ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2026-09-15 10:29:33

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 14᠎ᠤ᠋ ᠡᠳᠦᠷ᠂ 2026 ᠣᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ᠎ᠤᠨ ᠬᠥᠬᠡᠬᠣᠲᠠ᠎ᠶᠢᠨ ᠭᠣᠣᠯᠳᠠᠯᠭ᠎ᠠ᠎ᠲᠠᠢ ᠤᠬᠠᠭᠤᠯᠭ᠎ᠠ᠎ᠶᠢᠨ ᠠᠵᠢᠯᠯᠠᠭ᠎ᠠ ᠬᠦᠬᠡᠬᠤᠳᠠ ᠵᠢᠨ ᠠᠷᠪᠠᠨ ᠲᠦᠷᠪᠡᠳᠦᠬᠡᠷ ᠳᠤᠮᠳᠠᠳᠤ ᠰᠤᠷᠭᠠᠭᠤᠯᠢ ᠳ᠋ᠤ ᠶᠠᠪᠤᠭᠳᠠᠪᠠ᠃ ᠡᠯ᠎ᠡ ᠬᠣᠰᠢᠭᠤ ᠰᠢᠶᠠᠨ ᠲᠣᠭᠣᠷᠢᠭ᠋᠎ᠤᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠂ ᠬᠣᠲᠠ᠎ᠶᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠡᠯ᠎ᠡ ᠪᠦᠷᠢᠯᠳᠦᠭᠦᠨ ᠨᠢᠭᠡᠴᠢ᠂ ᠦᠨᠳᠦᠰᠦᠨ ᠱᠠᠲᠤᠨ᠎ᠤ ᠺᠠᠳ᠋ᠷ᠂ ᠴᠣᠩᠬᠣᠪᠴᠢ ᠦᠢᠯᠡᠴᠢᠯᠡᠭᠡᠨ᠎ᠦ ᠠᠵᠢᠯᠲᠠᠨ᠂ ᠣᠯᠠᠨ ᠲᠦᠮᠡᠨ ᠵᠢᠴᠢ ᠪᠠᠭ᠍ᠰᠢ ᠪᠣᠯᠣᠨ ᠰᠣᠷᠣᠭ᠍ᠴᠢ᠎ᠶᠢᠨ ᠲᠥᠯᠥᠭᠡᠯᠡᠭᠴᠢ ᠵᠡᠷᠭᠡ 650 ᠭᠠᠷᠤᠢ ᠬᠥᠮᠥᠨ ᠲᠣᠰ ᠠᠵᠢᠯᠯᠠᠭ᠎ᠠ᠎ᠳᠤ ᠣᠷᠣᠯᠴᠠᠵᠠᠢ᠃

ᠠᠵᠢᠯᠯᠠᠭ᠎ᠠ ᠨᠢ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠠᠤᠯᠢ ᠶᠣᠰᠣᠭᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠢᠶᠠᠨ ᠬᠦᠴᠦᠷᠬᠡᠭᠵᠢᠭᠦᠯᠬᠦ ᠰᠢᠨ᠎ᠡ ᠠᠶᠠᠨ ᠳ᠋ᠤ ᠤᠷᠤᠭᠰᠢᠯᠠᠨ ᠳᠠᠪᠰᠢᠨᠠᠮ》 ᠭᠡᠬᠦ ᠪᠡᠷ ᠭᠣᠣᠯ ᠰᠡᠳᠦᠪ ᠪᠣᠯᠭᠠᠵᠤ᠂ ᠤᠬᠠᠭᠤᠯᠭ᠎ᠠ ᠵᠢᠨ ᠠᠬᠤᠢ ᠳᠠᠯᠠᠪᠠᠢ ᠳ᠋ᠤ ᠳᠡᠯᠬᠡᠨ ᠦᠵᠡᠬᠦᠯᠬᠦ ᠬᠡᠯᠪᠡᠷᠢ ᠪᠡᠷ ᠶᠠᠪᠤᠭᠳᠠᠵᠠᠢ᠃ ᠠᠬᠤᠢ ᠲᠠᠯᠠᠪᠠᠢ᠎ᠳᠤ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠎ᠶᠢ ᠠᠬᠢᠭᠤᠯᠬᠤ ᠰᠠᠨᠠᠭᠠᠴᠢᠯᠠᠭ᠎ᠠ᠂ ᠰᠣᠩᠭᠣᠳᠠᠭ ᠪᠦᠳᠦᠬᠡᠯ᠎ᠢ ᠤᠶᠠᠩᠭᠠᠯᠠᠬᠤ᠂ ᠬᠢᠴᠢᠶᠡᠯ᠎ᠦᠨ ᠪᠢᠴᠢᠭ᠎ᠦᠨ ᠵᠦᠴᠦᠭᠡ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠳᠡᠯᠬᠡᠷᠡᠬᠦᠯᠦᠨ ᠲᠦᠬᠡᠮᠡᠯᠵᠢᠬᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳ᠋ᠤ ᠬᠦᠴᠦᠨ ᠨᠡᠮᠡᠷᠢᠯᠡᠬᠦ ᠭᠣᠣᠯ ᠰᠡᠳᠦᠪᠳᠤ ᠲᠦᠷᠦᠭᠳᠡᠯ ᠵᠢᠡᠨ ᠬᠤᠪᠢᠶᠠᠯᠴᠠᠬᠤ᠂ ᠰᠣᠶᠣᠯ ᠦᠵᠡᠰᠬᠦᠯᠡᠩ᠎ᠦᠨ ᠣᠨᠴᠠᠯᠢᠭ᠍ᠲᠤ ᠤᠬᠠᠭᠤᠯᠤᠨ ᠲᠠᠢᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠵᠤ᠂ ᠦᠭᠡ ᠬᠡᠯᠡ ᠦᠰᠦᠭ ᠪᠢᠴᠢᠭ᠎ᠦᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠠᠮᠢᠳᠤᠯᠢᠭ᠋᠎ᠢᠶᠠᠷ ᠳᠡᠯᠭᠡᠨ ᠦᠵᠡᠭᠦᠯᠪᠡ; ᠠᠬᠤᠢ ᠲᠠᠯᠠᠪᠠᠢ᠎ᠶᠢᠨ ᠭᠠᠳᠠᠨ᠎ᠠ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠦᠷ᠎ᠡ ᠪᠦᠲᠦᠭᠡᠯ᠂ ᠤᠷᠠᠨ ᠪᠢᠴᠢᠯᠭᠡ᠎ᠶᠢᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠳᠦᠬᠡᠯ᠎ᠤᠨ ᠦᠵᠡᠭᠦᠯᠭᠡ᠎ᠶᠢᠨ ᠲᠣᠭᠣᠷᠢᠭ᠋ ᠭᠠᠷᠭᠠᠵᠤ᠂ ᠬᠠᠷᠢᠯᠴᠠᠨ ᠰᠤᠯᠢᠯᠴᠠᠵᠤ ᠬᠠᠷᠢᠯᠴᠠᠨ ᠳᠤᠯᠢᠯᠠᠵᠤ ᠦᠷ᠎ᠡ ᠪᠦᠲᠦᠭᠡᠯ᠎ᠵᠢᠡᠨ ᠬᠠᠮᠲᠤ᠎ᠪᠠᠷ ᠡᠳ᠋ᠯᠡᠬᠦ ᠲᠠᠪᠴᠠᠩ᠎ᠢ ᠪᠠᠢᠭᠤᠯᠪᠠ᠃

ᠬᠦᠬᠡᠬᠤᠳᠠ ᠵᠢᠨ ᠬᠢᠨ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠠᠤᠯᠢ》 ᠵᠢ ᠦᠷᠭᠦᠯᠵᠢᠯᠡᠨ ᠰᠤᠷᠤᠯᠴᠠᠵᠤ᠂ ᠤᠬᠠᠭᠤᠯᠤᠨ ᠲᠤᠭᠤᠰᠢᠯᠠᠭᠤᠯᠵᠤ᠂ 《ᠰᠤᠩᠭᠤᠳᠠᠭ ᠪᠦᠳᠦᠬᠡᠯ ᠵᠢᠡᠷ ᠳᠤᠮᠳᠠᠳᠤ ᠪᠠᠨ ᠬᠡᠢᠬᠦᠯᠬᠦ ᠪᠢᠴᠢᠭ᠎ᠤᠨ ᠰᠤᠷᠪᠤᠯᠵᠢᠳᠤ ᠬᠦᠬᠡᠬᠤᠳᠠ》 ᠭᠣᠣᠯ ᠰᠡᠳᠦᠪᠲᠦ ᠨᠣᠮ ᠤᠩᠰᠢᠬᠤ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠰᠣᠩᠭᠣᠳᠠᠭ ᠪᠦᠳᠦᠭᠡᠯ᠎ᠢ ᠤᠩᠰᠢᠬᠤ᠂ ᠬᠢᠲᠠᠳ ᠦᠰᠦᠭ᠎ᠢ ᠰᠣᠨᠣᠰᠴᠤ ᠪᠢᠴᠢᠬᠦ᠎ᠶᠢ ᠵᠢᠷᠤᠮᠵᠢᠭᠤᠯᠬᠤ᠂ ᠪᠠᠭ᠍ᠰᠢ ᠰᠤᠷᠤᠭ᠍ᠴᠢᠳ ᠬᠠᠮᠲᠤ ᠪᠠᠷ ᠤᠩᠰᠢᠬᠤ ᠵᠡᠷᠭᠡ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠪᠦᠬᠦ ᠨᠡᠢᠭᠡᠮ᠎ᠦᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠦᠨ ᠬᠡᠷᠡᠭᠯᠡᠬᠦ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠦᠭᠡ ᠬᠡᠯᠡᠨ᠎ᠤ ᠨᠡᠪᠳᠡᠷᠡᠯᠴᠡᠬᠡ᠎ᠪᠡᠷ ᠠᠷᠠᠳ᠎ᠤᠨ ᠰᠡᠳᠬᠢᠯ᠎ᠢ ᠨᠢᠭᠳᠠᠷᠠᠭᠤᠯᠬᠤ ᠵᠢ ᠠᠬᠢᠭᠤᠯᠵᠤ᠂ ᠳᠤᠮᠳᠠᠳᠤ᠎ᠶᠢᠨ ᠰᠣᠶᠣᠯ᠎ᠤᠨ ᠰᠤᠳᠠᠰᠤ᠎ᠶᠢ ᠵᠠᠯᠭᠠᠮᠵᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠪᠡᠷ ᠣᠷᠣᠨ᠎ᠤ ᠲᠥᠪ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面