2026-09-11 10:57:49
《ᠳᠠᠶᠠᠭᠠᠷ᠎ᠢᠶᠠᠨ ᠰᠠᠢᠨ ᠪᠠᠢᠨ᠎ᠠ᠎ᠤᠤ? ᠪᠢ ᠪᠣᠯ ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠲᠠᠢ ᠫᠢᠩ ᠵᠡᠭᠡᠯᠢ ᠵᠢᠨ ᠪᠠᠭ᠎ᠠ ᠰᠤᠷᠭᠠᠭᠤᠯᠢ᠎ᠶᠢᠨ ᠤᠯᠤᠰ᠎ᠤᠨ ᠨᠡᠢᠳᠡᠮ ᠬᠡᠷᠡᠭᠯᠡᠭᠦ ᠦᠭᠡ ᠬᠡᠯᠡ᠎ᠦᠰᠦᠭ ᠪᠢᠴᠢᠭ᠎ᠢ ᠲᠡᠯᠭᠡᠷᠡᠭᠦᠯᠦᠨ ᠲᠦᠭᠡᠮᠡᠯᠵᠢᠭᠦᠯᠦᠭᠴᠢ ᠠᠨ ᠴᠢ ᠶᠣᠣ ᠪᠤᠯᠤᠨ᠎ᠠ᠂ ᠥᠨᠥᠳᠥᠷ ᠪᠢᠳᠡ ᠪᠠᠷᠠᠭᠤᠨ ᠤᠰᠤᠲᠤ ᠲᠣᠰᠬᠣᠨ᠎ᠳᠤ ᠬᠦᠷᠴᠦ ᠢᠷᠡᠯ᠎ᠡ᠂ ᠮᠣᠩᠭᠣᠯ ᠬᠡᠯᠡᠨ᠎ᠳᠦ ᠤᠰᠤᠲᠤ ᠭᠡᠳᠡᠭ ᠦᠭᠡ ᠨᠢ ᠤᠰᠤ᠎ᠲᠠᠢ ᠭᠠᠵᠠᠷ ᠭᠡᠰᠡᠨ ᠤᠳᠬ᠎ᠠ ᠲᠠᠢ᠃ ᠪᠠᠷᠠᠭᠤᠨ ᠤᠰᠤᠳᠤ ᠲᠤᠰᠬᠤᠨ ᠠᠷᠤ ᠪᠡᠷ ᠵᠢᠡᠨ ᠳᠠᠯᠠᠨ ᠬᠠᠷ᠎ᠠ ᠠᠭᠤᠯᠠ᠎ᠶᠢᠨ ᠡᠮᠦᠨ᠎ᠡ ᠬᠣᠷᠮᠣᠢ᠎ᠶᠢ ᠲᠦᠰᠢᠵᠦ᠂ ᠬᠥᠬᠡᠮᠳᠦᠭ ᠠᠭᠤᠯᠠ ᠵᠠᠯᠭᠠᠯᠳᠤᠨ᠂ ᠬᠦᠪᠴᠢ ᠤᠢ ᠢᠭ᠍ᠴᠤᠷᠠᠨ ᠤᠷᠭᠤᠵᠤ᠂ ᠴᠡᠪᠡᠷ ᠲᠤᠩᠭᠠᠯᠠᠭ ᠪᠤᠯᠠᠭ᠎ᠤᠨ ᠤᠰᠤ ᠠᠭᠤᠯᠠᠨ ᠲᠤᠮᠳᠠᠭᠤᠷ ᠨᠢ ᠨᠠᠮ ᠲᠦᠯᠭᠡᠨ ᠤᠷᠤᠰᠴᠤ ᠪᠠᠢᠳᠠᠭ》᠃
ᠣᠢᠷ᠎ᠠ᠎ᠳᠤ᠂ ᠬᠥᠬᠡᠬᠣᠲᠠ᠎ᠶᠢᠨ᠎ᠲᠠᠢ ᠫᠢᠩ ᠵᠡᠭᠡᠯᠢ ᠵᠢᠨ ᠪᠠᠭ᠎ᠠ ᠰᠤᠷᠭᠠᠭᠤᠯᠢ ᠡᠴᠡ 3 ︱ 6 ᠳ᠋ᠤᠭᠠᠷ ᠣᠨ᠎ᠤ ᠤᠯᠠᠭᠠᠨ ᠪᠦᠴᠡᠲᠡᠨ ᠲᠡᠯᠭᠡᠷᠡᠭᠦᠯᠦᠨ ᠲᠦᠭᠡᠮᠡᠯᠵᠢᠭᠦᠯᠭᠦ ᠬᠤᠪᠢᠶᠠᠷᠢ ᠠᠩᠭᠢ᠎ᠪᠠᠨ ᠵᠣᠬᠢᠶᠠᠨ ᠪᠠᠢᠭᠤᠯᠵᠦ ᠬᠣᠲᠣᠩ ᠠᠷᠠᠳ᠎ᠤᠨ ᠲᠣᠭᠣᠷᠢᠭ᠋᠎ᠤᠨ ᠪᠠᠷᠠᠭᠤᠨ ᠤᠰᠤᠲᠤ ᠲᠣᠰᠬᠣᠨ᠎ᠳᠤ ᠵᠣᠨ᠎ᠤ ᠠᠮᠠᠷᠠᠯᠲᠠ᠎ᠶᠢᠨ ᠦᠭᠡ ᠬᠡᠯᠡ ᠥᠰᠥᠭ ᠪᠢᠴᠢᠭ᠎ᠦᠨ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠪᠡ᠃
ᠤᠯᠤᠰ᠎ᠤᠨ ᠨᠡᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠢ᠋ ᠲᠡᠯᠭᠡᠷᠡᠭᠦᠯᠦᠨ ᠲᠦᠭᠡᠮᠡᠯᠵᠢᠭᠦᠯᠦᠭᠴᠢ ᠵᠢᠭᠠᠯ ᠪᠠᠭᠠᠴᠤᠳ ᠪᠠᠷᠠᠭᠤᠨ ᠤᠰᠤᠲᠤ ᠲᠣᠰᠬᠣᠨ᠎ᠤ ᠲᠡᠦᠬᠡ᠎ᠶᠢᠨ ᠣᠷᠳᠣᠨ᠎ᠳᠤ ᠬᠦᠷᠴᠦ᠂ ᠨᠤᠲᠤᠭ᠎ᠤᠨ ᠰᠣᠶᠣᠯ᠎ᠢ ᠰᠤᠳᠤᠯᠤᠨ ᠰᠤᠷᠤᠯᠴᠠᠬᠤ ᠠᠶᠠᠨ᠎ᠢᠶᠠᠨ ᠡᠬᠢᠯᠡᠭᠦᠯᠵᠡᠢ᠃ ᠵᠢᠷᠤᠭ ᠦᠰᠦᠭᠬᠠᠪᠰᠤᠷᠭᠠᠭᠰᠠᠨ ᠦᠵᠡᠭᠦᠯᠭᠡ᠎ᠶᠢᠨ ᠰᠠᠮᠪᠠᠷᠠᠨᠤᠭᠤᠳᠢ ᠰᠤᠷᠤᠭ᠍ᠴᠢᠳ ᠨᠠᠷᠢᠨ ᠠᠵᠢᠭᠯᠠᠵᠦ᠂ ᠤᠰᠤᠲᠤ᠎ᠶᠢᠨ ᠲᠤᠬᠠᠢ᠎ᠶᠢᠨ ᠭᠠᠵᠠᠷ᠎ᠤᠨ ᠪᠠᠢᠭᠠᠯᠢ ᠲᠡᠦᠬᠡ᠎ᠶᠢᠨ ᠡᠬᠢ ᠪᠠᠶᠠᠯᠢᠭ᠋᠂ ᠤᠷᠳᠤ ᠴᠠᠭᠠᠨ ᠬᠡᠷᠡᠮ᠎ᠦᠨ ᠦᠯᠡᠳᠡᠭᠳᠡᠯ᠂ ᠬᠤᠪᠢᠰᠬᠠᠯ ᠤ᠋ᠨ ᠢᠮ ᠲᠠᠮᠠᠭ᠎ᠠ ᠵᠡᠷᠭᠡ ᠬᠣᠪᠣᠷ ᠨᠠᠨᠳᠢᠨ ᠨᠤᠲᠤᠭ᠎ᠤᠨ ᠲᠡᠦᠬᠡ᠎ᠶᠢᠨ ᠮᠠᠲᠧᠷᠢᠶᠠᠯ᠎ᠢ ᠨᠠᠷᠢᠨ ᠨᠢᠮᠪᠠᠢ ᠰᠤᠳᠤᠯᠤᠨ ᠤᠩᠰᠢᠵᠤ᠂ ᠳᠠᠯᠠᠨ ᠬᠠᠷ᠎ᠠ ᠠᠭᠤᠯᠠ᠎ᠶᠢᠨ ᠬᠣᠷᠮᠣᠢ᠎ᠳᠠᠬᠢ ᠲᠣᠰᠬᠣᠨ᠎ᠤ ᠬᠥᠭᠵᠢᠯᠲᠡ ᠬᠤᠪᠢᠷᠠᠯᠲᠠ ᠪᠠ ᠭᠦᠨ ᠵᠤᠵᠠᠭᠠᠨ ᠲᠡᠦᠬᠡᠰᠤᠶᠤᠯᠢ ᠨᠢ ᠣᠢᠯᠠᠭᠠᠪᠠ᠃
ᠪᠠᠷᠠᠭᠤᠨ ᠤᠰᠤᠲᠤ ᠲᠣᠰᠬᠣᠨ᠎ᠤ ᠵᠡᠭᠡᠯᠢ ᠭᠤᠳᠤᠮᠵᠢ᠎ᠪᠡᠷ ᠤᠯᠤᠰ᠎ᠤᠨ ᠨᠡᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ᠎ᠢ ᠲᠡᠯᠭᠡᠷᠡᠭᠦᠯᠦᠨ ᠲᠦᠭᠡᠮᠡᠯᠵᠢᠭᠦᠯᠭᠦ ᠪᠢᠴᠢᠬᠠᠨ ᠤᠯᠠᠭᠠᠨ ᠪᠦᠴᠡᠳᠡᠳ ᠵᠠᠮ᠎ᠤᠨ ᠬᠠᠵᠠᠭᠤ᠎ᠳᠠᠬᠢ ᠲᠣᠰᠬᠣᠨ᠎ᠤ ᠠᠷᠠᠳ᠎ᠲᠤ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠨ᠎ᠠ᠃ ᠲᠡᠳᠡ ᠤᠷᠤᠰᠤᠮ᠎ᠠ ᠪᠠᠷᠢᠮᠵᠢᠶ᠎ᠠ ᠨᠡᠢᠲᠡᠯᠢᠭ ᠬᠡᠯᠡ᠎ᠪᠡᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠶᠢᠨ ᠴᠢᠬᠤᠯᠠ ᠠᠴᠢ ᠬᠣᠯᠪᠣᠭᠳᠠᠯ᠎ᠢ ᠨᠤᠳᠤᠭ᠎ᠤᠨ ᠬᠦᠮᠦᠰ ᠲᠦ ᠲᠠᠢᠯᠪᠤᠷᠢᠯᠠᠵᠤ ᠥᠭᠪᠡ᠃
ᠪᠢᠴᠢᠬᠠᠨ ᠤᠯᠠᠭᠠᠨ ᠪᠦᠴᠡᠳᠡᠳ ᠦᠰᠦᠭ᠎ᠤᠨ ᠠᠯᠳᠠᠭ᠎ᠠ ᠪᠤᠷᠤᠭᠤ᠎ᠶᠢᠨ ᠵᠠᠯᠠᠷᠠᠭᠤᠯᠤᠭᠴᠢ ᠪᠤᠯᠵᠤ᠂ ᠳᠤᠭᠤᠢᠯᠠᠩ ᠬᠤᠪᠢᠶᠠᠨ ᠲᠣᠰᠬᠣᠨ᠎ᠤ ᠬᠤᠳᠠᠯᠳᠤᠭᠠᠨ᠎ᠤ ᠳᠡᠯᠭᠡᠭᠦᠷ ᠵᠢᠡᠷ ᠬᠦᠨᠵᠡᠭᠡᠢᠷᠡᠵᠦ᠂ ᠬᠤᠳᠠᠯᠳᠤᠭᠠᠨ᠎ᠤ ᠫᠠᠢᠰᠠᠵᠢᠨᠠᠷᠢᠨ ᠨᠢᠮᠪᠠᠢ ᠪᠠᠢᠴᠠᠭᠠᠨ ᠦᠵᠡᠵᠦ᠂ ᠳᠦᠷᠢᠮᠵᠢᠬᠦᠨ ᠪᠤᠰᠤ ᠦᠰᠦᠭ᠎ᠢ ᠵᠢᠭᠰᠠᠭᠠᠨ ᠭᠠᠷᠭᠠᠵᠤ᠂ ᠬᠢᠴᠢᠶᠡᠯ᠎ᠦᠨ ᠳᠡᠪᠲᠡᠷ᠎ᠲᠦ ᠰᠤᠷᠤᠭᠰᠠᠨ ᠮᠡᠳᠡᠯᠭᠡ᠎ᠪᠡᠨ ᠦᠨᠡᠨ ᠪᠣᠳᠠᠲᠠᠢ ᠠᠮᠢᠳᠤᠷᠠᠯ᠎ᠳᠤ ᠦᠢᠯᠡᠳᠦᠯᠭᠡᠵᠢᠭᠦᠯᠪᠡ᠃
ᠬᠤᠪᠢᠶᠠᠷᠢ ᠠᠩᠭᠢ᠎ᠶᠢᠨ ᠬᠢᠨ ᠪᠤᠴᠠᠯ ᠤᠬᠳᠠᠷᠭᠤᠢ ᠤᠷᠠᠯᠢᠭ᠋᠎ᠤᠨ ᠲᠥᠪ᠎ᠲᠦ ᠢᠷᠡᠵᠦ᠂ ᠥᠪᠡᠷᠮᠢᠴᠡ ᠣᠨᠴᠠᠯᠢᠭᠳᠤ ᠪᠠᠷᠢᠯᠭ᠎ᠠ᠎ᠶᠢᠨ ᠳᠦᠷᠰᠦ ᠪᠠᠢᠳᠠᠯ ᠡᠴᠡ ᠰᠣᠶᠣᠯ᠎ᠤᠨ ᠪᠦᠳᠦᠭᠡᠯᠴᠢ ᠡᠭᠦᠳᠦᠯᠲᠡ᠎ᠶᠢᠨ ᠤᠷᠠᠯᠢᠭ᠋᠎ᠤᠨ ᠥᠪᠡᠷᠮᠢᠴᠡ ᠷᠢᠳᠢ ᠰᠢᠳᠢ᠎ᠶᠢ ᠮᠡᠳᠡᠷᠡᠪᠡ᠃ ᠤᠯᠠᠨ᠎ᠢᠶᠠᠷ᠎ᠢᠶᠠᠨ ᠡᠭᠦᠨ᠎ᠢᠶᠡᠷ ᠦᠵᠡᠮᠵᠢ ᠪᠣᠯᠭᠠᠵᠤ᠂ ᠣᠬᠣᠷ ᠸᠢᠳᠢᠣ᠋ ᠰᠢᠩᠭᠡᠬᠡᠨ ᠦᠢᠯᠡᠳᠴᠦ᠂ ᠤᠰᠤᠲᠤ᠎ᠶᠢᠨ ᠬᠥᠬᠡᠮᠳᠦᠭ ᠠᠭᠤᠯᠠ ᠤᠰᠤ᠂ ᠲᠡᠦᠭᠡ ᠰᠤᠶᠤᠯ᠎ᠤᠨ ᠦᠯᠡᠳᠡᠭᠳᠡᠯ᠂ ᠬᠥᠳᠡᠭᠡ ᠨᠤᠲᠤᠭ᠎ᠤᠨ ᠥᠩᠭᠡ ᠦᠵᠡᠮᠵᠢ ᠪᠣᠯᠣᠨ ᠰᠣᠶᠣᠯ ᠢᠷᠭᠡᠨᠰᠢᠯ᠎ᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠲᠠᠨᠢᠯᠴᠠᠭᠤᠯᠤᠨ ᠶᠠᠷᠢᠵᠤ᠂ ᠬᠡᠦᠬᠡᠳ᠎ᠦᠨ ᠬᠠᠷᠠᠭᠠᠰᠤ᠎ᠪᠠᠷ ᠦᠵᠡᠰᠬᠦᠯᠡᠩᠳᠦ ᠰᠠᠢᠬᠠᠨ ᠬᠦᠳᠡᠭᠡ ᠲᠣᠰᠬᠣᠨ᠎ᠤ ᠦᠯᠢᠭᠡᠷ᠎ᠢ ᠶᠠᠷᠢᠪᠠ᠃
《ᠬᠡᠦᠬᠡᠳ᠎ᠦᠳ ᠰᠤᠷᠭᠠᠭᠤᠯᠢ᠎ᠶᠢᠨ ᠬᠦᠷᠢᠶᠡᠨ᠎ᠡᠴᠡ᠎ᠪᠡᠨ ᠭᠠᠷᠴᠤ᠂ ᠬᠢᠴᠢᠶᠡᠯ᠎ᠦᠨ ᠲᠠᠩᠬᠢᠮ᠎ᠢᠶᠠᠨ ᠤᠰᠤᠲᠤ᠎ᠶᠢᠨ ᠠᠭᠤᠯᠠ ᠤᠰᠤᠨ᠎ᠳᠤ ᠰᠢᠯᠵᠢᠭᠦᠯᠵᠦ᠂ ᠰᠤᠳᠤᠯᠤᠨ ᠰᠤᠷᠤᠯᠴᠠᠬᠤ᠂ ᠲᠣᠭᠣᠷᠢᠨ ᠦᠵᠡᠬᠦ᠂ ᠲᠠᠷᠢᠶᠠᠯᠠᠭ᠎ᠠ ᠵᠢ ᠪᠡᠶᠡᠴᠢᠯᠡᠨ ᠣᠢᠯᠠᠭᠠᠬᠤ᠂ ᠤᠬᠠᠭᠤᠯᠤᠨ ᠲᠠᠢᠯᠪᠤᠷᠢᠯᠠᠬᠤ᠂ ᠦᠰᠦᠭ᠎ᠤᠨ ᠠᠯᠳᠠᠭ᠎ᠠ ᠪᠤᠷᠤᠭᠤ᠎ᠶᠢ ᠵᠠᠯᠠᠷᠠᠭᠤᠯᠬᠤ ᠵᠡᠷᠭᠡ ᠰᠢᠷᠢᠰ ᠠᠵᠢᠯᠯᠠᠭ᠎ᠠ᠎ᠶᠢᠨ ᠳᠤᠮᠳᠠ ᠬᠥᠳᠡᠭᠡ ᠲᠣᠰᠬᠣᠨ᠎ᠤ ᠥᠪᠡᠷᠮᠢᠴᠡ ᠷᠢᠳᠢ ᠰᠢᠳᠢ᠎ᠶᠢ ᠮᠡᠳᠡᠷᠡᠭᠰᠡᠨ᠎ᠢᠶᠠᠷ ᠪᠠᠷᠠᠬᠤ ᠦᠭᠡᠢ᠂ ᠨᠡᠩ ᠴᠤ᠌ ᠪᠣᠳᠠᠲᠤ ᠠᠵᠢᠯᠯᠠᠭ᠎ᠠ᠎ᠪᠠᠷ᠎ᠢᠶᠠᠨ ᠳᠦᠷᠢᠮᠵᠢᠬᠦᠨ ᠪᠤᠰᠤ ᠦᠰᠦᠭ᠎ᠢ ᠵᠠᠯᠠᠷᠠᠭᠤᠯᠵᠤ᠂ ᠲᠣᠰᠬᠣᠨ᠎ᠤ ᠠᠷᠠᠳ᠎ᠲᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠴᠢᠬᠤᠯᠠ ᠴᠢᠨᠠᠷ᠎ᠢ ᠤᠬᠠᠭᠤᠯᠤᠭᠰᠠᠨ ᠪᠠᠢᠨ᠎ᠠ》 ᠭᠡᠵᠦ ᠲᠠᠢ ᠫᠢᠩ ᠵᠡᠭᠡᠯᠢ ᠵᠢᠨ ᠪᠠᠭ᠎ᠠ ᠰᠤᠷᠭᠠᠭᠤᠯᠢ᠎ᠶᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠬᠠᠷᠢᠭᠤᠴᠠᠯᠭᠠᠲᠠᠨ ᠬᠡᠯᠡᠪᠡ᠃
《ᠡᠨᠡ ᠤᠳᠠᠭ᠎ᠠ ᠶ᠋ᠢᠨ ᠦᠢᠯᠡᠳᠦᠯᠭᠡ ᠶ᠋ᠢᠨ ᠠᠵᠢᠯᠯᠠᠭ᠎ᠠ ᠨᠢ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠂ ᠬᠥᠳᠡᠯᠮᠦᠷᠢ ᠶ᠋ᠢᠨ ᠬᠥᠮᠦᠵᠢᠯ᠂ ᠨᠤᠲᠤᠭ ᠤᠰᠤᠨ᠎ᠤ ᠰᠣᠶᠣᠯ ᠤ᠋ᠨ ᠬᠥᠮᠦᠵᠢᠯ ᠢ᠋ ᠣᠷᠭᠠᠨᠢᠭ᠋᠎ᠢᠶᠠᠷ ᠤᠶᠠᠯᠳᠤᠭᠤᠯᠤᠭᠰᠠᠨ ᠪᠠᠢᠨ᠎ᠠ᠃ ᠪᠢᠴᠢᠬᠠᠨ ᠰᠤᠷᠤᠯᠭᠠᠳᠠᠳ ᠬᠥᠳᠡᠭᠡ ᠲᠣᠰᠬᠣᠨ᠎ᠢᠶᠠᠷ ᠬᠦᠨᠵᠡᠭᠡᠢᠷᠡᠵᠦ᠂ ᠬᠥᠳᠡᠭᠡ ᠲᠣᠰᠬᠣᠨ᠎ᠤ ᠳᠦᠷᠰᠦ ᠪᠠᠢᠳᠠᠯ ᠢ᠋ ᠬᠠᠷᠠᠵᠤ᠂ ᠨᠤᠲᠤᠭ᠎ᠤᠨ ᠦᠯᠢᠭᠡᠷ ᠢ᠋ ᠰᠣᠨᠣᠰᠴᠤ᠂ ᠤᠬᠠᠭᠤᠯᠤᠨ ᠲᠠᠢᠯᠪᠤᠷᠢᠯᠠᠵᠤ᠂ ᠦᠭᠡ ᠬᠡᠯᠡᠨ᠎ᠦ ᠢᠯᠡᠳᠬᠡᠯ᠂ ᠪᠦᠯᠬᠦᠮ ᠨᠡᠶ᠋ᠢᠲᠡ ᠶ᠋ᠢᠨ ᠬᠠᠮᠵᠢᠯᠴᠠᠭ᠎ᠠ ᠪᠣᠯᠣᠨ ᠨᠡᠢᠭᠡᠮ᠎ᠦᠨ ᠦᠢᠯᠡᠳᠦᠯᠭᠡ ᠶ᠋ᠢᠨ ᠴᠢᠳᠠᠪᠤᠷᠢ ᠶ᠋ᠢ ᠪᠣᠯᠪᠠᠰᠤᠷᠠᠭᠤᠯᠤᠭᠰᠠᠨ᠎ᠢᠶᠠᠷ ᠪᠠᠷᠠᠬᠤ ᠦᠭᠡᠢ᠂ ᠨᠡᠩ ᠴᠤ᠌ ᠦᠭᠡ ᠬᠡᠯᠡ ᠦᠰᠦᠭ ᠪᠢᠴᠢᠭ ᠢ᠋ ᠲᠦᠷᠢᠮᠵᠢᠭᠦᠨ ᠬᠡᠷᠡᠭᠯᠡᠭᠦ ᠬᠠᠷᠢᠭᠤᠴᠠᠯᠭᠠᠲᠤ ᠤᠬᠠᠮᠰᠠᠷ ᠢ᠋ ᠪᠤᠶ ᠪᠣᠯᠭᠠᠭᠰᠠᠨ ᠪᠠᠢᠨ᠎ᠠ》 ᠭᠡᠵᠦ ᠬᠣᠲᠣᠩ ᠠᠷᠠᠳ᠎ᠤᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠬᠠᠷᠢᠭᠤᠴᠠᠯᠭᠠᠲᠠᠨ ᠵᠠᠩ ᠬᠣᠩ ᠢᠦᠢ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃