2025-06-03 09:49:16
5 ᠰᠠᠷ᠎ᠠ᠎ᠶ᠋ᠢᠨ 21 ᠤ᠋ ᠡᠳᠦᠷ᠂ ᠱᠢᠯᠢᠩᠬᠣᠲᠠ᠎ᠶ᠋ᠢᠨ ᠳᠣᠯᠣᠳᠤᠭᠠᠷ ᠪᠠᠭ᠎ᠠ ᠰᠤᠷᠭᠠᠭᠤᠯᠢ ᠭᠤᠷᠪᠠᠳᠤᠭᠠᠷ ᠬᠤᠭᠤᠴᠠᠭᠠᠨ᠎ᠤ ᠬᠡᠷ᠎ᠦᠨ ᠠᠬᠠᠮᠠᠳ᠎ᠤᠨ ᠡᠳᠦᠷ᠎ᠦᠨ ᠠᠵᠢᠯᠯᠠᠭ᠎ᠠ ᠥᠷᠨᠢᠭᠦᠯᠬᠦ᠌ ᠪᠡᠷ ᠳᠠᠮᠵᠢᠨ᠂ ᠬᠡᠷ᠎ᠦᠨ ᠠᠬᠠᠮᠠᠳ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠵᠤ᠂ ᠰᠤᠷᠭᠠᠭᠤᠯᠢ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ ᠪᠠ ᠨᠤᠮ ᠤ᠋ᠨ ᠴᠠᠭᠠᠨ ᠪᠤᠶᠠᠨᠳᠤ ᠰᠤᠷᠭᠠᠭᠤᠯᠢ᠎ᠶ᠋ᠢᠨ ᠬᠦᠷᠢᠶᠡᠨ᠎ᠦ ᠣᠨᠴᠠᠯᠢᠭ᠎ᠲᠠᠶ ᠰᠤᠷᠭᠠᠭᠤᠯᠢ ᠡᠷᠭᠢᠯᠡᠬᠦ᠌ ᠵᠠᠭ᠍ᠪᠤᠷ ᠢ ᠭᠦᠨᠵᠡᠭᠡᠶ ᠣᠢᠯᠠᠭᠠᠭᠤᠯᠵᠤ᠂ ᠬᠡᠷ ᠪᠦᠯᠢ ᠪᠠ ᠰᠤᠷᠭᠠᠭᠤᠯᠢ᠎ᠶ᠋ᠢᠨ ᠨᠡᠪᠲᠡᠷᠡᠯᠴᠡᠭᠡ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠬᠡᠷ᠎ᠦᠨ ᠠᠬᠠᠮᠠᠳ᠎ᠲᠤ ᠬᠠᠷᠢᠯᠴᠠᠨ ᠰᠣᠯᠢᠯᠴᠠᠬᠤ᠂ ᠲᠤᠷᠱᠢᠯᠭ᠎ᠠ᠎ᠪᠠᠨ ᠬᠠᠮᠲᠤ᠎ᠪᠠᠷ ᠡᠳ᠋ᠯᠡᠬᠦ᠌ ᠲᠠᠪᠴᠠᠩ ᠬᠠᠩᠭᠠᠪᠠ᠃
《ᠤᠳᠤ ᠪᠢ ᠤᠯᠠᠨ᠎ᠢ ᠳᠠᠭᠠᠭᠤᠯᠤᠨ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠱᠤᠭᠤᠮ ᠢ ᠲᠠᠬᠢᠨ ᠡᠷᠭᠢᠴᠡᠭᠦᠯᠦᠶ᠎ᠡ ᠁》
ᠰᠤᠷᠭᠠᠭᠤᠯᠢ᠎ᠶ᠋ᠢᠨ ᠤᠯᠠᠭᠠᠨ ᠪᠥᠴᠡᠲᠡᠨ᠎ᠦ ᠲᠠᠢᠯᠪᠤᠷᠢᠯᠠᠭ᠍ᠴᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠪᠠᠷᠢᠮᠵᠢᠶ᠎ᠠ ᠰᠠᠢᠬᠠᠨ ᠲᠠᠢᠯᠤᠮᠵᠢ ᠬᠢᠵᠤ᠂ ᠨᠢᠭᠡ᠎ᠡᠴᠡ ᠵᠢᠷᠭᠤᠳᠤᠭᠠᠷ ᠣᠨ᠎ᠤ 140 ᠭᠠᠷᠤᠶ ᠬᠡᠷ᠎ᠦᠨ ᠠᠬᠠᠮᠠᠳ᠎ᠤᠨ ᠲᠥᠯᠥᠭᠡᠯᠡᠭ᠌ᠴᠢ᠎ᠡᠴᠡ ᠰᠤᠷᠭᠠᠭᠤᠯᠢ᠎ᠶ᠋ᠢᠨ ᠪᠠᠭᠠᠴᠤᠳ ᠤ᠋ᠨ ᠴᠡᠷᠢᠭ᠎ᠦᠨ ᠰᠤᠷᠭᠠᠭᠤᠯᠢ᠎ᠶ᠋ᠢᠨ ᠣᠨᠴᠠᠯᠢᠭ᠎ᠢᠶᠠᠷ ᠠᠴᠢᠶᠠᠯᠠᠪᠤᠷᠢ ᠪᠣᠯᠭᠠᠵᠤ᠂ ᠬᠡᠷ ᠪᠦᠯᠢ ᠪᠠ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ᠌ ᠣᠢᠯᠠᠭᠠᠭ᠍ᠳᠠᠬᠤᠨ᠎ᠢ ᠭᠦᠨᠵᠡᠭᠡᠢᠷᠡᠭᠦᠯᠬᠦ᠌ ᠲᠤᠬᠠᠶ ᠤᠯᠠᠮ ᠨᠢᠭᠡ ᠠᠯᠬᠤᠮ ᠣᠢᠯᠠᠭᠠᠯᠳᠠ ᠲᠠᠢ ᠪᠤᠯᠪᠠ᠃ ᠵᠢᠭᠠᠨ ᠰᠤᠷᠭᠠᠯᠲᠠ᠎ᠶ᠋ᠢᠨ ᠠᠰᠠᠷ᠎ᠤᠨ ᠳᠣᠲᠣᠷ᠎ᠠ ᠪᠠᠢᠭᠤᠯᠤᠭ᠍ᠰᠠᠨ ᠡᠷᠲᠡᠨ᠎ᠦ ᠤᠨᠴᠠᠯᠢᠭᠳᠤ ᠤᠯᠠᠮᠵᠢᠯᠠᠯᠲᠤ ᠰᠣᠶᠣᠯ᠎ᠤᠨ ᠤᠷᠲᠤ ᠭᠤᠳᠤᠮᠵᠢ ᠪᠠ ᠱᠢᠯᠦᠭ ᠳᠠᠭᠤᠯᠠᠯ᠎ᠤᠨ ᠰᠣᠶᠣᠯ᠎ᠤᠨ ᠤᠷᠲᠤ ᠭᠤᠳᠤᠮᠵᠢ ᠡᠴᠡ ᠰᠤᠷᠭᠠᠭᠤᠯᠢ᠎ᠶ᠋ᠢᠨ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠭᠤᠯᠬᠤ ᠵᠤᠷᠢᠭ ᠰᠠᠨᠠᠭ᠎ᠠ᠎ᠶ᠋ᠢ ᠭᠡᠷ᠎ᠦᠨ ᠠᠬᠠᠮᠠᠳ ᠱᠢᠭᠤᠳ ᠮᠡᠳᠡᠷᠡᠪᠡ᠃
《ᠮᠢᠨᠦ᠍ ᠦᠵᠡᠬᠦ᠌᠎ᠪᠡᠷ ᠬᠡᠦᠬᠡᠳ ᠤ᠋ᠳ ᠬᠠᠷᠠᠬᠠᠨ ᠪᠠᠭ᠎ᠠ᠎ᠡᠴᠡ ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠰᠤᠷᠬᠤ ᠨᠢ ᠮᠠᠰᠢ ᠴᠢᠬᠤᠯᠠ ᠶᠤᠮ᠂ ᠡᠨᠡ ᠨᠢ ᠰᠤᠷᠤᠭ᠍ᠴᠢᠳ᠎ᠤᠨ ᠬᠤᠪᠢ ᠬᠥᠮᠦᠨ᠎ᠦ ᠬᠥᠭ᠌ᠵᠢᠯᠲᠡ᠎ᠳᠦ ᠬᠣᠯᠪᠣᠭ᠍ᠳᠠᠬᠤ᠎ᠪᠠᠷ ᠪᠠᠷᠠᠬᠤ ᠦᠭᠡᠢ ᠪᠠᠰᠠ ᠴᠠᠭ ᠦᠶ᠎ᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠪᠣᠯᠤᠨ᠎ᠠ᠃ ᠬᠡᠦᠬᠡᠳ ᠤ᠋ᠳᠦᠨ ᠢᠷᠡᠭᠡᠳᠦᠶ᠎ᠳᠦ ᠰᠤᠷᠤᠯᠴᠠᠬᠤ᠂ ᠠᠵᠢᠯ ᠤᠯᠬᠤ᠂ ᠪᠥᠬᠥ᠌ ᠤᠯᠤᠰ᠎ᠤᠨ ᠴᠢᠨᠠᠷᠲᠠᠶ ᠨᠡᠢᠭᠡᠮ᠎ᠦᠨ ᠠᠵᠢᠯᠯᠠᠭ᠎ᠠ᠎ᠳᠤ ᠣᠷᠣᠯᠴᠠᠬᠤ ᠦᠶ᠎ᠡ᠎ᠳᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠤᠷᠤᠰᠤᠮ᠎ᠠ ᠰᠠᠢᠬᠠᠨ ᠬᠡᠷᠡᠭᠯᠡᠬᠦ᠎ᠨᠢ ᠪᠤᠰᠤᠳ ᠲᠠᠢ ᠨᠡᠪᠲᠡᠷᠡᠯᠴᠡᠬᠦ᠌ ᠪᠡᠬᠢᠯᠡᠯᠲᠡ᠎ᠶ᠋ᠢ ᠠᠷᠢᠯᠭᠠᠬᠤ᠎ᠪᠠᠷ ᠪᠠᠷᠠᠬᠤ ᠥᠬᠡᠶ ᠪᠠᠰᠠ ᠲᠡᠳᠡᠨᠤ᠋ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠵᠦ᠍᠂ ᠲᠡᠳᠡᠨ᠎ᠢ ᠬᠠᠪᠰᠤᠷᠤᠨ ᠬᠠᠷᠰᠢ ᠰᠠᠭᠠᠳ ᠥᠬᠡᠶ᠎ᠪᠡᠷ ᠨᠡᠢᠭᠡᠮ᠎ᠳᠦ ᠠᠭᠤᠰᠤᠯᠴᠠᠭᠤᠯᠬᠤ ᠪᠣᠯᠤᠨ᠎ᠠ》 ᠭᠡᠵᠦ ᠨᠢᠭᠡᠳᠦᠭᠡᠷ ᠣᠨ᠎ᠤ ᠰᠤᠷᠤᠭ᠍ᠴᠢ᠎ᠶ᠋ᠢᠨ ᠭᠡᠷ᠎ᠦᠨ ᠠᠬᠠᠮᠠᠳ ᠬᠡᠱᠢᠭ᠌ᠳᠡᠯᠭᠡᠷ ᠬᠡᠯᠡᠪᠡ᠃
ᠣᠢᠷ᠎ᠠ᠎ᠶ᠋ᠢᠨ ᠵᠢᠯ᠎ᠡᠴᠡ ᠨᠠᠭᠠᠰᠢ᠂ ᠱᠢᠯᠢᠩᠬᠣᠲᠠ᠎ᠶ᠋ᠢᠨ ᠳᠣᠯᠣᠳᠤᠭᠠᠷ ᠪᠠᠭ᠎ᠠ ᠰᠤᠷᠭᠠᠭᠤᠯᠢ᠎ᠨᠢ 《ᠨᠤᠮ ᠤ᠋ᠨ ᠴᠠᠭᠠᠨ ᠪᠤᠶᠠᠨᠳᠤ ᠰᠤᠷᠭᠠᠭᠤᠯᠢ᠎ᠶ᠋ᠢᠨ ᠬᠦᠷᠢᠶ᠎ᠡ》 ᠶ᠋ᠢᠨ ᠪᠥᠲᠥᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠬᠢᠪᠠ᠃ ᠭᠡᠷ ᠪᠦᠯᠢ ᠰᠤᠷᠭᠠᠭᠤᠯᠢ ᠬᠣᠯᠪᠣᠭᠠᠯᠠᠨ ᠬᠥᠳᠡᠯᠦᠯᠴᠡᠬᠦ᠌᠎ᠪᠡᠷ ᠳᠠᠮᠵᠢᠨ 《ᠴᠡᠭ᠂ ᠱᠤᠭᠤᠮ᠂ ᠪᠦᠬᠦ ᠲᠠᠯ᠎ᠠ》 ᠵᠢᠨ ᠠᠵᠢᠯ᠎ᠤᠨ ᠱᠢᠰᠲ᠋ᠧᠮ ᠢ᠋ ᠪᠠᠢᠭᠤᠯᠬᠤ᠎ᠶ᠋ᠢᠨ ᠬᠠᠮᠲᠤ ᠰᠣᠩᠭᠣᠳᠠᠭ ᠵᠣᠬᠢᠶᠠᠯ᠎ᠢ ᠢᠷᠠᠭᠤ ᠰᠠᠢᠬᠠᠨ ᠤᠩᠱᠢᠬᠤ᠎ᠪᠠᠷ ᠰᠠᠭᠤᠷᠢ᠎ᠶ᠋ᠢ ᠴᠣᠭ᠍ᠴᠠᠯᠠᠬᠤ᠂ ᠭᠤᠤ᠎ᠠ ᠰᠠᠢᠬᠠᠨ᠎ᠢ ᠪᠣᠢᠵᠢᠭᠤᠯᠬᠤ᠎ᠪᠠᠷ ᠳᠠᠮᠵᠢᠨ ᠱᠢᠨ᠎ᠡ᠎ᠶ᠋ᠢ ᠡᠭᠦᠳᠦᠨ ᠵᠠᠮ ᠥᠷᠭᠡᠳᠭᠡᠬᠦ᠌ ᠬᠣᠣᠰ ᠱᠤᠭᠤᠮ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃ 2022 ᠣᠨ᠎ᠤ 3 ᠰᠠᠷ᠎ᠠ᠎ᠳᠤ᠂ ᠲᠣᠰ ᠰᠤᠷᠭᠠᠭᠤᠯᠢ᠎ᠨᠢ ᠲᠠᠰ ᠬᠤᠪᠢᠶᠠᠭ᠍ᠰᠠᠨ ᠡᠷᠲᠡᠨ᠎ᠦ ᠱᠢᠯᠦᠭ ᠵᠣᠬᠢᠶᠠᠯ᠎ᠤᠨ ᠬᠥᠮᠥᠷᠭᠡ᠎ᠶ᠋ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠵᠦ᠍᠂ 200 ᠭᠠᠷᠤᠶ ᠰᠣᠩᠭᠣᠳᠠᠭ ᠵᠣᠬᠢᠶᠠᠯ᠎ᠢ ᠬᠠᠮᠤᠷᠤᠭ᠍ᠰᠠᠨ ᠪᠥᠭᠡᠳ ᠫᠢᠷᠠᠮᠢᠳ᠋ ᠰᠤᠪᠤᠷᠭ᠎ᠠ᠎ᠶ᠋ᠢᠨ ᠬᠡᠯᠪᠡᠷᠢᠲᠦ ᠬᠢᠨᠠᠨ ᠱᠢᠯᠭᠠᠬᠤ ᠱᠢᠰᠲ᠋ᠧᠮ᠎ᠢ ᠡᠬᠢᠯᠡᠭᠦᠯᠪᠡ᠂ ᠲᠤᠬᠠᠢᠯᠠᠪᠠᠯ 《ᠰᠢᠶᠤᠤ ᠳ᠋ᠸᠤ ᠳ᠋ᠢᠩ ᠨᠢᠭᠡᠳᠦᠭᠡᠷ ᠳᠡᠰ᠎ᠤᠨ ᠱᠢᠯᠭᠠᠯᠲᠠ》᠎ᠶ᠋ᠢᠨ ᠪᠣᠭᠣᠮᠲᠠ ᠱᠢᠪᠲᠤᠯᠬᠤ ᠤᠷᠤᠯᠳᠤᠭᠠᠨ᠂ 《ᠱᠢᠯᠦᠭ ᠵᠣᠬᠢᠶᠠᠯ᠎ᠤᠨ ᠪᠢᠴᠢᠬᠠᠨ ᠮᠠᠩᠯᠠᠶ》᠎ᠶ᠋ᠢᠨ ᠥᠷᠢᠰᠥᠯᠳᠦᠭᠡᠨᠵᠡᠷᠭᠡ ᠱᠢᠨ᠎ᠡ᠎ᠶ᠋ᠢ ᠡᠭᠦᠳᠬᠦ᠌ ᠤᠷᠤᠯᠳᠤᠭᠠᠨ ᠪᠣᠯᠤᠨ᠎ᠠ᠃ ᠣᠲᠣ ᠪᠣᠯᠲᠠᠯ᠎ᠠ᠂ ᠨᠢᠭᠡᠳᠦᠭᠡᠷ ᠳᠡᠰ᠎ᠢ ᠦᠨᠭᠭᠡᠷᠡᠭᠰᠡᠨ ᠨᠣᠷᠮ᠎ᠠ 95%᠎ᠳ᠋ᠤ ᠬᠦᠷᠴᠦ᠍᠂ ᠬᠣᠶᠠᠳᠤᠭᠠᠷ ᠳᠡᠰ᠎ᠨᠢ 80%᠎ᠳ᠋ᠤ ᠬᠦᠷᠴᠦ᠍᠂ ᠨᠡᠢᠲᠡ 30 ᠭᠠᠷᠤᠶ 《ᠱᠢᠯᠦᠭ ᠵᠣᠬᠢᠶᠠᠯ᠎ᠤᠨ ᠪᠢᠴᠢᠬᠠᠨ ᠮᠠᠩᠯᠠᠶ》᠎ᠶ᠋ᠢ ᠱᠢᠯᠭᠠᠷᠠᠭᠤᠯᠵᠤ᠂ ᠠᠯᠬᠤᠮ ᠳᠠᠷᠠᠭ᠎ᠠ᠎ᠲᠠᠶ ᠪᠠᠷ ᠤᠷᠤᠭ᠍ᠰᠢᠯᠠᠬᠤ᠂ ᠱᠠᠲᠤ ᠱᠠᠲᠤ᠎ᠪᠠᠷ ᠤᠷᠤᠭ᠍ᠰᠢᠯᠠᠬᠤ ᠤᠩᠱᠢᠯᠭ᠎ᠠ᠎ᠶ᠋ᠢᠨ ᠦᠨᠡᠯᠡᠯᠲᠡ᠎ᠶ᠋ᠢᠨ ᠱᠢᠰᠲ᠋ᠧᠮ᠎ᠢ ᠪᠦᠷᠢᠯᠳᠦᠭᠦᠯᠪᠡ᠃
《ᠪᠢᠳᠡ ᠦᠷᠭᠦᠯᠵᠢ ᠰᠤᠷᠭᠠᠭᠤᠯᠢ᠎ᠶ᠋ᠢᠨ ᠵᠣᠬᠢᠶᠠᠨ ᠪᠠᠢᠭᠤᠯᠤᠭ᠍ᠰᠠᠨ ᠡᠯ᠎ᠡ ᠲᠥᠷᠥᠯ᠎ᠦᠨ ᠦᠭᠡ ᠬᠡᠯᠡ ᠥᠰᠥᠭ ᠪᠢᠴᠢᠭ᠎ᠦᠨ ᠤᠷᠤᠯᠳᠤᠭᠠᠨ᠎ᠳᠤ ᠣᠷᠣᠯᠴᠠᠳᠠᠭ᠂ ᠰᠤᠷᠭᠠᠭᠤᠯᠢ᠎ᠶ᠋ᠢᠨ ᠤᠯᠠᠭᠠᠨ ᠪᠥᠴᠡᠲᠡᠨ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ᠂ ᠪᠢ ᠨᠠᠩ ᠴᠤ᠌ ᠴᠠᠭ ᠢᠮᠠᠭ᠍ᠲᠠ ᠥᠪᠡᠷ᠎ᠢ᠎ᠪᠡᠨ ᠴᠢᠩᠭ᠎ᠠ ᠱᠠᠭᠠᠷᠳᠠᠵᠤ᠂ ᠤᠳᠠᠭ᠎ᠠ ᠪᠦᠷᠢ᠎ᠶ᠋ᠢᠨ ᠲᠠᠢᠯᠤᠮᠵᠢ᠎ᠶ᠋ᠢ ᠴᠥᠮ ᠪᠠᠷᠢᠮᠵᠢᠶ᠎ᠠ ᠤᠷᠤᠰᠤᠮ᠎ᠠ᠂ ᠣᠨᠣᠪᠴᠢᠲᠠᠶ ᠪᠠᠢᠯᠭᠠᠵᠤ᠂ ᠬᠠᠮᠲᠤ ᠰᠤᠷᠤᠭ᠍ᠴᠢᠳ᠎ᠲᠠᠶ᠎ᠪᠠᠨ ᠬᠠᠮᠲᠤ᠎ᠪᠠᠷ ᠰᠠᠢᠨ ᠰᠠᠢᠬᠠᠨ ᠦᠭᠡ ᠬᠡᠯᠡᠨ᠎ᠦ ᠰᠤᠷᠤᠯᠴᠠᠯᠭ᠎ᠠ᠎ᠶ᠋ᠢᠨ ᠠᠭᠤᠷ ᠠᠮᠢᠰᠭᠤᠯ᠎ᠢ ᠪᠣᠶ ᠪᠣᠯᠭᠠᠪᠠ》 ᠭᠡᠵᠦ ᠵᠢᠷᠭᠤᠳᠤᠭᠠᠷ ᠣᠨ᠎ᠤ ᠰᠤᠷᠤᠭ᠍ᠴᠢ ᠵᠠᠩ ᠱᠢᠨ ᠶᠤᠸᠠᠢ ᠬᠡᠯᠡᠪᠡ᠃
2023 ᠣᠨ᠎ᠡᠴᠡ ᠡᠬᠢᠯᠡᠨ᠂ ᠱᠢᠯᠢ᠎ᠶ᠋ᠢᠨ ᠬᠣᠲᠠ᠎ᠶ᠋ᠢᠨ ᠳᠣᠯᠣᠳᠤᠭᠠᠷ ᠪᠠᠭ᠎ᠠ ᠰᠤᠷᠭᠠᠭᠤᠯᠢ ᠤᠳᠭ᠎ᠠ ᠵᠣᠬᠢᠶᠠᠯ᠎ᠤᠨ ᠬᠤᠷᠠᠮᠳᠤᠯ᠎ᠢ ᠭᠤᠤ᠎ᠠ ᠰᠠᠢᠬᠠᠨ᠎ᠤ ᠬᠥᠮᠦᠵᠢᠯ᠎ᠦᠨ ᠵᠢᠭᠠᠨ ᠰᠤᠷᠭᠠᠯᠲᠠ᠎ᠳᠤ ᠠᠭᠤᠰᠭᠠᠵᠤ᠂ ᠣᠲᠣ ᠪᠣᠯᠲᠠᠯ᠎ᠠ 《ᠮᠢᠨᠦ᠍ ᠠᠩᠬᠠᠨ᠎ᠤ ᠡᠷᠲᠡᠨ᠎ᠦ ᠱᠢᠯᠦᠭ ᠵᠣᠬᠢᠶᠠᠯ᠎ᠤᠨ ᠵᠢᠷᠤᠭ᠍ᠲᠤ ᠳᠡᠪᠲᠡᠷ》᠎ᠤ᠋ᠨ ᠵᠢᠷᠤᠭ᠍ᠯᠠᠯ᠂ 《ᠱᠢᠯᠦᠭ ᠵᠢᠷᠤᠭ᠎ᠤᠨ ᠮᠢᠩᠭᠠᠨ ᠣᠨ》 ᠭᠤᠤᠯ ᠰᠡᠳᠦᠪᠲᠦ ᠵᠣᠬᠢᠶᠠᠨ ᠪᠦᠲᠦᠭᠡᠯᠭᠡ᠂ 《ᠡᠭᠦᠯᠡᠨ ᠲᠠᠪᠴᠠᠩ》 ᠭᠤᠤᠯ ᠰᠡᠳᠦᠪᠲᠦ ᠵᠣᠬᠢᠶᠠᠨ ᠪᠦᠲᠦᠭᠡᠯᠭᠡ᠂ 《ᠶᠤᠸᠠᠢ ᠴᠢᠶᠠᠨ ᠱᠠᠨ》 ᠨᠣᠮ᠎ᠤᠨ ᠱᠣᠱᠢᠭ᠎ᠠ᠎ᠶ᠋ᠢᠨ ᠵᠢᠷᠤᠭ ᠲᠥᠯᠥᠪᠯᠡᠭᠡ ᠵᠡᠷᠭᠡ ᠳᠥᠷᠪᠡᠨ ᠶᠡᠬᠡ ᠣᠨᠴᠠᠯᠢᠭ᠍ᠲᠤ ᠠᠵᠢᠯᠯᠠᠭ᠎ᠠ᠎ᠶ᠋ᠢ ᠥᠷᠨᠢᠭᠦᠯᠪᠡ᠃ ᠡᠭᠦᠨ᠎ᠦ ᠬᠠᠮᠲᠤ᠂ ᠨᠣᠮ ᠤᠩᠱᠢᠵᠤ ᠬᠤᠪᠢᠶᠠᠯᠴᠠᠬᠤ ᠬᠤᠷᠠᠯ᠂ ᠢᠷᠠᠭᠤ ᠨᠠᠢᠷᠠᠭ᠎ᠤᠨ ᠤᠩᠰᠢᠯᠭ᠎ᠠ ᠵᠢᠨ ᠤᠷᠤᠯᠳᠤᠭᠠᠨ᠂ ᠰᠣᠩᠭᠣᠳᠠᠭ ᠵᠣᠬᠢᠶᠠᠯ᠎ᠤᠨ ᠭᠠᠷᠴᠠᠭ᠎ᠢ ᠳᠡᠯᠭᠡᠨ ᠦᠵᠡᠭᠦᠯᠬᠦ᠌ ᠵᠡᠷᠭᠡ ᠱᠢᠷᠢᠰ ᠠᠵᠢᠯᠯᠠᠭ᠎ᠠ᠎ᠶ᠋ᠢ ᠲᠣᠭ᠍ᠲᠠᠮᠠᠯ ᠬᠤᠭᠤᠴᠠᠭ᠎ᠠ᠎ᠲᠠᠶ ᠪᠠᠷ ᠥᠷᠨᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠭᠠᠵᠠᠷ ᠪᠣᠯᠭᠠᠨ᠎ᠳᠤ ᠪᠢᠴᠢᠭ᠎ᠦᠨ ᠦᠨᠦᠷ ᠬᠠᠩᠬᠤᠯᠵᠤ᠂ ᠰᠤᠷᠤᠭ᠍ᠴᠢᠳ᠎ᠢ ᠰᠣᠩᠭᠣᠳᠠᠭ ᠵᠣᠬᠢᠶᠠᠯ᠎ᠤᠨ ᠳᠤᠮᠳᠠ ᠬᠡᠪ ᠪᠣᠯᠪᠠᠰᠤᠷᠠᠯ᠎ᠢᠶᠠᠨ ᠲᠡᠭᠡᠭᠰᠢᠯᠡᠭᠦᠯᠵᠦ᠂ ᠭᠤᠤ᠎ᠠ ᠰᠠᠢᠬᠠᠨ᠎ᠤ ᠬᠥᠮᠦᠵᠢᠯ᠎ᠦᠨ ᠦᠶ᠋ᠯᠡᠳᠦᠯᠭᠡ ᠳᠤᠮᠳᠠ ᠵᠠᠩ ᠴᠢᠨᠠᠷ᠎ᠢᠶᠠᠨ ᠪᠤᠯᠪᠠᠰᠤᠷᠠᠭᠤᠯᠵᠤ᠂ ᠨᠤᠮ ᠤᠩᠰᠢᠬᠤ ᠵᠢᠨ ᠡᠷᠬᠢᠮ ᠴᠢᠬᠤᠯᠠ ᠴᠢᠨᠠᠷ᠎ᠢ ᠬᠦᠮᠦᠰ᠎ᠤᠨ ᠰᠡᠳᠭᠢᠯ ᠳ᠋ᠦ ᠤᠯᠠᠮ ᠰᠠᠭᠤᠭᠳᠠᠭᠤᠯᠪᠠ᠃ ᠲᠠᠷᠠᠭᠠᠴᠢ᠎ᠶ᠋ᠢᠨ ᠠᠯᠬᠤᠮ᠎ᠳᠤ᠂ ᠲᠣᠰ ᠰᠤᠷᠭᠠᠭᠤᠯᠢ ᠤᠯᠠᠮᠵᠢᠯᠠᠯᠲᠤ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠦᠷᠭᠦᠯᠵᠢᠯᠡᠨ ᠭᠦᠨ ᠠᠭᠤᠳᠠᠯᠵᠤ᠂ ᠬᠥᠮᠦᠨ ᠬᠥᠮᠦᠵᠢᠭᠦᠯᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠰᠤᠷᠭᠠᠭᠤᠯᠢ᠎ᠶ᠋ᠢᠨ ᠬᠦᠷᠢᠶ᠎ᠡ᠎ᠶ᠋ᠢ ᠠᠮᠢ ᠨᠠᠰᠤ᠎ᠶ᠋ᠢ ᠤᠮᠳᠠᠯᠠᠨ ᠪᠣᠢᠵᠢᠭᠤᠯᠬᠤ ᠰᠣᠶᠣᠯ᠎ᠤᠨ ᠱᠢᠮᠡᠯᠢᠭ ᠬᠥᠷᠥᠰᠥ᠍ ᠪᠣᠯᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃