ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠭᠦᠨᠴᠡ ᠮᠡᠳᠡᠭᠡᠯᠡᠯ

2021-08-26 11:01:29

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

 ᠮᠠᠨ᠎ᠤ ᠣᠷᠣᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭᠯᠡᠵᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠪᠥᠬᠥ ᠲᠠᠯ᠎ᠠ᠎ᠪᠠᠷ ᠴᠢᠩᠭᠠᠳᠬᠠᠭᠰᠠᠨ ᠦᠷ᠎ᠡ ᠪᠦᠲᠦᠮᠵᠢ᠎ᠶᠢᠨ ᠲᠤᠬᠠᠢ ᠪᠤᠳᠠᠳᠤ ᠲᠡᠮᠳᠡᠭᠯᠡᠯ ︵ ᠭᠤᠷᠪᠠ︶


ᠡᠨᠡ ᠬᠡᠳᠦᠨ ᠡᠳᠦᠷ᠂ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭᠠᠭᠤᠯᠢ᠎ᠶᠢᠨ ᠰᠣᠷᠣᠭᠴᠢ ᠠᠷᠢᠭᠤᠨ᠎ᠠ ᠡᠳᠦᠷ ᠪᠦᠷᠢ ᠲᠧᠯᠸᠢᠰ᠎ᠢᠶᠡᠨ ᠨᠡᠭᠡᠭᠡᠵᠦ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠲᠧᠯᠸᠢᠰ ᠲᠤᠰᠬᠠᠶ ᠨᠡᠪᠳᠡᠷᠡᠬᠦᠯᠬᠡ᠎ᠪᠠᠷ ᠳᠡᠮᠵᠢᠨ᠂ ᠨᠢᠭᠡᠳᠦᠭᠡᠷ ᠣᠨ᠎ᠤ ᠳᠤᠤᠷᠠᠳᠤ ᠳᠡᠪᠲᠡᠷ᠎ᠤᠨ ᠨᠢᠭᠡᠳᠦᠯᠲᠡᠶ ᠨᠠᠶᠢᠷᠠᠭᠤᠯᠤᠭᠰᠠᠨ ︽ ᠬᠡᠯᠡ ᠪᠢᠴᠢᠭ︾᠎ᠤᠨ ᠵᠢᠭᠠᠬᠤ ᠮᠠᠲ᠋ᠧᠷᠢᠶᠠᠯ᠎ᠢ ᠰᠤᠷᠤᠯᠴᠠᠨ᠎ᠠ᠃ ᠠᠷᠢᠭᠤᠨ᠎ᠠ᠎ᠶᠢᠨ ᠡᠵᠢ ᠸᠠᠩ ᠶᠠ ᠯᠢ᠄ ︽ ᠵᠤᠨ᠎ᠤ ᠠᠮᠠᠷᠠᠯᠲᠠ᠎ᠳ᠋ᠤ ᠭᠡᠷ᠎ᠲᠡᠭᠡᠨ ᠰᠤᠷᠤᠯᠴᠠᠬᠤ᠎ᠨᠢ ᠦᠨᠡᠬᠡᠷ ᠲᠦᠬᠦᠮ᠃ ᠬᠡᠦᠬᠡᠳ ᠨᠢᠭᠡᠳᠦᠭᠡᠷ ᠣᠨ᠎ᠤ ᠬᠡᠯᠡ ᠪᠢᠴᠢᠭ᠎ᠤᠨ ᠮᠡᠳᠡᠯᠭᠡ᠎ᠪᠠᠨ ᠪᠠᠳᠤᠳᠬᠠᠭᠰᠠᠨ᠎ᠢᠶᠠᠷ ᠪᠠᠷᠠᠬᠤ ᠦᠭᠡᠢ᠂ ᠬᠢᠴᠢᠶᠡᠯ᠎ᠤᠨ ᠲᠠᠩᠬᠢᠮ᠎ᠳ᠋ᠤ ᠪᠠᠳᠤᠳᠠᠢ ᠡᠵᠡᠮᠰᠢᠵᠦ ᠴᠢᠳᠠᠭᠰᠠᠨ ᠦᠬᠡᠢ ᠵᠦᠢᠯᠡᠰ᠎ᠢᠶᠡᠨ ᠨᠦᠬᠦᠪᠦᠷᠢᠯᠡᠵᠦ ᠲᠡᠢᠯᠪᠡ᠃ ᠨᠡᠷᠡᠳᠤ ᠪᠠᠭᠰᠢ᠎ᠶᠢᠨ ᠬᠢᠴᠢᠶᠡᠯ ᠲᠠᠢᠯᠪᠤᠷᠢᠯᠠᠬᠤ᠎ᠶᠢ ᠰᠤᠨᠤᠰᠤᠭᠠᠳ ᠨᠢᠭᠡᠳᠦᠯᠲᠡᠢ ᠨᠠᠶᠢᠷᠠᠭᠤᠯᠤᠭᠰᠠᠨ ︿ ᠬᠡᠯᠡ ᠪᠢᠴᠢᠭ﹀᠎ᠤᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠤᠷᠮ᠎ᠠ ᠪᠠᠬ᠎ᠠ᠎ᠨᠢ ᠤᠯᠠᠮ᠎ᠢᠶᠠᠷ ᠨᠡᠮᠡᠭᠳᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠬᠦ ᠴᠢᠳᠠᠪᠤᠷᠢ᠎ᠨᠢ ᠴᠦ ᠲᠠᠰᠤᠷᠠᠯᠲᠠ ᠦᠭᠡᠢ ᠳᠡᠬᠡᠭᠰᠢᠯᠡᠵᠦ ᠪᠠᠶᠢᠨ᠎ᠠ︾ ᠬᠡᠵᠦ ᠶᠠᠷᠢᠨ᠎ᠠ᠃

8 ᠰᠠᠷ᠎ᠠ᠎ᠶᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠣᠯ᠎ᠤᠨ ᠰᠦᠯᠵᠢᠶᠡᠨ᠎ᠤ ᠬᠢᠵᠠᠭᠠᠷᠲᠤ ᠺᠣᠮᠫᠠᠨᠢ᠎ᠲᠠᠢ ᠬᠠᠮᠲᠤᠷᠠᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠲᠸᠯᠸᠢᠰ ᠲᠤᠰᠬᠠᠶ ᠨᠡᠪᠳᠡᠷᠡᠬᠦᠯᠬᠡ᠎ᠶᠢ ᠵᠢᠩᠬᠢᠨᠢ᠎ᠪᠠᠷ ᠠᠵᠢᠯᠯᠠᠭᠤᠯᠵᠤ᠂ ᠪᠥᠬᠥ ᠣᠷᠣᠨ᠎ᠤ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢᠨ ᠠᠵᠢᠯ᠎ᠳ᠋ᠤ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠤᠨ ᠬᠦᠴᠦᠲᠡᠶ ᠲᠤᠯᠭᠠᠭᠤᠷᠢᠯᠠᠯ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠥᠷᠭᠡᠨ ᠪᠦᠰᠡᠲᠦ ᠰᠦᠯᠵᠢᠶᠡᠨ᠎ᠤ ᠬᠤᠤᠰ ᠴᠢᠭᠯᠡᠯᠲᠦ ᠬᠡᠷᠡᠭᠯᠡᠭᠴᠢᠳ ᠪᠦᠷ ᠲᠸᠯᠸᠢᠰ᠎ᠡᠴᠠ ︽ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ︾᠎ᠤᠨ ᠲᠤᠰᠬᠠᠶ ᠨᠡᠪᠳᠡᠷᠡᠬᠦᠯᠬᠡ᠎ᠶᠢ ᠣᠯᠵᠤ ᠦᠵᠡᠵᠦ ᠪᠣᠯᠤᠨ᠎ᠠ᠃ ᠲᠤᠰᠬᠠᠶ ᠨᠡᠪᠳᠡᠷᠡᠬᠦᠯᠬᠡ᠎ᠳ᠋ᠤ ᠬᠡᠯᠡ ᠪᠢᠴᠢᠭ᠂ ᠲᠡᠦᠬᠡ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ 3 ᠫᠷᠦᠭᠷᠠᠮ᠎ᠢ ᠳᠣᠭᠢᠷᠠᠭᠤᠯᠪᠠ᠃ ᠲᠤᠰᠬᠠᠶ ᠨᠡᠪᠳᠡᠷᠡᠬᠦᠯᠬᠡ᠎ᠨᠢ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠢᠵᠢᠯ ᠠᠯᠬᠤᠮᠳᠤ ᠬᠢᠴᠢᠶᠡᠯᠯᠡᠬᠡ᠎ᠶᠢ ᠵᠠᠬᠢᠶᠠᠯᠠᠨ ᠨᠡᠪᠳᠡᠷᠡᠬᠦᠯᠬᠦ᠎ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠢᠴᠢᠶᠡᠯ᠎ᠤᠨ ᠡᠬᠢ ᠪᠠᠶᠠᠯᠢᠭ᠎ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠦᠢᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠥᠷᠭᠡᠳᠬᠡᠵᠦ᠂ ᠰᠠᠭᠤᠷᠢ ᠰᠤᠷᠭᠠᠨ ᠬᠥᠮᠦᠵᠢᠯ᠎ᠤᠨ ᠡᠯ᠎ᠡ ᠣᠨ ᠨᠢᠬᠡᠴᠢ᠂ ᠡᠯ᠎ᠠ ᠬᠢᠴᠢᠶᠡᠯ ᠲᠦᠷᠦᠯ᠎ᠤᠨ ᠰᠢᠯᠢᠳᠡᠭ ᠡᠬᠢ ᠪᠠᠶᠠᠯᠢᠭ ᠪᠠ ᠡᠯ᠎ᠡ ᠲᠥᠷᠥᠯ᠎ᠤᠨ ᠲᠤᠰᠬᠠᠶ ᠰᠡᠳᠦᠪᠲᠦ ᠰᠤᠷᠭᠠᠨ ᠬᠥᠮᠦᠵᠢᠯ᠎ᠢ ᠬᠠᠮᠤᠷᠤᠭᠰᠠᠨ᠂ ᠰᠤᠷᠭᠠᠨ ᠬᠥᠮᠦᠵᠢᠯ᠎ᠤᠨ ᠤᠬᠠᠭᠤᠯᠭ᠎ᠠ ᠵᠢᠴᠢ ᠦᠢᠯᠡᠴᠢᠯᠡᠭᠡ᠎ᠪᠠᠷ ᠬᠠᠪᠰᠤᠷᠤᠮᠵᠢ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ ᠲᠧᠯᠸᠢᠰ᠎ᠤᠨ ᠰᠤᠷᠭᠠᠨ ᠬᠥᠮᠦᠵᠢᠯ᠎ᠤᠨ ᠲᠤᠰᠬᠠᠶ ᠨᠡᠪᠳᠡᠷᠡᠬᠦᠯᠬᠡ᠎ᠶᠢ ᠠᠯᠬᠤᠮ ᠠᠯᠬᠤᠮ᠎ᠢᠶᠠᠷ ᠪᠦᠷᠢᠯᠳᠦᠬᠦᠯᠵᠦ᠂ ᠪᠥᠬᠥ ᠣᠷᠣᠨ᠎ᠤ 121 ᠲᠦᠮᠡᠨ ᠡᠷᠦᠬᠡ᠎ᠶᠢᠨ 4K ᠤᠶᠤᠨᠲᠤ ᠦᠵᠦᠭᠦᠷᠯᠢᠭ᠎ᠤᠨ ᠬᠡᠷᠡᠭᠯᠡᠭᠴᠢᠳ᠎ᠲᠤ ᠦᠨ᠎ᠡ ᠲᠥᠯᠥᠪᠦᠷᠢ ᠥᠬᠡᠶ᠎ᠪᠠᠷ ᠬᠢᠴᠢᠶᠡᠯ᠎ᠤᠨ ᠰᠢᠭᠤᠳ ᠨᠡᠪᠲᠡᠷᠡᠭᠦᠯᠭᠡ᠂ ᠵᠠᠬᠢᠶᠠᠯᠠᠭ᠎ᠠ ᠨᠡᠪᠳᠡᠷᠡᠬᠦᠯᠭᠡ ᠬᠠᠩᠭᠠᠪᠠ᠃ ᠡᠨᠡ᠎ᠨᠢ ᠮᠠᠯᠵᠢᠬᠤ ᠤᠷᠤᠨ᠎ᠤ 33 ᠬᠣᠰᠢᠭᠤ ᠰᠢᠶᠠᠨ᠎ᠤ 12.4 ᠲᠦᠮᠡᠨ ᠲᠠᠷᠠᠬᠠᠶ ᠪᠤᠲᠠᠷᠬᠠᠶ ᠮᠠᠯᠴᠢᠨ ᠡᠷᠦᠬᠡ᠎ᠶᠢ ᠪᠦᠬᠦᠯᠢ ᠴᠣᠭᠴᠠ᠎ᠪᠠᠷ᠎ᠨᠢ ᠬᠠᠮᠤᠷᠴᠤ᠂ ᠪᠥᠬᠥ ᠣᠷᠣᠨ ᠢᠯᠠᠩᠭᠤᠶ᠎ᠠ ᠪᠣᠶᠢᠳᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ᠎ᠳ᠋ᠤ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢ ᠭᠦᠨᠵᠡᠭᠡᠶ ᠠᠬᠢᠭᠤᠯᠬᠤ᠎ᠳ᠋ᠤ ᠰᠢᠨ᠎ᠡ ᠪᠦᠲᠦᠮᠵᠢᠲᠡᠶ ᠠᠷᠭ᠎ᠠ ᠵᠠᠮ ᠬᠠᠩᠭᠠᠭᠰᠠᠨ ᠪᠠᠢᠨ᠎ᠠ᠃

ᠬᠡᠷᠬᠢᠨ ᠮᠡᠳᠡᠭᠡ ᠵᠠᠩᠭᠢ᠎ᠶᠢᠨ ᠮᠡᠷᠭᠡᠵᠢᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠴᠢᠨᠠᠷ ᠰᠠᠶᠢᠲᠠᠶ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠪᠠᠶᠢᠭᠤᠯᠬᠤ ᠪᠠ ᠰᠠᠶᠢᠲᠤᠷ ᠬᠡᠷᠡᠭᠯᠡᠵᠦ᠂ ᠭᠤᠷᠪᠠᠨ ᠬᠢᠴᠢᠶᠡᠯ ᠲᠦᠷᠦᠯ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳ᠋ᠤ ᠴᠢᠬᠤᠯᠠ ᠪᠠᠲᠤᠯᠠᠭ᠎ᠠ ᠬᠠᠩᠭᠠᠬᠤ ᠪᠣᠶ ︖ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠵᠢᠭᠠᠬᠤ᠎ᠶᠢ ᠰᠤᠳᠤᠯᠬᠤ ᠲᠠᠰᠤᠭ ᠨᠠᠷᠢᠯᠢᠭ ᠪᠠᠶᠢᠴᠠᠭᠠᠯᠲᠠ ᠬᠢᠵᠦ ᠪᠠᠶᠢᠳᠠᠯ᠎ᠢ ᠣᠶᠢᠯᠠᠭᠠᠬᠤ᠎ᠪᠠᠷ ᠳᠠᠮᠵᠢᠨ᠂ ᠵᠢᠭᠠᠬᠤ ᠮᠠᠲ᠋ᠧᠷᠢᠶᠠᠯ᠎ᠲᠠᠢ ᠢᠵᠢ ᠪᠦᠷᠢᠳᠦᠭᠰᠡᠨ ᠵᠢᠭᠠᠨ ᠰᠤᠷᠭᠠᠬᠤ ᠡᠬᠢ ᠪᠠᠶᠠᠯᠢᠭ᠎ᠤᠨ ᠪᠠᠶᠢᠭᠤᠯᠤᠯᠲᠠ ᠪᠣᠯᠤᠨ ᠬᠡᠷᠡᠭᠯᠡᠯᠲᠡ᠎ᠶᠢ ᠲᠠᠰᠤᠷᠠᠯᠲᠠ ᠤᠢᠭᠡᠢ ᠴᠢᠩᠭᠠᠳᠬᠠᠪᠠ᠃

ᠨᠢᠳᠤᠨᠤᠨ᠎ᠤ 9 ᠰᠠᠷ᠎ᠠ᠎ᠳ᠋ᠤ ᠰᠤᠷᠭᠠᠭᠤᠯᠢ ᠡᠬᠢᠯᠡᠭᠰᠡᠨ᠎ᠡᠴᠠ ᠠᠪᠤᠭᠠᠳ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠤᠨ ᠨᠢᠭᠡᠳᠦᠭᠡᠷ ᠤᠨ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠡᠯᠡ ᠪᠢᠴᠢᠭ᠎ᠤᠨ ᠨᠢᠭᠡᠳᠦᠭᠡᠷ ᠣᠨ᠎ᠤ ᠳᠡᠭᠡᠳᠦ ᠳᠡᠪᠲᠡᠷ᠎ᠤᠨ ᠢᠵᠢᠯ ᠠᠯᠬᠤᠮᠳᠤ ᠬᠢᠴᠢᠶᠡᠯ᠎ᠢ ᠦᠢᠯᠡᠳᠦᠨ ᠨᠡᠪᠲᠡᠷᠡᠭᠦᠯᠵᠦ ᠡᠬᠢᠯᠡᠪᠡ᠃ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠭᠠᠭᠤᠯᠢ ᠡᠬᠢᠯᠡᠭᠰᠡᠨ᠎ᠳ᠋ᠤ ᠪᠠᠰᠠ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡᠳᠦᠭᠡᠷ ᠣᠨ᠎ᠤ ᠳᠣᠣᠷᠠᠳᠤ ᠳᠡᠪᠲᠡᠷ᠎ᠤᠨ ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠲᠡᠦᠬᠡ᠎ᠶᠢᠨ ᠬᠢᠴᠢᠶᠡᠯ᠎ᠢ ᠰᠢᠩᠬᠡᠬᠡᠨ ᠦᠢᠯᠡᠳᠦᠨ ᠨᠡᠪᠲᠡᠷᠡᠭᠦᠯᠪᠡ᠃ 6 ᠰᠠᠷ᠎ᠠ᠎ᠶᠢᠨ ᠰᠡᠭᠦᠯᠴᠢ ᠪᠣᠯᠲᠠᠯ᠎ᠠ᠂ ᠨᠢᠭᠡᠨᠲᠡ 262 ᠴᠠᠭ᠎ᠤᠨ ᠬᠢᠴᠢᠶᠡᠯ᠎ᠤᠨ ᠡᠬᠢ ᠪᠠᠶᠠᠯᠢᠭ᠎ᠢ ᠰᠢᠩᠬᠡᠬᠡᠨ ᠦᠢᠯᠡᠳᠴᠦ᠂ ᠬᠢᠴᠢᠶᠡᠯ᠎ᠤᠨ ᠬᠡᠷᠡᠭᠰᠡᠯ᠂ ᠵᠢᠭᠠᠨ ᠰᠤᠷᠭᠠᠯᠲᠠ᠎ᠶᠢᠨ ᠲᠥᠯᠥᠪᠯᠡᠭᠡ᠂ ᠵᠢᠱᠢᠶ᠎ᠡ ᠦᠵᠡᠭᠦᠯᠬᠦ ᠤᠷᠠᠨ ᠤᠩᠰᠢᠯᠭ᠎ᠠ᠂ ᠪᠢᠴᠢᠯ ᠸᠢᠳᠢᠣ᠋ ᠵᠡᠷᠭᠡ ᠡᠯ᠎ᠡ ᠲᠥᠷᠥᠯ᠎ᠤᠨ ᠬᠠᠪᠰᠤᠷᠤᠨ ᠲᠤᠰᠠᠯᠠᠬᠤ ᠡᠬᠢ ᠪᠠᠶᠠᠯᠢᠭ᠎ᠢ 500 ᠭᠠᠷᠤᠶ ᠢᠵᠢ ᠪᠥᠷᠢᠳᠦᠭᠦᠯᠪᠡ᠃ ᠡᠨᠡ ᠵᠢᠯ᠎ᠤᠨ 2 ᠰᠠᠷ᠎ᠠ᠎ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠪᠠᠰᠠ ︽ ᠰᠦᠯᠵᠢᠶᠡᠨ᠎ᠳ᠋ᠠᠬᠢ ᠰᠢᠯᠢᠳᠡᠭ ᠬᠢᠴᠢᠶᠡᠯ︾᠎ᠤᠨ ᠰᠤᠷᠤᠯᠴᠠᠯᠭ᠎ᠠ᠎ᠶᠢᠨ ᠲᠠᠪᠴᠠᠩ ᠭᠠᠷᠭᠠᠵᠤ᠂ ᠬᠢᠴᠢᠶᠡᠯ᠎ᠤᠨ ᠠᠭᠤᠯᠭ᠎ᠠ᠎ᠶᠢ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠤᠨ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ᠎ᠤ ᠬᠢᠴᠢᠶᠡᠯ ᠲᠥᠷᠥᠯ᠎ᠤᠨ ᠠᠭᠤᠯᠭ᠎ᠠ᠎ᠶᠢ ᠬᠤᠷᠢᠶᠠᠩᠭᠤᠢᠯᠠᠨ ᠡᠮᠬᠢᠳᠬᠡᠬᠦ ᠪᠠ ᠬᠦᠴᠢᠷ ᠲᠦᠪᠡᠭᠲᠡᠶ ᠭᠤᠤᠯᠳᠠᠯᠭ᠎ᠠ᠎ᠲᠠᠢ ᠵᠦᠢᠯ᠎ᠢ ᠲᠤᠰᠬᠠᠶ ᠰᠡᠳᠦᠪ᠎ᠢᠶᠠᠷ ᠳᠠᠢᠯᠪᠤᠷᠢᠯᠠᠬᠤ᠎ᠪᠠᠷ ᠭᠤᠤᠯ ᠪᠣᠯᠭᠠᠨ᠂ ᠪᠥᠬᠥ ᠣᠷᠣᠨ᠎ᠤ ᠨᠠᠷᠠᠲᠤ ᠰᠢᠯᠢᠳᠡᠭ ᠪᠠᠭᠰᠢ᠎ᠪᠠᠷ ᠬᠢᠴᠢᠶᠡᠯ ᠳᠠᠢᠯᠪᠤᠷᠢᠯᠠᠭᠤᠯᠵᠤ ᠂ ᠣᠳᠣᠬᠠᠨ᠎ᠳ᠋ᠤ ᠨᠢᠭᠡᠨᠲᠡ 976 ᠴᠠᠭ᠎ᠤᠨ ᠬᠢᠴᠢᠶᠡᠯ᠎ᠢ ᠰᠢᠩᠬᠡᠬᠡᠨ ᠦᠢᠯᠡᠳᠦᠭᠰᠡᠨ ᠪᠠᠶᠢᠨ᠎ᠠ᠃ ᠡᠳᠡᠭᠡᠷ ᠬᠢᠴᠢᠶᠡᠯ᠎ᠤᠨ ᠠᠭᠤᠯᠭ᠎ᠠ᠎ᠶᠢ ᠪᠠᠭᠰᠢ ᠰᠤᠷᠤᠭᠴᠢᠳ ᠴᠥᠮ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠲᠸᠯᠸᠢᠰ᠎ᠤᠨ ᠲᠤᠰᠬᠠᠢ ᠨᠡᠪᠳᠡᠷᠡᠬᠦᠯᠭᠡ ᠪᠠ ᠥᠪᠥᠷ ᠮᠣᠩᠭᠣᠯ᠎ᠤᠨ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠢᠶᠠᠷ ᠳᠠᠮᠵᠢᠨ ᠦᠨ᠎ᠡ ᠲᠥᠯᠥᠪᠦᠷᠢ ᠦᠭᠡᠢ᠎ᠪᠠᠷ ᠬᠦᠯᠢᠶᠡᠨ ᠠᠪᠴᠤ ᠦᠵᠡᠵᠦ ᠪᠣᠯᠤᠨ᠎ᠠ᠃ 6 ᠰᠠᠷ᠎ᠠ᠎ᠶᠢᠨ ᠰᠡᠭᠦᠯᠴᠢ ᠪᠣᠯᠲᠠᠯ᠎ᠠ᠂ ᠢᠵᠢᠯ ᠠᠯᠬᠤᠮᠲᠤ ᠬᠢᠴᠢᠶᠡᠯ ᠪᠠ ︽ ᠰᠦᠯᠵᠢᠶᠡᠨ᠎ᠳ᠋ᠠᠬᠢ ᠰᠢᠯᠢᠳᠡᠭ ᠬᠢᠴᠢᠶᠡᠯ︾᠎ᠢ ᠨᠡᠪᠳᠡᠷᠡᠬᠦᠯᠦᠭᠰᠡᠨ ᠤᠳᠠᠭ᠎ᠠ᠎ᠨᠢ 405 ᠲᠦᠮᠡᠨ ᠤᠳᠠᠭ᠎ᠠ᠎ᠳ᠋ᠤ ᠬᠦᠷᠴᠡᠢ᠃

ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠰᠤᠷᠭᠠᠨ ᠬᠥᠮᠦᠵᠢᠯ᠎ᠤᠨ ᠶᠠᠮᠤᠨ᠎ᠤ ᠵᠢᠭᠠᠬᠤ ᠮᠠᠲ᠋ᠧᠷᠢᠶᠠᠯ᠎ᠤᠨ ᠲᠣᠪᠴᠢᠶ᠎ᠠ᠎ᠲᠠᠢ ᠢᠳᠡᠪᠬᠢᠲᠡᠶ ᠬᠠᠷᠢᠯᠴᠠᠵᠤ᠂ ᠪᠦᠬᠦ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠳ᠋ᠤ ᠠᠷᠠᠳ᠎ᠤᠨ ᠰᠤᠷᠭᠠᠨ ᠬᠥᠮᠦᠵᠢᠯ᠎ᠤᠨ ᠬᠡᠪᠯᠡᠯ᠎ᠤᠨ ᠬᠣᠷᠢᠶᠠᠨ᠎ᠤ ᠵᠢᠭᠠᠨ ᠰᠤᠷᠭᠠᠬᠤ ᠡᠬᠢ ᠪᠠᠶᠠᠯᠢᠭ᠎ᠢ ᠬᠠᠩᠭᠠᠨ ᠪᠠᠭᠰᠢ ᠨᠠᠷ᠎ᠲᠤ ᠦᠨ᠎ᠡ ᠲᠦᠯᠦᠪᠦᠷᠢ ᠦᠭᠡᠶ᠎ᠪᠠᠷ ᠬᠡᠷᠡᠭᠯᠡᠭᠦᠯᠦᠭᠰᠡᠨ ᠰᠠᠭᠤᠷᠢᠨ ᠳᠡᠭᠡᠷ᠎ᠡ᠂ 4 ᠰᠠᠷ᠎ᠠ᠎ᠶᠢᠨ ᠰᠡᠭᠦᠯᠴᠢ᠎ᠪᠠᠷ᠂ ᠮᠠᠨ᠎ᠤ ᠣᠷᠣᠨ ᠰᠤᠷᠭᠠᠨ ᠬᠥᠮᠦᠵᠢᠯ᠎ᠤᠨ ᠶᠠᠮᠤᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠤᠨ ᠢᠵᠢ ᠪᠥᠷᠢᠳᠦᠭᠰᠡᠨ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠬᠢᠴᠢᠶᠡᠯ᠎ᠤᠨ ᠸᠢᠳᠢᠣ᠋᠂ ᠵᠢᠭᠠᠨ ᠰᠤᠷᠭᠠᠯᠲᠠ᠎ᠶᠢᠨ ᠲᠥᠯᠥᠪᠯᠡᠭᠡ᠂ ᠰᠢᠯᠭᠠᠨ ᠦᠨᠡᠯᠡᠬᠦ᠂ ᠤᠷᠠᠨ ᠤᠩᠰᠢᠯᠭ᠎ᠠ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ᠎ᠢ ᠨᠡᠶᠢᠲᠡ 1700 ᠭᠠᠷᠤᠢ ᠬᠠᠩᠭᠠᠪᠠ᠃ ᠮᠦᠨ 4 ᠰᠠᠷ᠎ᠠ᠎ᠳ᠋ᠤ᠂ ᠮᠠᠨ᠎ᠤ ᠣᠷᠣᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ︽ ᠰᠦᠯᠵᠢᠶᠡᠨ᠎ᠳ᠋ᠠᠬᠢ ᠰᠢᠯᠢᠳᠡᠭ ᠬᠢᠴᠢᠶᠡᠯ︾᠎ᠢ ᠰᠢᠯᠭᠠᠷᠠᠭᠤᠯᠬᠤ ᠠᠵᠢᠯᠯᠠᠭ᠎ᠠ᠎ᠶᠢ ᠡᠬᠢᠯᠡᠭᠦᠯᠵᠦ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠥᠷᠥᠯ᠎ᠤᠨ ᠪᠠᠭᠰᠢ ᠨᠠᠷ᠎ᠤᠨ ᠰᠤᠷᠠᠭ ᠵᠠᠩᠭᠢ᠎ᠶᠢᠨ ᠮᠡᠷᠭᠡᠵᠢᠯ᠎ᠢ ᠬᠡᠷᠡᠭᠯᠡᠬᠦ ᠢᠳᠡᠪᠬᠢᠵᠢᠯ᠎ᠢ ᠭᠦᠢᠴᠡᠳ ᠳᠠᠶᠢᠴᠢᠯᠠᠨ᠂ ᠪᠠᠭᠰᠢ ᠨᠠᠷ᠎ᠤᠨ ᠰᠦᠯᠵᠢᠶᠡᠨ ᠲᠠᠪᠴᠠᠩ᠎ᠳ᠋ᠤ ᠬᠢᠴᠢᠶᠡᠯ᠎ᠤᠨ ᠠᠭᠤᠯᠭ᠎ᠠ᠎ᠪᠠᠨ ᠭᠠᠷᠭᠠᠬᠤ᠎ᠶᠢ ᠬᠦᠳᠦᠯᠦᠨ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠎ᠲᠠᠢ᠂ ᠰᠠᠭᠤᠷᠢ ᠰᠤᠷᠭᠠᠨ ᠬᠥᠮᠦᠵᠢᠯ᠎ᠤᠨ ᠰᠤᠷᠤᠯᠭ᠎ᠠ᠎ᠶᠢᠨ ᠱᠠᠲᠤ᠎ᠶᠢ ᠬᠠᠮᠤᠷᠤᠭᠰᠠᠨ ᠭᠤᠷᠪᠠᠨ ᠬᠢᠴᠢᠶᠡᠯ ᠲᠥᠷᠥᠯ᠎ᠤᠨ ᠲᠣᠭᠠᠴᠢᠯᠠᠭᠰᠠᠨ ᠡᠬᠢ ᠪᠠᠶᠠᠯᠢᠭ᠎ᠤᠨ ᠰᠢᠰᠲ᠋ᠧᠮ᠎ᠢ ᠪᠠᠶᠢᠭᠤᠯᠬᠤ᠎ᠶᠢ ᠠᠬᠢᠭᠤᠯᠵᠤ ᠪᠠᠢᠨ᠎ᠠ᠃ ᠰᠠᠢᠬᠠᠨ ᠦᠨᠳᠦᠷᠯᠡᠭᠰᠡᠨ ᠪᠥᠬᠥ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ︽ ᠪᠢᠳᠡ ᠬᠠᠮᠲᠤ᠎ᠪᠠᠷ ᠤᠩᠰᠢᠶ᠎ᠠ︾ ᠭᠡᠬᠦ ᠠᠵᠢᠯᠯᠠᠭ᠎ᠠ᠎ᠨᠢ ᠡᠯ᠎ᠡ ᠭᠠᠵᠠᠷ᠎ᠤᠨ ᠵᠣᠬᠢᠶᠠᠨ ᠪᠠᠶᠢᠭᠤᠯᠤᠯᠲᠠ᠎ᠡᠴᠠ ᠲᠠᠨᠢᠯᠴᠠᠭᠤᠯᠤᠨ ᠬᠦᠷᠭᠡᠭᠰᠡᠨ 6350 ᠬᠤᠪᠢ ᠰᠣᠷᠣᠭᠴᠢ᠎ᠶᠢᠨ ᠪᠦᠲᠦᠭᠡᠯ᠎ᠢ ᠬᠤᠷᠢᠶᠠᠨ ᠣᠯᠵᠤ᠂ ᠲᠤᠰᠬᠠᠶ ᠮᠡᠷᠭᠡᠵᠢᠯᠲᠡᠨ᠎ᠡᠴᠠ ᠨᠡᠶᠢᠲᠡ 2711 ︽ ᠤᠩᠰᠢᠯᠭ᠎ᠠ᠎ᠶᠢᠨ ᠣᠳᠣᠨ︾᠂ 186︽ ᠤᠩᠰᠢᠯᠭ᠎ᠠ᠎ᠶᠢᠨ ᠣᠳᠣᠨ᠎ᠤ ᠵᠢᠯᠣᠭᠣᠳᠣᠭᠴᠢ ᠪᠠᠭᠰᠢ︾ ᠂ 21 ︽ ᠤᠩᠰᠢᠯᠭ᠎ᠠ᠎ᠶᠢᠨ ᠣᠳᠣᠨ᠎ᠤ ᠰᠢᠯᠢᠳᠡᠭ ᠬᠠᠮᠲᠤ ᠨᠡᠶᠢᠲᠡ︾᠎ᠶᠢ ᠰᠢᠯᠭᠠᠷᠠᠭᠤᠯᠤᠨ ᠭᠠᠷᠭᠠᠪᠠ᠃ ᠡᠨᠡ ᠤᠳᠠᠭᠠᠨ᠎ᠤ ᠠᠵᠢᠯᠯᠠᠭ᠎ᠠ᠎ᠳ᠋ᠤ ᠰᠤᠷᠤᠭᠴᠢᠳ᠎ᠤᠨ ᠣᠷᠣᠯᠴᠠᠬᠤ ᠢᠳᠡᠪᠬᠢᠵᠢᠯ ᠥᠨᠳᠥᠷ᠂ ᠲᠤᠰᠬᠠᠯ ᠰᠠᠶᠢᠨ ᠪᠠᠶᠢᠵᠤ᠂ ᠰᠤᠷᠤᠭᠴᠢᠳ᠎ᠤᠨ ᠤᠩᠰᠢᠯᠭ᠎ᠠ᠎ᠶᠢᠨ ᠤᠷᠮ᠎ᠠ ᠪᠠᠬ᠎ᠠ ᠪᠠ ᠴᠢᠳᠠᠪᠤᠷᠢ᠎ᠶᠢ ᠳᠡᠭᠡᠭᠰᠢᠯᠡᠭᠦᠯᠵᠦ᠂ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠢᠲᠡᠭᠡᠯ᠎ᠢ ᠬᠦᠪᠴᠢᠯᠡᠭᠰᠡᠨ ᠪᠠᠢᠨ᠎ᠠ᠃

ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠰᠤᠷᠤᠭᠴᠢᠳ᠎ᠤᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠤᠨ ᠡᠷᠲᠡᠨ᠎ᠤ ᠰᠢᠯᠦᠭ ᠵᠣᠬᠢᠶᠠᠯ᠎ᠤᠨ ᠰᠤᠷᠤᠯᠴᠠᠯᠭ᠎ᠠ᠎ᠶᠢᠨ ᠳᠤᠲᠠᠭᠤᠳᠠᠯ᠎ᠢ ᠰᠢᠢᠳᠪᠤᠷᠢᠯᠡᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠡᠴᠠ ᠪᠥᠬᠥ ᠣᠷᠣᠨ᠎ᠤ ᠰᠢᠯᠢᠳᠡᠭ ᠪᠠᠭᠰᠢ ᠨᠠᠷ᠎ᠢ ᠵᠣᠬᠢᠶᠠᠨ ᠪᠠᠶᠢᠭᠤᠯᠵᠤ ︽ ᠬᠢᠲᠠᠳ ᠬᠡᠯᠡ︾᠎ᠶᠢᠨ ᠵᠢᠭᠠᠬᠤ ᠮᠠᠲ᠋ᠧᠷᠢᠶᠠᠯ᠎ᠤᠨ ᠡᠷᠳᠡᠨ᠎ᠤ ᠰᠢᠯᠦᠭ ᠵᠤᠬᠢᠶᠠᠯ᠎ᠤᠨ ᠵᠢᠭᠠᠨ ᠰᠤᠷᠭᠠᠯᠳᠠ᠎ᠶᠢᠨ ᠨᠦᠬᠦᠪᠤᠷᠢ ᠮᠠᠲ᠋ᠧᠷᠢᠶᠠᠯ᠎ᠢ ᠨᠠᠢᠷᠠᠭᠤᠯᠤᠨ ᠵᠤᠬᠢᠶᠠᠵᠦ᠂ ᠪᠠᠭᠰᠢ ᠨᠠᠷ᠎ᠲᠤ ᠬᠡᠷᠡᠭᠯᠡᠭᠦᠯᠵᠡᠢ᠃ ᠠᠭᠤᠯᠭ᠎ᠠ᠎ᠶᠢᠨ ᠬᠤᠪᠢ᠎ᠳ᠋ᠤ ᠡᠷᠲᠡᠨ᠎ᠤ ᠰᠢᠯᠦᠭ ᠵᠣᠬᠢᠶᠠᠯ᠎ᠤᠨ ᠵᠢᠭᠢᠷᠢᠭ ᠵᠢᠷᠤᠭ᠋᠂ ᠵᠣᠬᠢᠶᠠᠭᠴᠢ ᠪᠠ ᠵᠣᠬᠢᠶᠠᠨ ᠪᠦᠲᠦᠭᠡᠭᠰᠡᠨ ᠠᠬᠤᠶ ᠪᠠᠶᠢᠳᠠᠯ᠎ᠤᠨ ᠲᠠᠶᠢᠯᠤᠮᠵᠢ᠂ ᠡᠷᠲᠡᠨ᠎ᠤ ᠰᠢᠯᠦᠭ ᠵᠣᠬᠢᠶᠠᠯ᠎ᠢ ᠤᠳᠤ ᠦᠶ᠎ᠠ᠎ᠶᠢᠨ ᠬᠡᠯᠡ᠎ᠪᠠᠷ ᠳᠠᠢᠯᠪᠤᠷᠢᠯᠠᠬᠤ᠂ ᠡᠷᠲᠡᠨ᠎ᠤ ᠰᠢᠯᠦᠭ ᠵᠣᠬᠢᠶᠠᠯ᠎ᠤᠨ ᠤᠩᠰᠢᠯᠭ᠎ᠠ ᠪᠠ ᠨᠠᠷᠠᠲᠤ ᠥᠭᠦᠯᠡᠪᠦᠷᠢ᠎ᠶᠢᠨ ᠵᠠᠳᠠᠯᠤᠯᠲᠠ ᠪᠤᠯᠤᠨ ᠬᠡᠷᠡᠭᠯᠡᠯᠲᠡ ᠵᠡᠷᠭᠡ᠎ᠶᠢ ᠪᠠᠭᠳᠠᠭᠠᠪᠠ᠃ ᠡᠭᠦᠨ᠎ᠡᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ ᠪᠠᠰᠠ ᠲᠤᠰᠬᠠᠢ ᠬᠥᠮᠦᠨ ᠵᠣᠬᠢᠶᠠᠨ ᠪᠠᠶᠢᠭᠤᠯᠵᠤ᠂ ᠰᠢᠯᠦᠭ ᠵᠣᠬᠢᠶᠠᠯ ᠳᠠᠭᠤᠯᠠᠯ ᠳᠠᠭᠤᠷᠠᠢ᠂ ᠡᠷᠳᠡᠮᠲᠡᠨ ᠮᠡᠷᠭᠡᠳ᠂ ᠬᠢᠲᠠᠳ ᠦᠰᠦᠭ ᠬᠢᠭᠡᠳ ᠳᠤᠮᠳᠠᠳᠤ᠎ᠶᠢᠨ ᠰᠣᠶᠣᠯ᠂ ᠴᠥᠭᠡᠨ ᠲᠣᠭᠠᠲᠤ ᠦᠨᠳᠦᠰᠦᠲᠡᠨ᠎ᠤ ᠤᠳᠬ᠎ᠠ ᠵᠣᠬᠢᠶᠠᠯ ᠰᠣᠶᠣᠯ᠎ᠤᠨ ᠰᠣᠩᠭᠣᠳᠠᠭ ᠪᠦᠲᠦᠭᠡᠯ ᠵᠡᠷᠭᠡ 4 ᠬᠡᠰᠡᠭ᠎ᠢᠶᠠᠷ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠵᠥᠪᠯᠡᠯ᠎ᠤᠨ ︽ ᠳᠤᠮᠳᠠᠳᠤ᠎ᠶᠢᠨ ᠰᠣᠩᠭᠣᠳᠠᠭ ᠰᠣᠶᠣᠯ︾᠎ᠤᠨ ᠭᠠᠷᠴᠠᠭ᠎ᠢ ᠨᠠᠷᠢᠨ ᠪᠦᠷᠢᠳᠬᠡᠨ ᠡᠮᠬᠢᠳᠬᠡᠬᠦ᠎ᠶᠢᠨ ᠬᠠᠮᠳᠤ᠂ ᠡᠬᠢ ᠪᠠᠶᠠᠯᠢᠭ ᠪᠦᠷᠢ᠎ᠳ᠋ᠤ ᠰᠦᠯᠵᠢᠶᠡᠨ᠎ᠤ ᠬᠠᠢᠭ ᠵᠠᠯᠭᠠᠭᠤᠯᠪᠠ ᠃ ᠡᠬᠢ ᠪᠠᠶᠠᠯᠢᠭ᠎ᠤᠨ ᠲᠣᠭ᠎ᠠ ᠬᠡᠮᠵᠢᠶ᠎ᠡ᠎ᠨᠢ 603 ᠬᠦᠷᠴᠠᠢ ᠃

ᠥᠪᠡᠷᠲᠡᠭᠡᠨ ᠵᠠᠰᠠᠬᠤ ᠣᠷᠣᠨ᠎ᠤ ᠱᠠᠳᠤᠨ᠎ᠡᠴᠠ ᠲᠠᠪᠴᠠᠩ ᠪᠠᠶᠢᠭᠤᠯᠵᠤ᠂ ᠡᠬᠢ ᠪᠠᠶᠠᠯᠢᠭ᠎ᠤᠨ ᠪᠠᠶᠢᠭᠤᠯᠤᠯᠲᠠ ᠬᠢᠭᠰᠡᠨ᠎ᠡᠴᠠ ᠭᠠᠳᠠᠨ᠎ᠠ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠤᠷᠭᠠᠭᠤᠯᠢ ᠴᠥᠮ ᠪᠣᠳᠠᠲᠤ ᠪᠠᠶᠢᠳᠠᠯ᠎ᠲᠠᠢ᠎ᠪᠠᠨ ᠤᠶᠠᠯᠳᠤᠭᠤᠯᠤᠨ᠂ ᠠᠳᠠᠯᠢ ᠪᠤᠰᠤ ᠣᠨ᠎ᠤ ᠱᠠᠲᠤᠨ᠎ᠳ᠋ᠤ ᠪᠠᠴᠢᠮ ᠬᠡᠷᠡᠭᠰᠡᠬᠦ ᠲᠤᠰᠠᠯᠠᠬᠤ ᠵᠢᠭᠠᠨ ᠰᠤᠷᠭᠠᠯᠲᠠ᠎ᠶᠢᠨ ᠪᠠᠭᠠᠵᠢ᠎ᠶᠢ ᠲᠠᠰᠤᠷᠠᠯᠲᠠ ᠥᠬᠡᠶ ᠬᠤᠳᠠᠯᠳᠤᠨ ᠠᠪᠬᠤ ᠪᠠ ᠰᠤᠳᠤᠯᠤᠨ ᠨᠡᠬᠡᠬᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠳᠤᠮᠳᠠ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ᠎ᠢ ᠰᠢᠢᠳᠪᠤᠷᠢᠯᠡᠪᠡ᠃

6 ᠰᠠᠷ᠎ᠠ᠎ᠳ᠋ᠤ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ᠎ᠡᠴᠠ ᠪᠥᠬᠥ ᠣᠷᠣᠨ᠎ᠤ ︽ ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾᠎ᠳ᠋ᠤ ︽ ᠭᠠᠷᠠᠭ ᠪᠦᠷᠢ ᠨᠢᠭᠡ ᠬᠡᠪᠰᠢᠮᠡᠯ ᠦᠭᠡ᠎ᠶᠢᠨ ᠥᠯᠢᠭᠡᠷ ︵1  6 ᠳ᠋ᠤᠭᠠᠷ ᠤᠨ︶︾ ᠂ ︽ ᠭᠠᠷᠠᠭ ᠪᠦᠷᠢ ᠨᠢᠭᠡ ᠡᠷᠲᠡᠨ᠎ᠤ ᠰᠢᠯᠦᠭ ᠳᠠᠭᠤᠯᠠᠯ ︵ 1  6 ᠳ᠋ᠤᠭᠠᠷ ᠤᠨ︶ ︾ ᠂ ︽ ᠭᠠᠷᠠᠭ ᠪᠦᠷᠢ ᠨᠢᠭᠡ ᠭᠦᠨ ᠤᠬᠠᠭᠠᠨ᠎ᠤ ᠥᠯᠢᠭᠡᠷ ︵ 1  6 ᠳ᠋ᠤᠭᠠᠷ ᠤᠨ︶ ︾ ᠂ ︽ ᠰᠢᠬᠦᠮᠵᠢᠯᠡᠯᠳᠦ ᠨᠤᠮ︾ ᠂ ︽ ᠰᠢᠯᠦᠭᠯᠡᠯᠲᠦ ᠨᠣᠮ︾ ᠂ ︽ ᠶᠡᠬᠡ ᠰᠤᠷᠳᠠᠬᠤᠢ ︾ ︽ ᠬᠡᠪ ᠳᠤᠮᠳᠠᠳᠦ︾ ᠵᠡᠷᠭᠡ᠎ᠶᠢ ᠬᠤᠳᠠᠯᠳᠤᠨ ᠠᠪᠴᠤ ᠦᠭᠬᠦᠨ᠂ ᠳᠤᠮᠳᠠᠳᠤ ᠰᠤᠷᠭᠠᠭᠤᠯᠢ᠎ᠶᠢᠨ ᠲᠡᠦᠬᠡ᠂ ᠳᠤᠮᠳᠠᠳᠤ ᠪᠠᠭ᠎ᠠ ᠰᠤᠷᠭᠠᠭᠤᠯᠢ᠎ᠶᠢᠨ ᠶᠣᠰᠣ ᠮᠣᠷᠠᠯ ᠬᠢᠭᠡᠳ ᠬᠠᠤᠯᠢ᠎ᠪᠠᠷ ᠵᠠᠰᠠᠬᠤᠢ᠎ᠶᠢᠨ ᠲᠤᠰᠬᠠᠶ ᠨᠡᠷ᠎ᠡ ᠲᠣᠮᠢᠶ᠎ᠠ᠎ᠶᠢᠨ ᠭᠠᠷ ᠲᠡᠪᠳᠡᠷ᠎ᠢ ᠭᠠᠷᠭᠠᠵᠤ᠂ ᠰᠤᠷᠭᠠᠭᠤᠯᠢ ᠡᠬᠢᠯᠡᠬᠦ᠎ᠡᠴᠠ ᠡᠮᠦᠨ᠎ᠡ ᠲᠠᠷᠬᠠᠭᠠᠪᠠ᠃ ᠬᠢᠩᠭᠠᠨ ᠠᠶᠢᠮᠠᠭ᠎ᠤᠨ ᠪᠥᠬᠥ ᠠᠶᠢᠮᠠᠭ᠎ᠤᠨ ᠭᠤᠷᠪᠠᠨ ᠬᠢᠴᠢᠶᠡᠯ ᠲᠥᠷᠥᠯ᠎ᠤᠨ ᠰᠢᠯᠢᠳᠡᠭ ᠵᠢᠭᠠᠨ ᠰᠤᠳᠤᠯᠤᠭᠴᠢ ᠪᠠ ᠭᠤᠤᠯᠯᠠᠭᠴᠢ ᠪᠠᠭᠰᠢ᠎ᠶᠢ ᠰᠢᠯᠢᠨ ᠰᠣᠩᠭᠣᠵᠤ ᠨᠠᠶᠢᠷᠠᠭᠤᠯᠤᠨ ᠪᠢᠴᠢᠭᠰᠡᠨ ︽ ᠬᠢᠩᠭᠠᠨ ᠠᠶᠢᠮᠠᠭ᠎ᠤᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠥᠯ᠎ᠤᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢᠨ ᠬᠡᠷᠡᠭᠵᠢᠭᠦᠯᠬᠦ ᠰᠠᠨᠠᠭᠤᠯᠭ᠎ᠠ︾ ᠨᠢᠭᠡᠨᠲᠡ ᠨᠢᠭᠡᠳᠦᠭᠡᠷ ᠹᠷᠣᠨᠲ᠎ᠤᠨ ᠵᠢᠭᠠᠨ ᠰᠤᠷᠭᠠᠯᠲᠠ᠎ᠳ᠋ᠤ ᠥᠷᠭᠡᠨ᠎ᠢᠶᠠᠷ ᠬᠡᠷᠡᠭᠯᠡᠭᠳᠡᠵᠦ᠂ ᠪᠠᠭᠰᠢ᠎ᠶᠢᠨ ᠵᠢᠭᠠᠨ ᠰᠤᠷᠭᠠᠯᠲᠠ᠎ᠶᠢᠨ ᠴᠢᠳᠠᠪᠤᠷᠢ᠎ᠶᠢᠨ ᠲᠦᠪᠰᠢᠨ᠎ᠢ ᠳᠡᠭᠡᠭᠰᠢᠯᠡᠭᠦᠯᠬᠦ᠎ᠳ᠋ᠤ ᠰᠠᠭᠤᠷᠢ ᠪᠠᠲᠤᠯᠠᠭ᠎ᠠ ᠬᠠᠩᠭᠠᠪᠠ᠃ ᠬᠥᠬᠡᠬᠣᠲᠠ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠳᠤᠯᠤᠭᠴᠢ᠎ᠪᠠᠷ ᠭᠣᠣᠯ ᠴᠣᠭᠴᠠ ᠪᠣᠯᠭᠠᠵᠤ᠂ ᠲᠤᠰᠬᠠᠢ ᠮᠡᠷᠭᠡᠵᠢᠯᠲᠡᠨ᠎ᠤ ᠳᠤᠭᠤᠶᠢᠯᠠᠩ ᠪᠠᠶᠢᠭᠤᠯᠵᠤ᠂ ᠰᠤᠷᠤᠭᠴᠢᠳ᠎ᠤᠨ ᠬᠢᠴᠢᠶᠡᠯ᠎ᠤᠨ ᠭᠠᠳᠠᠨᠠᠬᠢ ᠰᠤᠷᠤᠯᠴᠠᠯᠭ᠎ᠠ᠎ᠶᠢᠨ ᠲᠤᠰᠠᠯᠠᠬᠤ ᠨᠣᠮ᠎ᠢ ᠨᠠᠶᠢᠷᠠᠭᠤᠯᠤᠨ ᠪᠢᠴᠢᠬᠦ ᠠᠵᠢᠯ᠎ᠢ ᠢᠳᠡᠪᠬᠢᠲᠡᠢ ᠠᠬᠢᠭᠤᠯᠵᠤ᠂ ︽ ᠡᠷᠲᠡᠨ᠎ᠤ ᠰᠢᠯᠦᠭ ᠳᠠᠭᠤᠯᠠᠯ· ᠪᠢᠴᠢᠭ᠎ᠤᠨ ᠬᠡᠯᠡᠨ᠎ᠤ ᠵᠣᠬᠢᠶᠠᠯ︾᠂ ︽ ᠰᠤᠷᠤᠭᠴᠢᠳ᠎ᠤᠨ ᠬᠢᠴᠢᠶᠡᠯ᠎ᠤᠨ ᠳᠣᠲᠣᠨ᠎ᠠ ᠭᠠᠳᠠᠨᠠᠬᠢ ᠤᠩᠰᠢᠯᠭ᠎ᠠ᠎ᠶᠢᠨ ᠵᠢᠯᠤᠭᠤᠳᠤᠮᠵᠢ︾᠂ ︽ ᠰᠤᠷᠤᠭᠴᠢᠳ᠎ᠤᠨ ᠨᠢᠭᠡᠴᠢ᠎ᠶᠢᠨ ᠰᠤᠷᠤᠯᠴᠠᠯᠭ᠎ᠠ᠎ᠶᠢᠨ ᠵᠢᠯᠤᠭᠤᠳᠤᠮᠵᠢ︾ ᠵᠡᠷᠭᠡ ᠵᠢᠭᠠᠨ ᠰᠤᠷᠭᠠᠯᠲᠠ᠎ᠶᠢᠨ ᠲᠤᠰᠠᠯᠠᠬᠤ ᠨᠣᠮ᠎ᠢ ᠨᠠᠶᠢᠷᠠᠭᠤᠯᠤᠨ ᠬᠡᠪᠯᠡᠪᠡ᠃ ᠣᠷᠳᠣᠰ ᠬᠣᠲᠠ᠎ᠶᠢᠨ ᠦᠦᠰᠢᠨ ᠬᠣᠰᠢᠭᠤᠨ᠎ᠤ ᠰᠤᠷᠭᠠᠨ ᠬᠥᠮᠦᠵᠢᠯ᠎ᠤᠨ ᠲᠣᠪᠴᠢᠶ᠎ᠠ ᠴᠠᠬᠢᠯᠭᠠᠨᠴᠢᠯᠠᠭᠰᠠᠨ ᠰᠤᠷᠭᠠᠨ ᠬᠥᠮᠦᠵᠢᠯ᠎ᠤᠨ ᠬᠡᠪᠯᠡᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠵᠢᠭᠠᠬᠤ ᠮᠠᠲ᠋ᠧᠷᠢᠶᠠᠯ᠎ᠤᠨ ᠢᠵᠢᠯ ᠠᠯᠬᠤᠮᠲᠤ ᠸᠢᠳᠢᠣ᠋᠎ᠶᠢ ᠰᠢᠩᠬᠡᠬᠡᠨ ᠦᠢᠯᠡᠳᠴᠦ᠂ ᠪᠠᠭᠰᠢ ᠨᠠᠷ᠎ᠤᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠢᠵᠢᠯ ᠠᠯᠬᠤᠮᠲᠤ ᠬᠢᠴᠢᠶᠡᠯ᠎ᠤᠨ ᠡᠬᠢ ᠪᠠᠶᠠᠯᠢᠭ᠎ᠤᠨ ᠲᠠᠪᠴᠠᠩ ᠪᠠ ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ᠎ᠤᠨ ᠲᠠᠪᠴᠠᠩ᠎ᠢ ᠠᠰᠢᠬᠯᠠᠬᠤ᠎ᠶᠢ ᠬᠦᠳᠦᠯᠦᠨ ᠵᠢᠯᠤᠭᠤᠳᠪᠠ︔ ︽ ᠳᠤᠮᠳᠠᠳᠤ ᠪᠠᠭ᠎ᠠ ᠰᠤᠷᠭᠠᠭᠤᠯᠢ᠎ᠶᠢᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ᠎ᠤᠨ ᠵᠢᠭᠠᠬᠤ ᠮᠠᠲ᠋ᠧᠷᠢᠶᠠᠯ᠎ᠤᠨ ᠡᠷᠲᠡᠨ᠎ᠤ ᠰᠢᠯᠦᠭ ᠵᠣᠬᠢᠶᠠᠯ᠎ᠤᠨ ᠡᠮᠬᠢᠳᠬᠡᠯ︾᠂ ︽ ᠬᠢᠴᠢᠶᠡᠯ ᠲᠦᠷᠦᠯ᠎ᠤᠨ ᠵᠢᠭᠠᠨ ᠰᠤᠷᠭᠠᠯᠲᠠ᠎ᠶᠢᠨ ᠬᠠᠷᠠᠯᠲᠠ᠎ᠶᠢᠨ ᠬᠦᠦᠷᠨᠢᠯ︾ ᠵᠡᠷᠭᠡ ᠵᠢᠭᠠᠨ ᠰᠤᠷᠭᠠᠯᠲᠠ᠎ᠶᠢᠨ ᠳᠤᠰᠠᠯᠠᠬᠤ ᠮᠠᠲ᠋ᠧᠷᠢᠶᠠᠯ᠎ᠢ ᠨᠠᠶᠢᠷᠠᠭᠤᠯᠤᠨ ᠬᠡᠪᠯᠡᠭᠦᠯᠪᠡ︔ ︽ ᠦᠦᠰᠢᠨ ᠬᠣᠰᠢᠭᠤᠨ᠎ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠤᠨ ᠴᠡᠴᠡᠷᠯᠢᠭ᠎ᠤᠨ ᠰᠢᠯᠢᠳᠡᠭ ᠵᠢᠭᠠᠨ ᠰᠤᠳᠤᠯᠬᠤ ᠵᠢᠱᠢᠶ᠎ᠡ᠎ᠶᠢ ᠰᠢᠯᠢᠨ ᠰᠣᠩᠭᠣᠬᠤ ᠠᠷᠭ᠎ᠠ︾᠎ᠶᠢ ᠨᠡᠶᠢᠲᠡᠯᠡᠵᠦ᠂ ᠪᠠᠭᠰᠢ ᠨᠠᠷ᠎ᠤᠨ ᠪᠤᠳᠤᠵᠤ ᠳᠤᠩᠭᠠᠨ ᠬᠤᠷᠠᠮᠳᠤᠭᠤᠯᠬᠤ᠎ᠶᠢ ᠵᠤᠷᠢᠭᠵᠢᠭᠤᠯᠵᠦ᠂ ᠰᠢᠯᠢᠳᠡᠭ ᠵᠢᠭᠠᠬᠤ᠎ᠶᠢ ᠰᠤᠳᠤᠯᠬᠤ ᠠᠷᠭ᠎ᠠ ᠳᠤᠷᠰᠢᠯᠭ᠎ᠠ᠎ᠶᠢ ᠳᠡᠯᠭᠡᠷᠡᠬᠦᠯᠪᠠ᠃ ᠲᠦᠩᠯᠢᠶᠣᠤ ᠬᠤᠳᠠ᠎ᠶᠢᠨ ᠵᠠᠷᠤᠳ ᠬᠣᠰᠢᠭᠤᠨ᠎ᠤ ᠮᠣᠩᠭᠣᠯ ᠦᠨᠳᠦᠰᠦᠲᠡᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠲᠤᠰ ᠰᠤᠷᠭᠠᠭᠤᠯᠢ᠎ᠶᠢᠨ᠎ᠢᠶᠡᠨ ᠬᠢᠴᠢᠶᠡᠯ ᠰᠤᠷᠤᠯᠭ᠎ᠠ᠎ᠶᠢᠨ ᠪᠠᠶᠢᠳᠠᠯ᠎ᠢᠶᠡᠨ ᠦᠨᠳᠦᠰᠦᠯᠡᠨ ᠨᠠᠶᠢᠷᠠᠭᠤᠯᠤᠭᠰᠠᠨ ︽ ᠬᠡᠯᠡ ᠪᠢᠴᠢᠭ᠎ᠤᠨ ᠰᠠᠭᠤᠷᠢ ᠮᠡᠳᠡᠯᠭᠡ᠎ᠶᠢᠨ ᠶᠠᠰᠤ ᠴᠢᠨᠠᠷ᠎ᠢ ᠪᠠᠶᠢᠴᠠᠭᠠᠬᠤ ᠭᠠᠷ ᠲᠠᠪᠳᠡᠷ︾᠎ᠨᠢ ᠬᠡᠷᠡᠭᠯᠡᠭᠡᠨ᠎ᠤ ᠴᠢᠨᠠᠷ᠎ᠢᠶᠠᠷ ᠮᠠᠰᠢ ᠴᠢᠩᠭ᠎ᠠ ᠪᠠᠢᠯ᠎ᠠ᠃

ᠦᠨᠳᠦᠰᠦᠲᠡᠨ᠎ᠤ ᠭᠠᠵᠠᠷ ᠣᠷᠣᠨ᠎ᠳ᠋ᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠪᠣᠳᠠᠲᠠᠢ ᠪᠠᠶᠢᠳᠠᠯ᠎ᠢ ᠤᠯᠠᠮ ᠴᠢᠨᠠᠭᠰᠢᠳᠠ ᠤᠢᠯᠠᠭᠠᠬᠤ᠎ᠶᠢᠨ ᠲᠥᠯᠥᠭᠡ᠂ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ᠎ᠶᠢ ᠰᠤᠳᠤᠯᠬᠤ ᠲᠠᠰᠤᠭ ᠤᠯᠠᠨ ᠤᠳᠠᠭ᠎ᠠ ᠪᠠᠶᠢᠴᠠᠭᠠᠨ ᠰᠤᠳᠤᠯᠬᠤ ᠠᠵᠢᠯ᠎ᠤᠨ ᠳᠤᠭᠤᠶᠢᠯᠠᠩ᠎ᠢ ᠵᠣᠬᠢᠶᠠᠨ ᠪᠠᠶᠢᠭᠤᠯᠵᠤ ᠪᠦᠬᠦ ᠣᠷᠣᠨ᠎ᠤ ᠡᠯ᠎ᠠ ᠦᠨᠳᠦᠰᠦᠲᠡᠨ᠎ᠤ ᠰᠤᠷᠭᠠᠭᠤᠯᠢ᠎ᠳ᠋ᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠠᠵᠢᠯ᠎ᠤᠨ ᠳᠤᠭᠤᠶᠢᠯᠠᠩ᠎ᠤᠨ ᠪᠦᠷᠢᠯᠳᠦᠬᠦᠨ ᠨᠠᠷ᠂ 2020 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠲᠠᠢ ᠬᠠᠷᠢᠴᠠᠭᠤᠯᠪᠠᠯ᠂ ᠪᠠᠭᠰᠢ ᠨᠠᠷ ᠲᠣᠰ ᠰᠤᠷᠤᠯᠭ᠎ᠠ᠎ᠶᠢᠨ ᠬᠤᠭᠤᠴᠠᠭᠠᠨ᠎ᠳ᠋ᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠤᠨ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠨᠡᠯᠢᠶᠡᠳ ᠰᠠᠶᠢᠲᠤᠷ ᠠᠰᠢᠬᠯᠠᠨ ᠬᠢᠴᠢᠶᠡᠯ ᠪᠡᠯᠡᠳᠬᠡᠬᠦ ᠪᠠ ᠵᠢᠭᠠᠨ ᠰᠤᠷᠭᠠᠯᠲᠠ᠎ᠶᠢ ᠵᠣᠬᠢᠶᠠᠨ ᠪᠠᠶᠢᠭᠤᠯᠬᠤ ᠪᠤᠯᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢᠨ ᠴᠢᠳᠠᠪᠤᠷᠢ᠎ᠨᠢ ᠤᠯᠠᠮ ᠨᠢᠭᠡ ᠠᠯᠬᠤᠮ ᠳᠡᠬᠡᠭᠰᠢᠯᠡᠭᠰᠡᠨ ᠪᠠᠢᠨ᠎ᠠ ᠬᠡᠵᠦ ᠰᠠᠨᠠᠯ ᠨᠢᠭᠡᠳᠡᠢ ᠦᠵᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄
兼容浏览器的HTML页面