ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-06-30 10:13:14

ᠵᠣᠬᠢᠶᠠᠭ᠍ᠴᠢ᠄ ᠮᠤᠤ ᠺᠠᠶ ᠶᠠᠨ ᠣᠩᠱᠢᠭ᠍ᠰᠠᠨ ᠣᠳᠠᠭ᠎ᠠ᠄ 3

《ᠡᠷᠳᠡᠮᠲᠡᠨ ᠮᠡᠷᠭᠡᠳ ᠠᠨᠤ ᠠᠮᠤᠷᠯᠢᠨᠭᠭᠤᠢ ᠨᠠᠮᠵᠢᠭᠤᠨ᠎ᠵᠢᠡᠷ ᠪᠡᠶ᠎ᠡ ᠪᠠᠨ ᠵᠠᠰᠠᠵᠦ᠍᠂ ᠠᠷᠪᠢᠯᠠᠨ ᠭᠠᠮᠨᠠᠬᠤ ᠪᠡᠷ ᠮᠤᠷᠠᠯ᠎ᠵᠢᠡᠨ ᠲᠡᠭᠡᠭ᠌ᠰᠢᠯᠡᠭᠦᠯᠤᠮᠤᠢ ᠁》 6 ᠰᠠᠷ᠎ᠠ᠎ᠶ᠋ᠢᠨ 18᠎ᠤ᠋ ᠡᠳᠦᠷ᠎ᠦᠨ ᠥᠷᠯᠥᠭᠡ ᠡᠷᠲᠡ᠂ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠱᠠᠵᠢᠨᠳᠤᠬᠤᠢ ᠵᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠣᠨ᠎ᠤ ᠭᠤᠷᠪᠠᠳᠤᠭᠠᠷ ᠠᠩᠭᠢ᠎ᠳ᠋ᠤ ᠬᠦᠷᠬᠦ ᠳ᠋ᠤ ᠰᠤᠷᠤᠬᠴᠢᠳ᠎ᠤᠨ ᠨᠣᠮ ᠤᠩᠱᠢᠬᠤ ᠲᠠᠭᠤᠨ ᠳᠤᠭᠤᠯᠳᠠᠨ᠎ᠠ᠂ ᠡᠨᠡ ᠪᠣᠯ ᠲᠣᠰ ᠰᠤᠷᠭᠠᠭᠤᠯᠢ᠎ᠶ᠋ᠢᠨ ᠡᠳᠦᠷ ᠪᠦᠷᠢ᠎ᠶ᠋ᠢᠨ ᠬᠢᠴᠢᠶᠡᠯ᠎ᠡᠴᠡ ᠡᠮᠦᠨᠡᠬᠢ ᠰᠣᠩᠭᠣᠳᠠᠭ ᠪᠦᠲᠦᠭᠡᠯ᠎ᠦᠨ ᠤᠩᠱᠢᠯᠭ᠎ᠠ ᠪᠣᠯᠤᠨ᠎ᠠ᠃

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠶ᠋ᠢ ᠦᠨᠡᠨ ᠬᠦ᠌ 《ᠠᠮᠢᠳᠤᠯᠢᠬᠵᠢᠭᠤᠯᠬᠤ》 ᠵᠢᠨ ᠲᠥᠯᠥᠭᠡ᠂ ᠱᠠᠵᠢᠨᠳᠤᠬᠤᠢ ᠵᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠠᠯᠢ ᠤᠯᠠᠨ ᠪᠠᠢᠩᠭᠤᠵᠢᠭᠤᠯᠤᠭ᠍ᠰᠠᠨ ᠦᠢᠯᠡᠳᠦᠯᠭᠡ᠎ᠶ᠋ᠢᠨ ᠠᠵᠢᠯᠯᠠᠭ᠎ᠠ ᠲᠤᠬᠢᠷᠠᠭᠤᠯᠪᠠ᠄ ᠡᠳᠦᠷ ᠪᠦᠷᠢ᠎ᠶ᠋ᠢᠨ ᠰᠣᠩᠭᠣᠳᠠᠭ ᠪᠦᠲᠦᠭᠡᠯ᠎ᠦᠨ ᠤᠩᠱᠢᠯᠭ᠎ᠠ᠂ ᠬᠢᠴᠢᠶᠡᠯ᠎ᠡᠴᠡ ᠡᠮᠦᠨ᠎ᠡ ᠭᠤᠷᠪᠠᠨ ᠮᠢᠨᠦ᠋ᠲ ᠶᠠᠷᠢᠶ᠎ᠠ ᠢᠯᠡᠳᠭᠡᠯ ᠬᠢᠬᠦ᠌᠂ ᠡᠳᠦᠷ ᠪᠦᠷᠢ᠎ᠶ᠋ᠢᠨ 10 ᠮᠢᠨᠦ᠋ᠲ᠎ᠦᠨ ᠪᠢᠴᠢᠯᠭᠡ᠎ᠶ᠋ᠢᠨ ᠪᠣᠯᠪᠠᠰᠤᠷᠠᠯ᠂ ᠨᠢᠭᠡ ᠰᠠᠷ᠎ᠠ᠎ᠳᠤ ᠨᠢᠭᠡ ᠤᠳᠠᠭ᠎ᠠ ᠪᠢᠴᠢᠬᠦ᠌ ᠤᠷᠤᠯᠳᠤᠭᠠᠨ ᠬᠢᠬᠦ᠂ ᠵᠢᠯ ᠪᠦᠷᠢ ᠨᠢᠭᠡ ᠤᠳᠠᠭ᠎ᠠ ᠰᠣᠨᠣᠰᠭᠤ ᠤᠷᠤᠯᠳᠤᠭᠠᠨ᠂ ᠱᠢᠯᠦᠭ ᠳᠠᠭᠤᠯᠠᠯ᠎ᠤᠨ ᠤᠷᠤᠯᠳᠤᠭᠠᠨ ᠶᠠᠪᠤᠭᠳᠠᠭᠤᠯᠬᠤ ᠪᠣᠯᠤᠨ᠎ᠠ᠃ ᠨᠡᠢᠲᠡᠯᠢᠭ ᠬᠡᠯᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠦ 《ᠪᠠᠷᠢᠮᠵᠢᠶ᠎ᠠ ᠦᠭᠡ ᠬᠡᠯᠡ》 ᠪᠣᠯᠭᠠᠵᠤ᠂ ᠳᠦᠷᠢᠮᠵᠢᠭ᠌ᠰᠡᠨ ᠬᠢᠲᠠᠳ ᠦᠰᠦᠭ᠎ᠢᠶᠡᠷ ᠪᠢᠴᠢᠭ᠌ᠯᠡᠬᠦ᠌᠎ᠶ᠋ᠢ ᠰᠤᠷᠤᠭ᠍ᠴᠢᠳ᠎ᠤᠨ ᠤᠬᠠᠮᠰᠠᠷᠲᠤ ᠬᠥᠭᠡᠭᠡᠴᠡᠯᠳᠦᠯ ᠪᠣᠯᠭᠠᠨ᠎ᠠ᠃

《ᠥᠩᠭᠡᠷᠡᠭᠡᠭ᠌ᠰᠡᠨ᠎ᠳᠦ ᠪᠢ ᠦᠷᠭᠦᠯᠵᠢ ᠨᠤᠲᠤᠭ᠎ᠤᠨ ᠠᠶᠠᠯᠭᠤ ᠪᠡᠷ ᠵᠢᠡᠨ ᠶᠠᠷᠢᠬᠤ᠎ᠳᠤ ᠳᠥᠭᠥᠮ ᠭᠡᠵᠦ᠍ ᠪᠣᠳᠣᠵᠤ ᠪᠠᠢᠭ᠍ᠰᠠᠨ᠂ ᠭᠡᠪᠡᠴᠦ᠍ ᠲᠦᠷᠦᠭᠦᠬᠡᠨ᠎ᠦ ᠶᠠᠷᠢᠶ᠎ᠠ ᠢᠯᠡᠳᠭᠡᠯ ᠤ᠋ᠨ ᠤᠷᠤᠯᠳᠤᠭᠠᠨ ᠨᠢ ᠨᠠᠮ᠎ᠠ᠎ᠶ᠋ᠢ ᠭᠦᠨ ᠳᠣᠭ᠍ᠳᠣᠯᠤᠭᠤᠯᠪᠠ᠃ ᠪᠢ ᠲᠠᠢᠰᠠᠨ ᠳᠡᠭᠡᠷ᠎ᠡ ᠵᠣᠭ᠍ᠰᠣᠭᠠᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠤᠩᠱᠢᠬᠤ᠎ᠳᠤ ᠲᠠᠢᠰᠠᠨ ᠳᠣᠣᠷ᠎ᠠ ᠨᠢᠵᠢᠭᠢᠨᠡᠲᠡᠯ᠎ᠡ ᠠᠯᠠᠭ᠎ᠠ ᠲᠠᠱᠢᠪᠠ᠃ ᠪᠢ ᠦᠰᠦᠭ᠎ᠢᠶᠡᠨ ᠲᠡᠭᠰᠢ ᠰᠠᠢᠬᠠᠨ ᠪᠢᠴᠢᠬᠦ᠌ ᠦᠶᠡᠰ ᠪᠠᠭ᠍ᠰᠢ ᠨᠠᠳᠠ᠎ᠳᠤ ᠨᠢᠭᠡ ᠤᠯᠠᠭᠠᠨ ᠴᠡᠴᠡᠭ ᠨᠠᠭᠠᠵᠤ ᠥᠭ᠌ᠪᠡ᠂ ᠪᠢ ᠮᠠᠰᠢ ᠪᠠᠶᠠᠷᠯᠠᠵᠤ ᠪᠠᠢᠨ᠎ᠠ》 ᠭᠡᠵᠦ᠍ ᠰᠤᠷᠤᠭ᠍ᠴᠢ ᡁᠢ ᠱᠢᠨ ᠬᠡᠯᠡᠪᠡ᠃

ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠪᠢᠴᠢᠯᠭᠡ᠎ᠶ᠋ᠢ ᠳᠦᠷᠢᠮᠵᠢᠭᠦᠯᠦᠨ᠂ ᠬᠢᠲᠠᠳ ᠥᠰᠥᠭ᠎ᠦᠨ ᠬᠡᠷᠡᠭ᠌ᠯᠡᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠳᠤᠮᠳᠠᠳᠤ᠎ᠶ᠋ᠢᠨ ᠰᠣᠶᠣᠯ᠎ᠤᠨ ᠣᠬᠢ ᠰᠣᠳᠣ᠎ᠶ᠋ᠢ ᠣᠢᠯᠠᠭᠠᠭᠤᠯᠬᠤ᠎ᠶ᠋ᠢᠨ ᠲᠥᠯᠥᠭᠡ᠂ ᠱᠠᠵᠢᠨᠲᠤᠬᠤᠢ᠎ᠵᠢᠨ᠎ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠭ᠍ᠰᠢ᠎ᠶ᠋ᠢᠨ ᠳᠤᠭᠤᠢᠯᠠᠩ ᠪᠠ ᠰᠤᠷᠤᠭ᠍ᠴᠢᠳ᠎ᠤᠨ ᠳᠤᠭᠤᠢᠯᠠᠩ᠎ᠤᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ᠎ᠢ ᠡᠷᠭᠢᠯᠡᠪᠡ᠃ ᠤᠷᠤᠯᠳᠤᠭᠠᠨ᠎ᠤ ᠳᠤᠮᠳᠠ᠂ ᠰᠢᠯᠭᠠᠭᠴᠢ ᠠᠩᠬᠠᠷᠤᠯ᠎ᠢᠶᠠᠨ ᠲᠥᠪᠯᠡᠷᠡᠭᠦᠯᠵᠦ᠍᠂ ᠠᠮᠢᠰᠭᠤᠭ᠎ᠠ᠎ᠪᠠᠨ ᠳᠠᠷᠤᠵᠤ ᠰᠡᠳᠭᠢᠯ ᠰᠠᠨᠠᠭ᠎ᠠ᠎ᠪᠠᠨ ᠲᠥᠪᠯᠡᠷᠡᠭᠦᠯᠦᠨ᠎ᠡ᠃ ᠣᠬᠣᠷᠬᠠᠨ ᠨᠢᠭᠡ ᠮᠢᠨᠦ᠋ᠲ᠎ᠦᠨ ᠳᠣᠲᠣᠷ᠎ᠠ᠂ ᠲᠡᠳᠠ ᠣᠯᠵᠤ ᠰᠣᠨᠣᠰᠤᠭ᠍ᠰᠠᠨ ᠬᠢᠲᠠᠳ ᠤᠢ᠍ᠰᠦᠭ᠎ᠢᠶᠡᠨ ᠦᠳᠲᠡᠷ ᠲᠦᠷᠭᠡᠨ ᠪᠢᠴᠢᠵᠦ᠍ ᠭᠠᠷᠭᠠᠨ᠂ ᠤᠢ᠍ᠰᠦᠭ ᠨᠢᠭᠡᠪᠦᠷᠢ᠎ᠪᠡᠨ ᠴᠥᠮ ᠲᠡᠷᠢ ᠲᠡᠭ᠌ᠰᠢ ᠪᠢᠴᠢᠬᠦ ᠬᠡᠷᠡᠭ᠌ᠲᠡᠢ᠃ ᠡᠨᠡ ᠨᠢ ᠰᠢᠯᠭᠠᠭᠴᠢ᠎ᠵᠢᠨ ᠬᠢᠲᠠᠳ ᠦᠰᠦᠭ ᠪᠢᠴᠢᠬᠦ᠌ ᠬᠢᠷᠢ ᠲᠦᠪᠱᠢᠨ᠎ᠢ ᠱᠢᠯᠭᠠᠵᠤ ᠪᠠᠢᠬᠤ᠎ᠪᠠᠷ ᠪᠠᠷᠠᠬᠤ ᠦᠭᠡᠢ᠂ ᠨᠠᠩ ᠴᠤ᠌ ᠲᠡᠳᠡᠨ᠎ᠦ ᠠᠵᠢᠭ᠍ᠯᠠᠬᠤ ᠴᠢᠳᠠᠪᠤᠷᠢ᠂ ᠴᠡᠭᠡᠵᠢᠯᠡᠬᠦ᠌ ᠴᠢᠳᠠᠪᠤᠷᠢ᠂ ᠰᠡᠳᠭᠢᠬᠦ᠌ ᠴᠢᠳᠠᠪᠤᠷᠢ ᠪᠠ ᠠᠷᠭᠠᠴᠠᠭᠠᠬᠤ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠵᠤ ᠪᠠᠢᠨ᠎ᠠ᠃ ᠲᠣᠰ ᠰᠤᠷᠭᠠᠭᠤᠯᠢ ᠡᠢᠮᠦᠷᠬᠦᠦ ᠠᠵᠢᠯᠯᠠᠭ᠎ᠠ᠎ᠪᠠᠷ ᠳᠡᠮᠵᠢᠨ᠂ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ᠎ᠵᠢᠡᠷ ᠣᠴᠢ ᠪᠣᠯᠭᠠᠵᠤ᠂ ᠨᠠᠩ ᠣᠯᠠᠨ ᠬᠥᠮᠦᠨ᠎ᠦ ᠪᠢᠷ ᠪᠠᠷᠢᠵᠤ ᠪᠢᠴᠢᠭ ᠪᠢᠴᠢᠬᠦ᠌ ᠤᠷᠮ᠎ᠠ ᠰᠡᠳᠭᠢᠯᠭᠡ᠎ᠶ᠋ᠢ ᠬᠥᠭ᠌ᠵᠢᠭᠡᠵᠦ᠍᠂ ᠬᠢᠲᠠᠳ ᠥᠰᠥᠭ᠎ᠦᠨ ᠰᠣᠶᠣᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠦᠶ᠎ᠡ᠎ᠶ᠋ᠢᠨ ᠦᠶ᠎ᠡ᠎ᠳᠦ ᠤᠯᠠᠮᠵᠢᠯᠠᠪᠠ᠃

《ᠪᠠᠭ᠍ᠰᠢ ᠪᠣᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠦᠨ 〈ᠵᠠᠮᠴᠢᠯᠠᠭ᠍ᠴᠢ〉 ᠮᠥᠨ᠂ ᠮᠠᠨ᠎ᠤ ᠰᠤᠷᠭᠠᠭᠤᠯᠢ᠎ᠶ᠋ᠢᠨ ᠪᠠᠭ᠍ᠰᠢ ᠨᠠᠷ 100% ᠪᠡᠷ ᠨᠡᠢᠲᠡᠯᠢᠭ ᠬᠡᠯᠡᠨ᠎ᠦ ᠦᠨᠡᠮᠯᠡᠯ᠎ᠲᠡᠶ ᠪᠠᠢᠳᠠᠭ᠂ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠪᠢᠳᠡ ᠲᠣᠭ᠍ᠲᠠᠮᠠᠯ ᠬᠤᠭᠤᠴᠠᠭ᠎ᠠ᠎ᠲᠠᠶ ᠪᠠᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠵᠦ᠍᠂ ᠲᠤᠰᠭᠠᠶ ᠰᠡᠳᠦᠪᠲᠦ ᠪᠣᠯᠪᠠᠰᠤᠷᠠᠯ᠂ ᠬᠢᠴᠢᠶᠡᠯ᠎ᠦᠨ ᠲᠠᠩᠬᠢᠮ᠎ᠤᠨ ᠦᠵᠡᠭᠦᠯᠭᠡ᠂ ᠲᠤᠷᠱᠢᠯᠭ᠎ᠠ᠎ᠪᠠᠨ ᠬᠤᠪᠢᠶᠠᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠵᠢᠭᠠᠨ ᠰᠤᠷᠭᠠᠯᠲᠠ᠎ᠶ᠋ᠢᠨ ᠨᠠᠷᠢᠨ ᠵᠦᠶ᠋ᠯᠡᠰ᠎ᠲᠦ ᠠᠭᠤᠰᠭᠠᠨ ᠣᠷᠣᠭᠤᠯᠪᠠ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠱᠢᠮ᠎ᠡ ᠲᠡᠵᠢᠭᠡᠯ ᠳᠣᠣᠷ᠎ᠠ᠂ ᠬᠡᠦᠬᠡᠳ ᠨᠢᠭᠡᠪᠦᠷᠢ ᠴᠥᠮ ᠦᠭᠡ ᠬᠡᠯᠡ᠎ᠪᠡᠷ ᠳᠠᠷᠪᠠᠭᠤᠯ ᠪᠣᠯᠭᠠᠵᠤ᠂ ᠮᠡᠳᠡᠯᠭᠡ᠎ᠶ᠋ᠢᠨ ᠲᠠᠯᠠᠢ᠎ᠳᠦ ᠠᠯᠤᠰ ᠠᠶᠠᠯᠠᠵᠤ᠂ ᠥᠪᠡᠷ᠎ᠦᠨ ᠭᠡᠰᠡᠨ ᠭᠣᠢᠳᠠ ᠰᠠᠢᠬᠠᠨ ᠠᠮᠢᠳᠤᠷᠠᠯ᠎ᠢᠶᠠᠨ ᠪᠢᠴᠢᠭ᠌ᠯᠡᠵᠦ᠍ ᠴᠢᠳᠠᠨ᠎ᠠ ᠭᠡᠳᠡᠭ᠎ᠢ ᠪᠢ ᠢᠲᠡᠭᠡᠵᠦ᠍ ᠪᠠᠢᠨ᠎ᠠ》 ᠭᠡᠵᠦ᠍ ᠱᠠᠵᠢᠨᠲᠤᠬᠤᠢ᠎ᠵᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠳᠡᠳ᠋ ᠵᠠᠬᠢᠷᠤᠯ ᠭᠤᠤ ᠼᠠᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面