ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠬᠦᠦᠷᠨᠢᠯ

2021-08-30 10:32:14

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭᠠᠵᠤ ᠠᠷᠠᠳ ᠲᠦᠮᠡᠨ᠎ᠳ᠋ᠤ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠰᠠᠶᠢᠲᠤᠷ ᠡᠷᠬᠢᠯᠡᠨ᠎ᠡ  ᠮᠠᠨ᠎ᠤ ᠣᠷᠣᠨ ᠨᠢᠭᠡᠳᠦᠯᠲᠡᠶ ᠨᠠ

︽ ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠨᠦᠭᠦᠳ ᠡᠶ᠎ᠡ ᠨᠠᠢᠷᠠᠮᠳᠠᠭᠤ ᠪᠠᠢᠬᠤ᠎ᠶᠢᠨ ᠰᠦᠭ ᠰᠦᠨᠡᠰᠦ ᠮᠥᠨ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠬᠥᠮᠦᠵᠢᠯ᠎ᠡᠴᠠ ᠡᠬᠢᠯᠡᠨ ᠠᠳᠬᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠢᠭᠠᠳ ᠨᠠᠮ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢ ᠪᠦᠬᠦ ᠲᠠᠯ᠎ᠠ᠎ᠪᠠᠷ ᠤᠢᠯᠠᠭᠠᠭᠤᠯᠵᠤ᠂ ᠵᠥᠪ ᠤᠯᠤᠰ ᠤᠷᠤᠨ᠎ᠤ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠤᠢ ᠪᠣᠯᠭᠠᠵᠤ᠂ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠲᠡ᠎ᠶᠢ ᠲᠤᠭ ᠳᠡᠮᠳᠡᠭ ᠲᠣᠳᠣᠷᠬᠠᠢ᠎ᠪᠠᠷ ᠡᠰᠡᠷᠭᠦᠴᠡᠵᠦ᠂ ︿ ᠦᠵᠡᠰᠬᠦᠯᠡᠩᠲᠦ ᠰᠠᠶᠢᠬᠠᠨ ᠥᠪᠥᠷ ᠮᠣᠩᠭᠣᠯ᠎ᠢᠶᠡᠨ ᠪᠦᠳᠦᠭᠡᠨ ᠪᠠᠶᠢᠭᠤᠯᠵᠤ᠂ ᠠᠭᠤᠤ ᠶᠡᠬᠡ ᠳᠤᠮᠳᠠᠳᠤ᠎ᠶᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ﹀ ᠨᠡᠢᠯᠡᠯ ᠬᠦᠴᠦᠨ᠎ᠢ ᠨᠢᠭᠲᠠᠷᠠᠭᠤᠯᠬᠤ ᠬᠡᠷᠡᠭᠲᠡᠢ᠃ ︾ ᠡᠨᠡ ᠵᠢᠯ᠎ᠤᠨ 3 ᠰᠠᠷ᠎ᠠ᠎ᠶᠢᠨ 5᠎ᠤ ᠡᠳᠦᠷ᠂ ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳ᠋ᠤ ᠣᠷᠣᠯᠴᠠᠬᠤ᠎ᠳᠠᠭᠠᠨ ᠴᠢᠬᠤᠯᠠᠴᠢᠯᠠᠪᠠ᠃

ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠪᠣᠯ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳ᠋ᠤ ᠠᠰᠢᠭᠲᠠᠢ᠂ ᠦᠨᠳᠦᠰᠦᠲᠡᠨ᠎ᠤ ᠣᠷᠣᠨ᠎ᠤ ᠠᠵᠢᠯ᠎ᠢ ᠰᠠᠶᠢᠲᠤᠷ ᠬᠢᠬᠦ᠎ᠶᠢᠨ ᠤᠷᠳᠤ ᠬᠤᠭᠤᠴᠠᠭᠠᠨ᠎ᠤ ᠪᠤᠳᠤᠯᠭ᠎ᠠ᠂ ᠦᠨᠳᠦᠰᠦ᠎ᠶᠢ ᠪᠡᠬᠢᠵᠢᠭᠦᠯᠬᠦ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶᠢᠷᠢᠯᠠᠭᠤᠯᠤᠯᠲᠠ᠎ᠶᠢ ᠦᠨᠳᠦᠰᠦᠯᠡᠨ᠂ 2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠡᠴᠠ ᠡᠬᠢᠯᠡᠨ ᠪᠥᠬᠥ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠪᠠᠭ᠎ᠠ ᠰᠤᠷᠭᠠᠭᠤᠯᠢ᠎ᠶᠢᠨ ᠨᠢᠭᠡᠳᠦᠭᠡᠷ᠂ ᠬᠣᠶᠠᠳᠤᠭᠠᠷ ᠣᠨ᠎ᠳ᠋ᠤ ᠴᠦᠮ ᠨᠢᠭᠡᠳᠦᠯᠲᠡᠶ ᠨᠠᠶᠢᠷᠠᠭᠤᠯᠤᠭᠰᠠᠨ ︽ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ︾ ᠂ ︽ ᠬᠡᠯᠡ ᠪᠢᠴᠢᠭ ︾᠎ᠤᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢᠨ ᠬᠠᠮᠲᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠵᠢᠭᠠᠨ ᠰᠤᠷᠭᠠᠨ᠎ᠠ ︔ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡᠳᠦᠭᠡᠷ ᠂ ᠬᠣᠶᠠᠳᠤᠭᠠᠷ ᠣᠨ᠎ᠳ᠋ᠤ ᠴᠥᠮ ᠨᠢᠭᠡᠳᠦᠯᠲᠡᠢ ᠨᠠᠶᠢᠷᠠᠭᠤᠯᠤᠭᠰᠠᠨ ︽ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ︾᠂ ︽ ᠬᠡᠯᠡ ᠪᠢᠴᠢᠭ︾ ᠂ ︽ ᠲᠡᠦᠬᠡ︾᠎ᠶᠢᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢᠨ ᠬᠠᠮᠳᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠵᠢᠭᠠᠨ ᠰᠤᠷᠭᠠᠨ᠎ᠠ︔ ᠨᠥᠬᠥᠴᠡᠯ᠎ᠲᠠᠢ ᠰᠤᠷᠭᠠᠭᠤᠯᠢ᠎ᠨᠢ 2021 ᠣᠨ᠎ᠤ ᠬᠠᠪᠤᠷ᠎ᠤᠨ ᠰᠤᠷᠤᠯᠭ᠎ᠠ᠎ᠶᠢᠨ ᠬᠤᠭᠤᠴᠠᠭᠠᠨ᠎ᠡᠴᠠ ᠬᠡᠷᠡᠭᠯᠡᠪᠡ᠃ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠡᠴᠠ ᠨᠠᠭᠠᠰᠢ᠂ ᠮᠠᠨ᠎ᠤ ᠣᠷᠣᠨ ︽ ᠨᠢᠭᠡ᠎ᠶᠢ ᠪᠣᠯᠪᠠᠰᠤᠷᠠᠩᠭᠤᠶ ᠪᠤᠯᠭᠠᠵᠤ᠂ ᠨᠢᠭᠡ᠎ᠶᠢ ᠲᠦᠯᠬᠢᠨ ᠠᠬᠢᠭᠤᠯᠬᠤ︾ ᠵᠠᠷᠴᠢᠮ᠎ᠢ ᠪᠠᠷᠢᠮᠲᠠᠯᠠᠵᠤ᠂ ᠡᠯ᠎ᠡ ᠭᠠᠵᠠᠷ ᠡᠯ᠎ᠡ ᠰᠤᠷᠭᠠᠭᠤᠯᠢ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠦᠨ᠂ ᠦᠵᠡᠯ ᠤᠬᠠᠮᠰᠠᠷ ᠲᠠᠨᠢᠯᠲᠠ᠎ᠪᠠᠨ ᠴᠢᠩᠭᠠᠳᠬᠠᠵᠤ᠂ ᠬᠠᠷᠠᠯᠲᠠ ᠰᠡᠳᠬᠢᠴᠡ᠎ᠪᠠᠨ ᠲᠣᠳᠣᠷᠬᠠᠶᠢᠯᠠᠨ᠂ ᠠᠷᠭ᠎ᠠ ᠪᠣᠳᠣᠯᠭ᠎ᠠ᠎ᠶᠢ ᠡᠵᠡᠮᠰᠢᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ᠎ᠶᠢ ᠪᠥᠬᠥ ᠬᠦᠴᠦᠨ᠎ᠢᠶᠠᠷ ᠠᠬᠢᠭᠤᠯᠵᠤ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠢᠳᠡᠪᠬᠢᠲᠡᠶ ᠰᠠᠶᠢᠲᠤᠷ ᠬᠢᠪᠠ᠃ 4 ᠰᠠᠷ᠎ᠠ᠎ᠶᠢᠨ 23᠎ᠤ ᠡᠳᠦᠷ ᠪᠣᠯᠲᠠᠯ᠎ᠠ᠂ ᠪᠥᠬᠥ ᠣᠷᠣᠨ᠎ᠤ ᠪᠣᠶ ᠪᠥᠬᠥᠶ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠪᠠᠭ᠎ᠠ ᠰᠤᠷᠭᠠᠭᠤᠯᠢ᠎ᠶᠢᠨ ᠨᠢᠭᠡᠳᠦᠭᠡᠷ ᠤᠨ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡᠳᠦᠭᠡᠷ ᠣᠨ᠎ᠤ ᠰᠤᠷᠭᠠᠭᠤᠯᠢ᠎ᠳ᠋ᠤ ᠰᠤᠷᠤᠯᠴᠠᠵᠤ ᠪᠠᠶᠢᠭ᠎ᠠ 3.47 ᠲᠦᠮᠡᠨ ᠰᠤᠷᠤᠭᠴᠢᠳ᠎ᠲᠤ ᠨᠢᠭᠡᠳᠦᠯᠲᠡᠶ ᠨᠠᠶᠢᠷᠠᠭᠤᠯᠤᠭᠰᠠᠨ ︽ ᠬᠡᠯᠡ ᠪᠢᠴᠢᠭ︾᠂ ︽ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ︾᠂ ︽ ᠲᠡᠦᠬᠡ︾᠎ᠶᠢᠨ ᠵᠢᠭᠠᠬᠤ ᠮᠠᠲ᠋ᠧᠷᠢᠶᠠᠯ᠎ᠢ ᠪᠦᠬᠦᠨ᠎ᠢ ᠳᠡᠯᠭᠡᠷᠡᠭᠦᠯᠦᠨ ᠬᠡᠷᠡᠭᠯᠡᠵᠦ᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ ᠬᠡᠷᠡᠭᠵᠢᠭᠦᠯᠬᠦ ᠲᠥᠯᠥᠪᠯᠡᠭᠡ᠎ᠪᠠᠨ ᠤᠷᠢᠳᠴᠢᠯᠠᠨ ᠪᠡᠶᠡᠯᠡᠭᠦᠯᠪᠡ᠃ ᠬᠡᠰᠡᠭ ᠠᠶᠢᠮᠠᠭ ᠬᠣᠲᠠ ᠪᠠᠰᠠ ᠳᠡᠯᠭᠡᠷᠡᠭᠦᠯᠬᠦ ᠬᠡᠪᠴᠢᠶ᠎ᠡ᠎ᠪᠠᠨ ᠵᠠᠯᠭᠠᠭ᠎ᠠ᠎ᠪᠠᠷ ᠥᠷᠭᠡᠳᠬᠡᠵᠦ᠂ ᠨᠢᠭᠡᠨᠲᠡ ᠪᠤᠰᠤᠳ ᠣᠨ᠎ᠤ 2.43 ᠲᠦᠮᠡᠨ ᠰᠣᠷᠣᠭᠴᠢ᠎ᠳ᠋ᠤ ᠤᠷᠢᠳ᠎ᠢᠶᠠᠷ ᠳᠡᠯᠭᠡᠷᠡᠭᠦᠯᠦᠨ ᠬᠡᠷᠡᠭᠯᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠵᠢᠭᠠᠨ ᠰᠤᠷᠭᠠᠵᠤ ᠪᠠᠶᠢᠨ᠎ᠠ᠃ 5 ᠰᠠᠷ᠎ᠠ᠎ᠶᠢᠨ 6᠎ᠤ ᠡᠳᠦᠷ ᠪᠣᠯᠲᠠᠯ᠎ᠠ ᠂ ᠪᠥᠬᠥ ᠣᠷᠣᠨ᠎ᠤ ᠦᠨᠳᠦᠰᠦᠲᠡᠨ᠎ᠤ ᠬᠡᠦᠬᠡᠳ᠎ᠤᠨ ᠴᠡᠴᠡᠷᠯᠢᠭ᠎ᠤᠨ 5.09 ᠲᠦᠮᠡᠨ ᠬᠡᠦᠬᠡᠳ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ᠎ᠢ ᠬᠡᠷᠡᠭᠯᠡᠵᠦ᠂ ᠪᠦᠬᠦᠨ᠎ᠢ ᠬᠠᠮᠤᠷᠬᠤ᠎ᠶᠢ ᠪᠡᠶᠡᠯᠡᠭᠦᠯᠪᠡ᠃


ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠬᠦᠯᠦᠨ᠎ᠡ


︽ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ᠎ᠶᠢ ᠪᠠᠷᠢᠮᠲᠠᠯᠠᠬᠤ ᠪᠣᠯ ᠮᠠᠨ᠎ᠤ ᠰᠤᠷᠭᠠᠨ ᠬᠥᠮᠦᠵᠢᠯ᠎ᠤᠨ ᠠᠵᠢᠯᠳᠠᠨ ᠨᠢᠭᠡ ᠪᠦᠷᠢ᠎ᠶᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠂ ᠬᠣᠶᠢᠰᠢᠳᠠ᠎ᠶᠢᠨ ᠵᠢᠭᠠᠨ ᠰᠤᠷᠭᠠᠯᠲᠠ᠎ᠶᠢᠨ ᠳᠤᠮᠳᠠ᠎ᠪᠠᠨ ᠪᠢ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠦᠷ᠎ᠡ᠎ᠶᠢ ᠬᠡᠦᠬᠡᠳ᠎ᠤᠨ ᠰᠡᠳᠬᠢᠯ᠎ᠳ᠋ᠤ ᠬᠦᠨ ᠦᠨᠳᠦᠰᠦᠯᠡᠬᠦᠯᠦᠨ᠎ᠡ︾ ᠭᠡᠵᠦ ᠤᠷᠳᠤᠰ ᠬᠤᠳᠠ᠎ᠶᠢᠨ ᠳ᠋ᠦᠩᠱᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭᠠᠭᠤᠯᠢ᠎ᠳ᠋ᠤ ᠰᠢᠨ᠎ᠡ᠎ᠪᠠᠷ ᠠᠵᠢᠯ᠎ᠤᠨ ᠭᠠᠷᠤᠭ᠎ᠠ ᠠᠪᠴᠤ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠬᠡᠯᠡ ᠪᠢᠴᠢᠭ᠎ᠢ ᠵᠢᠭᠠᠬᠤ᠎ᠪᠠᠷ ᠪᠠᠢᠭ᠎ᠠ ᠸᠧᠢ ᠮᠧᠢ ᠯᠢᠩ ᠪᠠᠭᠰᠢ ᠬᠡᠯᠡᠪᠡ᠃ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳ᠋ᠤ ᠂ ᠲᠡᠷᠡ ᠪᠥᠬᠥ ᠣᠷᠣᠨ᠎ᠤ ᠦᠨᠳᠦᠰᠦᠲᠡᠨ᠎ᠤ ᠦᠭᠡ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠥᠯ᠎ᠤᠨ ᠰᠢᠨ᠎ᠡ ᠪᠠᠭᠰᠢ᠎ᠶᠢᠨ ᠰᠦᠯᠵᠢᠶᠡᠨ᠎ᠳ᠋ᠠᠬᠢ ᠪᠣᠯᠪᠠᠰᠤᠷᠠᠯ᠎ᠤᠨ ᠠᠩᠭᠢ ᠪᠠ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ᠎ᠳ᠋ᠤ ᠣᠷᠣᠯᠴᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠶ ᠨᠠᠩ ᠭᠦᠨᠵᠡᠭᠡᠶ ᠣᠶᠢᠯᠠᠭᠠᠯᠲᠠ᠎ᠲᠠᠢ ᠪᠣᠯᠵᠣ᠂ ᠦᠵᠡᠯ ᠤᠬᠠᠮᠰᠠᠷ ᠲᠠᠨᠢᠯᠲᠠ᠎ᠨᠢ ᠤᠯᠠᠮ ᠨᠢᠭᠡ ᠠᠯᠬᠤᠮ ᠳᠡᠭᠡᠭᠰᠢᠯᠡᠪᠡ᠃

ᠦᠵᠡᠯ ᠰᠠᠨᠠᠭ᠎ᠠ ᠪᠣᠯ ᠦᠢᠯᠡ ᠠᠵᠢᠯᠯᠠᠭ᠎ᠠ᠎ᠶᠢᠨ ᠤᠳᠤᠷᠢᠳᠤᠮᠵᠢ ᠮᠥᠨ᠂ ᠲᠠᠨᠢᠯᠲᠠ ᠪᠣᠯ ᠦᠢᠯᠡ ᠠᠵᠢᠯᠯᠠᠭᠠᠨ᠎ᠤ ᠬᠥᠳᠡᠯᠭᠡᠭᠴᠢ ᠬᠦᠴᠦᠨ ᠮᠥᠨ᠃ ᠬᠡᠰᠡᠭ ᠬᠤᠭᠤᠴᠠᠭᠠᠨ᠎ᠤ ᠲᠤᠷᠰᠢ᠂ ᠮᠠᠨ᠎ᠤ ᠣᠷᠣᠨ᠎ᠤ ᠰᠤᠷᠭᠠᠨ ᠬᠥᠮᠦᠵᠢᠯ᠎ᠤᠨ ᠰᠢᠰᠲ᠋ᠧᠮ᠎ᠤᠨ᠎ᠬᠢᠨ ᠤᠨᠤᠯ᠎ᠢᠶᠠᠷ ᠵᠡᠪᠰᠡᠭᠯᠡᠬᠦ᠎ᠪᠠᠨ ᠲᠠᠰᠤᠷᠠᠯᠳᠠ ᠦᠭᠡᠢ ᠴᠢᠩᠭᠠᠳᠬᠠᠵᠤ᠂ ᠪᠠᠯᠠᠷᠬᠠᠢ ᠲᠠᠨᠢᠯᠲᠠ᠎ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠪᠤᠷᠤᠭᠤ ᠲᠠᠨᠢᠯᠲᠠ᠎ᠪᠠᠨ ᠵᠠᠯᠠᠷᠠᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠡᠷᠡᠰ ᠪᠠᠲᠤ᠂ ᠲᠡᠷᠡ ᠬᠡᠪ᠎ᠢᠶᠠᠷ᠎ᠨᠢ ᠨᠠᠶᠢᠳᠠᠪᠤᠷᠢᠵᠢᠭᠤᠯᠬᠤ᠎ᠳ᠋ᠤ ᠦᠵᠡᠯ ᠰᠠᠨᠠᠭᠠᠨ᠎ᠤ ᠰᠠᠭᠤᠷᠢ᠎ᠶᠢ ᠪᠠᠲᠤ ᠴᠣᠭᠴᠠᠯᠠᠪᠠ᠃

ᠨᠢᠳᠤᠨᠤᠨ᠎ᠤ 12 ᠰᠠᠷ᠎ᠠ᠎ᠡᠴᠠ ᠨᠠᠭᠠᠰᠢ᠂ ᠪᠥᠬᠥ ᠣᠷᠣᠨ᠎ᠤ ᠰᠤᠷᠭᠠᠨ ᠬᠥᠮᠦᠵᠢᠯ᠎ᠤᠨ ᠰᠢᠰᠲ᠋ᠧᠮ᠎ᠤᠨ᠎ᠬᠢᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ᠎ᠢ ᠦᠷᠭᠦᠯᠵᠢᠯᠡᠨ ᠥᠷᠨᠢᠭᠦᠯᠵᠦ᠂ ᠪᠥᠬᠥ ᠣᠷᠣᠨ᠎ᠤ ᠥᠷᠭᠡᠨ ᠣᠯᠠᠨ ᠰᠤᠷᠭᠠᠨ ᠬᠥᠮᠦᠵᠢᠯ᠎ᠤᠨ ᠠᠵᠢᠯᠲᠠᠳ᠎ᠢ ᠬᠥᠮᠦᠵᠢᠭᠦᠯᠦᠨ ᠵᠢᠯᠣᠭᠣᠳᠴᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠪᠠᠬᠢ ᠪᠣᠶ ᠪᠣᠯᠭᠠᠵᠤ᠂ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠎ᠶᠢ ᠡᠷᠡᠰ ᠰᠢᠭᠤᠷᠬᠠᠶ᠂ ᠲᠡᠷᠡ ᠬᠡᠪ᠎ᠢᠶᠠᠷ᠎ᠨᠢ ᠨᠠᠶᠢᠳᠠᠪᠤᠷᠢᠵᠢᠭᠤᠯᠵᠤ᠂ ᠪᠥᠬᠥ ᠣᠷᠣᠨ᠎ᠤ ᠰᠤᠷᠭᠠᠨ ᠬᠥᠮᠦᠵᠢᠯ᠎ᠤᠨ ᠰᠢᠰᠲ᠋ᠧᠮ᠎ᠤᠨ ᠪᠣᠶ ᠪᠥᠬᠥᠶ ᠺᠠᠳ᠋ᠷ ᠪᠠᠭᠰᠢ ᠠᠵᠢᠯᠲᠠᠨ ᠪᠦᠬᠦᠨ᠎ᠳ᠋ᠤ ᠪᠤᠯᠪᠠᠰᠤᠷᠠᠯ ᠬᠦᠷᠳᠡᠬᠡᠪᠡ᠃ ᠡᠯ᠎ᠡ ᠭᠠᠵᠠᠷ᠎ᠤᠨ ᠡᠯ᠎ᠡ ᠰᠤᠷᠭᠠᠭᠤᠯᠢ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ︽ ᠳᠥᠷᠪᠡᠨ ᠤᠬᠠᠮᠰᠠᠷ︾᠎ᠢᠶᠡᠨ ᠴᠢᠩᠭᠠᠳᠬᠠᠬᠤ᠂ ︽ ᠳᠥᠷᠪᠡᠨ ᠢᠲᠡᠭᠡᠯ︾᠎ᠢᠶᠡᠨ ᠪᠠᠲᠤᠳᠬᠠᠬᠤ᠂ ︽ ᠬᠣᠶᠠᠷ᠎ᠢ ᠬᠠᠮᠠᠭᠠᠯᠠᠬᠤ︾᠎ᠶᠢ ᠪᠡᠶᠡᠯᠡᠭᠦᠯᠬᠦ᠎ᠶᠢᠨ ᠪᠣᠳᠠᠲᠠᠶ ᠢᠯᠡᠷᠡᠯ ᠪᠣᠯᠭᠠᠵᠤ᠂ ᠨᠠᠮ᠎ᠤᠨ ᠪᠠᠶᠢᠭᠤᠯᠤᠯᠲᠠ᠎ᠶᠢᠨ ᠴᠢᠬᠤᠯᠠ ᠭᠠᠷᠳᠠᠴᠠ ᠪᠣᠯᠭᠠᠨ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠤᠨ ᠵᠠᠪᠠᠯ ᠰᠤᠷᠤᠯᠴᠠᠬᠤ ᠠᠭᠤᠯᠭ᠎ᠠ ᠪᠣᠯᠭᠠᠵᠤ᠂ ᠰᠤᠷᠭᠠᠭᠤᠯᠢ ᠡᠷᠭᠢᠯᠡᠵᠦ ᠰᠤᠷᠭᠠᠭᠤᠯᠢ᠎ᠶᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠥᠬᠥ ᠶᠠᠪᠤᠴᠠ᠎ᠳ᠋ᠤ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭᠠᠭᠰᠠᠨ᠂ ᠰᠢᠨ᠎ᠡ ᠴᠠᠭ ᠦᠶ᠎ᠡ᠎ᠶᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠣᠨᠣᠯ᠎ᠤᠨ ᠬᠢᠴᠢᠶᠡᠯ᠎ᠢ ᠨᠢᠭᠡ ᠴᠣᠭᠴᠠᠵᠢᠭᠤᠯᠬᠤ ᠠᠵᠢᠯ᠎ᠤᠨ ᠰᠢᠰᠲ᠋ᠧᠮ᠎ᠢ ᠪᠠᠶᠢᠭᠤᠯᠤᠨ ᠰᠠᠶᠢᠵᠢᠷᠠᠭᠤᠯᠪᠠ᠃ ᠡᠭᠦᠨ᠎ᠡᠴᠠ ᠭᠠᠳᠠᠨ᠎ᠠ᠂ ︽ ᠨᠠᠮ᠎ᠤᠨ ᠭᠡᠰᠢᠭᠦᠨ ᠪᠠᠭᠰᠢ ᠨᠠᠷ ᠰᠤᠷᠪᠤᠯᠵᠢᠯᠠᠭ᠎ᠠ ᠬᠢᠬᠦ︾᠂ ︽ ᠬᠠᠪᠰᠤᠷᠤᠨ ᠵᠢᠯᠣᠭᠣᠳᠣᠭᠴᠢ ᠬᠡᠷ᠎ᠲᠤᠨᠢ ᠬᠦᠷᠴᠦ ᠰᠤᠷᠪᠤᠯᠵᠢᠯᠠᠭ᠎ᠠ ᠬᠢᠬᠦ︾ ᠵᠡᠷᠭᠡ ᠠᠵᠢᠯᠯᠠᠭ᠎ᠠ᠎ᠪᠠᠷ ᠳᠠᠮᠵᠢᠨ ᠰᠣᠷᠣᠭᠴᠢ᠂ ᠬᠡᠷ᠎ᠤᠨ ᠠᠬᠠᠮᠠᠳ᠎ᠤᠨ ᠳᠤᠮᠳᠠ ᠨᠠᠮ᠎ᠤᠨ ᠰᠤᠷᠭᠠᠨ ᠬᠥᠮᠦᠵᠢᠯ᠎ᠤᠨ ᠴᠢᠭᠯᠡᠯᠲᠡ ᠪᠠ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠤ ᠲᠥᠷᠥ᠎ᠶᠢᠨ ᠪᠣᠳᠣᠯᠭ᠎ᠠ᠎ᠶᠢᠨ ᠲᠤᠬᠠᠶ ᠲᠠᠶᠢᠯᠤᠮᠵᠢ ᠬᠢᠵᠦ᠂ ︽ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ︾ ᠭᠤᠤᠯ ᠰᠡᠳᠦᠪᠲᠦ ᠰᠤᠷᠤᠯᠴᠠᠯᠭ᠎ᠠ᠎ᠶᠢᠨ ᠬᠤᠷᠠᠯ᠂ ᠶᠠᠷᠢᠯᠴᠠᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶᠢᠭᠤᠯᠤᠨ ᠥᠷᠨᠢᠭᠦᠯᠪᠡ᠃ ᠪᠥᠬᠥ ᠣᠷᠣᠨ᠎ᠤ ᠰᠤᠷᠭᠠᠨ ᠬᠥᠮᠦᠵᠢᠯ᠎ᠤᠨ ᠰᠢᠰᠲ᠋ᠧᠮ᠎ᠤᠨ ᠥᠷᠭᠡᠨ ᠣᠯᠠᠨ ᠪᠠᠭᠰᠢ ᠠᠵᠢᠯᠲᠠᠨ ᠵᠢᠴᠢ ᠰᠣᠷᠣᠭᠴᠢ᠂ ᠬᠡᠷ᠎ᠤᠨ ᠠᠬᠠᠮᠠᠳ ᠬᠠᠮᠲᠤ᠎ᠶᠢᠨ ᠲᠠᠨᠢᠯᠲᠠ᠎ᠪᠠᠨ ᠲᠠᠰᠤᠷᠠᠯᠲᠠ ᠥᠬᠡᠶ ᠨᠢᠭᠲᠠᠷᠠᠭᠤᠯᠵᠤ᠂ ᠦᠵᠡᠯ ᠰᠠᠨᠠᠭ᠎ᠠ᠎ᠪᠠᠨ ᠨᠢᠭᠡᠳᠬᠡᠨ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠳ᠋ᠤ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠪᠡ᠃

︽ ᠰᠤᠷᠭᠠᠭᠤᠯᠢ ᠪᠣᠯ ᠨᠡᠶᠢᠭᠡᠮ ᠵᠢᠷᠤᠮ᠎ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ᠎ᠶᠢ ᠬᠥᠮᠦᠵᠢᠭᠦᠯᠬᠦ ᠴᠢᠬᠤᠯᠠ ᠵᠢᠭᠰᠠᠭᠠᠯ᠎ᠤᠨ ᠭᠠᠵᠠᠷ ᠮᠥᠨ᠃ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠴᠤᠭᠴᠠᠯᠠᠬᠤ ᠠᠵᠢᠯ᠎ᠤᠨ ᠡᠮᠦᠨ᠎ᠡ ᠡᠩᠨᠡᠭᠡᠨ᠎ᠳ᠋ᠤ ᠶᠠᠪᠤᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠲᠠᠢ ᠴᠠᠭ ᠦᠶ᠎ᠡ᠎ᠶᠢᠨ ᠰᠢᠨ᠎ᠡ ᠬᠥᠮᠦᠨ᠎ᠢ ᠬᠥᠮᠦᠵᠢᠭᠦᠯᠬᠦ ᠶᠣᠰᠣᠲᠠᠢ᠃ ᠦᠨᠳᠦᠰᠦᠲᠡᠨ᠎ᠤ ᠰᠤᠷᠭᠠᠭᠤᠯᠢ᠎ᠶᠢᠨ ᠵᠠᠬᠢᠷᠤᠯ ᠪᠣᠯᠤᠭᠰᠠᠨ᠎ᠤ ᠬᠤᠪᠢ᠎ᠳ᠋ᠤ᠂ ᠪᠢ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ ᠭᠣᠣᠯ ᠰᠢᠵᠢᠮ᠎ᠢ ᠣᠨᠣᠪᠴᠢᠲᠠᠢ ᠡᠵᠡᠮᠳᠡᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠤᠨ ᠭᠣᠣᠯ ᠵᠢᠭᠰᠠᠭᠠᠯ᠎ᠤᠨ ᠭᠠᠵᠠᠷ᠎ᠢ ᠪᠠᠶᠢᠭᠤᠯᠬᠤ ᠠᠵᠢᠯ᠎ᠢ ᠨᠠᠷᠢᠨ ᠬᠢᠨᠠᠮᠠᠭᠠᠢ ᠰᠠᠶᠢᠲᠤᠷ ᠠᠳᠬᠤᠨ᠎ᠠ︾ ᠭᠡᠵᠦ ᠲᠦᠩᠯᠢᠶᠣᠤ ᠬᠣᠲᠠ᠎ᠶᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ᠎ᠤ ᠤᠰᠤ ᠭᠤᠤᠯ ᠰᠤᠷᠭᠠᠭᠤᠯᠢ᠎ᠶᠢᠨ ᠨᠠᠮ᠎ᠤᠨ ᠡᠭᠦᠷ᠎ᠤᠨ ᠱᠦᠵᠢ ᠂ ᠵᠠᠬᠢᠷᠤᠯ ᠪᠠᠶ ᠹᠦ᠋ ᠴᠢᠤᠸᠠᠨ ᠬᠡᠯᠡᠨ᠎ᠡ᠃


ᠪᠣᠯᠪᠠᠰᠤᠷᠠᠯ ᠵᠢᠭᠠᠨ ᠰᠤᠷᠭᠠᠯᠲᠠ ᠰᠤᠳᠤᠯᠭᠠᠨ᠎ᠤ ᠣᠯᠠᠨ ᠬᠠᠷᠠᠭᠠᠰᠤ᠎ᠡᠴᠠ ᠳᠡᠰ ᠳᠠᠪᠬᠤᠷᠭ᠎ᠠ ᠬᠤᠪᠢᠶᠠᠨ ᠪᠠᠭᠰᠢ᠎ᠶᠢᠨ ᠡᠩᠨᠡᠭᠡ᠎ᠶᠢ ᠪᠦᠷᠢᠨᠰᠢᠬᠦᠯᠦᠨ ᠬᠦᠴᠦᠷᠬᠡᠭᠵᠢᠬᠦᠯᠦᠨ᠎ᠡ


ᠡᠨᠡ ᠵᠣᠨ᠎ᠤ ᠠᠮᠠᠷᠠᠯᠲᠠ᠎ᠳ᠋ᠤ᠂ ᠬᠢᠩᠭᠠᠨ ᠠᠶᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶᠢᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠬᠡᠯᠡ ᠪᠢᠴᠢᠭ᠎ᠤᠨ ᠬᠢᠴᠢᠶᠡᠯ ᠵᠢᠭᠠᠳᠠᠭ ᠸᠧᠶ ᠹᠦ᠋ ᠷᠦᠩ ᠪᠠᠭᠰᠢ ᠤᠭᠳᠤ ᠠᠮᠠᠷᠠᠭᠰᠠᠨ ᠥᠬᠡᠶ᠂ ᠲᠡᠷᠡ ᠲᠠᠰᠤᠷᠠᠯᠲᠠ ᠥᠬᠡᠶ ᠰᠤᠷᠤᠯᠴᠠᠵᠤ ᠦᠪᠡᠷ᠎ᠢ᠎ᠪᠠᠨ ᠳᠡᠬᠦᠯᠳᠡᠷᠵᠢᠬᠦᠯᠪᠡ᠃ ᠲᠡᠷᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠶᠣᠰᠣ ᠰᠤᠷᠳᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠡᠦᠬᠡ᠎ᠶᠢᠨ ᠬᠢᠴᠢᠶᠡᠯ ᠲᠥᠷᠥᠯ᠎ᠤᠨ ︽ ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾᠎ᠶᠢᠨ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠪᠣᠯᠪᠠᠰᠤᠷᠠᠯ᠎ᠤᠨ ᠠᠩᠭᠢ ᠪᠠ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ ᠪᠠᠭᠰᠢ ᠨᠠᠷ᠎ᠤᠨ ᠪᠣᠯᠪᠠᠰᠤᠷᠠᠯ᠎ᠤᠨ ᠠᠩᠭᠢ᠎ᠳ᠋ᠤ ᠣᠷᠣᠯᠴᠠᠪᠠ᠃ ︽ ᠪᠤᠳᠠᠳᠠᠢ ᠪᠠᠢᠳᠠᠯ᠎ᠲᠠᠢ ᠤᠢᠷᠠᠳᠤᠭᠰᠠᠨ ᠭᠣᠶᠢᠳᠠ ᠰᠠᠶᠢᠬᠠᠨ ᠬᠢᠴᠢᠶᠡᠯ ᠪᠠ ᠨᠡᠷ᠎ᠡ ᠲᠦᠷᠦ᠎ᠲᠠᠢ ᠲᠤᠰᠬᠠᠢ ᠮᠡᠷᠭᠡᠵᠢᠯᠲᠡᠨ᠎ᠤ ᠦᠨᠡᠯᠡᠯᠲᠡ᠎ᠶᠢ ᠰᠣᠨᠣᠰᠤᠭᠠᠳ ᠪᠢ ᠮᠠᠰᠢ ᠶᠡᠭᠡ ᠣᠯᠤᠯᠲᠠ ᠲᠦᠷᠦᠭᠳᠡᠯ᠎ᠲᠠᠢ᠂ ᠵᠢᠭᠠᠬᠤ ᠮᠠᠲ᠋ᠧᠷᠢᠶᠠᠯ᠎ᠢ ᠨᠡᠩ ᠨᠡᠪᠲᠡᠷᠬᠡᠢ ᠡᠵᠡᠮᠰᠢᠵᠦ᠂ ᠵᠢᠭᠠᠨ ᠰᠤᠷᠭᠠᠬᠤ ᠴᠢᠳᠠᠪᠤᠷᠢ᠎ᠶᠢᠨ ᠲᠦᠪᠰᠢᠨ ᠴᠦ ᠵᠣᠬᠢᠬᠤ ᠬᠡᠮᠵᠢᠶ᠎ᠡ᠎ᠪᠠᠷ ᠳᠡᠭᠡᠭᠰᠢᠯᠡᠪᠡ᠃ ᠪᠢ ᠰᠤᠷᠴᠤ ᠡᠵᠡᠮᠰᠢᠭᠰᠡᠨ ᠮᠡᠳᠡᠯᠭᠡ᠎ᠪᠠᠨ ᠬᠣᠵᠢᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠳᠤᠮᠳᠠ᠎ᠪᠠᠨ ᠣᠷᠭᠠᠨᠢᠭ᠎ᠢᠶᠠᠷ ᠠᠭᠤᠰᠤᠯᠴᠠᠭᠤᠯᠵᠤ᠂ ᠰᠤᠷᠤᠭᠴᠢᠳ᠎ᠲᠠᠢ᠎ᠪᠠᠨ ᠬᠠᠮᠲᠤ᠎ᠪᠠᠷ ᠳᠠᠪᠰᠢᠬᠤ᠎ᠪᠠᠷ ᠴᠢᠷᠮᠠᠶᠢᠨ᠎ᠠ︾ ᠭᠡᠵᠦ ᠸᠧᠢ ᠹᠦ᠋ ᠷᠦᠩ ᠬᠡᠯᠡᠪᠡ᠃

ᠸᠧᠶ ᠹᠦ᠋ ᠷᠦᠩ᠎ᠲᠠᠢ ᠠᠳᠠᠯᠢ᠎ᠪᠠᠷ᠂ ᠬᠥᠬᠡᠬᠣᠲᠠ᠎ᠶᠢᠨ ᠮᠣᠩᠭᠣᠯ ᠦᠨᠳᠦᠰᠦᠲᠡᠨ᠎ᠤ ᠰᠤᠷᠭᠠᠭᠤᠯᠢ᠎ᠶᠢᠨ ᠪᠠᠭᠰᠢ ᠸᠠᠩ ᠬᠣᠩ ᠶᠢᠩ ᠪᠠᠰᠠ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳ᠋ᠤ ᠪᠥᠬᠥ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠲᠥᠪᠯᠡᠷᠡᠩᠭᠦᠶ ᠪᠣᠯᠪᠠᠰᠤᠷᠠᠯ᠎ᠳ᠋ᠤ ᠣᠷᠣᠯᠴᠠᠭᠰᠠᠨ ᠪᠦᠭᠡᠳ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ᠂ ᠥᠪᠡᠷ᠎ᠤᠨ PPT ᠬᠢᠴᠢᠶᠡᠯ᠎ᠤᠨ ᠲᠥᠰᠦᠪ᠎ᠢᠶᠡᠨ ᠲᠠᠰᠤᠷᠠᠯᠲᠠ ᠥᠬᠡᠶ ᠵᠠᠰᠠᠨ ᠲᠡᠭᠦᠯᠳᠡᠷᠵᠢᠭᠦᠯᠵᠦ᠂ ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠳ᠋ᠤ ᠰᠤᠷᠤᠭᠴᠢᠳ᠎ᠲᠠᠭᠠᠨ ᠨᠠᠩ ᠪᠠᠶᠠᠯᠢᠭ ᠠᠭᠤᠯᠤᠭᠳᠠᠬᠤᠨ᠎ᠲᠠᠢ ᠬᠢᠴᠢᠶᠡᠯ ᠤᠷᠤᠬᠤ᠎ᠪᠠᠷ ᠪᠡᠯᠡᠳᠬᠡᠪᠡ᠃ ᠰᠤᠷᠭᠠᠭᠤᠯᠢ ᠡᠬᠢᠯᠡᠭᠰᠡᠨ᠎ᠤ ᠲᠠᠷᠠᠭ᠎ᠠ᠂ ᠸᠠᠩ ᠬᠣᠩ ᠶᠢᠩ 6 ᠠᠩᠬᠢ᠎ᠶᠢᠨ ᠰᠤᠷᠤᠭᠴᠢᠳ᠎ᠲᠤ ︽ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ︾ ᠬᠢᠴᠢᠶᠡᠯ᠎ᠢ ᠵᠢᠭᠠᠵᠤ᠂ ᠬᠢᠴᠢᠶᠡᠯ᠎ᠤᠨ ᠴᠠᠭ᠎ᠨᠢ ᠭᠠᠷᠠᠭ ᠪᠦᠷᠢ 12 ᠴᠠᠭ ᠪᠠᠢᠭᠰᠠᠨ᠎ᠡᠴᠠ 18 ᠴᠠᠭ ᠪᠣᠯᠵᠤ ᠨᠡᠮᠡᠭᠳᠡᠨ᠎ᠡ᠃ ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠤ ᠠᠩᠬᠠᠨ᠎ᠤ ᠬᠢᠴᠢᠶᠡᠯ᠎ᠳ᠋ᠤ ᠲᠡᠭᠦᠨ᠎ᠤ ᠲᠣᠬᠢᠷᠠᠭᠤᠯᠤᠭᠰᠠᠨ ᠬᠢᠴᠢᠶᠡᠯ᠎ᠤᠨ ᠠᠭᠤᠯᠭ᠎ᠠ ᠪᠣᠯ ︽ ᠤᠯᠤᠰ᠎ᠤᠨ ᠠᠰᠢᠭ ᠲᠤᠰᠠ᠎ᠶᠢ ᠲᠠᠨᠢᠬᠤᠢ︾ ᠪᠣᠯᠤᠨ᠎ᠠ᠂ ᠲᠡᠷᠡ᠎ᠪᠠᠷ ᠣᠯᠢᠮᠫᠢᠺ᠎ᠤᠨ ᠲᠠᠮᠢᠷᠴᠢᠳ᠎ᠤᠨ ᠠᠯᠲᠠᠨ ᠮᠧᠳᠠᠯ ᠤᠯᠤᠭᠰᠠᠨ ᠳᠡᠷᠡ ᠬᠦ ᠬᠤᠷᠤᠮ᠎ᠡᠴᠠ ᠭᠠᠷᠳᠠᠨ ᠶᠠᠷᠢᠬᠤ᠎ᠪᠠᠷ ᠪᠡᠯᠡᠳᠬᠡᠭᠰᠡᠨ ᠪᠠᠢᠵᠠᠢ᠃

ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢ ᠪᠦᠷᠢᠨᠰᠢᠬᠦᠯᠦᠨ ᠬᠦᠴᠦᠷᠬᠡᠭᠵᠢᠭᠦᠯᠬᠦ ᠪᠣᠯ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠎ᠶᠢᠨ ᠰᠠᠭᠤᠷᠢ ᠴᠢᠨᠠᠷᠲᠠᠶ ᠢᠨᠵᠧᠨᠧᠷᠢᠩ ᠪᠣᠯᠤᠨ᠎ᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠨᠠᠷᠢᠨ ᠪᠠᠶᠢᠳᠠᠯ᠎ᠢ ᠵᠢᠭᠰᠠᠭᠠᠨ ᠪᠠᠢᠴᠠᠭᠠᠬᠤ᠎ᠪᠠᠷ ᠳᠡᠮᠵᠢᠨ ᠪᠥᠬᠥ ᠣᠷᠣᠨ᠎ᠳ᠋ᠤ ᠭᠤᠷᠪᠠᠨ ᠬᠢᠴᠢᠶᠡᠯ ᠲᠥᠷᠥᠯ᠎ᠤᠨ ᠪᠠᠭᠰᠢ 1346 ᠳᠤᠲᠠᠭᠳᠠᠵᠤ ᠪᠠᠶᠢᠭ᠎ᠠ᠎ᠶᠢ ᠲᠤᠳᠤᠷᠬᠠᠢᠯᠠᠵᠤ᠂ ᠡᠨᠡ ᠵᠢᠯ᠎ᠤᠨ 6 ᠰᠠᠷ᠎ᠠ᠎ᠶᠢᠨ ᠰᠡᠭᠦᠯᠴᠢ᠎ᠪᠠᠷ ᠪᠦᠬᠦᠨ᠎ᠢ ᠨᠥᠬᠥᠪᠥᠷᠢᠯᠡᠪᠡ᠃ ᠪᠠᠭᠰᠢ᠎ᠶᠢᠨ ᠪᠣᠯᠪᠠᠰᠤᠷᠠᠯ᠎ᠤᠨ ᠲᠠᠯ᠎ᠠ᠎ᠪᠠᠷ᠂ ᠪᠡᠭᠡᠵᠢᠩ᠎ᠤᠨ ᠪᠠᠭᠰᠢ᠎ᠶᠢᠨ ᠶᠡᠬᠡ ᠰᠤᠷᠭᠠᠭᠤᠯᠢ ᠵᠡᠷᠭᠡ ᠣᠷᠣᠨ᠎ᠤ ᠭᠠᠳᠠᠨᠠᠬᠢ ᠥᠨᠳᠥᠷ ᠬᠢᠷᠢ ᠲᠦᠪᠰᠢᠨ ᠪᠥᠬᠥᠶ 14 ᠪᠠᠭᠰᠢ᠎ᠶᠢᠨ ᠶᠡᠬᠡ ᠳᠡᠭᠡᠳᠦ ᠰᠤᠷᠭᠠᠭᠤᠯᠢ᠎ᠶᠢ ᠵᠣᠬᠢᠶᠠᠨ ᠪᠠᠶᠢᠭᠤᠯᠵᠤ᠂ ᠮᠠᠨ᠎ᠤ ᠣᠷᠣᠨ᠎ᠤ 6 ᠪᠠᠭᠰᠢ᠎ᠶᠢᠨ ᠶᠡᠬᠡ ᠳᠡᠭᠡᠳᠦ ᠰᠤᠷᠭᠠᠭᠤᠯᠢ᠎ᠲᠠᠢ ᠬᠠᠮᠵᠢᠯᠴᠠᠨ ᠂ ᠪᠣᠯᠪᠠᠰᠤᠷᠠᠯ ᠬᠦᠷᠳᠡᠭᠡᠬᠦ ᠴᠢᠬᠤᠯᠠᠲᠠᠶ ᠭᠤᠷᠪᠠᠨ ᠬᠢᠴᠢᠶᠡᠯ ᠲᠥᠷᠥᠯ᠎ᠤᠨ 4111 ᠪᠠᠭᠰᠢ᠎ᠶᠢ 3 ᠲᠣᠭᠣᠷᠢᠭ ᠬᠤᠪᠢᠶᠠᠨ ᠦᠷᠭᠦᠯᠵᠢᠯᠡᠨ ᠪᠣᠯᠪᠠᠰᠤᠷᠠᠯ ᠬᠦᠷᠳᠡᠭᠡᠨ᠂ ᠨᠡᠶᠢᠲᠡ 8061 ᠬᠥᠮᠦᠨ ᠤᠳᠠᠭ᠎ᠠ᠎ᠳ᠋ᠤ ᠪᠣᠯᠪᠠᠰᠤᠷᠠᠯ ᠬᠦᠷᠳᠡᠭᠡᠭᠰᠡᠨ ᠪᠠᠢᠨ᠎ᠠ᠃ ᠭᠤᠷᠪᠠᠨ ᠬᠢᠴᠢᠶᠡᠯ ᠲᠥᠷᠥᠯ᠎ᠤᠨ ︽ ᠤᠨᠴᠠ ᠠᠵᠢᠯ᠎ᠤᠨ ᠪᠠᠶᠢᠷᠢ᠎ᠶᠢᠨ ᠪᠠᠭᠰᠢ︾᠎ᠶᠢᠨ ᠲᠤᠰᠬᠠᠶ ᠲᠥᠯᠥᠪᠯᠡᠭᠡ᠎ᠪᠠᠷ ᠤᠷᠢᠵᠤ ᠡᠯᠰᠡᠬᠦ᠎ᠶᠢ ᠬᠡᠷᠡᠭᠵᠢᠭᠦᠯᠵᠦ᠂ 298 ︽ ᠤᠨᠴᠠ ᠠᠵᠢᠯ᠎ᠤᠨ ᠪᠠᠶᠢᠷᠢ᠎ᠶᠢᠨ ᠪᠠᠭᠰᠢ︾ 3 ᠰᠠᠷ᠎ᠠ᠎ᠶᠢᠨ ᠪᠣᠯᠪᠠᠰᠤᠷᠠᠯ᠎ᠢᠶᠠᠷ ᠳᠠᠮᠵᠢᠭᠠᠳ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ ᠰᠤᠷᠭᠠᠭᠤᠯᠢ᠎ᠳ᠋ᠤ ᠬᠦᠷᠴᠦ ᠠᠵᠢᠯ᠎ᠤᠨ ᠪᠠᠶᠢᠷᠢ᠎ᠶᠢ ᠳᠠᠭᠠᠵᠤ ᠳᠠᠳᠤᠯᠭ᠎ᠠ ᠬᠢᠵᠦ᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠡᠯ᠎ᠠ ᠰᠤᠷᠭᠠᠭᠤᠯᠢ᠎ᠳ᠋ᠤ ᠬᠦᠷᠴᠦ ᠵᠢᠭᠠᠨ ᠰᠤᠷᠭᠠᠯᠳᠠ ᠬᠢᠬᠦ ᠪᠤᠯᠤᠨ᠎ᠠ ᠃ ᠪᠠᠭᠰᠢ᠎ᠶᠢᠨ ᠲᠥᠷᠥᠯ᠎ᠤᠨ ᠶᠡᠬᠡ ᠳᠡᠭᠡᠳᠦ ᠰᠤᠷᠭᠠᠭᠤᠯᠢ᠎ᠶᠢᠨ ᠴᠡᠭ ᠲᠣᠭᠲᠠᠭᠠᠨ ᠳᠠᠭᠠᠭᠠᠴᠢᠯᠠᠨ ᠬᠣᠯᠪᠣᠭᠠᠯᠠᠬᠤ᠎ᠶᠢ ᠥᠷᠨᠢᠭᠦᠯᠵᠦ ᠂ 2539 ᠪᠠᠭᠰᠢ ᠰᠣᠷᠣᠭᠴᠢ᠎ᠶᠢ ᠰᠣᠩᠭᠣᠨ ᠲᠣᠮᠢᠯᠠᠵᠤ ᠰᠤᠷᠭᠠᠨ ᠬᠥᠮᠦᠵᠢᠯ᠎ᠢ ᠳᠡᠮᠵᠢᠬᠦ ᠪᠦᠯᠬᠦᠮ᠎ᠢ ᠵᠣᠬᠢᠶᠠᠨ ᠪᠠᠶᠢᠭᠤᠯᠵᠤ ᠤᠢᠷ ‍᠎ᠠ ᠬᠠᠪᠢ᠎ᠶᠢᠨ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ ᠪᠠ ᠬᠡᠦᠬᠡᠳ᠎ᠤᠨ ᠴᠡᠴᠡᠷᠯᠢᠭ᠎ᠢ ᠳᠠᠭᠠᠭᠠᠴᠢᠯᠠᠨ ᠬᠤᠯᠪᠤᠭᠠᠯᠠᠭᠤᠯᠪᠠ᠃ ᠴᠢᠨᠠᠷ ᠰᠠᠢᠳᠠᠢ ᠡᠩ᠎ᠤᠨ ᠰᠤᠷᠭᠠᠭᠤᠯᠢ ᠪᠠ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠰᠤᠷᠭᠠᠭᠤᠯᠢ᠎ᠶᠢ ᠵᠣᠬᠢᠶᠠᠨ ᠪᠠᠶᠢᠭᠤᠯᠤᠨ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠵᠤ᠂ 1475 ᠪᠠᠭᠰᠢ᠎ᠶᠢ ᠬᠠᠷᠢᠯᠴᠠᠨ ᠲᠣᠮᠢᠯᠠᠪᠠ᠃ ᠭᠤᠷᠪᠠᠨ ᠬᠢᠴᠢᠶᠡᠯ ᠲᠥᠷᠥᠯ᠎ᠤᠨ 300 ᠪᠠᠭᠰᠢ᠎ᠶᠢ ᠰᠣᠩᠭᠣᠨ ︽ ᠵᠢᠱᠢᠶ᠎ᠡ ᠦᠵᠡᠭᠦᠯᠬᠦ ᠭᠠᠷᠮᠠᠭᠠᠢ ᠪᠠᠭᠰᠢ︾᠎ᠪᠠᠷ ᠬᠥᠮᠦᠵᠢᠭᠦᠯᠦᠨ ᠪᠣᠯᠪᠠᠰᠤᠷᠠᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ᠎ᠢ ᠪᠠᠳᠠᠷᠠᠭᠤᠯᠪᠠ᠃ ᠪᠦᠬᠦ ᠣᠷᠣᠨ᠎ᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠂ ᠬᠡᠦᠬᠡᠳ᠎ᠤᠨ ᠴᠡᠴᠡᠷᠯᠢᠭ᠎ᠤᠨ ᠠᠵᠢᠯ᠎ᠤᠨ ᠪᠠᠶᠢᠷᠢ᠎ᠳ᠋ᠤ ᠪᠠᠶᠢᠭ᠎ᠠ ᠨᠡᠶᠢᠲᠡᠯᠢᠭ ᠬᠡᠯᠡᠨ᠎ᠤ ᠳᠡᠰ᠎ᠤᠨ ᠦᠨᠡᠮᠯᠡᠯ ᠣᠯᠤᠭ᠎ᠠ ᠦᠭᠡᠢ 16466 ᠪᠠᠭᠰᠢ ᠨᠠᠷ᠎ᠲᠤ ᠪᠣᠯᠪᠠᠰᠤᠷᠠᠯ ᠬᠦᠷᠳᠡᠭᠡᠨ ᠬᠢᠨᠠᠨ ᠰᠢᠯᠭᠠᠬᠤ᠎ᠶᠢ ᠵᠣᠬᠢᠶᠠᠨ ᠪᠠᠶᠢᠭᠤᠯᠵᠤ᠂ ᠣᠳᠣᠬᠠᠨ ᠪᠤᠯᠳᠠᠯ᠎ᠠ 15874 ᠬᠦᠮᠦᠨ ᠨᠡᠶᠢᠲᠡᠯᠢᠭ ᠬᠡᠯᠡᠨ᠎ᠤ ᠬᠢᠷᠢ ᠬᠡᠮ᠎ᠤᠨ ᠳᠡᠰ᠎ᠤᠨ ᠦᠨᠡᠮᠯᠡᠯ ᠣᠯᠵᠠᠢ᠃ ᠣᠯᠠᠨ ᠲᠠᠯ᠎ᠠ᠎ᠪᠠᠷ ᠵᠡᠷᠭᠡ᠎ᠪᠠᠷ ᠠᠳᠬᠤᠨ᠂ ᠨᠠᠢᠯᠠᠯ ᠬᠦᠴᠦᠨ᠎ᠢ ᠪᠦᠷᠢᠯᠳᠦᠭᠦᠯᠵᠦ᠂ ᠪᠥᠬᠥ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠪᠠᠭᠰᠢ ᠨᠠᠷ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠡᠷᠡᠭᠯᠡᠭᠡᠨ᠎ᠤ ᠴᠢᠳᠠᠪᠤᠷᠢ᠎ᠶᠢ ᠪᠦᠷᠢᠯᠳᠦᠭᠦᠯᠵᠦ᠂ ᠵᠢᠭᠠᠬᠤ ᠮᠠᠲ᠋ᠧᠷᠢᠶᠠᠯ ᠪᠠ ᠬᠢᠴᠢᠶᠡᠯ᠎ᠤᠨ ᠪᠠᠷᠢᠮᠵᠢᠶ᠎ᠠ᠎ᠶᠢ ᠤᠶᠢᠯᠠᠭᠠᠨ ᠡᠵᠡᠮᠰᠢᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠡᠢ᠃

ᠪᠠᠭᠰᠢ᠎ᠶᠢᠨ ᠵᠢᠭᠠᠨ ᠰᠤᠷᠭᠠᠬᠤ ᠴᠢᠳᠠᠪᠤᠷᠢ᠎ᠶᠢᠨ ᠬᠢᠷᠢ ᠲᠦᠪᠰᠢᠨ᠎ᠤ ᠳᠡᠭᠡᠭᠰᠢᠯᠡᠯᠲᠡ᠎ᠨᠢ ᠰᠤᠷᠤᠭᠴᠢᠳ᠎ᠤᠨ ᠰᠤᠷᠤᠯᠴᠠᠬᠤ ᠢᠳᠡᠪᠬᠢᠵᠢᠯ᠎ᠢ ᠳᠡᠭᠡᠭᠰᠢᠯᠡᠭᠦᠯᠪᠡ᠃ ︽ ᠪᠠᠭᠰᠢ ᠡ᠂ ᠪᠢ ︿ ᠤᠯᠠᠭᠠᠨ ᠠᠰᠠᠷ᠎ᠤᠨ ᠵᠡᠭᠦᠳᠦᠨ﹀᠎ᠢ ᠳᠠᠬᠢᠨ ᠨᠢᠭᠡ ᠤᠳᠠᠭ᠎ᠠ ᠤᠩᠰᠢᠶ᠎ᠠ ᠭᠡᠵᠦ ᠪᠣᠳᠣᠵᠤ ᠪᠠᠢᠨ᠎ᠠ᠂ ᠪᠢ ᠳᠥᠷᠪᠡᠨ ᠶᠡᠬᠡ ᠨᠡᠷᠡᠳᠦ ᠪᠦᠳᠦᠭᠡᠯ᠎ᠤᠨ ᠲᠠᠲᠠᠬᠤ ᠬᠦᠴᠦᠨ᠎ᠢ ᠦᠨᠡᠬᠡᠷ ᠮᠡᠳᠡᠷᠡᠯ᠎ᠡ︾ ᠂ ︽ ᠥᠭᠦᠯᠡᠯᠭᠡ᠎ᠶᠢᠨ ᠠᠭᠤᠯᠭ᠎ᠠ ᠪᠠᠶᠠᠯᠢᠭ ᠂ ᠭᠤᠤᠯ ᠪᠠᠭᠠᠳᠤᠷ ᠤᠯᠠᠨ᠂ ᠤᠳᠬ᠎ᠠ ᠵᠣᠬᠢᠶᠠᠯ ᠤᠷᠠᠯᠢᠭ᠎ᠤᠨ ᠲᠠᠲᠠᠬᠤ ᠬᠦᠴᠦᠨ᠎ᠨᠢ ᠡᠭᠦᠨ᠎ᠳ᠋ᠤ ᠪᠠᠶᠢᠨ᠎ᠠ᠃ ︾ ᠡᠨᠡ ᠪᠣᠯ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳ᠋ᠤ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠎ᠶᠢᠨ ᠬᠡᠯᠡ ᠪᠢᠴᠢᠭ᠎ᠤᠨ ᠪᠠᠭᠰᠢ ᠴᠧᠨ ᠲᠠᠨ᠎ᠠ᠎ᠶᠢᠨ ᠰᠤᠷᠤᠭᠴᠢ᠎ᠲᠠᠢ᠎ᠪᠠᠨ ᠵᠢᠷᠬᠢᠶ᠎ᠠ᠎ᠪᠠᠷ ᠶᠠᠷᠢᠯᠴᠠᠭᠰᠠᠨ ᠶᠠᠷᠢᠯᠴᠠᠭ᠎ᠠ ᠪᠣᠯᠤᠨ᠎ᠠ᠃ ᠴᠧᠨ ᠳᠠᠨ᠎ᠠ ᠬᠡᠦᠬᠡᠳ᠎ᠤᠳ ᠤᠩᠰᠢᠯᠭ᠎ᠠ᠎ᠳ᠋ᠤ ᠪᠠᠬᠠᠲᠠᠢ ᠪᠣᠯᠤᠭᠰᠠᠨ ᠪᠥᠭᠡᠳ ᠤᠩᠰᠢᠯᠭ᠎ᠠ᠎ᠪᠠᠷ ᠳᠠᠮᠵᠢᠨ ᠰᠣᠩᠭᠣᠳᠠᠭ ᠪᠦᠲᠦᠭᠡᠯ᠎ᠤᠨ ᠷᠢᠳᠢ ᠰᠢᠳᠢ᠎ᠶᠢ ᠣᠶᠢᠯᠠᠭᠠᠵᠤ᠂ ᠤᠩᠰᠢᠬᠤ᠎ᠶᠢᠨ ᠲᠠᠭᠠᠤ ᠰᠡᠳᠬᠢᠨ ᠪᠣᠳᠣᠯᠬᠢᠯᠠᠬᠤ᠎ᠶᠢ ᠠᠭᠠᠵᠢᠮ᠎ᠢᠶᠠᠷ ᠰᠤᠷᠴᠤ ᠡᠬᠢᠯᠡᠭᠰᠡᠨ᠎ᠢ ᠪᠠᠶᠠᠷᠲᠠᠢ ᠣᠯᠵᠤ ᠬᠠᠷᠠᠪᠠ᠃


ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ ᠪᠣᠯᠤᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ ᠠᠷᠠᠳ ᠲᠦᠮᠡᠨ᠎ᠳ᠋ᠤ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠰᠠᠶᠢᠲᠤᠷ ᠡᠷᠬᠢᠯᠡᠨ᠎ᠡ


︽ ᠲᠠᠷᠠᠭᠠᠴᠢ᠎ᠶᠢᠨ ᠠᠯᠬᠤᠮ᠎ᠳ᠋ᠤ᠂ ᠮᠠᠨ᠎ᠤ ᠣᠷᠣᠨ ᠦᠷᠭᠦᠯᠵᠢᠯᠡᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠤᠨ ᠬᠥᠮᠦᠨ ᠬᠥᠮᠦᠵᠢᠭᠦᠯᠬᠦ ᠭᠤᠤᠯ ᠠᠷᠭ᠎ᠠ ᠵᠠᠮ᠎ᠤᠨ ᠦᠶᠯᠡᠳᠦᠯ᠎ᠢ ᠦᠨᠡᠨ ᠬᠦ ᠰᠠᠶᠢᠲᠤᠷ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠤᠨ ᠪᠠᠶᠢᠭᠤᠯᠤᠯᠲᠠ᠎ᠳ᠋ᠤ ᠪᠥᠬᠥ ᠲᠠᠯ᠎ᠠ᠎ᠪᠠᠷ ᠠᠭᠤᠰᠤᠯᠴᠠᠭᠤᠯᠤᠨ᠎ᠠ᠃ ᠡᠭᠦᠨ᠎ᠡᠴᠠ ᠭᠠᠳᠠᠨ᠎ᠠ᠂ ᠪᠢᠳᠡ ︿ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶᠢᠨ ᠬᠥᠮᠦᠵᠢᠯ᠎ᠢ ᠴᠢᠩᠭᠠᠳᠬᠠᠬᠤ ᠠᠵᠢᠯᠯᠠᠭ᠎ᠠ᠎ᠶᠢ ᠪᠦᠬᠦ ᠲᠠᠯ᠎ᠠ᠎ᠪᠠᠷ ᠬᠦᠨᠵᠡᠭᠡᠢ ᠤᠳᠠᠭᠠᠨ ᠲᠠᠭᠠᠭᠠᠮᠠᠭᠠᠢ ᠦᠷᠨᠢᠭᠦᠯᠬᠦ ᠲᠥᠰᠦᠯ ︵ 2021  2025᠎ᠤᠨ ︶ ﹀᠎ᠢ ᠳᠤᠭᠳᠠᠭᠠᠵᠤ᠂ ᠵᠢᠷᠭᠤᠭᠠᠨ ᠶᠡᠬᠡ ᠲᠦᠷᠦᠯ᠎ᠤᠨ ᠲᠤᠰᠬᠠᠢ ᠠᠵᠢᠯᠯᠠᠭ᠎ᠠ᠎ᠶᠢ ᠰᠢᠰᠲ᠋ᠧᠮ᠎ᠲᠠᠢ ᠲᠥᠯᠥᠪᠯᠡᠵᠦ᠂ 20 ᠵᠦᠢᠯ᠎ᠤᠨ ᠪᠣᠳᠠᠲᠠᠢ ᠡᠭᠦᠷᠭᠡ᠎ᠶᠢ ᠲᠣᠳᠣᠷᠬᠠᠶᠢᠯᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂ ᠤᠯᠤᠰ ᠲᠦᠷᠦ᠎ᠶᠢᠨ ᠪᠠᠶᠢᠭᠤᠯᠤᠯᠲᠠ᠂ ᠦᠵᠡᠯ ᠰᠠᠨᠠᠭ᠎ᠠ᠎ᠪᠠᠷ ᠬᠦᠲᠦᠯᠦᠨ ᠳᠠᠭᠠᠭᠤᠯᠬᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠭᠣᠣᠯ ᠰᠡᠳᠦᠪᠲᠦ ᠬᠥᠮᠦᠵᠢᠯ᠂ ᠰᠣᠶᠣᠯ᠎ᠢᠶᠠᠷ ᠬᠥᠮᠦᠨ ᠬᠥᠮᠦᠵᠢᠭᠦᠯᠬᠦ ᠂ ᠨᠡᠶᠢᠭᠡᠮ᠎ᠤᠨ ᠦᠢᠯᠡᠳᠦᠯᠭᠡ ᠵᠡᠷᠭᠡ ᠤᠯᠠᠨ ᠡᠰᠢᠵᠢᠭᠰᠡᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶᠢᠨ ᠬᠥᠮᠦᠵᠢᠯ᠎ᠤᠨ ᠰᠢᠰᠲ᠋ᠧᠮ᠎ᠢ ᠪᠠᠶᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠪᠦᠬᠦ ᠲᠠᠯ᠎ᠠ᠎ᠪᠠᠷ ᠭᠦᠨᠵᠡᠭᠡᠢ ᠠᠬᠢᠭᠤᠯᠵᠤ ᠪᠠᠢᠨ᠎ᠠ︾ ᠬᠡᠵᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ ᠃

ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠡᠴᠠ ᠪᠠᠭᠰᠢ᠎ᠶᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ᠎ᠢ ᠦᠷᠭᠦᠯᠵᠢᠯᠡᠨ ᠰᠠᠶᠢᠲᠤᠷ ᠬᠢᠨ᠎ᠠ᠃ ᠡᠮᠦᠨᠡᠬᠢ ᠬᠤᠭᠤᠴᠠᠭᠠᠨ᠎ᠤ ᠲᠦᠪᠯᠡᠷᠡᠩᠬᠦᠢ ᠪᠣᠯᠪᠠᠰᠤᠷᠠᠯ᠎ᠤᠨ ᠰᠠᠭᠤᠷᠢᠨ ᠳᠡᠭᠡᠷ᠎ᠡ᠂ ᠪᠠᠭᠰᠢ᠎ᠶᠢᠨ ᠪᠠᠢᠩᠭᠤᠵᠢᠭᠰᠠᠨ ᠪᠣᠯᠪᠠᠰᠤᠷᠠᠯ᠎ᠤᠨ ᠲᠥᠯᠥᠪᠯᠡᠭᠡ᠎ᠶᠢ ᠲᠣᠭᠲᠠᠭᠠᠵᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠪᠣᠳᠠᠲᠠᠶ ᠪᠠᠶᠢᠳᠠᠯ ᠪᠠ ᠪᠠᠭᠰᠢ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳ᠋ᠤ ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢᠨ ᠵᠢᠭᠠᠨ ᠰᠤᠷᠭᠠᠯᠲᠠ᠂ ᠵᠢᠭᠠᠨ ᠰᠤᠳᠤᠯᠬᠤ ᠶᠠᠪᠤᠴᠠ᠎ᠳ᠋ᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ᠎ᠯᠦᠭᠡ ᠤᠶᠠᠯᠳᠤᠭᠤᠯᠤᠨ᠂ ᠳᠤᠳᠠᠭᠤᠳᠠᠯ᠎ᠢ ᠨᠥᠬᠥᠪᠥᠷᠢᠯᠡᠬᠦ ᠮᠠᠢᠭ᠎ᠤᠨ ᠲᠤᠰᠬᠠᠶ ᠪᠣᠯᠪᠠᠰᠤᠷᠠᠯ᠎ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ ᠪᠠᠢᠨ᠎ᠠ᠃ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠪᠠᠭᠰᠢ᠎ᠶᠢᠨ ᠨᠡᠶᠢᠲᠡᠯᠢᠭ ᠬᠡᠯᠡᠨ᠎ᠤ ᠪᠣᠯᠪᠠᠰᠤᠷᠠᠯ ᠰᠢᠯᠭᠠᠯᠲᠠ᠎ᠶᠢᠨ ᠠᠵᠢᠯ᠎ᠢ ᠦᠷᠭᠦᠯᠵᠢᠯᠡᠨ ᠰᠠᠶᠢᠲᠤᠷ ᠬᠢᠵᠦ᠂ ᠭᠤᠷᠪᠠᠨ ᠬᠢᠢᠴᠶᠡᠯ ᠲᠥᠷᠥᠯ᠎ᠤᠨ ᠪᠠᠭᠰᠢ᠎ᠳ᠋ᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠵᠢᠭᠠᠨ ᠰᠤᠷᠭᠠᠯᠲᠠ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠬᠢᠴᠢᠶᠡᠯᠯᠡᠬᠦ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠢᠨ᠎ᠠ᠃

 ᠪᠠᠢᠩᠭᠤᠵᠢᠭᠰᠠᠨ ᠵᠢᠭᠠᠨ ᠰᠤᠳᠤᠯᠬᠤ ᠵᠢᠯᠣᠭᠣᠳᠣᠯᠭ᠎ᠠ᠎ᠶᠢ ᠭᠦᠨᠵᠡᠭᠡᠶ ᠠᠬᠢᠭᠤᠯᠤᠨ᠎ᠠ᠃ ᠪᠠᠭᠰᠢ ᠨᠠᠷ ᠬᠢᠴᠢᠶᠡᠯ᠎ᠤᠨ ᠪᠠᠷᠢᠮᠵᠢᠶ᠎ᠠ᠎ᠶᠢ ᠪᠥᠬᠥ ᠲᠠᠯ᠎ᠠ᠎ᠪᠠᠷ ᠣᠶᠢᠯᠠᠭᠠᠬᠤ ᠪᠠ ᠣᠨᠣᠪᠴᠢᠲᠠᠶ ᠡᠵᠡᠮᠰᠢᠬᠦ᠂ ᠵᠢᠭᠠᠬᠤ ᠮᠠᠲ᠋ᠧᠷᠢᠶᠠᠯ᠎ᠢ ᠨᠡᠪᠲᠡᠷᠬᠡᠶ ᠣᠶᠢᠯᠠᠭᠠᠬᠤ᠂ ᠬᠢᠴᠢᠶᠡᠯ᠎ᠤᠨ ᠵᠠᠭᠪᠤᠷ᠎ᠤᠨ ᠵᠢᠭᠠᠬᠤ ᠠᠷᠭ᠎ᠠ᠎ᠶᠢ ᠠᠮᠢᠳᠤᠯᠢᠭ᠎ᠢᠶᠠᠷ ᠬᠡᠷᠡᠭᠯᠡᠬᠦ ᠵᠡᠷᠭᠡ᠎ᠶᠢ ᠭᠤᠤᠯᠳᠠᠯᠭ᠎ᠠ᠎ᠲᠠᠢ ᠵᠢᠯᠣᠭᠣᠳᠴᠤ᠂ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠦᠶᠯᠡᠳᠦᠯᠭᠡ᠎ᠶᠢᠨ ᠴᠢᠳᠠᠪᠤᠷᠢ᠎ᠶᠢᠨ ᠬᠥᠮᠦᠵᠢᠯ᠎ᠢ ᠬᠦᠴᠦᠯᠡᠨ ᠴᠢᠩᠭᠠᠳᠬᠠᠨ᠎ᠠ ᠃

 ᠡᠬᠢ ᠪᠠᠶᠠᠯᠢᠭ᠎ᠤᠨ ᠪᠠᠶᠢᠭᠤᠯᠤᠯᠲᠠ᠎ᠶᠢ ᠲᠠᠰᠤᠷᠠᠯᠲᠠ ᠤᠢᠭᠡᠢ ᠰᠢᠯᠢᠳᠡᠭᠵᠢᠭᠦᠯᠦᠨ ᠪᠦᠷᠢᠨᠰᠢᠬᠦᠯᠦᠨ᠎ᠡ᠃ ︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠲᠥᠷᠥᠯ ᠵᠦᠢᠯ︾᠎ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ᠎ᠤᠨ ᠴᠡᠴᠡᠷᠯᠢᠭ᠎ᠲᠤ ᠬᠢᠴᠢᠶᠡᠯ ᠪᠡᠯᠡᠳᠬᠡᠬᠦ ᠪᠠ ᠬᠢᠴᠢᠶᠡᠯ ᠤᠷᠤᠬᠤ ᠰᠢᠰᠲ᠋ᠧᠮ ᠪᠤᠯᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ᠎ᠶᠢᠨ ᠰᠢᠰᠲ᠋ᠧᠮ᠎ᠢ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠡᠭᠦᠯᠡᠨ ᠲᠠᠪᠴᠠᠩ᠎ᠳ᠋ᠤ ᠲᠦᠰᠢᠭᠯᠡᠨ᠂ ᠭᠤᠷᠪᠠᠨ ᠬᠢᠴᠢᠶᠡᠯ ᠲᠥᠷᠥᠯ᠎ᠤᠨ ᠪᠠᠭᠰᠢ᠎ᠶᠢᠨ ᠰᠦᠯᠵᠢᠶ᠎ᠡ᠎ᠪᠠᠷ ᠰᠤᠳᠤᠯᠤᠨ ᠰᠤᠷᠤᠯᠴᠠᠬᠤ ᠪᠠ ᠰᠦᠯᠵᠢᠶᠡᠨ ᠳᠡᠭᠡᠷ᠎ᠡ ᠵᠢᠭᠠᠨ ᠰᠤᠳᠤᠯᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠰᠦᠯᠵᠢᠶ᠎ᠡ᠎ᠪᠠᠷ ᠵᠢᠭᠠᠨ ᠰᠤᠷᠭᠠᠬᠤ ᠡᠬᠢ ᠪᠠᠶᠠᠯᠢᠭ᠎ᠢ ᠦᠷᠭᠦᠯᠵᠢᠯᠡᠨ ᠨᠡᠭᠡᠭᠡᠨ ᠬᠥᠭᠵᠢᠭᠦᠯᠵᠦ᠂ ᠪᠥᠬᠥ ᠣᠷᠣᠨ᠎ᠤ ᠰᠢᠯᠢᠳᠡᠭ ᠪᠠᠭᠰᠢ ᠨᠠᠷ᠎ᠢ ᠵᠣᠬᠢᠶᠠᠨ ᠪᠠᠶᠢᠭᠤᠯᠵᠤ ᠪᠠᠶᠢᠭᠠᠳ ︽ ᠰᠦᠯᠵᠢᠶᠡᠨ᠎ᠳ᠋ᠠᠬᠢ ᠰᠢᠯᠢᠳᠡᠭ ᠬᠢᠴᠢᠶᠡᠯ︾ ᠸᠢᠳᠢᠣ᠋ ᠬᠢᠴᠢᠶᠡᠯ᠎ᠢ ᠦᠷᠭᠦᠯᠵᠢᠯᠡᠨ ᠰᠢᠩᠭᠡᠭᠡᠨ ᠦᠢᠯᠡᠳᠴᠦ᠂ ︽ ᠠᠵᠢᠯ ᠠᠯᠬᠤᠮᠳᠤ ᠬᠢᠴᠢᠶᠡᠯ᠎ᠤᠨ ᠲᠠᠩᠬᠢᠮ︾᠎ᠤᠨ ᠸᠢᠳᠢᠣ᠋ ᠡᠬᠢ ᠪᠠᠶᠠᠯᠢᠭ᠎ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠰᠤᠷᠭᠠᠨ ᠬᠥᠮᠦᠵᠢᠯ᠎ᠤᠨ ᠶᠠᠮᠤᠨ᠎ᠤ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠤᠨ ᠲᠠᠪᠴᠠᠩ᠎ᠯᠤᠭ᠎ᠠ ᠤᠯᠠᠮ ᠨᠢᠭᠡ ᠠᠯᠬᠤᠮ ᠵᠣᠯᠭᠠᠭᠤᠯᠵᠤ᠂ ᠤᠯᠤᠰ᠎ᠡᠴᠠ ᠴᠢᠨᠠᠷ ᠰᠠᠶᠢᠲᠠᠶ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠲᠠᠰᠤᠷᠠᠯᠲᠠ ᠥᠬᠡᠶ ᠣᠷᠣᠭᠤᠯᠤᠨ ᠠᠪᠴᠢᠷᠠᠨ᠎ᠠ᠃

 ᠬᠠᠪᠰᠤᠷᠤᠯᠴᠠᠭ᠎ᠠ ᠪᠠᠶᠢᠭᠤᠯᠵᠤ ᠬᠠᠮᠲᠤ᠎ᠪᠠᠷ ᠪᠠᠶᠢᠭᠤᠯᠬᠤ ᠪᠠ ᠬᠠᠪᠰᠤᠷᠤᠨ ᠲᠡᠳᠬᠦᠬᠦ᠎ᠶᠢ ᠦᠷᠭᠦᠯᠵᠢᠯᠡᠨ ᠥᠷᠨᠢᠭᠦᠯᠦᠨ᠎ᠡ᠃ ᠴᠢᠨᠠᠷ ᠰᠠᠶᠢᠲᠠᠶ ᠡᠩ᠎ᠤᠨ ᠰᠤᠷᠭᠠᠭᠤᠯᠢ ᠬᠢᠭᠡᠳ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠨᠤᠭᠤᠳ᠎ᠤᠨ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠵᠤ᠂ ᠬᠠᠮᠲᠤ᠎ᠪᠠᠷ ᠪᠠᠶᠢᠭᠤᠯᠬᠤ᠎ᠶᠢ ᠦᠷᠭᠦᠯᠵᠢᠯᠡᠨ ᠠᠬᠢᠭᠤᠯᠵᠤ᠂ ᠬᠠᠷᠢᠯᠴᠠᠨ ᠪᠠᠭᠰᠢ ᠲᠣᠮᠢᠯᠠᠬᠤ ᠡᠷᠴᠢᠮ᠎ᠢᠶᠡᠨ ᠴᠢᠩᠭᠠᠷᠠᠭᠤᠯᠤᠨ᠂ ᠬᠠᠮᠲᠤ᠎ᠶᠢᠨ ᠵᠢᠭᠠᠨ ᠰᠤᠳᠤᠯᠬᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠨᠠᠷᠠᠲᠤ ᠪᠠᠭᠰᠢ ᠱᠠᠪᠢ ᠳᠠᠭᠠᠭᠤᠯᠬᠤ ᠠᠵᠢᠯᠯᠠᠭ᠎ᠠ᠎ᠶᠢ ᠥᠷᠨᠢᠭᠦᠯᠦᠨ᠂ ᠪᠠᠭᠰᠢ᠎ᠶᠢᠨ ᠲᠥᠷᠥᠯ᠎ᠤᠨ ᠶᠡᠬᠡ ᠳᠡᠭᠡᠳᠦ ᠰᠤᠷᠭᠠᠭᠤᠯᠢ᠎ᠨᠤᠭᠤᠳ ᠴᠡᠭ ᠲᠣᠭᠲᠠᠭᠠᠨ ᠳᠠᠭᠠᠭᠠᠴᠢᠯᠠᠨ ᠬᠣᠯᠪᠣᠭᠠᠯᠠᠬᠤ᠂ ᠳᠠᠳᠤᠯᠭ᠎ᠠ ᠬᠢᠵᠦ ᠰᠤᠷᠭᠠᠨ ᠬᠥᠮᠦᠵᠢᠯ᠎ᠢ ᠳᠡᠮᠵᠢᠭᠦ ᠵᠡᠷᠭᠡ᠎ᠶᠢ ᠦᠷᠭᠦᠯᠵᠢᠯᠡᠨ ᠬᠡᠷᠡᠭᠵᠢᠭᠦᠯᠵᠦ᠂ ᠵᠢᠭᠠᠨ ᠰᠤᠷᠭᠠᠯᠳᠠ᠎ᠶᠢᠨ ᠰᠤᠳᠤᠯᠤᠨ ᠶᠠᠷᠢᠯᠴᠠᠬᠤ ᠪᠠ ᠬᠠᠪᠰᠤᠷᠤᠨ ᠲᠡᠳᠬᠦᠬᠦ᠎ᠶᠢ ᠪᠠᠢᠩᠭᠤ ᠥᠷᠨᠢᠭᠦᠯᠦᠨ᠎ᠡ᠃

ᠨᠠᠮ᠎ᠤᠨ ᠲᠥᠯᠥᠭᠡ ᠬᠥᠮᠦᠨ ᠬᠥᠮᠦᠵᠢᠭᠦᠯᠵᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ᠎ᠤᠨ ᠰᠢᠰᠲ᠋ᠧᠮ᠎ᠢ ᠲᠦᠷᠭᠡᠪᠴᠢᠯᠡᠨ ᠪᠠᠶᠢᠭᠤᠯᠤᠨ᠎ᠠ᠃ ︽ ᠠᠷᠪᠠᠨ ᠳᠥᠷᠪᠡᠳᠦᠭᠡᠷ ᠲᠠᠪᠤᠨ ᠵᠢᠯ︾᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳ᠋ᠤ᠂ ᠮᠠᠨ᠎ᠤ ᠣᠷᠣᠨ ᠨᠠᠮ᠎ᠤᠨ ᠰᠤᠷᠭᠠᠨ ᠬᠥᠮᠦᠵᠢᠯ᠎ᠤᠨ ᠠᠵᠢᠯ᠎ᠳ᠋ᠠᠬᠢ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠦᠨᠡᠨ ᠬᠦ ᠴᠢᠩᠭᠠᠳᠬᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ᠎ᠶᠢ ᠪᠥᠬᠥ ᠲᠠᠯ᠎ᠠ᠎ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ᠎ᠤᠨ ᠰᠢᠰᠲ᠋ᠧᠮ᠎ᠢ ᠬᠦᠴᠦᠯᠡᠨ ᠪᠠᠶᠢᠭᠤᠯᠵᠤ᠂ ᠠᠷᠠᠳ ᠲᠦᠮᠡᠨ᠎ᠳ᠋ᠤ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠰᠠᠶᠢᠲᠤᠷ ᠡᠷᠬᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面