤ᠋ᠨ ᠡᠭᠦᠷ ᠤ᠋ᠨ ᠱᠦᠵᠢ ᠨᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠢ᠋ ᠮᠠᠰᠢ ᠴᠢᠬᠤᠯᠠᠴᠢᠯᠠᠵᠤ᠂ ᠭᠠᠴᠠᠭᠠᠨ ᠤ᠋ ᠺᠠᠳ᠋ᠷ ᠢ᠋ ᠨᠡᠢᠲᠡᠯᠢᠭ ᠬᠡᠯᠡ ᠪᠡᠷ ᠶᠠᠷᠢᠬᠤ ᠬᠡᠷᠡᠭ᠌ᠲᠡᠶ ᠭᠡᠵᠦ᠍ ᠱᠠᠭᠠᠷᠳᠠᠪᠠ᠃ ᠡᠭᠦᠨᠦ ᠬᠠᠮᠲᠤ᠂ ᠭᠠᠴᠠᠭᠠᠨ ᠤ᠋ ᠬᠢᠨ ᠪᠠᠰᠠ ᠦᠷᠭᠦᠯᠵᠢ ᠭᠠᠴᠠᠭᠠᠨ ᠤ᠋ ᠠᠷᠠᠳ ᠢ᠋ ᠵᠣᠬᠢᠶᠠᠨ ᠪᠠᠢᠭᠤᠯᠵᠤ ᠨᠤᠮ ᠤᠩᠰᠢᠬᠤ ᠠᠵᠢᠯᠯᠠᠭ᠎ᠠ ᠥᠷᠨᠢᠭᠦᠯᠳᠡᠭ᠃ ᠶᠠᠭ ᠡᠢᠮᠦᠷᠬᠦᠦ ᠴᠢᠷᠮᠠᠢᠯᠭᠠᠪᠠᠷ ᠭᠠᠴᠠᠭᠠᠨ ᠤ᠋ ᠠᠷᠠᠳ ᠤ᠋ᠨ ᠨᠡᠢᠲᠡᠯᠢᠭ ᠬᠡᠯᠡᠨ᠎ᠦ ᠲᠦᠪᠱᠢᠨ ᠰᠠᠶᠢ ᠠᠯᠬᠤᠮ ᠠᠯᠬᠤᠮ ᠵᠢᠡᠷ ᠳᠡᠭᠡᠭ᠌ᠰᠢᠯᠡᠵᠦ᠍ ᠴᠢᠳᠠᠭ᠍ᠰᠠᠨ ᠪᠠᠢᠨ᠎ᠠ᠃
《ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠰᠤᠷᠤᠯᠴᠠᠬᠤ ᠨᠢ ᠪᠢᠳᠡᠨᠳᠦ ᠪᠠᠳᠤ ᠰᠠᠭᠤᠷᠢ ᠵᠢ ᠲᠠᠯᠪᠢᠨ ᠦᠭᠴᠤ᠂ ᠬᠥᠳᠡᠭᠡ ᠲᠣᠰᠭᠣᠨ ᠤ᠋ ᠠᠵᠤ ᠦᠢᠯᠡᠰ ᠢ᠋ ᠬᠥᠭ᠌ᠵᠢᠭᠦᠯᠬᠦ᠌ ᠰᠡᠳᠭᠢᠴᠡ ᠵᠢ ᠥᠷᠭᠡᠳᠭᠡᠭ᠌ᠰᠡᠨ ᠵᠢᠡᠷ ᠪᠠᠷᠠᠬᠤ ᠦᠭᠡᠢ᠂ ᠨᠡᠩ ᠴᠤ᠌ ᠥᠷᠭᠡᠨ ᠠᠭᠤᠳᠠᠮ ᠳᠡᠯᠡᠬᠡᠢ ᠶᠢᠷᠲᠢᠨᠴᠦ᠍ ᠵᠢ ᠤᠯᠵᠦ ᠬᠠᠷᠠᠭᠤᠯᠤᠨ᠎ᠠ》 ᠭᠡᠵᠦ᠍ ᠮᠡᠷᠭᠡᠨ ᠬᠡᠯᠡᠨ᠎ᠠ᠃
ᠨᠠᠩ ᠣᠯᠠᠨ ᠬᠥᠷᠥᠩᠭᠡ ᠪᠠ ᠮᠡᠷᠭᠡᠵᠢᠯ ᠢ᠋ ᠤᠷᠤᠭᠤᠯᠤᠨ ᠠᠪᠴᠢᠷᠠᠵᠤ ᠬᠥᠳᠡᠭᠡ ᠲᠣᠰᠭᠣᠨ ᠤ᠋ ᠪᠥᠲᠥᠭᠡᠨ ᠪᠠᠢᠭᠤᠯᠤᠯᠲᠠ ᠳ᠋ᠦ ᠣᠷᠣᠯᠴᠠᠭᠤᠯᠬᠤ ᠵᠢᠨ ᠲᠥᠯᠥᠭᠡ᠂ ᠠᠭᠠᠷᠤᠲᠠᠶ ᠭᠠᠴᠠᠭᠠᠵᠢᠨ ᠬᠢᠨ ᠭᠠᠴᠠᠭᠠᠨ ᠤ᠋ ᠠᠷᠠᠳ ᠤ᠋ᠨ ᠲᠥᠯᠥᠭᠡᠯᠡᠭ᠌ᠴᠢ ᠵᠢ ᠵᠣᠬᠢᠶᠠᠨ ᠪᠠᠢᠭᠤᠯᠵᠤ ᠰᠢ ᠠᠨ᠂ ᠨᠠᠨᠵᠢᠩ᠂ ᠰᠦᠵᠧᠦ᠂ ᠬᠥᠬᠡᠬᠣᠲᠠ ᠵᠡᠷᠭᠡ ᠬᠣᠲᠠ ᠳ᠋ᠦ ᠬᠦᠷᠴᠦ ᠱᠢᠨᠵᠢᠯᠡᠨ ᠪᠠᠢᠴᠠᠭᠠᠵᠤ᠂ ᠰᠣᠯᠢᠯᠴᠠᠭᠠᠨ ᠤ᠋ ᠳᠤᠮᠳᠠ ᠬᠥᠳᠡᠭᠡ ᠲᠣᠰᠭᠣᠨ ᠤ᠋ ᠠᠵᠤ ᠦᠶ᠋ᠯᠡᠰ ᠤ᠋ᠨ ᠬᠥᠭ᠌ᠵᠢᠯᠲᠡ ᠵᠢᠨ ᠲᠡᠷᠢᠭᠦᠨᠦ ᠣᠢᠯᠠᠭᠠᠭ᠍ᠳᠠᠬᠤᠨ ᠪᠠ ᠲᠤᠷᠱᠢᠯᠭ᠎ᠠ ᠵᠢ ᠰᠤᠷᠤᠯᠴᠠᠨ ᠲᠣᠯᠢᠯᠠᠵᠠᠶ᠃ ᠲᠤᠬᠠᠶ ᠵᠢᠨ ᠭᠠᠵᠠᠷ ᠤ᠋ᠨ ᠥᠪᠡᠷᠮᠢᠴᠡ ᠪᠠᠢᠭᠠᠯᠢ ᠵᠢᠨ ᠡᠬᠢ ᠪᠠᠶᠠᠯᠢᠭᠲᠠᠭᠠᠨ ᠲᠦᠱᠢᠭ᠌ᠯᠡᠵᠤ᠂ ᠠᠭᠠᠷᠤᠳᠠᠢ ᠭᠠᠴᠠᠭ᠎ᠠ ᠨᠢ ᠰᠡᠯᠡᠭᠦᠴᠡᠨ ᠲᠡᠭᠦᠬᠦ᠌᠂ ᠠᠷᠠᠳ ᠤ᠋ᠨ ᠪᠠᠭᠤᠳᠠᠯ ᠬᠡᠭᠡᠷ᠎ᠡ ᠪᠠᠭᠤᠳᠠᠯᠯᠠᠬᠤ᠂ ᠣᠨᠴᠠᠯᠢᠭ᠍ᠲᠤ ᠢᠳᠡᠭᠡᠨ ᠤᠮᠳᠠᠭᠠᠨ ᠵᠡᠷᠭᠡ ᠵᠢᠭᠤᠯᠴᠢᠯᠠᠯ ᠤ᠋ᠨ ᠠᠵᠤ ᠦᠶ᠋ᠯᠡᠰ ᠤ᠋ᠨ ᠬᠡᠯᠬᠢᠶᠡᠵᠢᠭ᠌ᠰᠡᠨ᠂ ᠲᠥᠷᠥᠯ ᠲᠡᠮᠳᠡᠭ᠌ᠵᠢᠭ᠌ᠰᠡᠨ ᠬᠥᠭ᠌ᠵᠢᠯᠲᠡ ᠵᠢ ᠢᠳᠡᠪᠬᠢᠲᠡᠶ ᠠᠬᠢᠭᠤᠯᠵᠤ᠂ ᠥᠪᠡᠷᠮᠢᠴᠡ ᠣᠨᠴᠠᠯᠢᠭᠳᠤ 《ᠠᠭᠠᠷᠤᠳᠠᠶ ᠵᠢᠨ ᠬᠥᠭ᠌ᠵᠢᠯᠲᠡ ᠵᠢᠨ ᠵᠠᠭ᠍ᠪᠤᠷ》 ᠢ᠋ ᠬᠠᠢᠨ ᠰᠦᠪᠡᠭᠴᠢᠯᠡᠭᠰᠡᠨ ᠪᠠᠢᠨ᠎ᠠ᠃
ᠠᠭᠠᠷᠤᠳᠠᠢ ᠭᠠᠴᠠᠭᠠᠨ ᠤ᠋ ᠬᠥᠭ᠌ᠵᠢᠯᠲᠡ ᠪᠣᠯ ᠵᠢᠦᠶᠤᠸᠠᠨ ᠲᠣᠭᠣᠷᠢᠭ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠮᠢᠳᠤᠯᠢᠭ ᠵᠢᠷᠤᠭ᠍ᠯᠠᠯ ᠮᠥᠨ᠃ ᠣᠢᠯᠠᠭᠠᠭ᠍ᠰᠠᠨ ᠵᠢᠡᠷ᠂ ᠳᠠᠷᠠᠭᠠᠴᠢ ᠵᠢᠨ ᠠᠯᠬᠤᠮ ᠳ᠋ᠦ᠂ ᠵᠢᠦᠶᠤᠸᠠᠨ ᠲᠣᠭᠣᠷᠢᠭᠤᠨ ᠬᠢᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠠᠷᠭ᠎ᠠ ᠵᠠᠮ ᠵᠢᠡᠨ ᠦᠷᠭᠦᠯᠵᠢᠯᠡᠨ ᠥᠷᠭᠡᠳᠭᠡᠵᠦ᠍᠂ ᠤᠯᠠᠨ ᠬᠡᠯᠪᠡᠷᠢ ᠵᠢᠨ ᠠᠵᠢᠯᠯᠠᠭ᠎ᠠ ᠥᠷᠨᠢᠭᠦᠯᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨᠦ ᠴᠢᠳᠠᠪᠤᠷᠢ ᠵᠢ ᠦᠨᠡᠨ ᠬᠦ᠌ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠦᠢᠯᠡᠴᠢᠯᠡᠬᠦ᠌ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠤᠷᠤᠨ ᠨᠤᠳᠤᠭ ᠤ᠋ᠨ ᠬᠥᠭ᠌ᠵᠢᠯᠲᠡᠳᠦ ᠠᠮᠢᠵᠢᠷᠠᠯ ᠤ᠋ᠨ ᠬᠦᠴᠦᠨ ᠨᠡᠮᠡᠷᠢᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃