ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-09-21 11:41:18

ᠵᠣᠬᠢᠶᠠᠭ᠍ᠴᠢ᠄ ​ ᠨᠠᠪᠴᠢ ᠣᠩᠱᠢᠭ᠍ᠰᠠᠨ ᠣᠳᠠᠭ᠎ᠠ᠄ 3

9 ᠰᠠᠷ᠎ᠠ ᠶ᠋ᠢᠨ 15 ᠡᠴᠡ 21᠎ᠤ᠋ ᠡᠳᠦᠷ ᠪᠣᠯ ᠬᠤᠷᠢᠨ ᠨᠠᠢ᠍ᠮᠠᠳᠡᠬᠢ ᠪᠦᠬᠦ ᠤᠯᠤᠰ᠎ᠤᠨ ᠨᠡᠢᠲᠡᠯᠢᠭ ᠬᠡᠯᠡ ᠶ᠋ᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠭᠠᠷᠠᠭ ᠪᠣᠯᠣᠨ᠎ᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 《ᠦᠭᠡ ᠬᠡᠯᠡ ᠪᠡᠷ ᠥᠪᠥᠷ ᠮᠣᠩᠭᠣᠯ ᠎ᠵᠢᠡᠨ ᠬᠥᠭᠵᠢᠭᠦᠯᠦᠨ ᠮᠠᠨᠳᠤᠭᠤᠯᠬᠤ》 ᠪᠦᠯᠬᠦᠮ ᠎ᠦᠨ ᠬᠢᠨ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤᠨ᠎ᠤ ᠤᠯᠠᠭᠠᠨᠬᠤᠸᠠ ᠪᠠᠯᠭᠠᠰᠤ ᠪᠠ ᠬᠣᠩᠭᠣᠷ ᠰᠤᠮᠤ᠎ᠳᠤ ᠬᠦᠷᠴᠦ᠂ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠠᠯᠢ ᠣᠯᠠᠨ ᠦᠢᠯᠡᠳᠦᠯᠭᠡ ᠎ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠎ᠦᠨ ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠪᠡ᠃

ᠨᠡᠢᠳᠡᠯᠢᠭ ᠬᠡᠯᠡ ᠵᠢ ᠲᠦᠬᠡᠮᠡᠯᠵᠢᠬᠦᠯᠬᠦ ᠦᠢᠯᠡᠳᠦᠯᠭᠡ᠎ᠶᠢᠨ ᠪᠦᠯᠬᠦᠮ᠎ᠤᠨ ᠬᠢᠨ ᠰᠤᠷᠭᠠᠭᠤᠯᠢ᠂ ᠨᠡᠢᠭᠡᠮ ᠲᠣᠭᠣᠷᠢᠭ᠋᠂ ᠭᠠᠴᠠᠭ᠎ᠠ ᠲᠤᠰᠬᠤᠨ ᠳ᠋ᠤ ᠬᠦᠨᠵᠡᠭᠡᠢᠷᠡᠵᠦ᠂ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠢᠯᠤᠮᠵᠢ ᠬᠢᠬᠦ᠂ ᠪᠠᠭ᠍ᠰᠢ ᠨᠠᠷ ᠎ᠢ ᠵᠣᠬᠢᠶᠠᠨ ᠪᠠᠢᠭᠤᠯᠤᠨ ᠲᠥᠪᠯᠡᠷᠡᠭᠦᠯᠦᠨ ᠶᠠᠷᠢᠯᠴᠠᠬᠤ᠂ ᠭᠦᠨᠵᠡᠭᠡᠢ ᠰᠣᠷᠪᠤᠯᠵᠢᠯᠠᠭ᠎ᠠ ᠬᠢᠬᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠮᠡᠳᠡᠯᠭᠡ᠎ᠶᠢᠨ ᠭᠠᠷ ᠠᠪᠤᠯᠭ᠎ᠠ ᠬᠦᠷᠭᠡᠬᠦ᠂ ᠠᠰᠠᠭᠤᠯᠲᠠ᠎ᠶᠢᠨ ᠬᠠᠭᠤᠳᠠᠰᠤ᠎ᠲᠠᠷᠬᠠᠭᠠᠵᠤ ᠪᠠᠢᠴᠠᠭᠠᠯᠲᠠ ᠬᠢᠬᠦ ᠵᠡᠷᠭᠡ ᠣᠯᠠᠨ ᠬᠡᠯᠪᠡᠷᠢ᠎ᠪᠡᠷ ᠤᠯᠤᠰ ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ᠎ᠶᠢ ᠤᠬᠠᠭᠤᠯᠵᠤ᠂ ᠥᠪᠡᠷᠮᠢᠴᠡ ᠣᠨᠴᠠᠯᠢᠭ᠋ ᠪᠦᠬᠦᠢ ᠵᠢᠭᠠᠨ ᠰᠤᠷᠭᠠᠯᠲᠠ ᠵᠢᠴᠢ ᠨᠡᠢᠲᠡᠯᠢᠭ ᠬᠡᠯᠡ᠎ᠶᠢ ᠲᠦᠬᠡᠮᠡᠯᠵᠢᠬᠦᠯᠬᠦ ᠰᠢᠷᠢᠰ ᠠᠵᠢᠯᠯᠠᠭ᠎ᠠ᠎ᠶᠢ ᠥᠷᠨᠢᠭᠦᠯᠵᠦ᠂ ᠨᠡᠢᠲᠡᠯᠢᠭ ᠬᠡᠯᠡ᠎ᠪᠡᠷ ᠶᠠᠷᠢᠬᠤ᠂ ᠳᠦᠷᠢᠮᠵᠢᠭᠰᠡᠨ ᠦᠰᠦᠭ ᠪᠢᠴᠢᠬᠦ ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ ᠎ᠢ ᠪᠤᠢ ᠪᠣᠯᠭᠠᠪᠠ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠲᠣᠰ ᠤᠳᠠᠭᠠᠨ᠎ᠤ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠠᠵᠢᠯᠯᠠᠭ᠎ᠠ ᠨᠢ ᠦᠨᠳᠦᠰᠦᠨ ᠱᠠᠲᠤᠨ᠎ᠤ ᠣᠯᠠᠨ ᠲᠦᠮᠡᠨ᠎ᠦ ᠨᠡᠢᠲᠡᠯᠢᠭ ᠬᠡᠯᠡᠨ ᠎ᠦ ᠬᠢᠷᠢ ᠲᠦᠪᠰᠢᠨ ᠎ᠢ ᠳᠡᠬᠡᠭᠰᠢᠯᠡᠬᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠭᠠᠵᠠᠷ ᠣᠷᠣᠨ᠎ᠤ ᠦᠭᠡ ᠬᠡᠯᠡ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠲᠡᠢ ᠳᠡᠮᠵᠢᠯᠭᠡ ᠬᠠᠩᠭᠠᠬᠤ᠎ᠵᠢ ᠵᠤᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面