ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2026-08-07 10:30:35

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

《ᠦᠭᠡ ᠬᠡᠯᠡ ᠪᠣᠯ ᠦᠨᠳᠦᠰᠦᠲᠡᠨ᠎ᠨᠦᠭᠦᠳ᠎ᠢ ᠣᠢᠷᠠᠲᠤᠭᠤᠯᠬᠤ ᠬᠠᠮᠤᠭ᠎ᠤᠨ ᠰᠠᠢᠨ ᠬᠥᠭᠥᠷᠭᠡ ᠮᠥᠨ᠃ ᠬᠣᠢᠰᠢᠳᠠ ᠪᠢ ᠬᠢᠴᠢᠶᠡᠯ᠎ᠦᠨ ᠲᠠᠩᠬᠢᠮ᠎ᠳ᠋ᠤ ᠰᠣᠷᠣᠭᠰᠠᠨ ᠮᠣᠩᠭᠣᠯ ᠦᠭᠡ ᠬᠡᠯᠡ ᠥᠰᠥᠭ ᠪᠢᠴᠢᠭ᠎ᠦᠨ ᠮᠡᠳᠡᠯᠭᠡ᠎ᠪᠡᠨ ᠡᠳᠦᠷ ᠲᠤᠲᠤᠮ᠎ᠤᠨ ᠠᠵᠢᠯ ᠪᠠ ᠠᠮᠢᠳᠤᠷᠠᠯ᠎ᠳᠠᠭᠠᠨ ᠬᠡᠷᠡᠭᠯᠡᠵᠦ᠂ ᠳᠡᠷᠭᠡᠳᠡᠬᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠲᠠᠢ ᠰᠠᠨᠠᠭᠠᠴᠢᠯᠠᠭ᠎ᠠ᠎ᠡᠴᠡ ᠪᠠᠨ ᠰᠠᠨᠠᠭ᠎ᠠ ᠪᠤᠳᠤᠯ ᠵᠢᠡᠨ ᠰᠣᠯᠢᠯᠴᠠᠵᠤ᠂ ᠦᠭᠡ ᠬᠡᠯᠡ ᠵᠢᠨ ᠨᠡᠪᠳᠡᠷᠡᠯᠴᠡᠭᠡ᠎ᠪᠡᠷ ᠬᠠᠢᠷ᠎ᠠ ᠰᠡᠳᠬᠢᠯᠭᠡ᠎ᠶᠢᠨ ᠠᠭᠤᠰᠤᠯᠴᠠᠯ᠎ᠢ ᠪᠡᠶᠡᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠪᠦᠯᠬᠦᠮᠳᠡᠯ᠎ᠢ ᠠᠭᠢᠭᠤᠯᠤᠨ᠎ᠠ᠃ ᠵᠡᠭᠦᠨᠭᠠᠷ ᠬᠣᠰᠢᠭᠤᠨ᠎ᠤ 2026 ᠣᠨ᠎ᠤ ᠠᠩᠬᠠᠳᠤᠭᠠᠷ ᠬᠤᠭᠤᠴᠠᠭᠠᠨ᠎ᠤ ᠮᠣᠩᠭᠣᠯ ᠦᠭᠡ ᠬᠡᠯᠡ ᠥᠰᠥᠭ ᠪᠢᠴᠢᠭ᠎ᠦᠨ ᠪᠣᠯᠪᠠᠰᠤᠷᠠᠯ᠎ᠤᠨ ᠠᠩᠭᠢ᠎ᠶᠢᠨ ᠰᠤᠷᠤᠯᠭᠠᠲᠠᠨ ᠯᠢᠦ ᠮᠧᠶ ᠹᠧᠩ ᠰᠤᠷᠤᠯᠴᠠᠯᠭ᠎ᠠ᠎ᠶᠢᠨ ᠣᠯᠣᠯᠲᠠ᠎ᠪᠠᠨ ᠢᠩᠭᠢᠵᠦ ᠬᠡᠯᠡᠪᠡ᠃

ᠱᠠᠵᠢᠨᠳᠤᠬᠤᠢ ᠪᠠᠯᠭᠠᠰᠤᠨ᠎ᠤ ᠵᠠᠨ ᠪᠧᠢ ᠨᠡᠢᠭᠡᠮ ᠲᠣᠭᠣᠷᠢᠭ᠋᠎ᠤᠨ ᠪᠣᠯᠪᠠᠰᠤᠷᠠᠯ᠎ᠤᠨ ᠲᠤᠬᠠᠢ᠎ᠶᠢᠨ ᠲᠠᠯᠠᠪᠠᠶ᠎ᠳᠤ᠂ ᠰᠤᠷᠤᠭ᠍ᠴᠢᠳ ᠨᠠᠰᠤ ᠵᠢᠯ᠂ ᠠᠵᠢᠯ ᠮᠡᠷᠭᠡᠵᠢᠯ ᠭᠡᠵᠦ ᠢᠯᠭᠠᠯ ᠦᠭᠡᠢ᠎ᠪᠡᠷ ᠪᠥᠬᠥ ᠰᠡᠳᠬᠢᠯ ᠪᠥᠬᠥ ᠵᠣᠷᠢᠭ᠋᠎ᠢᠶᠠᠷ᠎ᠢᠶᠠᠨ ᠰᠤᠷᠤᠯᠴᠠᠵᠤ᠂ ᠮᠡᠳᠡᠯᠭᠡ᠎ᠶᠢᠨ ᠴᠡᠭ᠎ᠢ ᠨᠠᠷᠢᠨ ᠬᠢᠨᠠᠮᠠᠭᠠᠢ ᠲᠡᠮᠳᠡᠭᠯᠡᠵᠦ᠂ ᠰᠠᠨᠠᠭᠠᠴᠢᠯᠠᠭ᠎ᠠ᠎ᠡᠴᠡ᠎ᠪᠠᠨ᠎ᠲᠠᠭᠠᠨ ᠤᠩᠰᠢᠵᠦ ᠰᠤᠷᠤᠯᠴᠠᠨ᠂ ᠬᠢᠴᠢᠶᠡᠯ᠎ᠦᠨ ᠳᠠᠷᠠᠭᠠᠬᠢ ᠳᠠᠳᠤᠯᠭ᠎ᠠ ᠵᠢᠨ ᠲᠠᠰᠬᠠᠯ᠎ᠢᠶᠡᠨ ᠴᠠᠭ᠎ᠲᠠᠭᠠᠨ ᠪᠡᠶᠡᠯᠡᠭᠦᠯᠵᠦ᠂ ᠰᠤᠷᠤᠯᠴᠠᠬᠤ ᠡᠷᠴᠢ ᠵᠣᠷᠢᠭ᠋ ᠨᠢ ᠲᠡᠭᠦᠯᠳᠡᠷ ᠪᠠᠢᠪᠠ᠃ ᠴᠥᠭᠡᠨ ᠪᠤᠰᠤ ᠰᠤᠷᠤᠭ᠍ᠴᠢᠳ᠂ ᠭᠠᠵᠠᠷ ᠣᠷᠣᠨ᠎ᠤ ᠦᠭᠡ ᠬᠡᠯᠡᠨ᠎ᠦ ᠣᠷᠴᠢᠨ ᠲᠣᠭᠣᠷᠢᠨ᠎ᠤ ᠨᠥᠯᠥᠭᠡ᠎ᠡᠴᠡ ᠪᠣᠯᠵᠤ᠂ ᠥᠩᠭᠡᠷᠡᠭᠰᠡᠨ᠎ᠳᠦ ᠮᠣᠩᠭᠣᠯ ᠦᠨᠳᠦᠰᠦᠲᠡᠨ᠎ᠦ ᠲᠡᠦᠬᠡ᠂ ᠤᠯᠠᠮᠵᠢᠯᠠᠯᠲᠤ ᠵᠠᠩ ᠦᠶ᠋ᠯᠡ᠎ᠶᠢ ᠳᠡᠮᠡᠢ ᠣᠢᠯᠠᠭᠠᠬᠤ ᠦᠭᠡᠢ ᠪᠠᠢᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠳᠦᠷ ᠲᠤᠲᠤᠮ᠎ᠤᠨ ᠰᠣᠯᠢᠯᠴᠠᠭ᠎ᠠ᠎ᠳᠤ ᠵᠣᠬᠢᠬᠤ ᠵᠠᠪᠰᠠᠷ᠎ᠲᠠᠢ ᠪᠠᠢᠪᠠ᠃ ᠮᠣᠩᠭᠣᠯ ᠦᠭᠡ ᠬᠡᠯᠡ ᠦᠰᠦᠭ ᠪᠢᠴᠢᠭ᠎ᠢ ᠰᠢᠰᠲᠧᠮ ᠲᠠᠢ ᠰᠤᠷᠤᠯᠴᠠᠬᠤ᠎ᠪᠠᠷ ᠳᠠᠮᠵᠢᠨ᠂ ᠣᠯᠠᠨ᠎ᠢᠶᠠᠷ᠎ᠢᠶᠠᠨ ᠴᠥᠭᠡᠨ ᠲᠣᠭᠠᠲᠤ ᠦᠨᠳᠦᠰᠦᠲᠡᠨ᠎ᠦ ᠰᠣᠶᠣᠯ᠎ᠤᠨ ᠠᠭᠤᠯᠤᠭᠳᠠᠬᠤᠨ᠎ᠢ᠋ ᠤᠢᠯᠠᠭᠠᠨ᠂ ᠦᠨᠳᠦᠰᠦᠲᠡᠨ᠎ᠨᠦᠭᠦᠳ᠎ᠦᠨ ᠰᠣᠶᠣᠯ᠎ᠤᠨ ᠠᠭᠤᠰᠤᠯᠴᠠᠨ ᠬᠠᠮᠲᠤ ᠣᠷᠣᠰᠢᠬᠤ ᠥᠪᠡᠷᠮᠢᠴᠡ ᠷᠢᠳᠢ ᠰᠢᠳᠢ᠎ᠶᠢ ᠦᠨᠡᠨ ᠬᠦ᠌ ᠮᠡᠳᠡᠷᠡᠵᠠᠢ ᠭᠡᠪᠡ᠃

ᠲᠣᠰ ᠤᠳᠠᠭᠠᠨ᠎ᠤ ᠮᠣᠩᠭᠣᠯ ᠦᠭᠡ ᠬᠡᠯᠡ ᠥᠰᠥᠭ ᠪᠢᠴᠢᠭ᠎ᠦᠨ ᠪᠣᠯᠪᠠᠰᠤᠷᠠᠯ᠎ᠤᠨ ᠠᠩᠭᠢ᠎ᠶᠢ ᠵᠡᠭᠦᠨᠭᠠᠷ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠭᠣᠣᠯᠯᠠᠨ ᠡᠷᠭᠢᠯᠡᠵᠦ᠂ ᠣᠯᠠᠨ ᠲᠦᠮᠡᠨ᠎ᠦ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠮᠤᠩᠭᠤᠯ ᠭᠡᠯᠡᠨ᠎ᠤ ᠰᠠᠭᠤᠷᠢ ᠦᠭᠡᠢ ᠰᠤᠷᠤᠭ᠍ᠴᠢᠳ᠎ᠲᠤ ᠬᠠᠨᠳᠤᠭᠤᠯᠤᠨ ᠬᠡᠷᠡᠭᠯᠡᠭᠡᠨ᠎ᠦ ᠴᠢᠨᠠᠷᠲᠠᠢ ᠵᠢᠭᠠᠨ ᠰᠤᠷᠭᠠᠯᠲᠠ᠎ᠶᠢᠨ ᠠᠭᠤᠯᠭ᠎ᠠ᠎ᠶᠢ ᠨᠡᠭᠡᠭᠡᠪᠡ᠃ ᠣᠯᠠᠨ ᠲᠦᠮᠡᠨ᠎ᠦ ᠮᠣᠩᠭᠣᠯ ᠬᠡᠯᠡᠨ᠎ᠦ ᠰᠠᠭᠤᠷᠢ ᠮᠠᠭᠤ᠂ ᠦᠭᠡ ᠬᠡᠯᠡᠨ᠎ᠦ ᠨᠠᠪᠲᠡᠷᠡᠯᠴᠡᠭᠡ ᠵᠢᠨ ᠬᠣᠷᠢᠭ᠎ᠠ ᠰᠠᠭᠠᠳ ᠣᠷᠣᠰᠢᠵᠤ ᠪᠠᠢᠭ᠎ᠠ ᠵᠡᠷᠭᠡ ᠪᠠᠢᠳᠠᠯ᠎ᠳᠤ ᠴᠢᠭᠯᠡᠭᠦᠯᠦᠨ᠂ ᠪᠣᠯᠪᠠᠰᠤᠷᠠᠯ᠎ᠤᠨ ᠠᠩᠭᠢ ᠨᠢ ᠥᠪᠡᠷᠮᠢᠴᠡ ᠣᠨᠴᠠᠯᠢᠭ᠋᠎ᠲᠠᠢ ᠬᠢᠴᠢᠶᠡᠯ ᠲᠣᠬᠢᠷᠠᠭᠤᠯᠵᠤ᠂ ᠮᠣᠩᠭᠣᠯ ᠬᠡᠯᠡᠨ᠎ᠦ ᠰᠠᠭᠤᠷᠢ ᠠᠪᠢᠶᠠᠯᠠᠭ᠎ᠠ᠂ ᠡᠳᠦᠷ ᠲᠤᠲᠤᠮ᠎ᠤᠨ ᠬᠡᠷᠡᠭᠯᠡᠭᠡᠨ᠎ᠦ ᠶᠠᠷᠢᠯᠴᠠᠭ᠎ᠠ᠂ ᠤᠯᠠᠮᠵᠢᠯᠠᠯᠲᠤ ᠵᠠᠩ ᠦᠶ᠋ᠯᠡ᠂ ᠮᠣᠩᠭᠣᠯ ᠬᠡᠯᠡᠨ᠎ᠦ ᠰᠣᠩᠭᠣᠳᠠᠭ ᠳᠠᠭᠤᠤ ᠵᠢᠴᠢ ᠦᠨᠳᠦᠰᠦᠲᠡᠨ᠎ᠦ ᠪᠥᠵᠢᠭ ᠵᠡᠷᠭᠡ᠎ᠠᠭᠤᠯᠭ᠎ᠠ ᠵᠢ ᠪᠠᠭᠲᠠᠭᠠᠭᠰᠠᠨ ᠪᠠᠢᠨ᠎ᠠ᠃ ᠬᠢᠴᠢᠶᠡᠯ᠎ᠦᠨ ᠲᠠᠩᠬᠢᠮ ᠨᠢ ᠠᠮᠲᠠ ᠰᠢᠮᠲᠠ ᠦᠭᠡᠢ ᠲᠠᠩ ᠴᠤᠯᠭᠤᠢ ᠵᠢᠭᠠᠨ ᠰᠤᠷᠭᠠᠬᠤ ᠵᠠᠭᠪᠤᠷ᠎ᠢ ᠲᠠᠶᠠᠭᠳᠠᠵᠤ᠂ ᠨᠠᠷᠢᠯᠢᠭ᠋ ᠲᠠᠢᠯᠪᠤᠷᠢᠯᠠᠵᠤ ᠵᠢᠱ᠌ᠢᠶ᠎ᠡ ᠦᠵᠡᠭᠦᠯᠬᠦ᠂ ᠲᠤᠬᠠᠢ᠎ᠶᠢᠨ ᠲᠠᠯᠠᠪᠤᠷ᠎ᠲᠤ ᠳᠠᠭᠠᠵᠤ ᠤᠩᠰᠢᠬᠤ᠂ ᠬᠠᠪᠰᠤᠷᠤᠯᠴᠠᠭ᠎ᠠ ᠪᠠᠢᠭᠤᠯᠤᠨ ᠬᠠᠷᠢᠯᠴᠠᠨ ᠰᠤᠷᠤᠯᠴᠠᠬᠤ᠂ ᠬᠠᠷᠢᠯᠴᠠᠨ ᠦᠢᠯᠡᠳᠦᠯᠴᠡᠨ ᠠᠰᠠᠭᠤᠯᠲᠠ ᠬᠠᠷᠢᠭᠤᠯᠬᠤ ᠵᠡᠷᠭᠡ ᠣᠯᠠᠨ ᠶᠠᠩᠵᠤ᠎ᠶᠢᠨ ᠰᠣᠨᠢᠷᠬᠠᠯᠲᠤ ᠵᠢᠭᠠᠨ ᠰᠤᠷᠭᠠᠯᠲᠠ᠎ᠶᠢᠨ ᠠᠷᠭ᠎ᠠ ᠮᠠᠶᠢᠭ᠋᠎ᠢ ᠬᠡᠷᠡᠭᠯᠡᠨ᠂ ᠦᠨᠡᠨ ᠪᠣᠳᠠᠲᠠᠢ ᠵᠢᠭᠠᠨ ᠰᠤᠷᠭᠠᠯᠲᠠ᠎ᠶᠢ ᠥᠷᠨᠢᠭᠦᠯᠵᠦ᠂ ᠰᠤᠷᠤᠭ᠍ᠴᠢᠳ᠎ᠢ ᠦᠨᠡᠨ ᠬᠦ᠌ ᠰᠣᠨᠣᠰᠴᠤ ᠣᠢᠯᠠᠭᠠᠬᠤ᠂ ᠰᠤᠷᠴᠤ ᠴᠢᠳᠠᠬᠤ᠂ ᠡᠳᠦᠷ ᠲᠤᠲᠤᠮ᠎ᠤᠨ ᠬᠡᠷᠡᠭᠯᠡᠵᠦ ᠳᠡᠶ᠋ᠢᠯᠬᠦ ᠪᠣᠯᠭᠠᠪᠠ᠃

ᠣᠢᠷ᠎ᠠ᠎ᠶᠢᠨ ᠵᠢᠯ᠎ᠡᠴᠡ᠂ ᠵᠡᠭᠦᠨᠭᠠᠷ ᠬᠣᠰᠢᠭᠤ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠴᠥᠭᠡᠨ ᠲᠣᠭᠠᠲᠤ ᠦᠨᠳᠦᠰᠦᠲᠡᠨ᠎ᠦ ᠦᠭᠡ ᠬᠡᠯᠡ ᠰᠣᠶᠣᠯ᠎ᠢ ᠬᠠᠮᠠᠭᠠᠯᠠᠨ ᠤᠯᠠᠮᠵᠢᠯᠠᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠤᠢ ᠪᠤᠯᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面