ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-09-09 10:31:06

ᠵᠣᠬᠢᠶᠠᠭ᠍ᠴᠢ᠄ ᠱᠢᠶᠤᠤ ᠯᠦ᠍ ᠣᠩᠱᠢᠭ᠍ᠰᠠᠨ ᠣᠳᠠᠭ᠎ᠠ᠄ 3

《ᠪᠠᠭ᠍ᠰᠢ ᠨᠢ ᠱᠠᠪᠢ ᠪᠠᠨ ᠬᠠᠪᠰᠤᠷᠤᠨ ᠳᠠᠭᠠᠭᠤᠯᠬᠤ᠎ᠪᠠᠷ ᠲᠠᠮᠵᠢᠨ᠂ ᠮᠢᠨᠦ᠍ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠳᠠ ᠵᠢᠨ ᠠᠵᠢᠯ᠎ᠤᠨ ᠲᠤᠬᠠᠢ ᠲᠠᠨᠢᠯᠲᠠ ᠨᠡᠩ ᠱᠢᠰᠲᠸᠮ ᠲᠠᠢ᠂ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ᠂ ᠮᠢᠨᠦ᠍ ᠬᠢᠴᠢᠶᠡᠯ᠎ᠦᠨ ᠲᠠᠩᠬᠢᠮ᠎ᠳᠤ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ》 ᠭᠡᠵᠦ᠍ 8 ᠰᠠᠷ᠎ᠠ᠎ᠶ᠋ᠢᠨ 29᠎ᠤ᠋ ᠡᠳᠦᠷ ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠤ ᠴᠢᠪᠠᠭ᠎ᠠ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠰᠦᠯᠳᠡ ᠪᠠᠭ᠍ᠰᠢ ᠲᠥᠷᠥᠭ᠌ᠳᠡᠯ᠎ᠶ᠋ᠢᠡᠨ ᠶᠠᠷᠢᠨ᠎ᠠ᠃

ᠠᠷᠤ ᠬᠣᠷᠴᠢᠨ ᠬᠣᠱᠢᠭᠤ 《ᠬᠠᠪᠰᠤᠷᠤᠯᠴᠠᠭ᠎ᠠ ᠪᠠᠢᠭᠤᠯᠤᠨ ᠰᠤᠷᠤᠯᠴᠠᠬᠤ》 ᠲᠣᠭ᠍ᠲᠠᠴᠠ ᠪᠡᠷ ᠬᠦᠴᠦᠲᠡᠶ ᠭᠠᠷᠳᠠᠴᠠ ᠪᠣᠯᠭᠠᠵᠤ᠂ ᠪᠠᠭ᠍ᠰᠢ ᠱᠠᠪᠢ ᠵᠢᠨ ᠬᠠᠪᠰᠤᠷᠤᠯᠴᠠᠭ᠎ᠠ ᠪᠠᠢᠭᠤᠯᠤᠨ ᠲᠡᠳᠬᠦᠬᠦ᠌᠎ᠪᠡᠷ ᠳᠠᠮᠵᠢᠨ᠂ ᠬᠢᠴᠢᠶᠡᠯ ᠲᠦᠷᠦᠯ᠎ᠦᠨ ᠪᠠᠢᠭᠤᠯᠤᠯᠲᠠ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠰᠤᠷᠭᠠᠭᠤᠯᠢ᠎ᠶ᠋ᠢᠨ ᠰᠤᠷᠭᠠᠨ ᠬᠦᠮᠦᠵᠢᠯ ᠰᠤᠳᠤᠯᠭᠠᠨ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠭᠦᠨᠵᠡᠭᠡᠶ ᠬᠠᠪᠰᠤᠷᠤᠨ ᠰᠤᠷᠤᠯᠴᠠᠵᠤ᠂ ᠪᠥᠬᠥ᠌ ᠬᠣᠱᠢᠭᠤᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠦᠨᠡᠨ ᠬᠦ᠌ ᠪᠠᠲᠤᠯᠠᠪᠠ᠃

ᠪᠠᠭ᠍ᠰᠢ ᠪᠣᠯ ᠰᠤᠷᠭᠠᠨ ᠬᠥᠮᠦᠵᠢᠯ᠎ᠦᠨ ᠶᠠᠰᠤ ᠴᠢᠨᠠᠷ᠎ᠤᠨ ᠭᠤᠤᠯ ᠪᠠᠲᠤᠯᠠᠭ᠎ᠠ ᠮᠥᠨ᠃ ᠠᠷᠤ ᠬᠣᠷᠴᠢᠨ ᠬᠣᠱᠢᠭᠤ ᠣᠯᠠᠨ ᠠᠷᠭ᠎ᠠ ᠵᠠᠮ᠎ᠢᠶᠠᠷ ᠪᠠᠭ᠍ᠰᠢ᠎ᠶ᠋ᠢᠨ ᠡᠩᠨᠡᠭᠡ᠎ᠶ᠋ᠢ ᠨᠥᠬᠥᠪᠥᠷᠢᠯᠡᠨ ᠱᠢᠯᠢᠳᠡᠭ᠌ᠵᠢᠭᠦᠯᠵᠦ᠍᠂ ᠨᠡᠢᠲᠡ 51 ᠱᠢᠯᠢᠳᠡᠭ ᠪᠠᠭ᠍ᠰᠢ᠎ᠶ᠋ᠢ ᠤᠷᠢᠨ ᠣᠷᠣᠭᠤᠯᠪᠠ᠂ ᠡᠭᠦᠨ᠎ᠳᠦ ᠢᠯᠡ᠎ᠪᠡᠷ ᠡᠯᠰᠡᠭᠰᠡᠨ 6 ᠬᠥᠮᠦᠨ᠂ ᠬᠣᠱᠢᠭᠤᠨ᠎ᠠᠴᠠ ᠱᠢᠯᠵᠢᠭᠦᠯᠦᠨ ᠣᠷᠣᠭᠤᠯᠤᠬᠰᠠᠨ 5 ᠬᠥᠮᠦᠨ᠂ ᠪᠡᠭᠡᠵᠢᠩ᠎ᠦᠨ ᠴᠠᠩ ᠫᠢᠩ ᠡᠴᠡ ᠰᠤᠷᠭᠠᠨ ᠬᠥᠮᠦᠵᠢᠯ᠎ᠢ ᠳᠡᠮᠵᠢᠬᠦ᠌16 ᠬᠥᠮᠦᠨ᠂ 《ᠭᠤᠷᠪᠠᠨ ᠣᠷᠣᠨ᠎ᠤ ᠴᠢᠳᠠᠪᠤᠷᠢᠲᠠᠨ᠎ᠤ ᠲᠥᠯᠥᠪᠯᠡᠭᠡ》 ᠵᠢᠨ ᠰᠤᠯᠢᠯᠴᠠᠭᠠᠨ᠎ᠤ 4 ᠬᠥᠮᠦᠨ᠂ ᠬᠣᠱᠢᠭᠤᠨ᠎ᠤ ᠳᠤᠳᠤᠷ᠎ᠠ ᠪᠠᠨ ᠳᠤᠬᠢᠷᠠᠭᠤᠯᠤᠬᠰᠠᠨ 10 ᠬᠥᠮᠦᠨ᠂ ᠠᠵᠢᠯ᠎ᠤᠨ ᠪᠠᠢᠷᠢ ᠵᠢ ᠡᠭᠡᠯᠵᠢᠯᠡᠭᠦᠯᠦᠨ ᠰᠣᠯᠢᠯᠴᠠᠬᠤ 10 ᠬᠥᠮᠦᠨ ᠪᠠᠢᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠦᠴᠦᠨ᠎ᠢ ᠪᠦᠲᠦᠮᠵᠢᠲᠡᠶ ᠲᠡᠭᠦᠯᠳᠡᠷᠵᠢᠭᠦᠯᠪᠡ᠃ 《ᠪᠠᠭ᠍ᠰᠢ᠎ᠨᠠᠷ ᠠᠵᠢᠯ᠎ᠤᠨ ᠪᠠᠢᠷᠢ ᠡᠭᠡᠯᠵᠢᠯᠡᠬᠦ᠌ ᠪᠠ ᠬᠠᠪᠰᠤᠷᠤᠯᠴᠠᠭ᠎ᠠ ᠪᠠᠢᠭᠤᠯᠤᠨ ᠰᠤᠷᠤᠯᠴᠠᠬᠤ ᠨᠢ ᠨᠠᠲᠠ ᠵᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠰᠠᠢᠲᠤᠷ ᠬᠡᠷᠡᠭ᠌ᠯᠡᠨ ᠰᠤᠷᠤᠭ᠍ᠴᠢᠳ᠎ᠲᠤ ᠮᠡᠳᠡᠯᠭᠡ ᠤᠯᠠᠮᠵᠢᠯᠠᠵᠤ᠂ ᠨᠡᠩ ᠤᠯᠠᠨ ᠬᠡᠦᠬᠡᠳ᠎ᠢ ᠮᠡᠳᠡᠯᠭᠡ᠎ᠶ᠋ᠢᠨ ᠲᠠᠯᠠᠢ᠎ᠳᠦ ᠱᠤᠮᠪᠠᠭᠤᠯᠪᠠ》 ᠭᠡᠵᠦ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ᠎ᠠᠴᠠ ᠬᠠᠨ ᠠᠭᠤᠯᠠ ᠪᠠᠭ᠎ᠠ ᠰᠤᠷᠭᠠᠭᠤᠯᠢ᠎ᠳᠦ ᠡᠭᠡᠯᠵᠢᠯᠡᠨ ᠪᠠᠭᠰᠢᠯᠠᠬᠤ ᠪᠡᠷ ᠤᠴᠢᠭᠰᠠᠨ ᠮᠠ ᠼᠦᠢ ᠯᠢᠶᠠᠨ ᠭᠡᠯᠡᠪᠡ᠃

《ᠠᠷᠤ ᠬᠣᠷᠴᠢᠨ ᠬᠣᠱᠢᠭᠤᠨ᠎ᠤ ᠪᠣᠳᠠᠲᠤ ᠪᠠᠢᠳᠠᠯ ᠪᠣᠯᠤᠨ ᠡᠯ᠎ᠡ ᠰᠤᠷᠭᠠᠭᠤᠯᠢ᠎ᠶ᠋ᠢᠨ ᠪᠠᠭ᠍ᠰᠢ᠎ᠶ᠋ᠢᠨ ᠣᠨᠴᠠᠯᠢᠭ᠎ᠲᠠᠶ ᠤᠶᠠᠯᠳᠤᠭᠤᠯᠤᠨ᠂ ᠪᠢᠳᠡ ᠪᠠᠭ᠍ᠰᠢ᠎ᠶ᠋ᠢᠨ ᠬᠣᠭᠣᠷᠣᠨᠳᠣᠬᠢ 〈ᠬᠠᠭᠤᠴᠢᠨ᠎ᠨᠢ ᠱᠢᠨ᠎ᠡ᠎ᠪᠠᠨ ᠳᠠᠭᠠᠭᠤᠯᠬᠤ᠂ ᠱᠢᠯᠢᠳᠡᠭ᠎ᠨᠢ ᠠᠨᠠᠢ ᠪᠠᠨ ᠳᠠᠭᠠᠭᠤᠯᠬᠤ〉 ᠬᠠᠪᠰᠤᠷᠤᠨ ᠲᠡᠳᠬᠦᠬᠦ᠌ ᠱᠢᠰᠲ᠋ᠧᠮ᠎ᠢ ᠪᠠᠢᠭᠤᠯᠵᠤ᠂ ᠰᠠᠢᠨ ᠠᠷᠭ᠎ᠠ᠂ ᠰᠠᠢᠨ ᠲᠤᠷᠱᠢᠯᠭ᠎ᠠ᠎ᠶ᠋ᠢ ᠲᠦᠷᠭᠡᠨ ᠳᠡᠯᠭᠡᠷᠡᠭᠦᠯᠵᠦ᠍᠂ ᠪᠦᠬᠦᠯᠢ ᠴᠣᠭ᠍ᠴᠠ᠎ᠶ᠋ᠢᠨ ᠰᠤᠷᠭᠠᠨ ᠬᠥᠮᠦᠵᠢᠯ᠎ᠦᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠭᠰᠡᠨ ᠵᠢᠡᠷ ᠪᠠᠷᠠᠬᠤ ᠥᠬᠡᠶ᠂ ᠪᠠᠭ᠍ᠰᠢ᠎ᠶ᠋ᠢᠨ ᠬᠤᠪᠢ ᠬᠥᠮᠦᠨ᠎ᠦ ᠦᠰᠦᠨ ᠪᠣᠢᠵᠢᠯᠲᠠ᠎ᠳᠤ ᠨᠠᠩ ᠰᠠᠢᠨ ᠠᠵᠠ ᠳᠤᠬᠢᠶᠠᠯ ᠬᠠᠨᠭᠭᠠᠪᠠ》 ᠭᠡᠵᠦ᠍ ᠠᠷᠤ ᠬᠣᠷᠴᠢᠨ ᠬᠣᠱᠢᠭᠤᠨ᠎ᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠦᠨ ᠳᠡᠳ᠋ ᠡᠷᠬᠢᠯᠡᠭ᠌ᠴᠢ ᠪᠤᠶᠠᠠᠠᠦᠢ᠍ᠯᠵᠠᠢ ᠲᠠᠨᠢᠯᠴᠠᠭᠤᠯᠪᠠ᠃

ᠣᠳᠣᠬᠠᠨ ᠪᠣᠯᠲᠠᠯ᠎ᠠ᠂ ᠠᠷᠤ ᠬᠣᠷᠴᠢᠨ ᠬᠣᠱᠢᠭᠤᠨ᠎ᠤ 930 ᠪᠠᠭ᠍ᠰᠢ ᠨᠢᠭᠡᠨᠲᠡ ᠰᠤᠷᠭᠠᠨ ᠬᠦᠮᠦᠵᠢᠯ ᠰᠤᠳᠤᠯᠭᠠᠨ᠎ᠤ 《ᠬᠣᠣᠰᠯᠠᠯ》 ᠪᠤᠯᠵᠤ᠂ ᠪᠦᠬᠦ᠌ ᠬᠣᠱᠢᠭᠤᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠳᠦ ᠱᠢᠯᠢᠳᠡᠭ ᠪᠠᠭ᠍ᠰᠢ ᠨᠥᠭᠡᠴᠡᠯᠡᠵᠦ᠍᠂ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠡᠢ᠃

ᠣᠳᠣᠬᠠᠨ᠎ᠳᠤ᠂ ᠠᠷᠤ ᠬᠣᠷᠴᠢᠨ ᠬᠣᠱᠢᠭᠤᠨ᠎ᠤ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠬᠡᠷᠡᠭ᠌ᠯᠡᠬᠦ᠌ ᠤᠬᠠᠮᠰᠠᠷ ᠢᠯᠡᠳᠲᠡ ᠴᠢᠩᠭᠠᠷᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠨᠠᠭᠠᠴᠢᠯᠠᠭ᠎ᠠ᠎ᠠᠴᠠ᠎ᠪᠠᠨ ᠬᠡᠷᠡᠭ᠌ᠯᠡᠬᠦ᠌ ᠢᠳᠡᠪᠬᠢᠵᠢᠯ ᠶᠡᠬᠡ᠎ᠪᠡᠷ ᠳᠡᠭᠡᠭ᠌ᠰᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面