ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2026-09-07 10:03:20

ᠵᠣᠬᠢᠶᠠᠭ᠍ᠴᠢ᠄ ᠵᠸ᠋ ᠶᠤᠸᠠᠨ ᠯᠢ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠰᠢᠯᠢᠩᠬᠣᠲᠠ᠎ᠶᠢᠨ ᠬᠠᠩᠭᠠᠢ ᠵᠡᠭᠡᠯᠢ ᠭᠤᠳᠤᠮᠵᠢ᠎ᠶᠢᠨ ᠴᠠᠩ ᠠᠨ ᠨᠡᠢᠭᠡᠮ ᠲᠣᠭᠣᠷᠢᠭ᠋᠎ᠠᠴᠠ ᠬᠡᠤᠬᠡᠳ ᠤ᠋ᠨ ᠨᠤᠮ ᠤᠩᠰᠢᠯᠭ᠎ᠠ ᠵᠢᠨ ᠴᠡᠬᠡᠯᠭᠡᠨ ᠲᠠᠭᠤᠨ ᠰᠣᠨᠣᠰᠳᠠᠵᠤ᠂ ᠾᠸᠪᠸᠢ ᠶᠡᠬᠡ ᠰᠤᠷᠭᠠᠭᠤᠯᠢ᠎ᠶᠢᠨ ᠬᠣᠷᠢᠨ ᠨᠢᠭᠡᠳᠦᠭᠡᠷ ᠬᠤᠭᠤᠴᠠᠭᠠᠨ᠎ᠤ ᠠᠰᠫᠢᠷᠠᠨᠲ᠎ᠤᠨ ᠰᠤᠷᠭᠠᠨ ᠬᠥᠮᠦᠵᠢᠯ᠎ᠢ ᠳᠡᠮᠵᠢᠬᠦ ᠪᠦᠯᠬᠦᠮ᠎ᠦᠨ ᠪᠦᠷᠢᠯᠳᠦᠭᠦᠨ ᠯᠢ ᠵᠢᠶᠠ ᠷᠦᠢ ᠬᠡᠦᠬᠡᠳ᠎ᠦᠳ᠎ᠢ ᠳᠠᠭᠠᠭᠤᠯᠤᠨ ᠤᠯᠤᠰ᠎ᠤᠨ ᠨᠡᠢᠳᠠᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠵᠤ ᠪᠠᠢᠯ᠎ᠠ᠃ ᠲᠡᠷᠡ 《ᠴᠡᠯᠡᠭᠡᠷ ᠲᠠᠯ᠎ᠠ᠎ᠶᠢᠨ ᠳᠠᠭᠤᠯᠠᠯ》᠂ 《ᠪᠣᠭᠣᠮᠲᠠ᠎ᠶᠢᠨ ᠭᠠᠳᠠᠨᠠᠬᠢ ᠬᠣᠶᠠᠷ ᠪᠠᠳᠠᠭ·ᠨᠢᠭᠡ》 ᠡᠴᠡ ᠡᠬᠢᠯᠡᠨ᠂ ᠤᠷᠢᠳ᠎ᠢᠶᠠᠷ ᠠᠮᠠᠨ ᠲᠠᠮᠢᠷ᠂ ᠠᠮᠢᠰᠬᠤᠯ ᠪᠠ ᠬᠡᠯᠡ ᠪᠣᠯᠪᠠᠰᠤᠷᠠᠭᠤᠯᠵᠦ᠂ ᠬᠡᠦᠬᠡᠳ᠎ᠦᠳ᠎ᠢ ᠬᠠᠪᠰᠤᠷᠤᠨ ᠠᠪᠢᠶᠠᠨ ᠤ᠋ ᠠᠰᠠᠭᠤᠳᠠᠯ ᠢ᠋ ᠨᠢ ᠵᠠᠯᠠᠷᠠᠭᠤᠯᠵᠤ᠂ ᠳᠠᠬᠢᠨ ᠣᠯᠠᠨ᠎ᠢ ᠳᠠᠭᠠᠭᠤᠯᠤᠨ ᠬᠥᠳᠡᠯᠭᠡᠭᠡᠨ ᠬᠢᠬᠦ᠎ᠶᠢᠨ ᠳᠠᠭᠠᠤ ᠤᠶᠠᠩᠭᠠᠯᠠᠨ ᠤᠩᠰᠢᠵᠤ᠂ ᠠᠢᠵᠠᠮ ᠴᠣᠬᠢᠯᠭ᠎ᠠ᠎ᠶᠢᠨ ᠳᠤᠮᠳᠠ ᠡᠷᠳᠡᠨ ᠤ᠋ ᠰᠢᠯᠦᠭ ᠤ᠋ᠨ ᠭᠤᠢᠳᠠ ᠰᠠᠢᠬᠠᠨ ᠢ᠋ ᠤᠢᠯᠠᠭᠠᠭᠤᠯᠦᠨ᠎ᠡ᠃

《ᠪᠢᠳᠡᠨ᠎ᠳᠦ ᠬᠢᠴᠢᠶᠡᠯ ᠵᠢᠭᠠᠵᠤ ᠪᠠᠢᠭ᠎ᠠ ᠠᠰᠫᠢᠷᠠᠨᠲ ᠠᠬ᠎ᠠ ᠡᠭᠡᠴᠢ ᠨᠠᠷ ᠨᠡᠢᠲᠡᠯᠢᠭ ᠬᠡᠯᠡ ᠵᠢ ᠪᠦᠷ ᠰᠠᠢᠬᠠᠨ ᠶᠠᠷᠢᠳᠠᠭ᠂ ᠮᠡᠳᠡᠬᠦ ᠮᠡᠳᠡᠯᠭᠡ ᠨᠢ ᠴᠦ᠍ ᠲᠤᠩ ᠣᠯᠠᠨ ᠪᠠᠢᠨ᠎ᠠ᠂ ᠪᠢᠳᠡ ᠲᠡᠳᠡᠨ᠎ᠡᠴᠡ ᠲᠠᠭᠠᠨ ᠰᠤᠷᠤᠯᠴᠠᠵᠤ᠂ ᠪᠠᠭ᠎ᠠ᠎ᠠᠴᠠ᠎ᠪᠠᠨ ᠨᠡᠢᠲᠡᠯᠢᠭ ᠬᠡᠯᠡ᠎ᠶᠢ ᠰᠠᠢᠲᠤᠷ ᠶᠠᠷᠢᠨ᠎ᠠ》 ᠭᠡᠵᠦ ᠪᠢᠴᠢᠬᠠᠨ ᠨᠠᠢᠵᠠ ᠶᠠᠩ ᠴᠧᠩ ᠢᠦᠢ ᠬᠡᠯᠡᠪᠡ᠃

ᠰᠤᠷᠭᠠᠨ ᠬᠥᠮᠦᠵᠢᠯ᠎ᠢ ᠳᠡᠮᠵᠢᠬᠦ ᠠᠵᠢᠯᠯᠠᠭ᠎ᠠ ᠳᠤᠮᠳᠠ᠂ ᠾᠧᠪᠧᠢ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠢ ᠳᠡᠮᠵᠢᠬᠦ ᠪᠦᠯᠬᠦᠮ ᠎ᠤᠨ ᠬᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠨᠢᠭᠡ ᠴᠣᠭᠴᠠᠵᠢᠭ᠍ᠰᠠᠨ ᠦᠢᠯᠡᠳᠦᠯᠭᠡ᠎ᠪᠡᠷ ᠬᠥᠮᠥᠨ᠎ᠢ ᠬᠥᠮᠥᠵᠢᠭᠦᠯᠬᠦ ᠰᠢᠰᠲᠧᠮ᠎ᠳᠦ ᠲᠦᠰᠢᠭᠯᠡᠨ᠂ ᠬᠡᠦᠬᠡᠳ᠎ᠦᠳ᠎ᠲᠠᠢ 《ᠠᠨᠠᠷ ᠵᠠᠬᠢᠳᠠᠯ᠎ᠤᠨ ᠬᠠᠢᠷᠴᠠᠭ·ᠲᠦᠮᠡᠨ ᠭᠠᠵᠠᠷ᠎ᠰᠡᠳᠬᠢᠯ ᠨᠢᠭᠡᠳᠡᠢ》 ᠵᠠᠬᠢᠳᠠᠯ ᠡᠯᠰᠡᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠠᠬᠤᠢ ᠲᠠᠯᠠᠪᠠᠢ᠎ᠳᠤ᠂ ᠰᠤᠷᠭᠠᠨ ᠬᠥᠮᠦᠵᠢᠯ᠎ᠢ ᠳᠡᠮᠵᠢᠬᠦ ᠪᠦᠯᠬᠦᠮ᠎ᠦᠨ ᠪᠦᠷᠢᠯᠳᠦᠬᠦᠨ ᠬᠡᠦᠬᠡᠳ᠎ᠦᠨ ᠲᠡᠷᠭᠡᠳᠡ ᠰᠠᠭᠤᠵᠤ᠂ ᠦᠭᠡ ᠪᠣᠯᠣᠨ ᠵᠢᠷᠤᠯᠭ᠎ᠠ᠎ᠶᠢ ᠨᠢ ᠨᠢᠭᠡᠳ ᠨᠢᠭᠡ᠎ᠪᠡᠷ ᠵᠠᠯᠠᠷᠠᠭᠤᠯᠤᠨ᠎ᠠ; ᠬᠡᠦᠬᠡᠳ᠎ᠦᠳ ᠬᠢᠨᠠᠮᠠᠭᠠᠢ ᠰᠣᠨᠣᠰᠴᠤ᠂ ᠰᠡᠳᠬᠢᠯ ᠲᠠᠯᠪᠢᠨ ᠪᠢᠴᠢᠵᠦ᠂ ᠰᠢᠯᠢ᠎ᠶᠢᠨ ᠭᠣᠣᠯ ᠠᠢᠮᠠᠭ᠎ᠤᠨ ᠥᠩᠭᠡ ᠦᠵᠡᠮᠵᠢ ᠪᠣᠯᠣᠨ ᠵᠠᠩ ᠠᠷᠠᠨᠰᠢᠨ ᠢ᠋ ᠵᠠᠬᠢᠳᠠᠯ᠎ᠳᠠᠭᠠᠨ ᠪᠢᠴᠢᠵᠦ᠂ ᠡᡁᠸᠪᠸᠢ ᠵᠢᠨ ᠬᠠᠪᠰᠤᠷᠤᠯᠴᠠᠭ᠎ᠠ ᠪᠠᠢᠭᠤᠯᠤᠬᠰᠠᠨ ᠪᠢᠴᠢᠬᠠᠨ ᠨᠠᠢᠵᠠ ᠳ᠋ᠠᠭᠠᠨ ᠢᠯᠡᠭᠡᠪᠡ᠃

《ᠲᠠᠷᠠᠭᠠᠴᠢ᠎ᠪᠡᠷ᠂ ᠪᠢᠳᠡ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠨᠡᠢᠲᠡᠯᠢᠭ ᠬᠡᠯᠡ᠎ᠪᠡᠷ ᠬᠣᠯᠪᠣᠭᠠᠰᠤ ᠪᠣᠯᠭᠠᠨ᠂ ᠳᠦᠷᠢᠮᠵᠢᠭᠰᠡᠨ ᠦᠰᠦᠭ᠎ᠢᠶᠡᠷ ᠠᠴᠢᠶᠠᠯᠠᠪᠤᠷᠢ ᠪᠣᠯᠭᠠᠵᠤ᠂ ᠾᠸᠪᠸᠢ ᠶᠡᠬᠡ ᠰᠤᠷᠭᠠᠭᠤᠯᠢ᠎ᠶᠢᠨ ᠠᠰᠫᠢᠷᠠᠨᠲ᠎ᠤᠨ ᠰᠤᠷᠭᠠᠨ ᠬᠥᠮᠦᠵᠢᠯ᠎ᠢ ᠳᠡᠮᠵᠢᠬᠦ ᠪᠦᠯᠬᠦᠮ ᠯᠦ᠍ᠭᠡ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠎ᠶᠢ ᠠᠮᠢᠳᠤᠷᠠᠯ᠎ᠳᠤ ᠤᠢᠷᠠᠳᠤᠭᠤᠯᠵᠤ᠂ ᠵᠠᠯᠠᠭᠤᠴᠤᠳ ᠪᠠᠭᠠᠴᠤᠳ᠎ᠤᠨ ᠪᠦᠬᠦ ᠲᠠᠯ᠎ᠠ᠎ᠪᠠᠷ ᠬᠥᠭᠵᠢᠵᠦ᠂ ᠡᠷᠡᠭᠦᠯ᠎ᠢᠶᠡᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠨ᠎ᠡ》 ᠭᠡᠵᠦ ᠰᠢᠯᠢᠩᠬᠣᠲᠠ᠎ᠶᠢᠨ ᠡᠪ ᠬᠠᠮᠳᠤ ᠵᠠᠯᠠᠭᠤᠴᠤᠳ ᠤ᠋ᠨ ᠡᠪᠯᠡᠯ᠎ᠦᠨ ᠬᠣᠷᠢᠶ᠎ᠠ ᠵᠢᠨ ᠱᠦᠵᠢ ᠵᠠᠩ ᠢᠦᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面