2021-08-19 10:25:31
ᠮᠠᠨ᠎ᠤ ᠤᠷᠤᠨ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠪᠦᠬᠦ ᠲᠠᠯ᠎ᠡ᠎ᠪᠠᠷ ᠴᠢᠩᠭᠠᠳᠬᠠᠭᠰᠠᠨ ᠦᠷ᠎ᠠ ᠪᠦᠲᠦᠮᠵᠢ᠎ᠶᠢᠨ ᠲᠤᠬᠠᠢ ᠪᠣᠳᠠᠲᠤ ᠲᠡᠮᠳᠡᠭᠯᠡᠯ ︵ ᠬᠣᠶᠠᠷ︶
︽ ᠰᠦᠯᠵᠢᠶᠡᠨ ᠳᠡᠭᠡᠷ᠎ᠠ ᠪᠠ ᠪᠤᠳᠠᠳᠠᠢ᠎ᠳ᠋ᠤ ᠲᠠᠰᠤᠯᠳᠠᠭᠤᠯᠤᠯ ᠥᠬᠡᠶ᠂ ᠪᠥᠬᠥ ᠲᠠᠯ᠎ᠠ᠎ᠶᠢᠨ ᠵᠢᠭᠠᠨ ᠰᠤᠷᠭᠠᠯᠲᠠ ᠪᠣᠯᠪᠠᠰᠤᠷᠠᠯ᠎ᠢᠶᠠᠷ ᠳᠡᠮᠵᠢᠨ᠂ ᠪᠠᠭᠰᠢ ᠨᠠᠷ᠎ᠤᠨ ᠦᠵᠡᠯ ᠤᠬᠠᠮᠰᠠᠷ᠎ᠤᠨ ᠵᠣᠭᠰᠣᠴᠠ ᠲᠠᠰᠤᠷᠠᠯᠲᠠ ᠥᠬᠡᠶ ᠳᠡᠭᠡᠭᠰᠢᠯᠡᠵᠦ᠂ ᠵᠢᠭᠠᠨ ᠰᠤᠷᠭᠠᠯᠲᠠ᠎ᠶᠢᠨ ᠲᠦᠪᠰᠢᠨ ᠦᠷᠭᠦᠯᠵᠢᠯᠡᠨ ᠳᠡᠬᠡᠭᠰᠢᠯᠡᠪᠡ᠃ ᠪᠠᠭᠰᠢ ᠨᠠᠷ ᠶᠠᠪᠤᠬᠤ ᠲᠤᠳᠤᠮ ᠵᠣᠷᠢᠭᠲᠠᠶ᠎ᠪᠠᠷ ᠥᠪᠡᠷ᠎ᠤᠨ ᠠᠪᠢᠶᠠᠰ ᠴᠢᠳᠠᠪᠤᠷᠢ᠎ᠪᠠᠨ ᠢᠯᠡᠷᠡᠭᠦᠯᠬᠦ᠎ᠶᠢᠨ ᠬᠠᠮᠲᠤ ᠥᠪᠡᠷ᠎ᠤᠨ ᠦᠵᠡᠯᠲᠡ᠎ᠪᠠᠨ ᠳᠤᠷᠠᠳᠬᠤ ᠪᠣᠯᠵᠠᠶ᠃ ᠢᠯᠠᠩᠭᠤᠶ᠎ᠠ ︿ ᠵᠢᠱᠢᠶ᠎ᠠ ᠦᠵᠡᠭᠦᠯᠬᠦ ᠭᠠᠷᠮᠠᠭᠠᠢ ᠪᠠᠭᠰᠢ﹀᠎ᠳ᠋ᠤ ᠪᠣᠯᠪᠠᠰᠤᠷᠠᠯ ᠬᠦᠷᠳᠡᠬᠡᠬᠦ ᠶᠠᠪᠤᠴᠠ᠎ᠳ᠋ᠤ᠂ ᠵᠠᠷᠢᠮ ᠪᠠᠭᠰᠢ ᠨᠠᠷ ᠬᠢᠴᠢᠶᠡᠯ ᠵᠢᠭᠠᠵᠤ ᠪᠠᠢᠭ᠎ᠠ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ᠎ᠳ᠋ᠤ ᠥᠪᠡᠷ᠎ᠤᠨ ᠣᠨᠣᠯ᠎ᠤᠨ ᠲᠤᠬᠠᠢ ᠦᠵᠡᠯᠲᠡ᠎ᠪᠠᠨ ᠳᠤᠷᠠᠳᠴᠤ᠂ ᠥᠪᠡᠷ᠎ᠤᠨ᠎ᠢᠶᠡᠨ ᠵᠢᠭᠠᠨ ᠰᠤᠷᠭᠠᠯᠲᠠ᠎ᠶᠢᠨ ᠲᠦᠰᠦᠪ ᠲᠥᠯᠥᠪᠯᠡᠭᠡ᠎ᠲᠠᠢ ᠪᠣᠯᠤᠭᠰᠠᠨ ᠪᠠᠢᠨ᠎ᠠ᠃ ᠡᠨᠡ᠎ᠨᠢ ᠪᠠᠭᠰᠢ ᠨᠠᠷ᠎ᠤᠨ ᠴᠢᠳᠠᠪᠤᠷᠢ ᠲᠦᠪᠰᠢᠨ ᠳᠡᠬᠡᠭᠰᠢᠯᠡᠵᠦ᠂ ᠪᠡᠶ᠎ᠠ᠎ᠪᠠᠨ ᠳᠠᠭᠠᠭᠠᠵᠤ ᠠᠰᠠᠭᠤᠳᠠᠯ᠎ᠢ ᠰᠡᠳᠬᠢᠬᠦ ᠪᠤᠯᠤᠭᠰᠠᠨ᠎ᠢ ᠬᠠᠷᠠᠭᠤᠯᠵᠤ ᠪᠠᠢᠨ᠎ᠠ︾ ᠬᠡᠵᠤ 8 ᠰᠠᠷ᠎ᠠ᠎ᠶᠢᠨ 13᠎ᠤ ᠡᠳᠦᠷ᠂ ᠪᠠᠰᠠ ᠨᠢᠭᠡ ᠡᠭᠡᠯᠵᠢ᠎ᠶᠢᠨ ᠪᠥᠬᠥ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠰᠢᠨ᠎ᠡ᠎ᠪᠠᠷ ᠠᠵᠢᠯ᠎ᠤᠨ ᠪᠠᠢᠷᠢ᠎ᠳ᠋ᠤ ᠭᠠᠷᠬᠤ ᠪᠠᠭᠰᠢ ᠨᠠᠷ᠎ᠤᠨ ᠰᠦᠯᠵᠢᠶᠡᠨ ᠳᠡᠬᠡᠷᠡᠬᠢ ᠪᠤᠯᠪᠠᠰᠤᠷᠠᠯ᠎ᠢ ᠵᠣᠬᠢᠶᠠᠨ ᠪᠠᠶᠢᠭᠤᠯᠵᠤ ᠪᠠᠷᠠᠭᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠤᠨ ᠠᠯᠪᠠᠨ ᠬᠡᠷ᠎ᠤᠨ ᠡᠷᠬᠢᠯᠡᠭᠴᠢ ᠯᠢᠦ ᠾᠧᠩ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠬᠡᠯᠡᠪᠡ᠃
︽ ᠶᠡᠬᠡ ᠬᠡᠪᠴᠢᠶᠡᠨ᠎ᠤ ᠰᠢᠰᠲ᠋ᠧᠮ᠎ᠲᠠᠢ ᠪᠤᠯᠪᠠᠰᠤᠷᠠᠯ᠎ᠡᠴᠠ ᠭᠠᠳᠠᠨ᠎ᠠ᠂ ᠨᠢᠳᠤᠨᠤᠨ᠎ᠡᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ ᠭᠤᠷᠪᠠᠨ ᠬᠢᠴᠢᠶᠡᠯ ᠲᠥᠷᠥᠯ᠎ᠤᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠭᠤᠤᠯᠳᠠᠯᠭ᠎ᠠ᠎ᠲᠠᠢ ᠬᠦᠴᠢᠷᠳᠡᠯ ᠠᠰᠠᠭᠤᠳᠠᠯ᠎ᠤᠨ ᠲᠣᠭᠣᠷᠢᠨ᠎ᠳ᠋ᠤ᠂ ᠦᠨᠳᠦᠰᠦᠨ ᠱᠠᠲᠤᠨ᠎ᠤ ᠰᠤᠷᠭᠠᠭᠤᠯᠢ᠎ᠳ᠋ᠤ ᠭᠦᠨᠵᠡᠭᠡᠶᠢᠷᠡᠨ᠂ ᠭᠤᠷᠪᠠᠨ ᠬᠢᠴᠢᠶᠡᠯ ᠲᠦᠷᠦᠯ᠎ᠤᠨ ᠪᠠᠭᠰᠢ ᠨᠠᠷ᠎ᠲᠠᠢ ᠨᠢᠭᠤᠷᠲᠠᠨ ᠶᠠᠷᠢᠯᠴᠠᠵᠤ ᠰᠤᠳᠤᠯᠤᠨ ᠰᠢᠨᠵᠢᠯᠡᠵᠦ᠂ ᠪᠠᠭᠰᠢ ᠨᠠᠷ᠎ᠢ ᠬᠠᠪᠰᠤᠷᠤᠨ ᠬᠢᠴᠢᠶᠡᠯ᠎ᠤᠨ ᠪᠠᠷᠢᠮᠵᠢᠶ᠎ᠠ᠎ᠶᠢ ᠲᠠᠰᠤᠷᠠᠯᠲᠠ ᠥᠬᠡᠶ ᠪᠣᠯᠪᠠᠰᠤᠷᠠᠩᠭᠤᠶ ᠡᠵᠡᠮᠳᠡᠬᠦᠯᠵᠦ᠂ ᠵᠢᠭᠠᠬᠤ ᠮᠠᠲ᠋ᠧᠷᠢᠶᠠᠯ᠎ᠢ ᠰᠠᠶᠢᠲᠤᠷ ᠡᠵᠡᠮᠰᠢᠭᠦᠯᠬᠦ᠎ᠶᠢᠨ ᠬᠠᠮᠲᠤ ᠵᠢᠭᠠᠨ ᠰᠤᠷᠭᠠᠬᠤ ᠠᠷᠭ᠎ᠠ᠎ᠶᠢᠨ ᠳᠠᠯ᠎ᠠ᠎ᠪᠠᠷ ᠥᠭᠡᠷᠡᠴᠢᠯᠡᠨ ᠰᠠᠶᠢᠵᠢᠷᠠᠭᠤᠯᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠂ ᠦᠷ᠎ᠠ ᠪᠦᠲᠦᠮᠵᠢ ᠨᠠᠩ ᠰᠠᠶᠢᠨ ᠪᠠᠢᠬᠤ᠎ᠶᠢ ᠪᠠᠲᠤᠯᠠᠵᠠᠢ︾ ᠬᠡᠵᠦ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ ᠵᠣᠣ ᠪᠢᠨ ᠬᠡᠯᠡᠪᠡ᠃
ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠣᠯ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭᠯᠡᠬᠦ ᠠᠵᠢᠯ᠎ᠤᠨ ᠵᠠᠩᠬᠢᠯᠠᠭ᠎ᠠ ᠪᠤᠯᠤᠨ᠎ᠠ᠃ ᠳᠡᠬᠡᠷ᠎ᠡ ᠱᠠᠳᠤᠨ᠎ᠡᠴᠠ ᠳᠤᠤᠷ᠎ᠠ ᠱᠠᠳᠤ ᠲᠡᠢᠰᠢ ᠵᠢᠭᠠᠨ ᠰᠤᠷᠭᠠᠯᠲᠠ᠎ᠶᠢ ᠵᠢᠯᠤᠭᠤᠳᠬᠤ ᠪᠣᠯ ᠪᠠᠭᠰᠢ᠎ᠶᠢᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ ᠬᠠᠮᠤᠭ᠎ᠤᠨ ᠰᠢᠭᠤᠳ᠂ ᠬᠠᠮᠤᠭ᠎ᠤᠨ ᠪᠦᠲᠦᠮᠵᠢᠲᠡᠢ ᠠᠷᠭ᠎ᠠ ᠪᠠᠷᠢᠯ ᠪᠤᠯᠤᠨ᠎ᠠ᠃
ᠡᠨᠡ ᠵᠢᠯ᠎ᠤᠨ 4ᠰᠠᠷ᠎ᠠ᠎ᠶᠢᠨ ᠰᠡᠭᠦᠯᠴᠢ᠎ᠪᠠᠷ᠂ ᠥᠪᠡᠷᠲᠡᠭᠡᠨ ᠵᠠᠰᠠᠬᠤ ᠣᠷᠣᠨ ︽ ᠪᠥᠬᠥ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢ ᠵᠢᠯᠣᠭᠣᠳᠬᠤ ᠠᠵᠢᠯ᠎ᠢ ᠴᠢᠨᠠᠬᠰᠢᠳᠠ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ ᠪᠠᠶᠢᠩᠭᠤ᠎ᠶᠢᠨ ᠴᠢᠨᠠᠷᠲᠠᠶ ᠵᠢᠭᠠᠬᠤ᠎ᠶᠢ ᠰᠤᠳᠤᠯᠬᠤ ᠳᠠᠭᠠᠭᠠᠴᠢᠯᠠᠨ ᠬᠠᠷᠢᠯᠴᠠᠬᠤ ᠲᠣᠭᠲᠠᠴᠠ ᠪᠠᠶᠢᠭᠤᠯᠬᠤ᠎ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠰᠢᠯᠢᠳᠡᠭ ᠪᠠᠭᠰᠢ᠎ᠶᠢᠨ ᠵᠢᠭᠠᠬᠤ᠎ᠶᠢ ᠰᠤᠳᠤᠯᠬᠤ ᠪᠦᠯᠬᠦᠮ᠎ᠢ ᠵᠣᠬᠢᠶᠠᠨ ᠪᠠᠶᠢᠭᠤᠯᠪᠠ᠃ ᠰᠤᠷᠭᠠᠭᠤᠯᠢ ᠪᠦᠬᠦᠨ ᠬᠢᠴᠢᠶᠡᠯ ᠲᠥᠷᠥᠯ ᠪᠦᠷᠢ᠎ᠳ᠋ᠤ 3 5 ᠬᠥᠮᠦᠨ᠎ᠤ ᠬᠡᠪᠴᠢᠶ᠎ᠡ ᠪᠦᠬᠦᠢ ᠵᠢᠭᠠᠬᠤ᠎ᠶᠢ ᠰᠤᠳᠤᠯᠤᠭᠴᠢ᠂ ᠨᠠᠷᠠᠲᠤ ᠰᠢᠯᠢᠳᠡᠭ ᠭᠤᠤᠯᠯᠠᠭᠴᠢ ᠪᠠᠭᠰᠢ᠎ᠪᠠᠷ ᠪᠦᠷᠢᠯᠳᠦᠭᠰᠡᠨ ᠵᠢᠭᠠᠬᠤ᠎ᠶᠢ ᠰᠤᠳᠤᠯᠬᠤ ᠵᠢᠯᠣᠭᠣᠳᠬᠤ ᠪᠦᠯᠬᠦᠮ᠎ᠢ ᠵᠤᠬᠢᠶᠠᠨ ᠪᠠᠶᠢᠭᠤᠯᠵᠤ᠂ ᠰᠠᠷ᠎ᠠ ᠪᠦᠷᠢ ᠨᠢᠭᠡ ᠤᠳᠠᠭ᠎ᠠ᠎ᠡᠴᠠ ᠳᠡᠬᠡᠭᠰᠢ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠤᠴᠢᠵᠤ ᠵᠢᠭᠠᠨ ᠵᠢᠯᠤᠭᠤᠳᠪᠡ᠃ 7 ᠰᠠᠷ᠎ᠠ ᠪᠤᠯᠳᠠᠯ᠎ᠠ᠂ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠭᠠᠬᠤ᠎ᠶᠢ ᠰᠤᠳᠤᠯᠬᠤ ᠰᠠᠯᠠᠭ᠎ᠠ ᠮᠦᠴᠢᠷ ᠡᠯ᠎ᠡ ᠲᠦᠷᠦᠯ᠎ᠤᠨ ᠵᠢᠭᠠᠬᠤ᠎ᠶᠢ ᠰᠤᠳᠤᠯᠬᠤ ᠠᠵᠢᠯᠯᠠᠭ᠎ᠠ᠎ᠶᠢ ᠨᠡᠢᠳᠡ 945 ᠤᠳᠠᠭ᠎ᠠ ᠵᠤᠬᠢᠶᠠᠨ ᠪᠠᠢᠭᠤᠯᠵᠤ᠂ ᠪᠤᠯᠪᠠᠰᠤᠷᠠᠯ ᠬᠦᠷᠳᠡᠭᠡᠭᠰᠡᠨ ᠪᠠᠭᠰᠢ᠎ᠶᠢᠨ ᠲᠤᠭ᠎ᠠ 6083 ᠬᠦᠮᠦᠨ ︵ ᠤᠳᠠᠭ᠎ᠠ︶᠎ᠳ᠋ᠤ ᠬᠦᠷᠴᠡᠢ᠃ ᠤᠷᠳᠤᠰ ᠬᠤᠳᠠ᠎ᠪᠠᠷ ᠵᠢᠱᠢᠶᠡᠯᠡᠬᠦ᠎ᠳ᠋ᠤ᠂ ᠳᠤᠰ ᠬᠤᠳᠠ ᠰᠢᠯᠢᠳᠡᠭ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭᠰᠢ᠂ ᠵᠢᠭᠠᠬᠤ᠎ᠶᠢ ᠰᠤᠳᠤᠯᠤᠭᠴᠢ ᠪᠠ ᠬᠡᠰᠡᠭ ᠨᠠᠷᠠᠲᠤ ᠪᠠᠭᠰᠢ᠎ᠶᠢᠨ ᠠᠵᠢᠯᠯᠠᠬᠤ ᠦᠷᠦᠬᠡ᠎ᠶᠢᠨ ᠪᠦᠷᠢᠯᠳᠦᠬᠦᠨ᠎ᠢ ᠰᠣᠩᠭᠣᠨ ᠤᠷᠢᠵᠤ᠂ ᠪᠥᠬᠥ ᠬᠣᠲᠠ᠎ᠶᠢᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢᠨ ᠠᠵᠢᠯ᠎ᠤᠨ ᠵᠢᠯᠣᠭᠣᠳᠬᠤ ᠳᠤᠭᠤᠶᠢᠯᠠᠩ᠎ᠢ 4 ᠪᠠᠶᠢᠭᠤᠯᠵᠤ᠂ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠭᠦᠨᠵᠡᠭᠡᠶᠢᠷᠡᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠢᠯᠣᠭᠣᠳᠣᠯᠭ᠎ᠠ ᠬᠢᠪᠡ᠂ ᠣᠳᠣᠬᠠᠨ᠎ᠳ᠋ᠤ ᠵᠢᠭᠠᠬᠤ᠎ᠶᠢ ᠰᠤᠳᠤᠯᠬᠤ ᠠᠵᠢᠯᠯᠠᠭ᠎ᠠ᠎ᠨᠢ ᠨᠢᠭᠡᠨᠲᠡ ᠪᠥᠬᠥ ᠬᠣᠲᠠ᠎ᠶᠢᠨ ᠪᠦᠬᠦ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢ ᠬᠠᠮᠤᠷᠤᠭᠰᠠᠨ ᠪᠠᠢᠨ᠎ᠠ᠃
ᠵᠢᠭᠠᠬᠤ᠎ᠶᠢ ᠰᠤᠳᠤᠯᠬᠤ ᠠᠵᠢᠯᠯᠠᠭ᠎ᠠ᠎ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ᠎ᠶᠢ ᠠᠬᠢᠭᠤᠯᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ ᠵᠢᠭᠠᠬᠤ᠎ᠶᠢ ᠰᠤᠳᠤᠯᠬᠤ ᠠᠷᠭ᠎ᠠ ᠮᠠᠢᠭ᠎ᠤᠨ ᠰᠢᠨ᠎ᠠ᠎ᠶᠢ ᠡᠭᠦᠳᠴᠦ᠂ ᠰᠦᠯᠵᠢᠶᠡᠨ ᠲᠡᠬᠡᠷᠡᠬᠢ ᠵᠢᠭᠠᠬᠤ᠎ᠶᠢ ᠰᠤᠳᠤᠯᠬᠤ ᠠᠵᠢᠯᠯᠠᠭ᠎ᠠ᠎ᠶᠢ ᠪᠠᠶᠢᠩᠭᠤᠵᠢᠭᠤᠯᠵᠤ᠂ ᠣᠷᠣᠨ ᠪᠦᠰᠡ ᠠᠯᠤᠰᠯᠠᠭᠰᠠᠨ᠂ ᠰᠤᠷᠭᠠᠭᠤᠯᠢ ᠠᠯᠤᠰᠯᠠᠭᠰᠠᠨ ᠵᠢᠭᠠᠬᠤ᠎ᠶᠢ ᠰᠤᠳᠤᠯᠬᠤ ᠪᠣᠯᠪᠠᠰᠤᠷᠠᠯ᠎ᠤᠨ ᠠᠵᠢᠯᠯᠠᠭ᠎ᠠ᠎ᠶᠢ ᠵᠣᠬᠢᠶᠠᠨ ᠪᠠᠶᠢᠭᠤᠯᠵᠤ᠂ ᠲᠡᠷᠢᠭᠦᠨ᠎ᠤ ᠵᠢᠭᠠᠨ ᠰᠤᠷᠭᠠᠯᠲᠠ᠎ᠶᠢᠨ ᠤᠢᠯᠠᠭᠠᠭᠳᠠᠬᠤᠨ ᠪᠠ ᠪᠦᠲᠦᠮᠵᠢᠲᠡᠶ ᠵᠢᠭᠠᠨ ᠰᠤᠷᠭᠠᠬᠤ ᠠᠷᠭ᠎ᠠ᠎ᠶᠢ ᠰᠣᠯᠢᠯᠴᠠᠨ᠂ ᠴᠢᠨᠠᠷ ᠰᠠᠶᠢᠲᠠᠶ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠬᠠᠮᠳᠤ᠎ᠪᠠᠷ ᠡᠳ᠋ᠯᠡᠵᠦ᠂ ᠭᠤᠷᠪᠠᠨ ᠬᠢᠴᠢᠶᠡᠯ ᠲᠥᠷᠥᠯ᠎ᠤᠨ ᠵᠢᠭᠠᠨ ᠰᠤᠷᠭᠠᠯᠲᠠ᠎ᠶᠢᠨ ᠭᠦᠨᠵᠡᠭᠡᠶ ᠰᠤᠳᠤᠯᠭᠠᠨ ᠪᠠ ᠬᠦᠴᠢᠷᠳᠡᠯ ᠠᠰᠠᠭᠤᠳᠠᠯ᠎ᠢ ᠣᠨᠣᠪᠴᠢᠲᠠᠶ ᠰᠢᠶ᠋ᠳᠪᠦᠷᠢᠯᠡᠬᠦ᠎ᠶᠢ ᠠᠬᠢᠭᠤᠯᠪᠠ᠃ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ᠂ ᠡᠯ᠎ᠡ ᠭᠠᠵᠠᠷ᠎ᠤᠨ ᠵᠢᠭᠠᠬᠤ᠎ᠶᠢ ᠰᠤᠳᠤᠯᠬᠤ ᠰᠠᠯᠠᠭ᠎ᠠ ᠮᠥᠴᠢᠷ᠎ᠤᠨ᠎ᠬᠢᠨ ᠵᠢᠭᠠᠬᠤ᠎ᠶᠢ ᠰᠤᠳᠤᠯᠬᠤ ᠰᠦᠯᠵᠢᠶᠡᠨ᠎ᠤ ᠲᠠᠪᠴᠠᠩ᠎ᠢ ᠠᠰᠢᠬᠯᠠᠠ᠂ ᠪᠥᠬᠥ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠦᠷᠦᠯ᠎ᠤᠨ ᠪᠠᠭᠰᠢ ᠨᠠᠷ᠎ᠢ ᠵᠣᠬᠢᠶᠠᠨ ᠪᠠᠶᠢᠭᠤᠯᠵᠤ᠂ ᠵᠢᠭᠠᠬᠤ ᠮᠠᠲ᠋ᠧᠷᠢᠶᠠᠯ᠎ᠤᠨ ᠲᠠᠢᠯᠤᠮᠵᠢ᠂ ᠬᠢᠴᠢᠶᠡᠯ ᠪᠡᠯᠡᠳᠬᠡᠬᠦ᠂ ᠵᠢᠭᠠᠨ ᠰᠤᠷᠭᠠᠯᠲᠠ᠎ᠶᠢ ᠬᠠᠪᠰᠤᠷᠤᠨ ᠵᠢᠯᠣᠭᠣᠳᠬᠤ ᠪᠣᠯᠪᠠᠰᠤᠷᠠᠯ ᠵᠡᠷᠭᠡ ᠰᠦᠯᠵᠢᠶᠡᠨ ᠳᠡᠬᠡᠷᠡᠬᠢ ᠵᠢᠭᠠᠬᠤ᠎ᠶᠢ ᠰᠤᠳᠤᠯᠬᠤ ᠠᠵᠢᠯᠯᠠᠭ᠎ᠠ᠎ᠳ᠋ᠤ ᠣᠷᠣᠯᠴᠠᠭᠤᠯᠬᠤ᠎ᠶᠢᠨ ᠬᠠᠮᠲᠤ᠂ ᠰᠢᠯᠢᠳᠡᠭ ᠬᠢᠴᠢᠶᠡᠯ᠎ᠤᠨ ᠵᠢᠱᠢᠶ᠎ᠠ᠎ᠶᠢ ᠴᠤᠭᠯᠠᠭᠤᠯᠵᠤ ᠰᠦᠯᠵᠢᠶᠡᠨ ᠳᠡᠬᠡᠷ᠎ᠡ ᠳᠡᠯᠭᠡᠨ ᠦᠵᠡᠬᠦᠯᠪᠡ᠃ ᠣᠳᠣᠬᠠᠨ ᠪᠣᠯᠲᠠᠯ᠎ᠠ᠂ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠰᠦᠯᠵᠢᠶᠡᠨ ᠳᠡᠭᠡᠷᠡᠬᠢ ᠵᠢᠭᠠᠬᠤ᠎ᠶᠢ ᠰᠤᠳᠤᠯᠬᠤ ᠠᠵᠢᠯᠯᠠᠭ᠎ᠠ᠎ᠶᠢ ᠨᠡᠶᠢᠲᠡ 40 ᠬᠤᠭᠤᠴᠠᠭ᠎ᠠ ᠥᠷᠨᠢᠭᠦᠯᠵᠦ᠂ 7938 ᠤᠳᠠᠭ᠎ᠠ ᠬᠦᠯᠢᠶᠡᠨ ᠠᠪᠴᠤ ᠦᠵᠡᠪᠡ᠃
ᠡᠭᠦᠨ᠎ᠡᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠰᠠ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠦᠷᠭᠦᠯᠵᠢᠯᠡᠨ ᠴᠢᠩᠭᠠᠳᠬᠠᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠬᠦ᠂ ᠬᠡᠦᠬᠡᠳ᠎ᠤᠨ ᠴᠡᠴᠡᠷᠯᠢᠭ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶᠢ ᠪᠠᠳᠤᠯᠠᠬᠤ᠂ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢ ᠱᠠᠯᠠᠪᠳᠠᠭᠤᠯᠤᠨ ᠪᠠᠶᠢᠴᠠᠭᠠᠬᠤ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠭᠤᠷᠪᠠᠨ ᠬᠢᠴᠢᠶᠡᠯ ᠲᠥᠷᠥᠯ᠎ᠤᠨ ᠵᠢᠭᠠᠨ ᠰᠤᠷᠭᠠᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠢ ᠴᠢᠩᠭᠠᠳᠬᠠᠵᠤ᠂ ᠠᠵᠢᠯ᠎ᠤᠨ ᠡᠭᠦᠷᠭᠡ᠎ᠪᠠᠨ ᠴᠢᠨᠠᠭᠰᠢᠳᠠ ᠲᠣᠳᠣᠷᠬᠠᠶᠢᠯᠠᠵᠤ᠂ ᠠᠵᠢᠯ᠎ᠤᠨ ᠠᠷᠭ᠎ᠠ ᠬᠡᠮᠵᠢᠶ᠎ᠠ᠎ᠪᠠᠨ ᠨᠠᠷᠢᠯᠢᠭᠵᠢᠭᠤᠯᠪᠠ᠃
ᠳᠡᠬᠡᠷ᠎ᠡ ᠬᠤᠭᠤᠴᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠤᠨ᠎ᠬᠢᠨ ᠵᠢᠭᠠᠬᠤ᠎ᠶᠢ ᠰᠤᠳᠤᠯᠤᠭᠴᠢ᠂ ᠭᠣᠣᠯᠯᠠᠭᠴᠢ ᠪᠠᠭᠰᠢ ᠪᠣᠯᠤᠨ ᠭᠤᠷᠪᠠᠨ ᠬᠢᠴᠢᠶᠡᠯ ᠲᠦᠷᠦᠯ᠎ᠤᠨ ︽ ᠵᠢᠱᠢᠶ᠎ᠠ ᠦᠵᠡᠭᠦᠯᠬᠦ ᠭᠠᠷᠮᠠᠭᠠᠢ ᠪᠠᠭᠰᠢ︾᠎ᠶᠢᠨ ᠲᠥᠯᠥᠭᠡᠯᠡᠭᠴᠢ᠎ᠪᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠪᠦᠯᠬᠦᠮ᠎ᠢ ᠵᠣᠬᠢᠶᠠᠨ ᠪᠠᠶᠢᠭᠤᠯᠵᠤ᠂ ᠰᠤᠷᠭᠠᠭᠤᠯᠢ᠎ᠳ᠋ᠤ ᠤᠴᠢᠵᠤ ᠪᠠᠶᠢᠴᠠᠭᠠᠨ ᠰᠤᠳᠤᠯᠬᠤ ᠪᠣᠯᠪᠠᠰᠤᠷᠠᠯ ᠬᠦᠷᠳᠡᠬᠡᠬᠦ ᠵᠢᠭᠠᠨ ᠵᠢᠯᠣᠭᠣᠳᠬᠤ ᠶᠡᠭᠡ ᠬᠡᠪᠴᠢᠶᠡᠨ᠎ᠤ ᠠᠵᠢᠯᠯᠭ᠎ᠠ᠎ᠶᠢ ᠭᠤᠷᠪᠠ ᠤᠳᠠᠭ᠎ᠠ ᠥᠷᠨᠢᠭᠦᠯᠵᠡᠢ᠃ ᠪᠦᠬᠦ ᠣᠷᠣᠨ᠎ᠤ 12 ᠠᠶᠢᠮᠠᠭ ᠬᠤᠳᠠ᠎ᠶᠢᠨ 52 ᠬᠣᠰᠢᠭᠤ ᠰᠢᠶᠠᠨ᠎ᠳ᠋ᠤ ᠬᠦᠷᠴᠦ᠂ ᠨᠡᠢᠲᠡ 368 ᠬᠢᠴᠢᠶᠡᠯ ᠰᠣᠨᠣᠰᠴᠤ᠂ 146 ᠬᠢᠴᠢᠶᠡᠯ᠎ᠢ ᠬᠠᠮᠳᠤ ᠪᠡᠯᠡᠳᠬᠡᠵᠦ᠂ 95 ᠴᠠᠭ᠎ᠤᠨ ᠵᠢᠱᠢᠶ᠎ᠡ ᠦᠵᠡᠭᠦᠯᠬᠦ ᠬᠢᠴᠢᠶᠡᠯ᠂ 142 ᠤᠳᠠᠭ᠎ᠠ᠎ᠶᠢᠨ ᠲᠤᠰᠬᠠᠢ ᠰᠡᠳᠦᠪᠲᠦ ᠲᠠᠶᠢᠯᠤᠮᠵᠢ ᠬᠢᠵᠦ᠂ 2813 ᠬᠥᠮᠦᠨ ᠤᠳᠠᠭ᠎ᠠ ᠪᠣᠯᠪᠠᠰᠤᠷᠠᠯ᠎ᠳ᠋ᠤ ᠣᠷᠣᠯᠴᠠᠪᠠ᠃ ᠡᠭᠦᠨ᠎ᠤ ᠬᠠᠮᠲᠤ᠂ ᠪᠥᠬᠥ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠢᠭ᠎ᠠ ᠰᠤᠷᠭᠠᠭᠤᠯᠢ᠎ᠳ᠋ᠤ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠤᠷᠤᠭᠤᠯᠤᠭᠰᠠᠨ ᠳᠤᠬᠠᠢ ᠪᠠᠶᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠂ ᠵᠢᠭᠠᠨ ᠰᠤᠷᠭᠠᠯᠲᠠ᠎ᠶᠢᠨ ᠰᠠᠨᠠᠭᠤᠯᠭ᠎ᠠ᠎ᠶᠢᠨ ᠡᠮᠬᠢᠳᠬᠡᠯ ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ︽ ᠠᠰᠠᠭᠤᠯᠲᠠ ᠬᠠᠷᠢᠭᠤᠯᠲᠠ︾ ᠪᠠ ᠪᠠᠭᠰᠢ᠎ᠶᠢᠨ ᠣᠯᠤᠯᠲᠠ ᠲᠥᠷᠥᠭᠳᠡᠯ ᠵᠡᠷᠭᠡ ᠪᠠᠢᠴᠠᠭᠠᠨ ᠰᠤᠳᠤᠯᠤᠯᠳᠠ᠎ᠶᠢᠨ ᠮᠠᠲ᠋ᠧᠷᠢᠶᠠᠯ᠎ᠢ ᠡᠮᠬᠢᠳᠭᠡᠨ᠂ ᠡᠯ᠎ᠠ ᠠᠶᠢᠮᠠᠭ ᠬᠣᠲᠠ᠎ᠶᠢᠨ ᠵᠢᠭᠠᠬᠤ᠎ᠶᠢ ᠰᠤᠳᠤᠯᠬᠤ ᠲᠠᠰᠤᠭ ᠪᠣᠯᠤᠨ ᠬᠠᠮᠢᠶ᠎ᠠ ᠪᠥᠬᠥᠶ ᠪᠠᠶᠢᠴᠠᠭᠠᠨ ᠰᠤᠳᠤᠯᠬᠤ ᠰᠤᠷᠭᠠᠭᠤᠯᠢ᠎ᠳ᠋ᠤ ᠪᠠᠭᠤᠯᠭᠠᠵᠤ᠂ ᠵᠢᠭᠠᠨ ᠰᠤᠷᠭᠠᠯᠲᠠ᠎ᠶᠢᠨ ᠯᠠᠪᠯᠠᠯᠲᠠ ᠬᠠᠩᠭᠠᠪᠠ᠃
ᠤᠯᠠᠭᠠᠨᠬᠠᠳᠠ ᠬᠣᠲᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ᠎ᠤᠨ ᠵᠦ ᠮᠢᠩ ᠸᠧᠶ ᠲᠦᠷᠦᠬᠦᠦ ᠪᠦᠯᠦᠭ᠎ᠤᠨ ᠪᠠᠶᠢᠴᠠᠭᠠᠨ ᠰᠤᠳᠤᠯᠬᠤ ᠠᠵᠢᠯ᠎ᠤᠨ ᠭᠤᠷᠪᠠᠳᠤᠭᠠᠷ ᠳᠤᠭᠤᠶᠢᠯᠠᠩ᠎ᠤᠨ ᠪᠦᠷᠢᠯᠳᠦᠬᠦᠨ ᠪᠣᠯᠤᠭᠰᠠᠨ᠎ᠤ ᠬᠤᠪᠢ᠎ᠳ᠋ᠤ᠂ ᠪᠠᠶᠢᠴᠠᠭᠠᠨ ᠰᠤᠳᠤᠯᠬᠤ ᠳᠤᠭᠤᠶᠢᠯᠠᠩ᠎ᠢ ᠳᠠᠭᠠᠵᠤ 3 ᠰᠠᠷ᠎ᠠ᠎ᠶᠢᠨ ᠰᠡᠭᠦᠯᠴᠢ᠎ᠪᠠᠷ ᠰᠢᠯᠢ᠎ᠶᠢᠨ ᠭᠤᠤᠯ ᠠᠶᠢᠮᠠᠭ᠎ᠤᠨ ᠡᠷᠢᠶᠡᠨ ᠬᠣᠲᠠ᠎ᠶᠢᠨ ᠮᠣᠩᠭᠣᠯ ᠦᠨᠳᠦᠰᠦᠲᠡᠨ᠎ᠤ ᠪᠠᠭ᠎ᠠ ᠰᠤᠷᠭᠠᠭᠤᠯᠢ ᠪᠠ ᠠᠪᠠᠭ᠎ᠠ ᠬᠣᠰᠢᠭᠤᠨ᠎ᠤ ᠮᠣᠩᠭᠣᠯ ᠦᠨᠳᠦᠰᠦᠲᠡᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠳ᠋ᠤ ᠬᠦᠷᠴᠦ ᠪᠠᠶᠢᠴᠠᠭᠠᠨ ᠰᠤᠳᠤᠯᠪᠠ᠃ ᠲᠡᠷᠡ᠄ ︽ ᠪᠠᠶᠢᠴᠠᠭᠠᠨ ᠰᠤᠳᠤᠯᠤᠯᠲᠠ ᠬᠢᠬᠦ᠎ᠪᠠᠷ ᠳᠡᠮᠵᠢᠨ᠂ ᠰᠤᠷᠭᠠᠭᠤᠯᠢ᠎ᠶᠢᠨ ᠤᠳᠤᠷᠢᠳᠤᠯᠭ᠎ᠠ ᠪᠠ ᠪᠠᠭᠰᠢ ᠨᠠᠷ ᠴᠥᠮ ᠨᠠᠮ᠎ᠤᠨ ᠲᠥᠪ ᠬᠤᠷᠢᠶ᠎ᠠ᠎ᠡᠴᠠ ᠭᠠᠷᠭᠠᠭᠰᠠᠨ ᠦᠨᠳᠦᠰᠦᠲᠡᠨ᠎ᠤ ᠣᠷᠣᠨ᠎ᠳ᠋ᠤ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢ ᠴᠢᠩᠭᠠᠳᠬᠠᠬᠤ ᠲᠤᠬᠠᠢ ᠲᠥᠷᠥ᠎ᠶᠢᠨ ᠪᠣᠳᠣᠯᠭ᠎ᠠ᠎ᠶᠢ ᠵᠥᠪ ᠣᠶᠢᠯᠠᠭᠠᠵᠤ ᠬᠦᠴᠦᠲᠡᠶ ᠳᠡᠮᠵᠢᠵᠦ᠂ ᠰᠤᠷᠭᠠᠭᠤᠯᠢ᠎ᠨᠢ ᠡᠯ᠎ᠡ ᠵᠦᠶ᠋ᠯ᠎ᠤᠨ ᠠᠷᠭ᠎ᠠ ᠬᠡᠯᠪᠡᠷᠢ᠎ᠪᠠᠷ ᠪᠠᠭᠰᠢ ᠨᠠᠷ᠎ᠤᠨ᠎ᠢᠶᠡᠨ ᠲᠤᠬᠠᠶᠢᠯᠠᠭᠰᠠᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠎ᠪᠠᠷ ᠴᠢᠷᠮᠠᠢᠵᠤ᠂ ᠪᠠᠭᠰᠢ ᠨᠠᠷ ᠴᠤ ᠳᠠᠷᠤᠤ ᠬᠢᠴᠢᠶᠡᠩᠭᠦᠶ᠎ᠪᠠᠷ ᠰᠤᠷᠤᠯᠴᠠᠨ᠂ ᠰᠡᠳᠬᠢᠯ ᠲᠠᠯᠪᠢᠨ ᠰᠤᠳᠤᠯᠵᠤ᠂ ᠲᠤᠬᠠᠶᠢᠯᠠᠭᠰᠠᠨ ᠠᠵᠢᠯ᠎ᠤᠨ ᠬᠡᠪ ᠪᠣᠯᠪᠠᠰᠤᠷᠠᠯ᠎ᠢᠶᠡᠨ ᠳᠡᠭᠡᠭᠰᠢᠯᠡᠭᠦᠯᠬᠦ᠎ᠪᠠᠷ ᠴᠢᠷᠮᠠᠶᠢᠵᠤ ᠪᠠᠶᠢᠬᠤ᠎ᠶᠢ ᠪᠢᠳᠡ ᠣᠯᠵᠤ ᠮᠡᠳᠡᠪᠡ︾ ᠭᠡᠪᠡ᠃
ᠪᠤᠭᠤᠲᠤ ᠬᠣᠲᠠ᠎ᠶᠢᠨ ᠳᠥᠴᠢᠨ ᠨᠠᠢᠮᠠᠳᠤᠭᠠᠷ ᠳᠤᠮᠳᠠᠳᠤ ᠰᠤᠷᠭᠠᠭᠤᠯᠢ᠎ᠶᠢᠨ ᠶᠣᠰᠣ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ᠎ᠤᠨ ᠪᠠᠭᠰᠢ ᠸᠠᠩ ᠯᠢ ᠰᠢᠶᠠᠨ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠢ ᠳᠠᠭᠠᠵᠤ᠂ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠮᠣᠩᠭᠣᠯ ᠦᠨᠳᠦᠰᠦᠲᠡᠨ᠎ᠤ ᠰᠤᠷᠭᠠᠭᠤᠯᠢ᠎ᠳ᠋ᠤ ᠬᠦᠷᠴᠦ ᠪᠠᠢᠴᠠᠭᠠᠨ ᠰᠤᠳᠤᠯᠵᠡᠢ᠂ ᠲᠡᠷᠡ᠄ ︽ ᠪᠠᠭᠰᠢ ᠨᠠᠷ᠎ᠤᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠦᠷ᠎ᠠ ᠪᠦᠲᠦᠮᠵᠢ᠎ᠨᠢ ᠪᠢᠳᠡᠨ᠎ᠳ᠋ᠤ ᠵᠢᠭᠠᠨ ᠰᠤᠷᠭᠠᠯᠲᠠ᠎ᠶᠢᠨ ᠣᠶᠢᠯᠠᠭᠠᠭᠳᠠᠬᠤᠨᠤ ᠰᠢᠨᠡᠴᠢᠯᠡᠯᠲᠡ᠎ᠶᠢ ᠮᠡᠳᠡᠷᠡᠬᠦᠯᠵᠦ᠂ ᠵᠢᠭᠠᠨ ᠰᠤᠷᠭᠠᠯᠲᠠ᠎ᠶᠢᠨ ᠠᠷᠭ᠎ᠠ ᠪᠠᠷᠢᠯ᠎ᠤᠨ ᠬᠤᠪᠢᠷᠠᠯᠲᠠ᠎ᠶᠢ ᠦᠵᠡᠬᠦᠯᠵᠡᠢ᠃ ᠪᠠᠭᠰᠢ ᠨᠠᠷ᠎ᠤᠨ ᠢᠳᠡᠪᠬᠢᠲᠡᠶ ᠵᠣᠷᠢᠭᠵᠢᠭᠤᠯᠤᠯ ᠪᠠ ᠵᠢᠯᠣᠭᠣᠳᠣᠯᠭ᠎ᠠ ᠳᠣᠤᠷ᠎ᠠ᠂ ᠬᠢᠴᠢᠶᠡᠯ ᠳᠡᠭᠡᠷ᠎ᠡ ᠰᠤᠷᠤᠭᠴᠢᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠶᠠᠷᠢᠯᠴᠠᠬᠤ ᠲᠤᠷᠠᠳᠠᠢ ᠪᠠᠢᠵᠦ᠂ ᠪᠢᠴᠢᠯᠭᠡ᠎ᠨᠢ ᠴᠦ ᠤᠯᠠᠮ᠎ᠢᠶᠠᠷ ᠵᠢᠷᠤᠮᠵᠢᠵᠤ᠂ ᠣᠨᠴᠠ ᠵᠠᠷᠢᠮ ᠴᠢᠳᠠᠬᠤ ᠥᠬᠡᠶ ᠥᠰᠥᠭ᠎ᠢᠶᠡᠨ ᠨᠠᠷᠢᠨ ᠬᠢᠨᠠᠮᠠᠭᠠᠢ ᠭᠠᠯᠢᠬᠯᠠᠨ ᠳᠡᠮᠳᠡᠭᠯᠡᠵᠦ ᠪᠠᠢᠭᠰᠠᠨ︾ ᠬᠡᠵᠦ ᠬᠡᠯᠡᠪᠡ᠃
ᠪᠠᠭᠰᠢ᠎ᠶᠢᠨ ᠵᠢᠭᠠᠬᠤ᠎ᠨᠢ ᠰᠠᠢᠨ ᠪᠤᠯᠪᠠᠯ ᠰᠤᠷᠤᠭᠴᠢᠳ ᠰᠠᠶᠢ ᠰᠠᠶᠢᠨ ᠰᠤᠷᠴᠤ ᠴᠢᠳᠠᠨ᠎ᠠ᠃ ᠵᠠᠷᠤᠳ ᠬᠣᠰᠢᠭᠤᠨ᠎ᠤ ᠮᠣᠩᠭᠣᠯ ᠦᠨᠳᠦᠰᠦᠲᠡᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠰᠤᠷᠤᠭᠴᠢ ᠸᠠᠩ ᠬᠠᠢ ᠶᠠᠨ᠄ ︽ ᠬᠢᠴᠢᠶᠡᠯ ᠳᠡᠭᠡᠷ᠎ᠠ ᠪᠠᠭᠰᠢ ᠨᠠᠷ ᠮᠠᠰᠢ ᠨᠠᠷᠢᠯᠢᠭ ᠵᠢᠭᠠᠳᠠᠭ᠋᠂ ᠪᠢᠳᠡᠨ᠎ᠤ ᠰᠤᠷᠤᠯᠴᠠᠬᠤ ᠡᠬᠢ ᠪᠠᠶᠠᠯᠢᠭ ᠴᠤ ᠮᠠᠰᠢ ᠡᠯᠪᠡᠭ ᠪᠠᠶᠠᠯᠢᠭ᠋᠂ ᠰᠤᠷᠬᠤ᠎ᠳ᠋ᠤ ᠲᠡᠳᠦᠢ ᠬᠦᠴᠢᠷᠳᠡᠬᠦ ᠦᠬᠡᠢ᠂ ᠵᠢᠭᠠᠨ ᠰᠤᠷᠭᠠᠯᠳᠠ᠎ᠶᠢᠨ ᠠᠬᠢᠴᠠ᠎ᠶᠢ ᠪᠦᠷᠢᠮᠦᠰᠦᠨ ᠳᠠᠭᠠᠵᠤ ᠠᠮᠵᠢᠨ᠎ᠠ︾ ᠭᠡᠵᠦ ᠬᠡᠯᠡᠪᠡ᠃
ᠬᠢᠩᠭᠠᠨ ᠠᠶᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠠᠶᠠᠨᠬᠤᠰᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶᠢᠨ ᠳᠣᠯᠣᠳᠤᠭᠠᠷ ᠤᠨ᠎ᠤ ᠰᠤᠷᠤᠭᠴᠢ ᠵᠠᠩ ᠶᠦᠩ ᠯᠢᠶᠠᠩ᠂ ᠪᠦᠬᠦ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ︽ ᠪᠢᠳᠡ ᠬᠠᠮᠲᠤ᠎ᠪᠠᠷ ᠤᠩᠰᠢᠶ᠎ᠠ︾ ᠭᠡᠬᠦ ᠠᠵᠢᠯᠯᠠᠭ᠎ᠠ᠎ᠳ᠋ᠤ ︽ ᠬᠠᠳᠤᠨ ᠭᠣᠣᠯ᠎ᠤᠨ ᠮᠠᠭᠲᠠᠭᠠᠯ︾᠎ᠢ ᠪᠠᠷᠢᠮᠵᠢᠶ᠎ᠠ ᠠᠪᠢᠶ᠎ᠠ᠎ᠪᠠᠷ ᠤᠷᠮ᠎ᠠ ᠰᠡᠳᠬᠢᠯᠬᠡ᠎ᠲᠠᠢ ᠰᠠᠢᠬᠠᠨ ᠤᠩᠰᠢᠨ ᠲᠤᠰᠬᠠᠢ ᠮᠡᠷᠭᠡᠵᠢᠯᠲᠡᠨ᠎ᠤ ᠦᠨᠳᠦᠷ ᠦᠨᠡᠯᠡᠯᠲᠡ᠎ᠶᠢ ᠣᠯᠵᠤ᠂ ︽ ᠤᠩᠰᠢᠯᠭ᠎ᠠ᠎ᠶᠢᠨ ᠤᠳᠤᠨ︾᠎ᠢᠶᠠᠷ ᠲᠤᠳᠤᠷᠠᠵᠠᠢ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠡᠴᠠ ᠪᠥᠬᠥ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ︽ ᠪᠢᠳᠡ ᠬᠠᠮᠲᠤ᠎ᠪᠠᠷ ᠤᠩᠰᠢᠶ᠎ᠠ︾ ᠭᠡᠬᠦ ᠠᠵᠢᠯᠯᠠᠭ᠎ᠠ᠎ᠶᠢ ᠵᠤᠬᠢᠶᠠᠨ ᠪᠠᠢᠭᠤᠯᠵᠦ ᠦᠷᠨᠢᠬᠦᠯᠵᠡᠢ᠃ ᠠᠵᠢᠯᠯᠠᠭ᠎ᠠ᠎ᠳ᠋ᠤ ᠡᠯ᠎ᠠ ᠭᠠᠵᠠᠷ᠎ᠤᠨ ᠪᠠᠭᠰᠢ ᠰᠤᠷᠤᠭᠴᠢᠳ ᠢᠳᠡᠪᠬᠢᠲᠡᠶ ᠣᠷᠣᠯᠴᠠᠵᠤ᠂ ᠨᠡᠶᠢᠲᠡ 6350 ᠬᠤᠪᠢ ᠰᠣᠷᠣᠭᠴᠢ᠎ᠶᠢᠨ ᠪᠦᠲᠦᠭᠡᠯ᠎ᠢ ᠭᠥᠯᠢᠶᠡᠨ ᠠᠪᠴᠤ᠂ ᠲᠤᠰᠬᠠᠶ ᠮᠡᠷᠭᠡᠵᠢᠯᠲᠡᠨ᠎ᠤ ᠨᠠᠷᠢᠨ ᠬᠢᠨᠠᠮᠠᠭᠠᠶ ᠬᠢᠨᠠᠨ ᠦᠨᠡᠯᠡᠯᠳᠡ᠎ᠪᠠᠷ ᠳᠡᠮᠵᠢᠨ᠂ 2711 ︽ ᠤᠩᠰᠢᠯᠭ᠎ᠠ᠎ᠶᠢᠨ ᠣᠳᠣᠨ︾᠂186︽ ᠤᠩᠰᠢᠯᠭ᠎ᠠ᠎ᠶᠢᠨ ᠣᠳᠣᠨ᠎ᠤ ᠵᠢᠯᠣᠭᠣᠳᠤᠭᠴᠢ ᠪᠠᠭᠰᠢ︾ ᠂ 21 ︽ ᠤᠩᠰᠢᠯᠭ᠎ᠠ᠎ᠶᠢᠨ ᠣᠳᠣᠨ᠎ᠤ ᠰᠢᠯᠢᠳᠡᠭ ᠬᠠᠮᠲᠤ ᠨᠡᠶᠢᠲᠡ︾᠎ᠶᠢ ᠰᠢᠯᠭᠠᠷᠠᠭᠤᠯᠤᠨ ᠭᠠᠷᠭᠠᠵᠠᠢ᠃ ︽ ᠰᠤᠷᠤᠭᠴᠢᠳ᠎ᠤᠨ ᠤᠩᠰᠢᠬᠤ ᠴᠢᠳᠠᠪᠤᠷᠢ ᠪᠠ ᠬᠡᠯᠡ ᠪᠢᠴᠢᠭ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠢᠲᠡᠭᠡᠯ ᠵᠣᠷᠢᠭ᠎ᠢ ᠬᠥᠮᠦᠵᠢᠭᠦᠯᠬᠦ ᠡᠨᠡ ᠬᠦ ᠠᠵᠢᠯᠯᠠᠭ᠎ᠠ᠎ᠶᠢ ᠦᠷᠨᠢᠬᠦᠯᠦᠭᠰᠡᠨ ᠶᠤᠮ᠃ ᠰᠤᠷᠤᠭᠴᠢᠳ ᠢᠳᠡᠪᠬᠢᠳᠡᠢ ᠤᠷᠤᠯᠴᠠᠵᠤ᠂ ᠲᠤᠰᠬᠠᠯ ᠶᠡᠬᠡ ᠰᠠᠢᠨ ᠪᠠᠢᠨ᠎ᠠ᠂ ᠬᠣᠶᠢᠰᠢᠳᠠ ᠪᠢᠳᠡ ᠪᠠᠰᠠ ᠦᠷᠭᠦᠯᠵᠢᠯᠡᠨ ᠵᠣᠬᠢᠶᠠᠨ ᠪᠠᠶᠢᠭᠤᠯᠤᠨ᠎ᠠ︾ ᠭᠡᠵᠦ ᠵᠣᠣ ᠪᠢᠨ ᠬᠡᠯᠡᠪᠡ᠃
ᠥᠪᠡᠷ᠎ᠤᠨ ᠰᠣᠨᠣᠰᠴᠤ ᠶᠠᠷᠢᠬᠤ ᠤᠩᠰᠢᠵᠤ ᠪᠢᠴᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠮᠡᠳᠡᠯᠭᠡ᠎ᠶᠢᠨ ᠨᠥᠭᠡᠴᠡ᠎ᠪᠠᠨ ᠨᠡᠮᠡᠭᠳᠡᠭᠦᠯᠬᠦ᠎ᠶᠢᠨ ᠲᠥᠯᠥᠭᠡ᠂ ᠵᠣᠨ᠎ᠤ ᠠᠮᠠᠷᠠᠯᠲᠠ᠎ᠳ᠋ᠤ᠂ ᠮᠠᠨᠵᠤᠤᠷ ᠬᠣᠲᠠ᠎ᠶᠢᠨ ᠠᠷᠪᠠᠨ ᠬᠣᠶᠠᠳᠤᠭᠠᠷ ᠰᠤᠷᠭᠠᠭᠤᠯᠢ᠎ᠶᠢᠨ ᠰᠣᠷᠣᠭᠴᠢ ᠪᠦᠦ ᠰᠧ ᠶᠤᠸᠠᠨ ᠡᠳᠦᠷ ᠪᠦᠷᠢ ᠡᠯ᠎ᠠ ᠲᠥᠷᠥᠯ᠎ᠤᠨ ᠬᠢᠴᠢᠶᠡᠯ᠎ᠤᠨ ᠭᠠᠳᠠᠨᠠᠬᠢ ᠨᠣᠮ ᠪᠢᠴᠢᠭ ᠤᠩᠰᠢᠵᠤ᠂ ᠤᠩᠰᠢᠯᠭ᠎ᠠ᠎ᠶᠢᠨ ᠲᠡᠮᠳᠡᠭᠯᠡᠯ ᠬᠢᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠣᠯᠤᠨ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠠᠷ ᠡᠷᠲᠡᠨ᠎ᠤ ᠰᠢᠯᠦᠭ ᠳᠠᠭᠤᠯᠠᠯ᠎ᠢ ᠴᠡᠭᠡᠵᠢᠯᠡᠵᠦ᠂ ᠰᠢᠨ᠎ᠠ ᠰᠤᠷᠤᠯᠭ᠎ᠠ᠎ᠶᠢᠨ ᠬᠤᠭᠤᠴᠠᠭᠠᠨ᠎ᠤ ᠬᠢᠴᠢᠶᠡᠯ᠎ᠢᠶᠡᠨ ᠤᠷᠢᠳᠴᠢᠯᠠᠨ ᠰᠤᠷᠤᠯᠴᠠᠵᠤ᠂ ᠰᠢᠨ᠎ᠠ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠳ᠋ᠤ ᠪᠡᠯᠡᠳᠬᠡᠯ ᠬᠢᠨ᠎ᠡ᠃ ᠲᠡᠷᠡ ᠪᠠᠰᠠ ᠤᠯᠠᠮᠵᠢᠯᠠᠯᠲᠤ ᠰᠣᠶᠣᠯ᠎ᠢ ᠰᠤᠷᠤᠯᠴᠠᠬᠤ ᠪᠠ ᠤᠷᠠᠨ ᠪᠢᠴᠢᠯᠭᠡ ᠰᠤᠷᠬᠤ᠎ᠶᠢ ᠪᠠᠷᠢᠮᠲᠠᠯᠠᠵᠤ᠂ ᠤᠯᠤᠰ᠎ᠤᠨ ᠪᠠᠶᠠᠷ ᠪᠣᠯᠤᠨ ᠨᠡᠶᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠶᠢᠨ ᠠᠭᠤᠯᠭ᠎ᠠ᠎ᠪᠠᠷ ᠭᠠᠷ ᠪᠢᠴᠢᠮᠡᠯ ᠰᠣᠨᠢᠨ ᠬᠢᠵᠡᠢ᠃
ᠬᠥᠬᠡᠬᠣᠲᠠ᠎ᠶᠢᠨ ᠮᠣᠩᠭᠣᠯ ᠦᠨᠳᠦᠰᠦᠲᠡᠨ᠎ᠤ ᠰᠤᠷᠭᠠᠭᠤᠯᠢ᠎ᠶᠢᠨ ᠨᠢᠭᠡᠳᠦᠭᠡᠷ ᠤᠨ᠎ᠤ ᠰᠤᠷᠤᠭᠴᠢ ᠴᠡᠯᠡᠭᠡᠷ᠎ᠤᠨ ᠭᠡᠷ᠎ᠤᠨ ᠠᠬᠠᠮᠠᠳ ᠨᠣᠮᠢᠨ᠄ ︽ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠨᠢᠭᠡ ᠵᠢᠯ ᠰᠤᠷᠤᠯᠴᠠᠬᠤ᠎ᠪᠠᠷ ᠳᠠᠮᠵᠢᠨ᠂ ᠬᠡᠦᠬᠡᠳ᠎ᠤᠨ ᠬᠦᠯᠢᠶᠡᠨ ᠠᠪᠬᠤ ᠴᠢᠳᠠᠪᠤᠷᠢ ᠶᠠᠪᠤᠬᠤ ᠳᠤᠳᠤᠮ ᠳᠡᠬᠡᠭᠰᠢᠯᠡᠵᠦ᠂ ᠭᠠᠯᠢᠬᠯᠠᠬᠤ᠂ ᠬᠦᠴᠢᠷ ᠦᠬᠡᠰᠢ ᠲᠠᠨᠢᠬᠤ ᠬᠡᠮᠵᠢᠶ᠎ᠡ ᠲᠡᠭᠡᠭᠰᠢᠯᠡᠵᠡᠢ᠃ ᠪᠠᠭᠰᠢ᠎ᠶᠢᠨ ᠵᠢᠭᠠᠨ ᠰᠤᠷᠭᠠᠯᠲᠠ ᠬᠡᠦᠬᠡᠳ᠎ᠤᠨ ᠲᠤᠷ᠎ᠠ ᠰᠤᠨᠢᠷᠬᠠᠯ᠎ᠢ ᠬᠥᠭᠵᠢᠭᠡᠵᠦ᠂ ᠬᠡᠦᠬᠡᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠤᠷᠮ᠎ᠠ ᠪᠠᠬ᠎ᠠ ᠶᠡᠭᠡ ᠰᠠᠢᠨ ᠪᠠᠢᠨ᠎ᠠ᠃ ᠡᠨᠡ᠎ᠨᠢ ᠲᠡᠬᠦᠨ᠎ᠤ ᠬᠤᠢᠰᠢᠳᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠴᠤ ᠬᠡᠷᠡᠭᠯᠡᠬᠦ᠎ᠳ᠋ᠤ ᠰᠠᠢᠨ ᠰᠠᠢᠬᠠᠨ ᠰᠠᠭᠤᠷᠢ᠎ᠶᠢ ᠳᠠᠯᠪᠢᠵᠤ ᠦᠭᠬᠦᠭᠰᠡᠨ ᠪᠠᠢᠨ᠎ᠠ︾ ᠬᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃