2021-08-13 10:29:48
ᠮᠠᠨ᠎ᠤ ᠣᠷᠣᠨ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠪᠦᠬᠦ ᠲᠠᠯ᠎ᠠ᠎ᠪᠠᠷ ᠴᠢᠩᠭᠠᠳᠬᠠᠭᠰᠠᠨ ᠦᠷ᠎ᠡ ᠪᠦᠲᠦᠮᠵᠢ᠎ᠶᠢᠨ ᠲᠤᠬᠠᠢ ᠪᠤᠳᠠᠳᠤ ᠲᠡᠮᠳᠡᠭᠯᠡᠯ ︵ ᠨᠢᠭᠡ︶
︽ ᠪᠣᠯᠪᠠᠰᠤᠷᠠᠯ᠎ᠨᠢ ᠮᠠᠨ᠎ᠤ ᠰᠢᠨ᠎ᠡ ᠪᠠᠭᠰᠢ ᠨᠠᠷ᠎ᠤᠨ ᠦᠳᠲᠡᠷ ᠲᠦᠷᠭᠡᠨ᠎ᠢᠶᠠᠷ ᠦᠰᠦᠨ ᠪᠣᠶᠢᠵᠢᠬᠤ᠎ᠳ᠋ᠤ ᠰᠠᠶᠢᠨ ᠰᠠᠶᠢᠬᠠᠨ ᠲᠠᠪᠴᠠᠩ ᠬᠠᠩᠭᠠᠵᠤ᠂ ᠪᠣᠯᠪᠠᠰᠤᠷᠠᠯ ᠲᠠᠭᠤᠰᠴᠤ᠂ ᠪᠢᠳᠡᠨ᠎ᠤ ᠵᠢᠭᠠᠨ ᠰᠤᠷᠭᠠᠯᠲᠠ᠎ᠶᠢᠨ ᠠᠵᠢᠯ ᠴᠦ ᠡᠬᠢᠯᠡᠬᠦ ᠪᠤᠯᠤᠯ᠎ᠠ᠃ ᠪᠠᠭᠰᠢ᠎ᠶᠢᠨ ᠠᠵᠢᠯ ᠭᠡᠵᠦ ᠠᠷᠢᠭᠤᠨ ᠲᠠᠷᠬᠠᠨ ᠮᠦᠷᠲᠡᠭᠡᠨ ᠰᠠᠢᠨ ᠰᠠᠢᠬᠠᠨ ᠶᠤᠮ᠃ ᠰᠢᠨ᠎ᠡ ᠴᠠᠭ ᠦᠶ᠎ᠡ᠎ᠶᠢᠨ ᠵᠠᠯᠠᠭᠤ ᠪᠠᠭᠰᠢ ᠪᠣᠯᠤᠭᠰᠠᠨ᠎ᠤ ᠬᠤᠪᠢ᠎ᠳ᠋ᠤ᠂ ᠪᠢ ᠲᠤᠷᠠᠳᠠᠶ᠎ᠠ ᠵᠠᠯᠠᠭᠤ ᠨᠠᠰᠤ᠎ᠪᠠᠨ ᠨᠠᠮ᠎ᠤᠨ ᠰᠤᠷᠭᠠᠨ ᠬᠥᠮᠦᠵᠢᠯ᠎ᠤᠨ ᠦᠢᠯᠡᠰ᠎ᠲᠤ ᠵᠤᠷᠢᠭᠤᠯᠤᠨ᠎ᠠ︾ ᠃ 8 ᠰᠠᠷ᠎ᠠ᠎ᠶᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠡᠴᠠ ᠭᠤᠤᠯᠯᠠᠨ ᠡᠷᠭᠢᠯᠡᠭᠰᠡᠨ ︽ ᠭᠤᠷᠪᠠᠨ ᠬᠢᠴᠢᠶᠡᠯ ᠲᠦᠷᠦᠯ︾᠎ᠤᠨ ᠣᠨᠴᠠ ᠠᠵᠢᠯ᠎ᠤᠨ ᠪᠠᠶᠢᠷᠢ᠎ᠶᠢᠨ ᠲᠤᠰᠬᠠᠢ ᠲᠥᠷᠥᠯ᠎ᠤᠨ ᠲᠦᠯᠦᠪᠯᠡᠭᠡ᠎ᠶᠢᠨ ᠪᠠᠭᠰᠢ ᠨᠠᠷ᠎ᠤᠨ ᠠᠵᠢᠯ᠎ᠤᠨ ᠪᠠᠶᠢᠷᠢ᠎ᠳ᠋ᠤ ᠭᠠᠷᠬᠤ᠎ᠡᠴᠠ ᠡᠮᠦᠨᠡᠬᠢ ᠪᠣᠯᠪᠠᠰᠤᠷᠠᠯ᠎ᠤᠨ ᠠᠩᠭᠢ᠎ᠶᠢᠨ ᠲᠡᠭᠦᠰᠬᠦ ᠶᠣᠰᠣᠯᠠᠯ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠳ᠋ᠤ ᠶᠠᠪᠤᠭᠳᠠᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠤᠨ ᠪᠠᠭᠰᠢ ᠰᠤᠯᠤᠩᠭᠤᠸ᠎ᠠ ᠪᠣᠯᠪᠠᠰᠤᠷᠠᠯ᠎ᠳ᠋ᠤ ᠤᠷᠤᠯᠴᠠᠭᠰᠠᠨ ᠲᠥᠷᠥᠭᠳᠡᠯ᠎ᠢᠶᠡᠨ ᠡᠢᠨ ᠬᠦ ᠬᠤᠪᠢᠶᠠᠯᠴᠠᠵᠤ ᠪᠠᠢᠯ᠎ᠠ᠃ ᠰᠤᠯᠤᠩᠭᠤᠸ᠎ᠠ᠄ ︽ ᠠᠵᠢᠯ᠎ᠤᠨ ᠪᠠᠶᠢᠷᠢ᠎ᠶᠢᠨ ᠦᠢᠯᠡᠳᠦᠯᠭᠡ᠎ᠶᠢᠨ ᠬᠡᠷᠡᠭᠴᠡᠭᠡ᠎ᠪᠠᠷ ᠪᠢᠳᠡ ᠰᠤᠷᠭᠠᠭᠤᠯᠢ᠎ᠶᠢᠨ ᠬᠦᠷᠢᠶᠡᠨ᠎ᠳ᠋ᠤ ᠠᠯᠬᠤᠨ ᠤᠷᠤᠵᠤ ᠬᠢᠴᠢᠶᠡᠯ᠎ᠤᠨ ᠳᠠᠢᠰᠠᠨ᠎ᠳ᠋ᠤ ᠭᠠᠷᠴᠠᠢ᠂ ᠪᠣᠯᠪᠠᠰᠤᠷᠠᠯ᠎ᠤᠨ ᠳᠤᠮᠳᠠ ᠰᠤᠷᠤᠭᠰᠠᠨ ᠮᠡᠳᠡᠯᠭᠡ᠎ᠪᠠᠨ ᠦᠢᠯᠡᠳᠦᠯᠭᠡ᠎ᠶᠢᠨ ᠳᠤᠮᠳᠠ ᠬᠡᠷᠡᠭᠯᠡᠵᠦ᠂ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠢ᠎ᠳ᠋ᠤᠨᠢ ᠬᠠᠮᠲᠤ ᠠᠵᠢᠯᠯᠠᠭᠰᠠᠳ ᠪᠣᠯᠤᠨ ᠵᠢᠯᠤᠭᠤᠳᠤᠭᠴᠢ ᠪᠠᠭᠰᠢ᠎ᠲᠠᠢ᠎ᠪᠠᠨ ᠦᠵᠡᠯ ᠪᠤᠳᠤᠯ᠎ᠢᠶᠡᠨ ᠰᠤᠯᠢᠯᠴᠠᠨ ᠶᠠᠷᠢᠯᠴᠠᠵᠤ᠂ ᠡᠨᠡ ᠬᠡᠰᠡᠭ ᠬᠤᠭᠤᠴᠠᠭᠠᠨ᠎ᠳ᠋ᠤ ᠮᠠᠰᠢ ᠰᠠᠢᠨ ᠲᠠᠪᠳᠠᠨ ᠪᠤᠯᠪᠠᠰᠤᠷᠠᠵᠠᠢ︾ ᠬᠡᠵᠦ ᠶᠠᠷᠢᠵᠤ ᠪᠠᠢᠯ᠎ᠠ᠃
ᠲᠠᠨᠢᠯᠴᠠᠭᠤᠯᠤᠭᠰᠠᠨ᠎ᠢᠶᠠᠷ᠂ ᠲᠣᠰ ᠤᠳᠠᠭᠠᠨ᠎ᠤ ᠪᠣᠯᠪᠠᠰᠤᠷᠠᠯ᠎ᠨᠢ ᠨᠡᠶᠢᠲᠡ 90 ᠡᠳᠦᠷ ᠶᠠᠪᠤᠭᠳᠠᠵᠤ᠂ ᠬᠢᠴᠢᠶᠡᠯ᠎ᠤᠨ ᠲᠣᠬᠢᠷᠠᠭᠤᠯᠤᠯᠲᠠ᠎ᠨᠢ ᠰᠢᠨ᠎ᠡ ᠪᠠᠭᠰᠢ ᠨᠠᠷ᠎ᠤᠨ ᠦᠰᠦᠨ ᠪᠣᠶᠢᠵᠢᠯᠲᠠ᠎ᠶᠢᠨ ᠵᠢᠮ᠎ᠡ ᠶᠣᠰᠣ᠎ᠶᠢ ᠵᠢᠷᠤᠮᠯᠠᠨ᠂ ᠪᠠᠭᠰᠢ᠎ᠶᠢᠨ ᠪᠣᠯᠪᠠᠰᠤᠷᠠᠯ᠎ᠤᠨ ᠬᠢᠴᠢᠶᠡᠯ ᠲᠦᠷᠦᠯ᠎ᠤᠨ ᠵᠢᠯᠣᠭᠣᠳᠬᠤ ᠪᠠᠷᠢᠮᠵᠢᠶ᠎ᠠ᠎ᠶᠢ ᠦᠨᠳᠦᠰᠦᠯᠡᠨ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠰᠢᠨ᠎ᠡ ᠪᠠᠭᠰᠢ ᠨᠠᠷ᠎ᠤᠨ ᠲᠤᠰᠬᠠᠶ ᠮᠡᠷᠭᠡᠵᠢᠯ᠎ᠤᠨ ᠬᠥᠭᠵᠢᠯᠲᠡ᠎ᠶᠢᠨ ᠭᠤᠤᠯᠯᠠᠬᠤ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠦᠨᠳᠦᠰᠦᠨ ᠴᠢᠳᠠᠪᠤᠷᠢ᠎ᠶᠢᠨ ᠲᠤᠭᠤᠷᠢᠨ᠎ᠳ᠋ᠤ᠂ ᠪᠣᠳᠠᠲᠠᠶ ᠠᠵᠢᠯᠯᠠᠭᠠᠨ᠎ᠤ ᠴᠢᠨᠠᠷ᠂ ᠬᠡᠷᠡᠭᠯᠡᠭᠡᠨ᠎ᠤ ᠴᠢᠨᠠᠷ ᠪᠠ ᠪᠣᠳᠠᠲᠤ ᠦᠷ᠎ᠠ ᠪᠦᠲᠦᠮᠵᠢᠲᠦ ᠴᠢᠨᠠᠷ᠎ᠢ ᠳᠣᠪᠣᠶᠢᠯᠭᠠᠭᠰᠠᠨ ᠪᠠᠶᠢᠨ᠎ᠠ᠃ ᠰᠤᠷᠤᠯᠭᠠᠳᠠᠳ ᠪᠣᠯᠪᠠᠰᠤᠷᠠᠯ᠎ᠢᠶᠠᠷ ᠳᠠᠮᠵᠢᠨ ᠲᠥᠷᠥ᠎ᠶᠢᠨ ᠪᠣᠳᠣᠯᠭ᠎ᠠ᠎ᠶᠢ ᠣᠶᠢᠯᠠᠭᠠᠵᠤ᠂ ᠦᠵᠡᠯᠳᠡ ᠲᠠᠨᠢᠯᠲᠠ᠎ᠪᠠᠨ ᠳᠡᠭᠡᠭᠰᠢᠯᠡᠭᠦᠯᠪᠡ︔ ᠬᠢᠴᠢᠶᠡᠯ᠎ᠤᠨ ᠪᠠᠷᠢᠮᠵᠢᠶ᠎ᠠ᠎ᠶᠢ ᠣᠢᠯᠠᠭᠠᠵᠤ᠂ ᠵᠢᠭᠠᠬᠤ ᠮᠠᠲ᠋ᠧᠷᠢᠶᠠᠯ᠎ᠢ ᠡᠵᠡᠮᠰᠢᠪᠡ︔ ᠦᠢᠯᠡᠳᠦᠯᠭᠡ᠎ᠲᠠᠢ ᠤᠶᠠᠯᠳᠤᠭᠤᠯᠤᠨ᠂ ᠮᠡᠷᠭᠡᠵᠢᠯ᠎ᠢᠶᠡᠨ ᠳᠡᠭᠡᠭᠰᠢᠯᠡᠭᠦᠯᠪᠡ᠃
ᠨᠢᠳᠤᠨᠤᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠡᠴᠠ ᠨᠠᠭᠠᠰᠢ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ ᠪᠠᠭᠰᠢ᠎ᠶᠢᠨ ᠪᠣᠯᠪᠠᠰᠤᠷᠠᠯ᠎ᠢ ᠮᠠᠨ᠎ᠤ ᠣᠷᠣᠨ᠎ᠳ᠋ᠤ ᠲᠠᠰᠤᠷᠠᠯᠲᠠ ᠥᠬᠡᠶ ᠥᠷᠨᠢᠭᠦᠯᠪᠡ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠰᠠᠭᠤᠷᠢ ᠴᠢᠨᠠᠷᠲᠠᠢ ᠢᠨᠵᠧᠨᠧᠷᠢᠩ ᠪᠣᠯᠤᠭᠰᠠᠨ᠎ᠤ ᠬᠤᠪᠢ᠎ᠳ᠋ᠤ᠂ ᠮᠠᠨ᠎ᠤ ᠣᠷᠣᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠬᠦ ᠰᠤᠷᠭᠠᠭᠤᠯᠢ᠎ᠳ᠋ᠤ ᠤᠯᠤᠰ ᠲᠦᠷᠦ᠎ᠶᠢᠨ ᠬᠡᠪ ᠪᠤᠯᠪᠠᠰᠤᠷᠠᠯ᠎ᠢᠶᠠᠷ ᠴᠢᠩᠭ᠎ᠠ᠂ ᠵᠢᠭᠠᠨ ᠰᠤᠷᠭᠠᠯᠲᠠ᠎ᠶᠢᠨ ᠬᠢᠷᠢ ᠲᠦᠪᠰᠢᠨ ᠨᠡᠯᠢᠶᠡᠳ ᠥᠨᠳᠥᠷ᠂ ᠪᠠᠭᠰᠢ᠎ᠶᠢᠨ ᠲᠣᠭ᠎ᠠ ᠬᠡᠮᠵᠢᠶ᠎ᠡ ᠭᠦᠢᠴᠡᠳ ᠨᠢᠭᠡᠨ ᠰᠠᠯᠠᠭ᠎ᠠ ᠪᠠᠭᠰᠢ᠎ᠶᠢᠨ ᠡᠩᠨᠡᠭᠡ᠎ᠶᠢ ᠬᠦᠴᠦᠯᠡᠨ ᠪᠠᠶᠢᠭᠤᠯᠵᠤ ᠪᠤᠢ᠃
ᠦᠵᠦ ᠲᠥᠯᠥᠪᠯᠡᠭᠡ᠎ᠶᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ︽ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠪᠠᠭᠰᠢ᠎ᠶᠢᠨ ᠡᠩᠨᠡᠭᠡ᠎ᠶᠢᠨ ᠪᠠᠶᠢᠭᠤᠯᠤᠯᠲᠠ᠎ᠶᠢ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ᠎ᠨᠦᠭᠦᠳ ︵ ᠲᠤᠷᠰᠢᠨ ᠬᠡᠷᠡᠭᠵᠢᠭᠦᠯᠬᠦ︶︾᠎ᠢ ᠳᠠᠷᠤᠮᠠᠯᠯᠠᠨ ᠲᠠᠷᠬᠠᠭᠠᠵᠤ᠂ ᠰᠢᠯᠵᠢᠯᠲᠡ᠎ᠶᠢᠨ ᠬᠤᠭᠤᠴᠠᠭᠠᠨ᠎ᠤ ᠬᠠᠪᠰᠤᠷᠤᠨ ᠵᠢᠯᠣᠭᠣᠳᠣᠭᠴᠢ᠎ᠶᠢᠨ ᠲᠦᠷᠢᠮ᠎ᠢ ᠪᠠᠶᠢᠭᠤᠯᠬᠤ᠂ ᠪᠠᠭᠰᠢ ᠨᠥᠬᠥᠪᠥᠷᠢᠯᠡᠬᠦ᠂ ᠪᠠᠭᠰᠢ᠎ᠶᠢᠨ ᠡᠩᠨᠡᠭᠡ᠎ᠶᠢᠨ ᠬᠡᠪ ᠪᠤᠯᠪᠠᠰᠤᠷᠠᠯ᠎ᠢ ᠳᠡᠭᠡᠭᠰᠢᠯᠡᠭᠦᠯᠬᠦ᠂ ᠰᠢᠯᠢᠳᠡᠭ ᠪᠠᠭᠰᠢ᠎ᠶᠢᠨ ᠪᠡᠯᠡᠳᠬᠡᠯ ᠬᠦᠴᠦᠨ᠎ᠢ ᠬᠦᠮᠦᠵᠢᠬᠦᠯᠬᠦ ᠵᠡᠷᠭᠡ 4 ᠲᠠᠯ᠎ᠠ᠎ᠡᠴᠠ 13 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠠᠶ᠃
ᠠᠷᠭ᠎ᠠ ᠬᠡᠮᠵᠢᠶ᠎ᠡ᠎ᠶᠢ ᠨᠠᠶᠢᠳᠠᠪᠤᠷᠢᠵᠢᠭᠤᠯᠬᠤ ᠲᠠᠯ᠎ᠠ᠎ᠪᠠᠷ᠂ ᠮᠠᠨ᠎ᠤ ᠣᠷᠣᠨ ᠲᠠᠷᠤᠢᠬᠠᠨ ᠬᠦᠳᠡᠯᠦᠯᠴᠡᠵᠦ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ︽ ᠭᠤᠷᠪᠠᠨ ᠬᠢᠴᠢᠶᠡᠯ ᠲᠥᠷᠥᠯ︾᠎ᠤᠨ ᠪᠠᠭᠰᠢ᠎ᠶᠢᠨ ᠬᠦᠴᠦᠨ᠎ᠢ ᠬᠦᠢᠴᠡᠳ ᠲᠤᠬᠢᠷᠠᠭᠤᠯᠤᠨ ᠬᠦᠴᠦᠷᠬᠡᠭᠵᠢᠬᠦᠯᠪᠡ᠃
︽ ᠭᠤᠷᠪᠠᠨ ᠬᠢᠴᠢᠶᠡᠯ ᠲᠥᠷᠥᠯ︾᠎ᠤᠨ ᠪᠠᠭᠰᠢ᠎ᠶᠢ ᠢᠯᠡ᠎ᠪᠠᠷ ᠤᠷᠢᠵᠤ ᠡᠯᠰᠡᠬᠦ ᠠᠵᠢᠯ᠎ᠢ ᠤᠷᠢᠳᠴᠢᠯᠠᠨ ᠲᠥᠯᠥᠪᠯᠡᠬᠦ᠎ᠶᠢᠨ ᠬᠠᠮᠲᠤ ᠴᠠᠭ ᠲᠤᠬᠠᠶ᠎ᠳ᠋ᠤᠨᠢ ᠪᠡᠶᠡᠯᠡᠭᠦᠯᠪᠡ᠃ ᠡᠨᠡ ᠵᠢᠯ᠎ᠤᠨ 1 ᠰᠠᠷ᠎ᠠ᠎ᠳ᠋ᠤ ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠪᠠᠭᠰᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠨᠠᠷᠢᠨ ᠣᠨᠣᠪᠴᠢᠲᠠᠶ ᠤᠢᠯᠠᠭᠠᠭᠰᠠᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ᠎ᠤ ︽ ᠭᠤᠷᠪᠠᠨ ᠬᠢᠴᠢᠶᠡᠯ ᠲᠥᠷᠥᠯ︾᠎ᠤᠨ ᠪᠠᠭᠰᠢ᠎ᠶᠢ ᠢᠯᠡ᠎ᠪᠠᠷ ᠤᠷᠢᠵᠤ ᠡᠯᠰᠡᠬᠦ ᠲᠥᠰᠦᠯ᠎ᠢ ᠲᠣᠭᠲᠠᠭᠠᠨ ᠲᠡᠭᠦᠯᠳᠡᠷᠵᠢᠭᠦᠯᠵᠦ᠂ ᠡᠯ᠎ᠡ ᠠᠶᠢᠮᠠᠭ ᠬᠣᠲᠠ ᠢᠯᠡ᠎ᠪᠠᠷ ᠤᠷᠢᠵᠤ ᠡᠯᠰᠡᠬᠦ᠂ ᠰᠤᠷᠭᠠᠭᠤᠯᠢ᠎ᠡᠴᠠ ᠤᠷᠢᠵᠤ ᠡᠯᠰᠡᠬᠦ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ᠂ 6 ᠰᠠᠷ᠎ᠠ᠎ᠶᠢᠨ ᠰᠡᠭᠦᠯᠴᠢ᠎ᠡᠴᠠ ᠡᠮᠦᠨ᠎ᠡ ᠪᠠᠭᠰᠢ ᠤᠷᠢᠵᠤ ᠡᠯᠰᠡᠬᠦ ᠠᠵᠢᠯ᠎ᠢ ᠪᠡᠶᠡᠯᠡᠭᠦᠯᠬᠦ᠎ᠶᠢᠨ ᠬᠠᠮᠲᠤ᠂ ᠰᠢᠨ᠎ᠡ᠎ᠪᠠᠷ ᠠᠵᠢᠯ᠎ᠳ᠋ᠤ ᠣᠷᠣᠬᠤ ᠪᠠᠭᠰᠢ ᠨᠠᠷ᠎ᠲᠤ ᠪᠣᠯᠪᠠᠰᠤᠷᠠᠯ ᠬᠢᠪᠡ᠃
︽ ᠰᠤᠷᠭᠠᠨ ᠬᠥᠮᠦᠵᠢᠯ᠎ᠤᠨ ᠬᠥᠭᠵᠢᠯᠲᠡ᠂ ᠤᠯᠤᠰ᠎ᠤᠨ ᠴᠡᠴᠡᠭᠯᠡᠯ ᠬᠥᠭᠵᠢᠯ ᠪᠠ ᠦᠨᠳᠦᠰᠦᠲᠡᠨ᠎ᠤ ᠬᠥᠭᠵᠢᠯ ᠮᠠᠨᠳᠤᠯ᠎ᠤᠨ ᠲᠥᠯᠥᠭᠡ ᠴᠢᠷᠮᠠᠶᠢᠨ ᠲᠡᠮᠡᠴᠡᠨ᠎ᠡ︕︾ 4 ᠰᠠᠷ᠎ᠠ᠎ᠶᠢᠨ 17᠎ᠤ ᠡᠳᠦᠷ᠂ ᠬᠢᠩᠭᠠᠨ ᠠᠶᠢᠮᠠᠭ᠎ᠤᠨ ᠭᠤᠷᠪᠠᠨ ᠬᠢᠴᠢᠶᠡᠯ ᠲᠦᠷᠦᠯ᠎ᠤᠨ ᠰᠢᠨ᠎ᠡ ᠠᠵᠢᠯ᠎ᠤᠨ ᠪᠠᠢᠷᠢ᠎ᠳ᠋ᠤ ᠭᠠᠷᠬᠤ ᠵᠢᠴᠢ ᠪᠤᠰᠤᠳ ᠪᠠᠭᠰᠢ ᠨᠠᠷ᠎ᠤᠨ ᠠᠵᠢᠯ᠎ᠤᠨ ᠪᠠᠶᠢᠷᠢ᠎ᠳ᠋ᠤ ᠭᠠᠷᠬᠤ᠎ᠡᠴᠠ ᠡᠮᠦᠨᠡᠬᠢ ᠪᠣᠯᠪᠠᠰᠤᠷᠠᠯ᠎ᠤᠨ ᠠᠩᠭᠢ᠎ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ᠂ ᠪᠥᠬᠥ ᠰᠢᠨ᠎ᠡ ᠪᠠᠭᠰᠢ ᠨᠠᠷ ᠬᠠᠮᠲᠤ᠎ᠪᠠᠷ ᠠᠷᠠᠳ᠎ᠤᠨ ᠪᠠᠭᠰᠢ᠎ᠶᠢᠨ ᠲᠠᠩᠭᠠᠷᠢᠭ᠎ᠤᠨ ᠦᠭᠡ᠎ᠶᠢ ᠤᠩᠰᠢᠨ᠂ ᠪᠠᠭᠰᠢ᠎ᠶᠢᠨ ᠠᠵᠢᠯ ᠮᠡᠷᠭᠡᠵᠢᠯ᠎ᠤᠨ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠪᠠ᠃
ᠦᠪᠡᠷᠳᠡᠭᠡᠨ ᠵᠠᠰᠠᠬᠤ ᠤᠷᠤᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭᠯᠡᠬᠦ ︽ ᠭᠤᠷᠪᠠᠨ ᠬᠢᠴᠢᠶᠡᠯ ᠲᠦᠷᠦᠯ︾᠎ᠤᠨ ᠪᠠᠭᠰᠢ᠎ᠶᠢᠨ ᠣᠨᠴᠠ ᠠᠵᠢᠯ᠎ᠤᠨ ᠪᠠᠶᠢᠷᠢ᠎ᠶᠢᠨ ᠲᠤᠰᠬᠠᠶ ᠲᠥᠯᠥᠪᠯᠡᠭᠡ᠎ᠶᠢ ᠡᠬᠢᠯᠡᠨ ᠬᠡᠷᠡᠭᠵᠢᠭᠦᠯᠵᠦ᠂ ᠤᠷᠢᠵᠤ ᠡᠯᠰᠡᠭᠰᠡᠨ ᠪᠠᠭᠰᠢ᠎ᠶᠢ ᠭᠤᠷᠪᠠᠨ ᠬᠢᠴᠢᠶᠡᠯ ᠲᠥᠷᠥᠯ᠎ᠤᠨ ᠪᠠᠭᠰᠢ ᠨᠡᠯᠢᠶᠡᠳ ᠳᠤᠳᠠᠵᠤ ᠪᠠᠢᠭ᠎ᠠ ᠭᠠᠵᠠᠷ ᠣᠷᠣᠨ᠎ᠳ᠋ᠤ ᠪᠤᠯᠪᠠᠰᠤᠷᠠᠯ᠎ᠢᠶᠠᠷ ᠳᠠᠮᠵᠢᠨ ᠠᠵᠢᠯ᠎ᠤᠨ ᠪᠠᠶᠢᠷᠢ᠎ᠳ᠋ᠤ ᠭᠠᠷᠭᠠᠪᠠ᠃ ᠨᠢᠳᠤᠨᠤᠨ᠎ᠤ 12 ᠰᠠᠷ᠎ᠠ᠎ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠭᠤᠷᠪᠠᠨ ᠬᠢᠴᠢᠶᠡᠯ ᠲᠦᠷᠦᠯ᠎ᠤᠨ ︽ ᠤᠨᠴᠠ ᠠᠵᠢᠯ᠎ᠤᠨ ᠪᠠᠶᠢᠷᠢ᠎ᠶᠢᠨ ᠪᠠᠭᠰᠢ︾᠎ᠶᠢ 298 ᠡᠯᠰᠡᠭᠰᠡᠨ ᠪᠠᠢᠨ᠎ᠠ᠃ 3 ᠰᠠᠷ᠎ᠠ᠎ᠶᠢᠨ ᠠᠵᠢᠯ᠎ᠤᠨ ᠪᠠᠶᠢᠷᠢ᠎ᠳ᠋ᠤ ᠭᠠᠷᠬᠤ᠎ᠡᠴᠠ ᠡᠮᠦᠨᠡᠬᠢ ᠪᠣᠯᠪᠠᠰᠤᠷᠠᠯ᠎ᠢᠶᠠᠷ ᠳᠡᠮᠵᠢᠨ᠂ ᠡᠳᠡᠭᠡᠷ ᠪᠠᠭᠰᠢ ᠨᠠᠷ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭᠰᠡᠨ᠎ᠤ ᠳᠠᠷᠠᠭ᠎ᠠ ᠨᠢᠭᠡ ᠬᠤᠭᠤᠴᠠᠭᠠᠨ᠎ᠤ ᠠᠵᠢᠯ᠎ᠤᠨ ᠪᠠᠶᠢᠷᠢ᠎ᠶᠢᠨ ᠳᠠᠳᠤᠯᠭ᠎ᠠ ᠬᠢᠵᠦ᠂ ᠨᠠᠮᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭᠰᠡᠨ᠎ᠤ ᠳᠠᠷᠠᠭ᠎ᠠ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠡᠯ᠎ᠡ ᠰᠤᠷᠭᠠᠭᠤᠯᠢ᠎ᠳ᠋ᠤ ᠬᠦᠷᠴᠦ ᠠᠵᠢᠯ᠎ᠤᠨ ᠪᠠᠶᠢᠷᠢ᠎ᠳ᠋ᠤ ᠭᠠᠷᠬᠤ᠎ᠪᠠᠷ ᠪᠡᠯᠡᠭᠡᠨ ᠪᠤᠯᠤᠯ᠎ᠠ᠃
︽ ᠬᠠᠭᠠᠰ ᠵᠢᠯ ᠭᠠᠷᠤᠢ᠎ᠶᠢᠨ ᠪᠣᠯᠪᠠᠰᠤᠷᠠᠯ᠂ ᠠᠵᠢᠯ᠎ᠤᠨ ᠪᠠᠶᠢᠷᠢ᠎ᠶᠢᠨ ᠳᠠᠳᠤᠯᠭ᠎ᠠ ᠵᠡᠷᠭᠡ᠎ᠪᠠᠷ ᠳᠠᠮᠵᠢᠭᠠᠳ ᠪᠢ ᠮᠠᠰᠢ ᠣᠯᠤᠯᠲᠠ᠎ᠲᠠᠢ ᠪᠣᠯᠵᠠᠢ᠃ ᠠᠷᠠᠳ᠎ᠤᠨ ᠪᠠᠭᠰᠢ ᠪᠢᠴᠢᠭ ᠵᠢᠭᠠᠵᠤ ᠬᠥᠮᠦᠨ ᠬᠦᠮᠦᠵᠢᠭᠦᠯᠬᠦ ᠬᠠᠷᠢᠭᠤᠴᠠᠯᠭ᠎ᠠ᠎ᠶᠢ ᠡᠭᠦᠷᠭᠡᠯᠡᠵᠦ ᠪᠠᠶᠢᠨ᠎ᠠ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶᠢᠨ ᠬᠥᠮᠦᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠢ ᠬᠠᠪᠰᠤᠷᠤᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠡᠷᠡᠭᠲᠡᠢ ᠭᠡᠳᠡᠭ᠎ᠢ ᠭᠦᠨᠵᠡᠭᠡᠢ ᠳᠠᠨᠢᠵᠠᠢ︾ ᠬᠡᠵᠦ ᠬᠥᠯᠥᠨ ᠪᠤᠢᠷ ᠬᠤᠳᠠ᠎ᠶᠢᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ᠎ᠤᠨ ︽ ᠤᠨᠴᠠ ᠠᠵᠢᠯ᠎ᠤᠨ ᠪᠠᠶᠢᠷᠢ᠎ᠶᠢᠨ ᠪᠠᠭᠰᠢ︾ ᠵᠤᠤ ᠰᠢ ᠶᠤᠸᠠᠨ ᠬᠡᠯᠡᠨ᠎ᠡ᠃
ᠰᠢᠶᠠᠨ᠎ᠤ ᠬᠡᠪᠴᠢᠶᠡᠨ᠎ᠳ᠋ᠤ᠂ ᠬᠣᠲᠠ ᠬᠥᠳᠡᠭᠡ᠎ᠶᠢᠨ ᠬᠣᠭᠣᠷᠣᠨᠳᠣ᠂ ᠰᠤᠷᠭᠠᠭᠤᠯᠢ᠎ᠶᠢᠨ ᠬᠣᠭᠣᠷᠣᠨᠳᠣ᠂ ᠡᠩ᠎ᠤᠨ ᠰᠤᠷᠭᠠᠭᠤᠯᠢ ᠬᠢᠭᠡᠳ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠠᠵᠢᠯ ᠲᠦᠷᠦᠯ᠎ᠢᠶᠠᠷ ᠬᠠᠪᠰᠤᠷᠤᠯᠴᠠᠬᠤ ᠬᠠᠪᠰᠤᠷᠤᠨ ᠳᠡᠳᠬᠦᠬᠦ ᠲᠣᠭᠲᠠᠴᠠ᠎ᠶᠢ ᠪᠠᠶᠢᠭᠤᠯᠵᠤ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠥᠷᠥᠯ᠎ᠤᠨ ᠪᠠᠭᠰᠢ ᠨᠠᠷ᠎ᠤᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠴᠢᠳᠠᠪᠤᠷᠢ ᠪᠠ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ᠎ᠶᠢ ᠪᠦᠲᠦᠮᠵᠢᠲᠡᠶ ᠳᠡᠭᠡᠭᠰᠢᠯᠡᠭᠦᠯᠵᠦ ᠪᠤᠢ᠃ 6 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ 448 ᠡᠩ᠎ᠤᠨ ᠰᠤᠷᠭᠠᠭᠤᠯᠢ ᠪᠣᠯᠤᠨ 313 ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︽ ᠬᠠᠪᠰᠤᠷᠤᠯᠴᠠᠭ᠎ᠠ ᠪᠠᠢᠭᠤᠯᠤᠭᠰᠠᠨ ᠬᠠᠮᠲᠤ ᠴᠣᠭᠴᠠ︾᠎ᠶᠢ ᠪᠠᠶᠢᠭᠤᠯᠵᠤ᠂ 1475 ᠪᠠᠭᠰᠢ᠎ᠶᠢ ᠬᠠᠷᠢᠯᠴᠠᠨ ᠲᠣᠮᠢᠯᠠᠪᠠ᠃ ᠬᠠᠪᠰᠤᠷᠤᠯᠴᠠᠭ᠎ᠠ ᠪᠠᠶᠢᠭᠤᠯᠤᠭᠰᠠᠨ ᠰᠤᠷᠭᠠᠭᠤᠯᠢ᠎ᠶᠢᠨ ᠪᠠᠭᠰᠢ ᠨᠠᠷ ᠬᠠᠮᠲᠤ᠎ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠴᠤ ᠦᠨᠡᠯᠡᠬᠦ᠂ ᠨᠡᠷᠡᠲᠦ ᠪᠠᠭᠰᠢ ᠱᠠᠪᠢ ᠳᠠᠭᠠᠭᠤᠯᠬᠤ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠪᠠᠭᠰᠢ ᠨᠠᠷ᠎ᠢ ᠬᠠᠪᠰᠤᠷᠤᠨ ᠵᠢᠭᠠᠨ ᠰᠤᠷᠭᠠᠬᠤ ᠠᠵᠢᠯ᠎ᠢ ᠰᠠᠶᠢᠲᠤᠷ ᠬᠢᠵᠦ᠂ ᠲᠡᠳᠡᠨ᠎ᠤ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ᠎ᠶᠢ ᠡᠵᠡᠮᠳᠡᠬᠦ ᠴᠢᠳᠠᠪᠤᠷᠢ᠎ᠶᠢ ᠳᠡᠭᠡᠭᠰᠢᠯᠡᠭᠦᠯᠵᠦ ᠪᠤᠢ᠃ ᠡᠭᠦᠨ᠎ᠤ ᠬᠠᠮᠲᠤ᠂ ᠡᠩ᠎ᠤᠨ ᠰᠤᠷᠭᠠᠭᠤᠯᠢ᠎ᠨᠢ ᠪᠠᠰᠠ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠪᠢᠴᠢᠯ ᠬᠢᠴᠢᠶᠡᠯ ᠬᠢᠬᠦ᠂ ᠰᠤᠩᠭᠤᠳᠠᠭ ᠪᠣᠯᠪᠠᠰᠤᠷᠠᠯ ᠬᠢᠬᠦ᠂ ᠳᠠᠰᠬᠠᠯ ᠲᠠᠭᠠᠭᠠᠯᠭᠠᠪᠤᠷᠢ᠎ᠶᠢᠨ ᠲᠥᠯᠥᠪᠯᠡᠭᠡ ᠬᠢᠬᠦ ᠳᠠᠯ᠎ᠠ᠎ᠪᠠᠷ ᠬᠠᠪᠰᠤᠷᠤᠯᠭ᠎ᠠ ᠵᠢᠯᠤᠭᠤᠳᠤᠯᠭ᠎ᠠ ᠬᠠᠩᠭᠠᠵᠤ᠂ ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠵᠢᠭᠠᠨ ᠰᠤᠷᠭᠠᠬᠤ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠦᠨᠡᠨ ᠬᠦ ᠬᠠᠪᠰᠤᠷᠴᠤ ᠪᠠᠢᠨ᠎ᠠ᠃
︽ ᠣᠳᠣᠬᠠᠨ᠎ᠤ ᠪᠠᠶᠢᠳᠠᠯ᠎ᠡᠴᠠ ᠦᠵᠡᠪᠡᠯ᠂ ᠣᠷᠳᠣᠰ ᠬᠣᠲᠠ᠎ᠶᠢᠨ ᠡᠩ᠎ᠤᠨ ᠰᠤᠷᠭᠠᠭᠤᠯᠢ ᠬᠢᠭᠡᠳ ᠬᠣᠲᠠ᠎ᠶᠢᠨ ᠰᠢᠭᠤᠳ ᠬᠠᠷᠢᠶ᠎ᠠ᠂ ᠡᠯ᠎ᠡ ᠬᠣᠰᠢᠭᠤ ᠰᠢᠶᠠᠨ ᠲᠣᠭᠣᠷᠢᠭ᠎ᠤᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠨᠤᠭᠤᠳ ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠪᠠᠶᠢᠭᠤᠯᠬᠤ ᠠᠵᠢᠯ ᠵᠣᠬᠢᠬᠤ ᠦᠷ᠎ᠡ ᠪᠦᠲᠦᠮᠵᠢ ᠤᠯᠪᠠ᠃ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ ᠪᠠᠭᠰᠢ ᠨᠠᠷ ᠵᠢᠭᠠᠬᠤ ᠮᠠᠲ᠋ᠧᠷᠢᠶᠠᠯ᠎ᠳ᠋ᠤ ᠪᠥᠬᠥ ᠲᠠᠯ᠎ᠠ᠎ᠶᠢᠨ ᠲᠠᠨᠢᠯᠲᠠ᠎ᠲᠠᠢ ᠪᠣᠯᠵᠣ᠂ ᠬᠢᠴᠢᠶᠡᠯ ᠪᠡᠯᠡᠳᠬᠡᠬᠦ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢ ᠡᠵᠡᠮᠳᠡᠬᠦ ᠲᠠᠯ᠎ᠠ᠎ᠪᠠᠷ ᠢᠯᠡᠳᠲᠡ ᠳᠠᠪᠰᠢᠯᠲᠠ᠎ᠲᠠᠢ ᠪᠣᠯᠵᠣ᠂ ᠵᠢᠭᠠᠨ ᠰᠤᠷᠭᠠᠯᠲᠠ᠎ᠶᠢᠨ ᠤᠢᠯᠠᠭᠠᠭᠳᠠᠬᠤᠨᠤ ᠳᠠᠯ᠎ᠠ᠎ᠪᠠᠷ ᠢᠯᠡᠳᠲᠡ ᠬᠤᠪᠢᠷᠠᠯᠲᠠ ᠭᠠᠷᠴᠤ᠂ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ ᠨᠡᠯᠢᠶᠡᠳ ᠳᠡᠭᠡᠭᠰᠢᠯᠡᠵᠡᠶ᠃ ᠡᠭᠦᠨ᠎ᠤ ᠬᠠᠮᠲᠤ᠂ ᠬᠠᠪᠰᠤᠷᠤᠯᠴᠠᠭ᠎ᠠ ᠪᠠᠶᠢᠭᠤᠯᠵᠤ ᠬᠠᠮᠲᠤ᠎ᠪᠠᠷ ᠪᠠᠶᠢᠭᠤᠯᠬᠤ ᠠᠵᠢᠯ᠎ᠨᠢ ᠬᠣᠶᠠᠷ ᠰᠤᠷᠭᠠᠭᠤᠯᠢ᠎ᠶᠢᠨ ᠪᠠᠭᠰᠢ᠎ᠶᠢᠨ ᠣᠯᠤᠯᠲᠠ ᠲᠥᠷᠥᠭᠳᠡᠯ᠎ᠢᠶᠡᠨ ᠰᠣᠯᠢᠯᠴᠠᠬᠤ᠂ ᠳᠠᠪᠠᠭᠤᠯᠢᠭ ᠳᠠᠯ᠎ᠠ᠎ᠪᠠᠨ ᠰᠤᠷᠤᠯᠴᠠᠵᠤ ᠳᠤᠲᠠᠭᠤᠳᠠᠯ᠎ᠢᠶᠡᠨ ᠨᠥᠬᠥᠪᠥᠷᠢᠯᠡᠬᠦ᠂ ᠡᠬᠢ ᠪᠠᠶᠠᠯᠢᠭ᠎ᠢ ᠬᠠᠮᠲᠤ᠎ᠪᠠᠷ ᠡᠳᠡᠯᠬᠦ᠎ᠶᠢ ᠪᠡᠶᠡᠯᠡᠭᠦᠯᠬᠦ᠎ᠳ᠋ᠤ ᠠᠰᠢᠭᠲᠠᠶ ᠶᠤᠮ︾ ᠭᠡᠵᠦ ᠤᠷᠳᠤᠰ ᠬᠤᠳᠠ᠎ᠶᠢᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠴᠤᠭ ᠬᠡᠯᠡᠪᠡ ᠃
ᠣᠷᠣᠨ᠎ᠤ ᠳᠣᠲᠣᠷᠠᠬᠢ ᠪᠠᠭᠰᠢ᠎ᠶᠢᠨ ᠲᠥᠷᠥᠯ᠎ᠤᠨ ᠲᠤᠰᠬᠠᠶ ᠮᠡᠷᠭᠡᠵᠢᠯ ᠨᠡᠭᠡᠭᠡᠭᠰᠡᠨ 19 ᠶᠡᠬᠡ ᠳᠡᠭᠡᠳᠦ ᠰᠤᠷᠭᠠᠭᠤᠯᠢ ᠪᠠᠭᠰᠢ ᠰᠤᠷᠤᠭᠴᠢᠳ᠎ᠤᠨ ᠰᠤᠷᠭᠠᠨ ᠬᠥᠮᠦᠵᠢᠯ᠎ᠢ ᠳᠡᠮᠵᠢᠬᠦ ᠪᠦᠯᠬᠦᠮ᠎ᠢ ᠵᠣᠬᠢᠶᠠᠨ ᠪᠠᠶᠢᠭᠤᠯᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠬᠢᠴᠢᠶᠡᠯ᠎ᠤᠨ ᠳᠠᠷᠠᠭᠠᠬᠢ ᠬᠠᠪᠰᠤᠷᠤᠨ ᠵᠢᠯᠣᠭᠣᠳᠣᠯᠭ᠎ᠠ᠂ ᠪᠠᠭᠰᠢ᠎ᠶᠢᠨ ᠪᠣᠯᠪᠠᠰᠤᠷᠠᠯ᠂ ᠰᠤᠳᠤᠯᠭᠠᠨ᠎ᠤ ᠰᠡᠳᠦᠪ᠎ᠤᠨ ᠪᠣᠭᠣᠮᠲᠠ ᠰᠢᠪᠲᠤᠯᠬᠤ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ᠂ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠢ ᠬᠠᠪᠰᠤᠷᠤᠨ ᠲᠡᠳᠬᠦᠵᠦ ᠪᠤᠢ ᠃ ᠡᠨᠡ ᠵᠢᠯ᠎ᠤᠨ 3 ᠰᠠᠷ᠎ᠠ᠎ᠳ᠋ᠤ᠂ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ ᠪᠤᠯᠤᠨ ᠰᠢᠯᠢ᠎ᠶᠢᠨ ᠭᠤᠤᠯ ᠠᠶᠢᠮᠠᠭ᠋᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ ᠬᠢᠭᠡᠳ ᠲᠦᠩᠯᠢᠶᠣᠤ ᠬᠣᠲᠠ᠂ ᠤᠯᠠᠭᠠᠨᠬᠠᠳᠠ ᠳᠡᠭᠡᠳᠦ ᠰᠤᠷᠭᠠᠭᠤᠯᠢ ᠬᠢᠭᠡᠳ ᠤᠯᠠᠭᠠᠨᠬᠠᠳᠠ ᠬᠣᠲᠠ᠂ ᠬᠢᠩᠭᠠᠨ ᠠᠶᠢᠮᠠᠭ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠬᠢᠭᠡᠳ ᠬᠢᠩᠭᠠᠨ ᠠᠶᠢᠮᠠᠭ᠋᠁ ᠬᠠᠮᠢᠶ᠎ᠠ ᠪᠥᠬᠥᠶ ᠶᠡᠬᠡ ᠳᠡᠭᠡᠳᠦ ᠰᠤᠷᠭᠠᠭᠤᠯᠢ ᠬᠢᠭᠡᠳ ᠠᠶᠢᠮᠠᠭ ᠬᠣᠲᠠ᠎ᠶᠢᠨ ᠰᠤᠷᠭᠠᠨ ᠬᠥᠮᠦᠵᠢᠯ᠎ᠤᠨ ᠲᠣᠪᠴᠢᠶ᠎ᠠ ᠢᠳᠡᠪᠬᠢᠲᠡᠶ ᠵᠤᠬᠢᠴᠠᠭᠤᠯᠵᠤ᠂ ᠤᠯᠤᠰ ᠲᠥᠷᠥ᠎ᠶᠢᠨ ᠬᠡᠪ ᠪᠤᠯᠪᠠᠰᠤᠷᠠᠯ᠎ᠢᠶᠠᠷ ᠥᠨᠳᠥᠷ᠂ ᠲᠤᠬᠠᠶᠢᠯᠠᠭᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ ᠪᠠᠭᠰᠢ ᠰᠣᠷᠣᠭᠴᠢ᠎ᠶᠢ ᠰᠣᠩᠭᠣᠵᠤ ᠰᠤᠷᠭᠠᠭᠤᠯᠢ᠎ᠳ᠋ᠤ ᠰᠠᠭᠤᠯᠭᠠᠨ ᠰᠤᠷᠭᠠᠨ ᠬᠥᠮᠦᠵᠢᠯ᠎ᠢ ᠳᠡᠮᠵᠢᠪᠡ᠃
ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ 12 ᠰᠣᠷᠣᠭᠴᠢ ᠲᠣᠮᠢᠯᠠᠨ ᠲᠦᠩᠯᠢᠶᠣᠤ ᠬᠣᠲᠠ᠎ᠶᠢᠨ ᠵᠠᠷᠤᠳ ᠬᠣᠰᠢᠭᠤᠨ᠎ᠤ ᠮᠣᠩᠭᠣᠯ ᠦᠨᠳᠦᠰᠦᠲᠡᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠳ᠋ᠤ ᠪᠠᠭᠰᠢᠯᠠᠭᠤᠯᠪᠠ᠂ ᠡᠲᠡᠭᠡᠷ ᠤᠶᠤᠲᠠᠳ ᠠᠩᠬ᠎ᠠ ᠵᠡᠷᠭᠡ᠎ᠶᠢᠨ ᠨᠢᠭᠡᠳᠦᠭᠡᠷ ᠣᠨ᠎ᠤ ᠰᠤᠷᠤᠭᠴᠢᠳ᠎ᠤᠨ ᠪᠢᠴᠢᠬᠦ ᠪᠠ ᠤᠩᠰᠢᠬᠤ ᠵᠢᠭᠠᠨ ᠰᠤᠷᠭᠠᠯᠲᠠ᠎ᠶᠢᠨ ᠡᠭᠦᠷᠭᠡ᠎ᠶᠢ ᠡᠭᠦᠷᠭᠡᠯᠡᠬᠦ᠎ᠶᠢᠨ ᠬᠠᠮᠲᠤ ᠬᠥᠮᠦᠨ ᠪᠦᠷᠢ ᠨᠢᠭᠡ ᠠᠩᠭᠢ᠎ᠶᠢ ᠬᠠᠷᠢᠭᠤᠴᠠᠵᠤ᠂ ᠣᠷᠣᠶ᠎ᠶᠢᠨ ᠳᠠᠪᠲᠠᠯᠭ᠎ᠠ᠎ᠶᠢᠨ ᠴᠠᠭ᠎ᠢ ᠠᠰᠢᠬᠯᠠᠨ ᠰᠤᠷᠤᠭᠴᠢᠳ᠎ᠤᠨ ᠰᠣᠨᠣᠰᠴᠤ ᠤᠩᠰᠢᠵᠤ ᠪᠢᠴᠢᠬᠦ ᠪᠣᠯᠪᠠᠰᠤᠷᠠᠯ᠎ᠢ ᠥᠷᠨᠢᠭᠦᠯᠪᠡ᠃ ᠵᠣᠨ᠎ᠤ ᠠᠮᠠᠷᠠᠯᠲᠠ᠎ᠶᠢᠨ ᠬᠤᠭᠤᠴᠠᠭ᠎ᠠ ᠬᠦᠷᠴᠦ ᠢᠷᠡᠬᠦ᠎ᠪᠠᠷ᠂ ᠡᠲᠡᠭᠡᠷ ᠤᠶᠤᠲᠠᠳ᠎ᠤᠨ ᠰᠤᠷᠭᠠᠨ ᠬᠥᠮᠦᠵᠢᠯ᠎ᠢ ᠳᠡᠮᠵᠢᠬᠦ ᠬᠤᠭᠤᠴᠠᠭ᠎ᠠ᠎ᠨᠢ ᠳᠠᠭᠤᠰᠬᠤ ᠪᠤᠯᠤᠯ᠎ᠠ᠂ ᠰᠤᠷᠭᠠᠭᠤᠯᠢ᠎ᠶᠢᠨ ᠵᠠᠬᠢᠷᠤᠯ ᠴᠢᠩ ᠱᠠᠨ᠂ ᠰᠤᠷᠭᠠᠨ ᠬᠥᠮᠦᠵᠢᠯ᠎ᠢ ᠲᠡᠮᠵᠢᠵᠦ ᠪᠦᠬᠦᠢ ᠰᠤᠷᠤᠭᠴᠢᠳ᠎ᠢᠶᠡᠨ ᠡᠷᠬᠢᠨ ᠦᠵᠡᠬᠦ᠎ᠪᠠᠷ ᠢᠷᠡᠭᠰᠡᠨ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠳ᠋ᠤ᠄ ︽ ᠳᠠᠷᠠᠭ᠎ᠠ ᠰᠤᠷᠤᠯᠭ᠎ᠠ᠎ᠶᠢᠨ ᠬᠤᠭᠤᠴᠠᠭᠠᠨ᠎ᠳ᠋ᠤ ᠨᠠᠩ ᠣᠯᠠᠨ ᠰᠤᠷᠤᠭᠴᠢᠳ ᠰᠤᠷᠭᠠᠨ ᠬᠥᠮᠦᠵᠢᠯ᠎ᠢ ᠳᠡᠮᠵᠢᠭᠦ᠎ᠪᠠᠷ ᠢᠷᠡᠬᠦ᠎ᠶᠢ ᠬᠦᠰᠡᠵᠦ ᠪᠠᠶᠢᠨ᠎ᠠ᠂ ᠲᠡᠮᠵᠢᠬᠦ ᠴᠠᠭ ᠬᠤᠭᠤᠴᠠᠭ᠎ᠠ᠎ᠶᠢ᠎ᠨᠢ ᠵᠤᠬᠢᠰᠳᠠᠢ ᠤᠷᠳᠤᠳᠬᠠᠪᠠᠯ ᠨᠡᠩ ᠰᠠᠢᠨ︾ ᠭᠡᠵᠦ ᠬᠡᠯᠡᠪᠡ᠃
ᠰᠢᠰᠲ᠋ᠧᠮ᠎ᠲᠠᠢ᠂ ᠨᠠᠷᠢᠯᠢᠭ᠋᠂ ᠲᠠᠰᠤᠯᠳᠠᠭᠤᠯᠤᠯ ᠦᠭᠡᠢ ᠪᠣᠯᠪᠠᠰᠤᠷᠠᠯ ᠥᠷᠨᠢᠭᠦᠯᠬᠦ ᠪᠠᠷ ᠲᠠᠮᠵᠢᠨ᠂ ᠰᠠᠭᠤᠷᠢ ᠠᠨᠠᠢ ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢᠨ ᠴᠢᠳᠠᠪᠤᠷᠢ᠎ᠶᠢ ᠲᠡᠭᠡᠭᠰᠢᠯᠡᠬᠦᠯᠵᠦ᠂ ᠵᠢᠭᠠᠨ ᠰᠤᠷᠭᠠᠯᠳᠠ᠎ᠶᠢᠨ ᠠᠵᠢᠯ᠎ᠤᠨ ᠪᠠᠢᠷᠢ᠎ᠳ᠋ᠤ᠎ᠨᠢ ᠭᠠᠷᠭᠠᠨ᠎ᠠ᠃ ᠮᠠᠨ᠎ᠤ ᠣᠷᠣᠨ ᠰᠤᠷᠭᠠᠨ ᠬᠥᠮᠦᠵᠢᠯ᠎ᠤᠨ ᠶᠠᠮᠤᠨ᠎ᠤ ᠳᠡᠮᠵᠢᠯᠭᠡ᠎ᠶᠢ ᠢᠳᠡᠪᠬᠢᠳᠡᠢ ᠣᠯᠵᠤ᠂ ᠣᠷᠣᠨ᠎ᠤ ᠲᠤᠳᠤᠨ᠎ᠠ ᠭᠠᠳᠠᠨᠠᠬᠢ ᠪᠠᠭᠰᠢ᠎ᠶᠢᠨ ᠲᠥᠷᠥᠯ᠎ᠤᠨ ᠲᠤᠰᠬᠠᠶ ᠮᠡᠷᠭᠡᠵᠢᠯ᠎ᠤᠨ 20 ᠰᠤᠷᠭᠠᠭᠤᠯᠢ᠎ᠶᠢ ᠵᠣᠬᠢᠶᠠᠨ ᠪᠠᠶᠢᠭᠤᠯᠵᠤ᠂ 12 ᠠᠶᠢᠮᠠᠭ ᠬᠣᠲᠠ᠎ᠶᠢ ᠬᠡᠰᠡᠭ ᠬᠤᠪᠢᠶᠠᠨ ᠳᠠᠭᠠᠭᠠᠴᠢᠯᠠᠭᠤᠯᠵᠤ᠂ ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢᠨ ᠪᠣᠯᠪᠠᠰᠤᠷᠠᠯ᠎ᠤᠨ ᠠᠵᠢᠯ᠎ᠢ ᠥᠷᠨᠢᠭᠦᠯᠪᠡ᠃ ᠡᠭᠦᠨ᠎ᠤ ᠬᠠᠮᠲᠤ᠂ ︽ ᠥᠪᠡᠷᠲᠡᠭᠡᠨ ᠵᠠᠰᠠᠬᠤ ᠣᠷᠣᠨ ᠵᠢᠱᠢᠶ᠎ᠡ ᠦᠵᠡᠭᠦᠯᠬᠦ᠎ᠶᠢ ᠠᠳᠬᠤᠬᠤ᠂ ᠠᠶᠢᠮᠠᠭ ᠬᠣᠲᠠ ᠭᠤᠤᠯᠯᠠᠭᠴᠢ ᠬᠦᠴᠦᠨ᠎ᠢ ᠠᠳᠬᠤᠬᠤ᠂ ᠬᠣᠰᠢᠭᠤ ᠰᠢᠶᠠᠨ ᠪᠦᠬᠦ ᠠᠵᠢᠯᠲᠠᠨ᠎ᠢ ᠠᠳᠬᠤᠬᠤ᠂ ᠰᠤᠷᠭᠠᠭᠤᠯᠢ ᠵᠢᠭᠠᠨ ᠰᠤᠳᠤᠯᠬᠤ᠎ᠶᠢ ᠠᠳᠬᠤᠬᠤ︾ ᠵᠠᠷᠴᠢᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ︽ ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾᠎ᠶᠢᠨ ᠪᠣᠯᠪᠠᠰᠤᠷᠠᠯ᠎ᠢ ᠵᠣᠬᠢᠶᠠᠨ ᠪᠠᠢᠭᠤᠯᠪᠠ᠃ ︽ ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾᠎ᠳ᠋ᠤ ᠪᠤᠯᠪᠠᠰᠤᠷᠠᠯ ᠬᠦᠷᠳᠡᠭᠡᠭᠰᠡᠨ᠎ᠤ ᠳᠠᠷᠠᠭ᠎ᠠ᠂ ᠡᠯ᠎ᠡ ᠱᠠᠲᠤᠨ᠎ᠤ ᠵᠢᠭᠠᠨ ᠰᠤᠳᠤᠯᠤᠭᠴᠢᠯᠤᠭᠠ ᠬᠠᠮᠲᠤ᠎ᠪᠠᠷ ᠰᠤᠷᠭᠠᠭᠤᠯᠢ᠎ᠳ᠋ᠤ ᠭᠦᠨᠵᠡᠭᠡᠶᠢᠷᠡᠨ᠂ ᠭᠤᠷᠪᠠᠨ ᠬᠢᠴᠢᠶᠡᠯ ᠲᠥᠷᠥᠯ᠎ᠤᠨ ᠪᠠᠭᠰᠢ᠎ᠲᠠᠢ ᠨᠢᠭᠤᠷᠳᠠᠨ ᠵᠢᠭᠠᠬᠤ᠎ᠶᠢ ᠰᠤᠳᠤᠯᠤᠨ ᠵᠢᠯᠣᠭᠣᠳᠬᠤ᠂ ᠬᠠᠮᠲᠤ᠎ᠪᠠᠷ ᠬᠢᠴᠢᠶᠡᠯ ᠪᠡᠯᠡᠳᠬᠡᠬᠦ᠂ ᠵᠢᠱᠢᠶ᠎ᠡ ᠦᠵᠡᠭᠦᠯᠦᠨ ᠵᠢᠭᠠᠨ ᠰᠤᠷᠭᠠᠬᠤ ᠵᠡᠷᠭᠡ ᠠᠵᠢᠯᠯᠠᠭ᠎ᠠ᠎ᠶᠢ ᠥᠷᠨᠢᠭᠦᠯᠪᠡ᠃
ᠤᠯᠠᠭᠠᠨᠬᠣᠲᠠ᠎ᠶᠢᠨ ᠮᠣᠩᠭᠣᠯ ᠦᠨᠳᠦᠰᠦᠲᠡᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠤᠤ ᠶᠠᠨ ᠴᠢᠶᠠᠩ ᠪᠣᠯ ᠳᠠᠷᠤᠢ ︽ ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾ ᠪᠣᠯᠤᠨ᠎ᠠ᠂ ᠳᠡᠭᠡᠷ᠎ᠡ ᠬᠤᠭᠤᠴᠠᠭᠠᠨ᠎ᠳ᠋ᠤ᠂ ᠲᠡᠷᠡ ᠬᠣᠶᠠᠷ ᠤᠳᠠᠭ᠎ᠠ ᠪᠠᠶᠢᠴᠠᠭᠠᠨ ᠰᠤᠳᠤᠯᠬᠤ ᠠᠵᠢᠯᠯᠠᠭ᠎ᠠ᠎ᠳ᠋ᠤ ᠣᠷᠣᠯᠴᠠᠵᠤ᠂ ᠠᠯᠠᠱᠠ ᠵᠡᠭᠦᠨ ᠬᠣᠰᠢᠭᠤ᠂ ᠠᠯᠠᠱᠠ ᠪᠠᠷᠠᠭᠤᠨ ᠬᠣᠰᠢᠭᠤ ᠪᠣᠯᠤᠨ ᠲᠦᠩᠯᠢᠶᠣᠤ ᠬᠤᠳᠠ᠎ᠶᠢᠨ ᠨᠠᠢᠮᠠᠨ ᠬᠣᠰᠢᠭᠤ᠂ ᠬᠦᠷᠢᠶ᠎ᠡ ᠬᠣᠰᠢᠭᠤᠨ ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠳᠣᠯᠣᠳᠤᠭᠠᠷ ᠣᠨ᠎ᠤ ᠬᠡᠯᠡ ᠪᠢᠴᠢᠭ᠎ᠤᠨ ᠪᠠᠭᠰᠢ ᠨᠠᠷ᠎ᠲᠠᠢ ᠨᠢᠭᠤᠷᠳᠠᠨ ᠰᠠᠨᠠᠯ᠎ᠢᠶᠡᠨ ᠰᠣᠯᠢᠯᠴᠠᠵᠤ᠂ ᠵᠢᠭᠠᠨ ᠰᠤᠷᠭᠠᠯᠲᠠ᠎ᠶᠢᠨ ᠲᠤᠷᠰᠢᠯᠭ᠎ᠠ᠎ᠪᠠᠨ ᠬᠤᠪᠢᠶᠠᠯᠴᠠᠵᠤ᠂ ᠵᠢᠱᠢᠶ᠎ᠡ ᠦᠵᠡᠭᠦᠯᠵᠦ ᠬᠦᠳᠦᠯᠥᠨ ᠳᠠᠭᠠᠭᠤᠯᠬᠤ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭᠯᠡᠬᠦ ᠠᠵᠢᠯ᠎ᠳ᠋ᠤ ᠥᠪᠡᠷ᠎ᠤᠨ ᠬᠦᠴᠦᠨ ᠴᠢᠳᠠᠯ᠎ᠢᠶᠡᠨ ᠡᠷᠭᠦᠪᠡ᠃
ᠡᠭᠦᠨ᠎ᠡᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠤᠨ ᠲᠢᠩᠬᠢᠮ ᠪᠠᠰᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠴᠢᠳᠠᠪᠤᠷᠢ᠎ᠶᠢ ᠳᠡᠭᠡᠭᠰᠢᠯᠡᠭᠦᠯᠬᠦ ᠰᠢᠷᠢᠰ ᠪᠣᠯᠪᠠᠰᠤᠷᠠᠯ᠎ᠢ ᠵᠣᠬᠢᠶᠠᠨ ᠪᠠᠶᠢᠭᠤᠯᠵᠤ᠂ ᠪᠦᠬᠦ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠪᠠᠭᠰᠢ᠎ᠶᠢᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠎ᠶᠢ ᠢᠳᠡᠪᠬᠢᠲᠡᠢ ᠠᠬᠢᠭᠤᠯᠪᠠ᠃
ᠴᠢᠯᠠᠭᠤᠨ ᠳᠡᠭᠡᠷ᠎ᠡ ᠭᠢᠰᠭᠢᠪᠡᠯ ᠮᠥᠷ᠎ᠲᠠᠢ᠂ ᠲᠡᠮᠦᠷ ᠪᠠᠷᠢᠪᠠᠯ ᠤᠷᠤᠮ᠎ᠲᠠᠢ ᠪᠠᠶᠢᠬᠤ ᠬᠠᠳᠠᠨ ᠵᠣᠷᠢᠭ᠎ᠢᠶᠠᠷ᠂ ᠮᠠᠨ᠎ᠤ ᠣᠷᠣᠨ ᠭᠤᠷᠪᠠᠨ ᠬᠢᠴᠢᠶᠡᠯ ᠲᠦᠷᠦᠯ᠎ᠤᠨ ᠪᠠᠭᠰᠢ᠎ᠶᠢᠨ ᠡᠩᠨᠡᠭᠡ᠎ᠶᠢ ᠪᠦᠷᠢᠨ ᠰᠠᠢᠨ ᠲᠤᠬᠢᠷᠠᠭᠤᠯᠬᠤ᠎ᠶᠢ ᠦᠨᠡᠨ ᠬᠦ ᠠᠬᠢᠭᠤᠯᠪᠠ᠃ ᠣᠳᠣᠬᠠᠨ᠎ᠳ᠋ᠤ᠂ ᠪᠦᠬᠦ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠳᠤᠲᠠᠭᠳᠠᠵᠤ ᠪᠠᠢᠭᠰᠠᠨ 1300 ᠭᠠᠷᠤᠢ ᠪᠠᠭᠰᠢ᠎ᠶᠢ ᠪᠦᠬᠦᠨ᠎ᠢ ᠨᠥᠬᠥᠪᠥᠷᠢᠯᠡᠵᠦ᠂ ᠭᠤᠷᠪᠠᠨ ᠬᠢᠴᠢᠶᠡᠯ ᠲᠦᠷᠦᠯ᠎ᠤᠨ ᠪᠠᠭᠰᠢ᠎ᠶᠢᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠵᠢᠭᠠᠨ ᠰᠤᠷᠭᠠᠬᠤ ᠴᠢᠳᠠᠪᠤᠷᠢ ᠢᠯᠡᠳᠲᠡ ᠳᠡᠬᠡᠭᠰᠢᠯᠡᠪᠡ᠃ ᠲᠠᠷᠠᠭᠠᠴᠢ᠎ᠶᠢᠨ ᠠᠯᠬᠤᠮ᠎ᠳ᠋ᠤ᠂ ᠥᠪᠡᠷᠲᠡᠭᠡᠨ ᠵᠠᠰᠠᠬᠤ ᠣᠷᠣᠨ ᠰᠢᠯᠢᠳᠡᠭ ᠪᠠᠭᠰᠢ᠎ᠶᠢᠨ ᠪᠡᠯᠡᠳᠭᠡᠯ ᠬᠦᠴᠦᠨ᠎ᠢ ᠬᠦᠮᠦᠵᠢᠬᠦᠯᠬᠦ ᠲᠥᠯᠥᠪᠯᠡᠭᠡ᠎ᠶᠢ ᠦᠷᠭᠦᠯᠵᠢᠯᠡᠨ ᠬᠡᠷᠡᠭᠵᠢᠭᠦᠯᠵᠦ᠂ ︽ ᠠᠯᠪᠠᠨ ᠵᠠᠷᠤᠳᠠᠯ᠎ᠢᠶᠠᠷ ᠬᠠᠨᠳᠤᠯᠭ᠎ᠠ᠎ᠲᠠᠢ᠎ᠪᠠᠷ ᠪᠠᠭᠰᠢ ᠬᠥᠮᠦᠵᠢᠭᠦᠯᠬᠦ ᠲᠥᠯᠥᠪᠯᠡᠭᠡ︾᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠳ᠋ᠤ ᠨᠠᠢᠳᠠᠨ ᠬᠦᠮᠦᠵᠢᠬᠦᠯᠵᠦ᠂ ᠪᠠᠭᠰᠢ᠎ᠶᠢᠨ ᠰᠠᠶᠢᠨ ᠵᠢᠭᠠᠬᠤ᠂ ᠰᠤᠷᠤᠭᠴᠢᠳ᠎ᠤᠨ ᠰᠠᠶᠢᠨ ᠰᠤᠷᠬᠤ᠎ᠶᠢ ᠬᠦᠴᠦᠯᠡᠨ ᠪᠠᠲᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃