2025-07-21 15:59:59
ᠦᠷ᠎ᠤᠨ ᠲᠤᠶᠠᠭ᠎ᠠ ᠱᠢᠯ ᠴᠣᠩᠬᠣ ᠶ᠋ᠢ ᠨᠡᠪᠲᠡᠯᠦᠨ᠂ ᠴᠡᠪᠡᠷ ᠴᠡᠮᠴᠡᠭᠡᠷ ᠠᠩᠭᠢ᠎ᠶ᠋ᠢᠨ ᠭᠡᠷ ᠲᠦ ᠲᠤᠰᠤᠨ᠎ᠠ᠃ ᠤᠷᠠᠳ ᠤᠨ ᠡᠮᠦᠨᠡᠲᠦ ᠬᠣᠱᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠬᠡᠦᠬᠡᠳ᠎ᠦᠳ ᠲᠥᠪ ᠬᠢᠴᠢᠶᠡᠨᠭᠭᠦᠢ ᠰᠠᠭᠤᠵᠤ᠂ ᠠᠨᠭᠬᠠᠷᠤᠯ ᠲᠦᠪᠯᠡᠷᠡᠭᠦᠯᠦᠨ ᠬᠢᠴᠢᠶᠡᠯ ᠰᠤᠨᠤᠰᠵᠠᠭᠠᠨᠠ᠃ ᠣᠢᠷ᠎ᠠ᠎ᠳᠤ᠂ 《ᠳᠤᠮᠳᠠᠳᠤ ᠤᠯᠤᠰ ᠢ ᠤᠶᠠᠩᠭᠠᠳᠦ ᠤᠩᠰᠢᠯᠠᠭ᠎ᠠ》 ᠪᠠᠷ ᠭᠤᠤᠯ ᠰᠡᠳᠦᠪ ᠪᠣᠯᠭᠠᠭ᠍ᠰᠠᠨ ᠰᠣᠩᠭᠣᠳᠠᠭ ᠤᠩᠱᠢᠯᠭ᠎ᠠ ᠶ᠋ᠢᠨ ᠤᠷᠤᠯᠳᠤᠭᠠᠨ ᠡᠨᠳᠡ ᠶᠠᠪᠤᠭ᠍ᠳᠠᠵᠤ᠂ ᠪᠢᠴᠢᠬᠠᠨ ᠬᠥᠲᠥᠯᠥᠭ᠌ᠴᠢ ᠢᠳᠡ ᠬᠦᠴᠦᠲᠡᠶ ᠦᠭᠡ ᠬᠡᠯᠡ᠎ᠪᠡᠷ ᠲᠣᠰ ᠤᠳᠠᠭᠠᠨ᠎ᠤ ᠤᠷᠤᠯᠳᠤᠭᠠᠨ᠎ᠤ ᠬᠥᠱᠢᠭᠡ᠎ᠶ᠋ᠢ ᠰᠡᠬᠦᠵᠦ᠍᠂ ᠨᠢᠯᠬ᠎ᠠ ᠪᠠᠯᠴᠢᠷ ᠬᠡᠦᠬᠡᠳ᠎ᠦᠨ ᠲᠠᠭᠤᠨ ᠪᠠ ᠮᠢᠩᠭᠠᠨ ᠣᠨ᠎ᠤ ᠰᠣᠶᠣᠯ ᠤᠨ ᠰᠤᠳᠠᠰᠤ᠎ᠨᠢ ᠰᠡᠳᠭᠢᠯ ᠬᠥᠳᠡᠯᠭᠡᠮ᠎ᠡ ᠨᠠᠢᠷᠠᠯ ᠴᠢᠪᠬᠠᠳᠠᠰᠤ ᠪᠤᠯᠤᠨ ᠠᠶᠠᠲᠠᠢᠬᠠᠨ ᠰᠤᠨᠤᠰᠳᠠᠨ᠎ᠠ᠃
《 ᠲᠦᠮᠡᠨ ᠭᠠᠵᠠᠷ ᠤᠨ ᠠᠶᠠᠨ ᠳᠠᠢ᠌ᠨ᠎ᠳᠦ ᠮᠣᠷᠳᠠᠵᠤ᠂ ᠲᠦᠮᠡᠨ ᠪᠡᠷᠬᠡ ᠮᠢᠩᠭᠠᠨ ᠪᠠᠷᠲᠠᠭ᠎ᠠ᠎ᠶ᠋ᠢ ᠲᠤᠭᠤᠯᠪᠠᠢ ᠁》 ᠲᠠᠪᠤᠳᠤᠭᠠᠷ ᠣᠨ᠎ᠤ ᠨᠢᠭᠡᠳᠦᠭᠡᠷ ᠠᠩᠭᠢ᠎ᠶ᠋ᠢᠨ ᠰᠤᠷᠤᠭ᠍ᠴᠢ ᠵᠠᠩ ᠸᠸᠨ ᠴᠢᠩ᠎ᠦᠨ ᠤᠷᠠᠨ ᠤᠨᠭᠰᠢᠯᠭ᠎ᠠ ᠨᠢ ᠣᠯᠠᠨ᠎ᠤ ᠮᠠᠭ᠍ᠲᠠᠭᠠᠯ ᠰᠠᠢᠱᠢᠶᠠᠯ᠎ᠢ ᠣᠯᠵᠠᠶ᠃ 《 ᠪᠢ 〈ᠮᠤ᠌ ᠯᠠᠨ᠎ᠤ ᠳᠠᠭᠤᠯᠠᠯ〉 ᠢ᠋ ᠪᠠᠬᠠᠷᠬᠠᠳᠠᠭ᠂ ᠲᠡᠷᠡ ᠬᠡᠤᠬᠡᠨ ᠬᠦᠮᠦᠨ ᠪᠠᠢᠭᠠᠳ ᠬᠠᠷᠢᠨ ᠳᠠᠢᠨ᠎ᠤ ᠲᠠᠯᠠᠪᠤᠷ᠎ᠲᠤ ᠭᠠᠪᠢᠶ᠎ᠠ ᠪᠠᠢᠭᠤᠯᠵᠤ᠂ ᠲᠡᠭᠦᠨ᠎ᠦ ᠡᠷᠡᠯᠬᠡᠭ ᠪᠠᠭᠠᠲᠤᠷᠯᠢᠭᠵᠤᠷᠢᠭ ᠰᠠᠨᠠᠭ᠎ᠠ ᠳ᠋ᠤᠨᠢ ᠪᠢ ᠮᠠᠰᠢ ᠰᠡᠳᠭᠢᠯ ᠳᠣᠭ᠍ᠳᠣᠯᠤᠭ᠍ᠰᠠᠨ᠂ ᠰᠤᠷᠭᠠᠭᠤᠯᠢ᠎ᠶ᠋ᠢᠨ ᠡᠷᠭᠢᠯᠡᠭ᠌ᠰᠡᠨ ᠡᠨᠡ ᠤᠳᠠᠭᠠᠨ᠎ᠤ ᠬᠦᠳᠡᠯᠭᠡᠭᠡᠨ᠎ᠳᠤ ᠲᠠᠯᠠᠷᠬᠠᠵᠤ ᠪᠠᠢᠨ᠎ᠠ᠂ ᠪᠢ ᠥᠪᠡᠷ᠎ᠦᠨ ᠳᠤᠷᠠᠲᠠᠢ ᠪᠠᠬᠠᠲᠠᠶ ᠪᠦᠲᠦᠭᠡᠯ᠎ᠢᠶᠡᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠵᠢᠡᠷ ᠳᠡᠯᠭᠡᠨ ᠦᠵᠡᠭᠦᠯᠬᠦ᠌᠎ᠶ᠋ᠢᠨ ᠬᠠᠮᠲᠤ ᠢᠷᠡᠭᠡᠳᠦᠶ ᠳᠦ ᠮᠤ᠌ ᠯᠠᠨ᠎ᠲᠠᠶ ᠠᠳᠠᠯᠢ ᠪᠠᠷ ᠨᠤᠲᠤᠭ᠎ᠤᠨ᠎ᠢᠶᠠᠨ ᠪᠦᠲᠦᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ》 ᠭᠡᠵᠦ ᠵᠠᠩ ᠸᠸᠨ ᠴᠢᠩ ᠬᠡᠯᠡᠪᠡ᠃
ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨ᠎ᠨᠦᠭᠦᠳ ᠦᠨ ᠠᠷᠠᠳ ᠲᠦᠮᠡᠨ ᠦ ᠤᠶᠤᠨ ᠰᠠᠨᠠᠭ᠎ᠠ᠎ᠶ᠋ᠢ ᠬᠣᠯᠪᠣᠬᠤ ᠬᠥᠭᠥᠷᠭᠡ ᠬᠣᠯᠪᠣᠭᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠭᠡᠷᠡᠯ ᠰᠠᠴᠤᠷᠠᠩᠭᠤᠢ ᠰᠣᠶᠣᠯ᠎ᠢ ᠠᠴᠢᠶᠠᠯᠠᠵᠤ ᠪᠠᠢᠳᠠᠭ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠨᠢ ᠱᠢᠯᠢᠳᠡᠭ ᠤᠯᠠᠮᠵᠢᠯᠠᠯᠲᠤ ᠰᠣᠶᠣᠯ᠎ᠢ ᠱᠢᠨ᠎ᠡ ᠴᠠᠭ ᠦᠶ᠎ᠡ᠎ᠳᠦ ᠭᠡᠷᠡᠯ ᠭᠢᠯᠪᠠᠭ᠎ᠠ ᠰᠠᠴᠤᠷᠠᠭᠤᠯᠵᠤ ᠴᠢᠳᠠᠨ᠎ᠠ᠃
《 ᠰᠤᠷᠭᠠᠭᠤᠯᠢ᠎ᠶ᠋ᠢᠨ ᠬᠡᠦᠬᠡᠳ ᠨᠢᠭᠡᠪᠦᠷᠢ ᠴᠥᠮ ᠤᠬᠠᠭᠤᠯᠤᠭ᠍ᠴᠢ ᠮᠥᠨ᠂ ᠪᠢᠳᠡ 4·23 ᠤ᠋ ᠳᠡᠯᠡᠬᠡᠶ᠎ᠶ᠋ᠢᠨ ᠨᠣᠮ ᠤᠩᠱᠢᠬᠤ ᠡᠳᠦᠷ ᠪᠠ ᠵᠢᠯ ᠪᠦᠷᠢ᠎ᠶ᠋ᠢᠨ ᠨᠡᠢᠲᠡᠯᠢᠭ ᠬᠡᠯᠡᠵᠢ ᠳᠡᠯᠭᠡᠷᠡᠭᠦᠯᠬᠦ ᠤᠬᠠᠭᠤᠯᠭ᠎ᠠ᠎ᠵᠢᠨ ᠭᠠᠷᠠᠭ᠎ᠲᠠᠶ ᠤᠶᠠᠯᠳᠤᠭᠤᠯᠤᠨ᠂ ᠰᠣᠩᠭᠣᠳᠠᠭ ᠤᠩᠱᠢᠯᠭ᠎ᠠ᠂ ᠥᠯᠢᠭᠡᠷ ᠶᠠᠷᠢᠬᠤ᠂ ᠲᠦᠷᠢᠮᠵᠢᠭᠦᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ᠂ ᠲᠤᠬᠠᠶ᠎ᠶ᠋ᠢᠨ ᠲᠠᠯᠠᠪᠠᠶ᠎ᠶ᠋ᠢᠨ ᠵᠣᠬᠢᠶᠠᠨ ᠪᠢᠴᠢᠯᠭᠡ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ᠎ᠪᠡᠷ ᠳᠠᠮᠵᠢᠭᠤᠯᠤᠨ᠂ ᠰᠤᠷᠤᠭ᠍ᠴᠢᠳ᠎ᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌ ᠴᠢᠳᠠᠪᠤᠷᠢ᠎ᠶ᠋ᠢᠨ ᠲᠦᠪᠱᠢᠨ ᠢ ᠶᠡᠬᠡᠪᠡᠷ ᠳᠡᠭᠡᠭ᠌ᠰᠢᠯᠡᠭᠦᠯᠵᠦ᠍᠂ ᠲᠡᠳᠡᠨ᠎ᠢ ᠪᠠᠶᠠᠷ ᠪᠠᠶᠠᠰᠭᠤᠯᠠᠩᠲᠤ ᠠᠭᠤᠷ ᠠᠮᠢᠰᠭᠤᠯ᠎ᠤᠨ ᠳᠤᠮᠳᠠ ᠦᠭᠡ ᠬᠡᠯᠡ᠎ᠪᠡᠨ ᠬᠠᠢᠷᠠᠯᠠᠵᠤ᠂ ᠦᠭᠡ ᠬᠡᠯᠡ᠎ᠶ᠋ᠢ ᠮᠡᠳᠡᠷᠡᠭᠦᠯᠵᠦ᠍᠂ ᠦᠭᠡ ᠬᠡᠯᠡ᠎ᠶ᠋ᠢ ᠬᠡᠷᠡᠭ᠌ᠯᠡᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠪᠣᠯᠭᠠᠪᠠ》 ᠭᠡᠵᠦ ᠤᠷᠠᠳ᠎ᠤᠨ ᠡᠮᠦᠨᠡᠲᠦ ᠬᠣᠱᠢᠭᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠬᠢᠴᠢᠶᠡᠯ ᠬᠥᠮᠦᠵᠢᠯ᠎ᠦᠨ ᠳᠡᠳ᠋ ᠡᠷᠬᠢᠯᠡᠭ᠌ᠴᠢ ᠭᠤᠤ ᠴᠢᠨ ᠬᠡᠯᠡᠪᠡ᠃
ᠲᠤᠰ ᠤᠳᠠᠭᠠᠨ᠎ᠤ ᠤᠷᠤᠯᠳᠤᠭᠠᠨ᠎ᠳᠤ ᠪᠠᠰᠠ ᠬᠢᠲᠠᠳ ᠦᠰᠦᠭ᠎ᠦᠨ ᠰᠣᠨᠣᠰᠴᠤ᠌ ᠪᠢᠴᠢᠬᠦ᠌ ᠂ ᠦᠯᠢᠭᠡᠷ ᠳᠤᠮᠤᠭ᠎ᠤᠨ ᠮᠥᠷᠳᠡᠯᠲᠡ ᠵᠡᠷᠭᠡ ᠭᠣᠭ᠍ᠴᠣᠭ᠎ᠠ᠎ᠶ᠋ᠢ ᠲᠣᠬᠢᠷᠠᠭᠤᠯᠵᠠᠢ᠃ 《ᠰᠣᠨᠣᠰᠴᠤ᠌ ᠪᠢᠴᠢᠶ᠎ᠡ᠄ ᠰᠤᠬᠠᠢ ᠵᠢᠨ ᠲᠡᠷᠭᠡ ᠤᠷᠠᠨᠭᠬᠠᠢ ᠬᠤᠪᠴᠠᠰᠤ》᠃ ᠬᠢᠨᠠᠭᠴᠢ ᠪᠠᠭ᠍ᠰᠢ᠎ᠶ᠋ᠢᠨ ᠵᠠᠬᠢᠶ᠎ᠠ᠎ᠪᠠᠷ 50 ᠭᠠᠷᠤᠢ ᠬᠠᠷᠠᠨᠳᠠ ᠴᠠᠭᠠᠰᠤᠨ ᠳᠡᠭᠡᠷ᠎ᠡ ᠪᠦᠵᠢᠭᠯᠡᠨ᠂ ᠬᠡᠦᠬᠡᠳ᠎ᠦᠳ ᠨᠢᠭᠡᠳ ᠨᠢᠭᠡᠪᠡᠷᠲᠡᠷᠢ ᠲᠡᠭᠰᠢ ᠪᠢᠴᠢᠵᠡᠭᠡᠨᠡ᠃
《 ᠬᠡᠦᠬᠡᠳ᠎ᠦᠳ ᠤᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠪᠡᠷ〈ᠱᠢᠭᠦᠮᠵᠢᠯᠡᠯ ᠥᠭᠦᠯᠡᠯ〉 ᠢ᠋ ᠶᠠᠷᠢᠯᠴᠠᠵᠤ᠂ ᠳᠦᠷᠢᠮᠵᠢᠭ᠌ᠰᠡᠨ ᠦᠰᠦᠭ᠎ᠢᠶᠡᠷ 〈ᠴᠦ ᠤᠯᠤᠰ᠎ᠤᠨ ᠤᠶᠠᠩᠭ᠎ᠠ〉 ᠵᠢ ᠪᠢᠴᠢᠵᠦ᠍ ᠴᠢᠳᠠᠬᠤ ᠪᠣᠯᠵᠠᠢ》᠂ ᠭᠤᠤ ᠴᠢᠨ ᠬᠢᠴᠢᠶᠡᠯ᠎ᠦᠨ ᠭᠡᠷ᠎ᠦᠨ ᠬᠠᠨ᠎ᠠ ᠳᠡᠭᠡᠷᠡᠬᠢ ᠰᠤᠷᠤᠭ᠍ᠴᠢᠳ ᠤᠨ ᠤᠷᠠᠨ ᠪᠢᠴᠢᠯᠭᠡ᠎ᠶ᠋ᠢᠨ ᠪᠦᠲᠦᠭᠡᠯ᠎ᠢ ᠵᠢᠭᠠᠵᠤ᠂ 《ᠡᠳᠡᠭᠡᠷ ᠨᠢᠷᠤᠭᠤ ᠴᠠᠴᠤᠯᠭ᠎ᠠ ᠣᠷᠬᠢᠴᠠ ᠳᠣᠲᠣᠷ᠎ᠠ ᠳᠤᠮᠳᠠᠳᠤ᠎ᠶ᠋ᠢᠨ ᠪᠣᠯᠪᠠᠰᠤᠨ᠎ᠤ ᠭᠧᠨ᠎ᠦ ᠨᠢᠭᠤᠴᠠ ᠨᠣᠮᠧᠷ ᠬᠠᠳᠠᠭᠠᠯᠠᠭ᠍ᠳᠠᠵᠤ ᠪᠤᠢ》 ᠭᠡᠪᠡ᠃
ᠥᠪᠡᠷᠲᠡᠭᠡᠨ ᠵᠠᠰᠠᠬᠤ ᠣᠷᠣᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠭᠡᠭ᠌ᠰᠢᠯᠡᠭᠦᠯᠬᠦ᠌ ᠢᠨᠵᠧᠨᠧᠷᠢᠩ ᠢ ᠡᠬᠢᠯᠡᠭᠦᠯᠦᠭ᠌ᠰᠡᠨ᠎ᠡᠴᠡ ᠨᠠᠭᠠᠰᠢ᠂ ᠤᠷᠠᠳ᠎ᠤᠨ ᠡᠮᠦᠨᠡᠲᠦ ᠬᠣᠱᠢᠭᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠠᠳᠠᠯᠢ ᠪᠤᠰᠤ ᠰᠤᠷᠤᠯᠭ᠎ᠠ᠎ᠶ᠋ᠢᠨ ᠱᠠᠲᠤᠨ᠎ᠤ ᠦᠭᠡ ᠬᠡᠯᠡ ᠰᠤᠷᠬᠤ ᠣᠨᠴᠠᠯᠢᠭᠲᠤ ᠴᠢᠭ᠌ᠯᠡᠭᠦᠯᠦᠨ᠂ ᠣᠶᠤᠨᠴᠢ ᠮᠡᠷᠭᠡᠵᠢᠯ᠎ᠢ ᠠᠱᠢᠭ᠍ᠯᠠᠨ᠂ ᠪᠠᠭ᠍ᠰᠢ ᠰᠤᠷᠤᠭ᠍ᠴᠢᠳ᠎ᠲᠤ ᠳᠦᠷᠢᠮᠵᠢᠭ᠌ᠰᠡᠨ ᠦᠭᠡ ᠬᠡᠯᠡᠨ ᠦ ᠦᠨᠡᠯᠡᠯᠲᠡ᠎ᠶ᠋ᠢᠨ ᠱᠢᠰᠲ᠋ᠧᠮ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠡᠬᠢ ᠪᠠᠶᠠᠯᠢᠭ ᠬᠠᠩᠭᠠᠵᠤ᠂ ᠰᠤᠷᠭᠠᠭᠤᠯᠢ ᠵᠢᠨ ᠨᠠᠰᠤᠨ᠎ᠡᠴᠠ ᠡᠮᠦᠨᠡᠬᠢ ᠣᠶᠤᠨᠴᠢ ᠲᠤᠰᠠᠯᠠᠬᠤ ᠪᠠᠭ᠍ᠰᠢ᠎ᠶ᠋ᠢᠨ ᠱᠢᠰᠲ᠋ᠧᠮ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠲᠤᠰᠭᠠᠶ ᠰᠡᠳᠦᠪᠲᠦ ᠬᠢᠴᠢᠶᠡᠯ᠎ᠦᠨ ᠲᠠᠩᠬᠢᠮ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠡᠯᠡᠳᠭᠡᠯ ᠬᠢᠴᠢᠶᠡᠯ᠎ᠦᠨ ᠱᠢᠰᠲ᠋ᠧᠮ᠎ᠢ ᠪᠠᠢᠭᠤᠯᠵᠤ᠂ ᠪᠠᠢᠩᠭᠤ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤᠮᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠤᠬᠠᠮᠰᠠᠷ᠎ᠢ ᠨᠡᠪᠴᠢᠭᠦᠯᠪᠡ᠃ ᠡᠭᠦᠨ᠎ᠦ ᠬᠠᠮᠲᠤ᠂ ᠪᠥᠬᠥ᠌ ᠬᠣᠱᠢᠭᠤᠨ᠎ᠤ ᠡᠯ᠎ᠡ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ ᠷᠠᠳᠢᠣ᠋ ᠨᠡᠪᠲᠡᠷᠡᠭᠦᠯᠭᠡ᠂ ᠤᠩᠱᠢᠯᠭ᠎ᠠ᠂ ᠪᠢᠴᠢᠯᠭᠡ᠂ 《ᠲᠣᠩᠱᠢᠭᠤᠯ ᠱᠢᠪᠠᠭᠤ ᠠᠯᠳᠠᠭ᠎ᠠ ᠪᠤᠷᠤᠭᠤ᠎ᠵᠢ ᠵᠠᠯᠠᠷᠠᠭᠤᠯᠬᠤ》 ᠵᠡᠷᠭᠡ᠎ᠪᠡᠷ ᠭᠤᠤᠯ ᠰᠡᠳᠦᠪ ᠪᠣᠯᠭᠠᠭ᠍ᠰᠠᠨ ᠡᠯ᠎ᠡ ᠵᠦᠶ᠋ᠯ᠎ᠦᠨ ᠬᠡᠯᠪᠡᠷᠢ ᠮᠠᠶᠢᠭ ᠣᠯᠠᠨ ᠶᠠᠩᠵᠤ᠎ᠶ᠋ᠢᠨ ᠠᠵᠢᠯᠯᠠᠭ᠎ᠠ ᠵᠢᠴᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ 《ᠨᠢᠭᠡ ᠬᠠᠤᠯᠢ ᠨᠢᠭᠡ ᠠᠷᠭ᠎ᠠ》 ᠶ᠋ᠢᠨ ᠪᠣᠯᠪᠠᠰᠤᠷᠠᠯ ᠰᠤᠷᠤᠯᠴᠠᠯᠭ᠎ᠠ᠎ᠶ᠋ᠢ ᠥᠷᠨᠢᠭᠦᠯᠵᠦ᠍᠂ ᠪᠥᠬᠥ᠌ ᠬᠣᠱᠢᠭᠤᠨ᠎ᠤ ᠪᠠᠭ᠍ᠰᠢ ᠰᠣᠷᠣᠭ᠍ᠴᠢ ᠵᠢᠴᠢ ᠬᠡᠷ᠎ᠦᠨ ᠠᠬᠠᠮᠠᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠴᠢᠷᠮᠠᠢᠨ ᠳᠡᠭᠡᠭ᠌ᠰᠢᠯᠡᠭᠦᠯᠪᠡ᠃
ᠦᠳᠡᠰᠢ ᠶ᠋ᠢᠨ ᠪᠦᠷᠦᠶ ᠪᠣᠯᠵᠤ᠂ ᠰᠤᠷᠭᠠᠭᠤᠯᠢ᠎ᠶ᠋ᠢᠨ ᠬᠦᠷᠢᠶᠡᠨ ᠦ ᠷᠠᠳᠢᠣ᠋ ᠨᠡᠪᠲᠡᠷᠡᠭᠦᠯᠭᠡ᠎ᠶ᠋ᠢᠨ ᠥᠷᠲᠡᠭᠡ 《ᠱᠢᠯᠦᠭ᠌ᠯᠡᠯᠲᠦ ᠨᠣᠮ· ᠪᠠᠭ᠎ᠠ ᠢᠷᠠᠭᠤ》 ᠶ᠋ᠢᠨ ᠤᠩᠱᠢᠯᠭ᠎ᠠ᠎ᠶ᠋ᠢ ᠳᠠᠮᠵᠢᠭᠤᠯᠪᠠ᠃ ᠤᠷᠤᠯᠳᠤᠭᠠᠨ᠎ᠳᠤ ᠣᠷᠣᠯᠴᠠᠭ᠍ᠰᠠᠨ ᠬᠡᠦᠬᠡᠳ᠎ᠦᠳ ᠬᠣᠶᠠᠷ ᠭᠤᠷᠪᠠ᠎ᠪᠠᠷ ᠶᠠᠪᠤᠵᠤ《ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠡᠬᠦ᠌ ᠦᠰᠦᠭ ᠰᠡᠢᠯᠦᠭᠰᠡᠨ ᠦᠵᠡᠮᠵᠢ᠎ᠶ᠋ᠢᠨ ᠴᠢᠯᠠᠭᠤ ᠪᠡᠷ ᠦᠨᠭᠭᠡᠷᠡᠵᠦ᠂ ᠲᠡᠳᠡᠨ᠎ᠦ ᠪᠢᠴᠢᠭ᠎ᠦᠨ ᠪᠣᠭ᠍ᠴᠣᠨᠳᠤ《ᠳᠤᠮᠳᠠᠳᠤ᠎ᠶ᠋ᠢᠨ ᠰᠣᠩᠭᠣᠳᠠᠭ ᠤᠩᠱᠢᠯᠭ᠎ᠠ᠎ᠶ᠋ᠢᠨ ᠳᠡᠪᠲᠡᠷ》 ᠪᠠᠢᠬᠤ ᠪᠡᠷ ᠪᠠᠷᠠᠬᠤ ᠦᠭᠡᠢ ᠪᠠᠰᠠ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠳᠤᠮᠳᠠᠳᠤ᠎ᠶ᠋ᠢᠨ ᠰᠣᠶᠣᠯ᠎ᠤᠨ ᠲᠤᠬᠠᠢ ᠭᠦᠨᠵᠡᠭᠡᠢ ᠲᠠᠨᠢᠯᠲᠠ ᠪᠤᠢ᠃ ᠶᠠᠭ ᠤᠷᠤᠯᠳᠤᠭᠠᠨ᠎ᠳᠤ ᠣᠷᠣᠯᠴᠠᠬᠤ ᠲᠤᠩᠬᠠᠭ᠎ᠲᠤ ᠬᠡᠯᠡᠭ᠌ᠰᠡᠨᠴᠢᠯᠡᠨ᠄ 《ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠵᠢᠡᠷ ᠣᠶᠤᠨ ᠰᠠᠨᠠᠭᠠᠨ᠎ᠤ ᠬᠤᠯᠪᠤᠭᠠᠰᠤ ᠪᠣᠯᠭᠠᠵᠤ᠂ ᠳᠦᠷᠢᠮᠵᠢᠭᠦᠯᠦᠭ᠌ᠰᠡᠨ ᠦᠰᠦᠭ᠎ᠢᠶᠡᠷ ᠰᠣᠶᠣᠯ᠎ᠤᠨ ᠪᠤᠤᠬᠢᠶ᠎ᠠ ᠪᠣᠯᠭᠠᠨᠠᠮ》᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃