2021-09-06 08:58:56
ᠥᠪᠥᠷ ᠮᠣᠩᠭᠣᠯ᠎ᠤᠨ ᠡᠸᠠᠩᠭᠢ ᠬᠤᠰᠢᠭᠤᠨ᠎ᠤ ᠰᠢᠨᠡᠭᠡᠨ ᠪᠠᠷᠠᠭᠤᠨ ᠰᠤᠮᠤᠨ᠎ᠤ ᠳ᠋ᠠᠰᠢ᠂ ᠰᠸᠴᠤᠸᠠᠨ᠎ᠤ ᠯᠢᠲ᠋ᠠᠩᠤᠨ ᠳ᠋ᠠᠨᠽᠠᠨ ᠭᠡᠳ ᠨᠠᠩ ᠤᠯᠠᠨ ᠵᠠᠯᠠᠭᠤᠴᠤᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠢᠨᠲ᠋ᠸᠷ ᠰᠦᠯᠵᠢᠶᠡᠨ᠎ᠤ ᠲᠠᠪᠴᠠᠩ᠎ᠳ᠋ᠤ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢᠶᠡᠨ ᠪᠣᠷᠣᠯᠠᠭᠤᠯᠤᠨ ᠡᠳᠦᠷ ᠲᠤᠳᠤᠮ᠎ᠤᠨ ᠠᠮᠢᠳᠤᠷᠠᠯ᠎ᠢᠶᠡᠨ ᠰᠢᠭᠤᠳ ᠨᠡᠪᠲᠡᠷᠡᠭᠦᠯᠵᠦ᠂ ᠥᠪᠡᠷ᠎ᠢ᠎ᠪᠠᠨ ᠢᠯᠡᠷᠡᠭᠦᠯᠬᠦ᠂ ᠥᠪᠡᠷ᠎ᠢ᠎ᠪᠠᠨ ᠬᠥᠭᠵᠢᠭᠦᠯᠬᠦ ᠨᠡᠩ ᠤᠯᠠᠨ ᠠᠵᠠ ᠲᠣᠬᠢᠶᠠᠯ ᠣᠯᠵᠦ ᠬᠦᠰᠡᠯ ᠵᠡᠭᠦᠳᠦ᠎ᠪᠠᠨ ᠲᠡᠷᠭᠡᠯᠰᠢᠭᠦᠯᠵᠤ ᠪᠤᠢ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠬᠤᠪᠢ ᠬᠥᠮᠦᠨ᠎ᠤ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠵᠠᠮ᠎ᠢᠶᠡᠨ ᠰᠠᠶᠢᠲᠤᠷ ᠳᠡᠪᠢᠰᠬᠦ᠎ᠳ᠋ᠤ ᠠᠰᠢᠭᠲᠠᠢᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ᠎ᠤ ᠬᠥᠭᠵᠢᠯ ᠴᠡᠴᠡᠭᠯᠡᠯ᠂ ᠤᠯᠤᠰ᠎ᠤᠨ ᠬᠥᠭᠵᠢᠯᠲᠡ᠎ᠳ᠋ᠤ ᠠᠤᠭ᠎ᠠ ᠬᠦᠴᠦᠨ᠎ᠢ ᠨᠢᠭᠲᠠᠷᠠᠭᠤᠯᠤᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃
ᠤᠯᠤᠰ ᠤᠷᠤᠨ᠎ᠤ ᠬᠦᠴᠦᠷᠬᠡᠭᠵᠢᠯ᠎ᠨᠢ ᠬᠥᠮᠦᠨ᠎ᠳ᠋ᠤ᠂ ᠴᠢᠳᠠᠪᠤᠷᠢᠲᠠᠨ ᠪᠤᠯᠬᠤ᠎ᠶᠢᠨ ᠠᠨᠢᠰᠦ᠎ᠨᠢ ᠰᠤᠷᠤᠯᠴᠠᠬᠤ᠎ᠳ᠋ᠤ ᠪᠤᠢ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳ᠋ᠤ ᠠᠪᠴᠤ ᠬᠡᠯᠡᠪᠡᠯ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠠᠶᠢᠲᠤᠷ ᠰᠤᠷᠤᠯᠴᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠬᠡᠷᠡᠭᠯᠡᠬᠦ᠎ᠨᠢ ᠶᠢᠷᠳᠢᠨᠴᠤ᠎ᠶᠢᠨ ᠴᠣᠩᠬᠣ᠎ᠶᠢ ᠨᠡᠭᠡᠭᠡᠵᠦ᠂ ᠮᠡᠳᠡᠭᠡ ᠵᠠᠩᠭᠢ᠎ᠶᠢᠨ ᠬᠢᠵᠠᠭᠠᠷᠳᠠᠯᠢ ᠲᠠᠪᠠᠵᠦ ᠮᠡᠳᠡᠯᠭᠡ ᠬᠦᠷᠳᠡᠬᠦ ᠰᠤᠷᠠᠭ ᠵᠠᠩᠭᠢ ᠤᠯᠬᠤ ᠠᠷᠭ᠎ᠠ ᠵᠠᠮ᠎ᠢᠶᠡᠨ ᠥᠷᠭᠡᠳᠬᠡᠵᠦ᠂ ᠨᠡᠩ ᠥᠷᠭᠡᠨ ᠠᠭᠤᠳᠠᠮ ᠣᠷᠣᠨ ᠵᠠᠢ᠎ᠶᠢ ᠢᠯᠡᠷᠡᠬᠦᠯᠵᠤ᠂ ᠨᠡᠩ ᠥᠷᠭᠡᠨ ᠠᠭᠤᠳᠠᠮ ᠬᠥᠭᠵᠢᠯᠲᠡ᠎ᠶᠢᠨ ᠣᠷᠣᠨ ᠵᠠᠢ᠎ᠶᠢ ᠨᠡᠭᠡᠭᠡᠵᠦ ᠪᠣᠯᠤᠨ᠎ᠠ︔ ᠭᠠᠵᠠᠷ ᠣᠷᠣᠨ᠎ᠤ ᠬᠢᠵᠠᠭᠠᠷᠳᠠᠯᠢ ᠲᠠᠪᠠᠵᠦ ᠲᠡᠷᠢᠭᠦᠨ᠎ᠤ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠰᠤᠷᠤᠯᠴᠠᠵᠤ᠂ ᠨᠡᠩ ᠲᠥᠪ ᠭᠣᠣᠯᠴᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ᠎ᠢ ᠬᠦᠷᠲᠡᠵᠦ᠂ ᠴᠢᠳᠠᠪᠤᠷᠢ᠎ᠪᠠᠨ ᠲᠡᠭᠡᠭᠰᠢᠯᠡᠬᠦᠯᠵᠦ᠂ ᠦᠰᠦᠨ ᠪᠣᠶᠢᠵᠢᠬᠤ᠂ ᠴᠢᠳᠠᠪᠤᠷᠢᠲᠠᠨ ᠪᠣᠯᠬᠤ᠂ ᠠᠮᠵᠢᠯᠲᠠ ᠤᠯᠬᠤ᠎ᠳ᠋ᠤ ᠰᠠᠷᠠᠭᠤᠯ ᠲᠠᠷᠳᠡᠩ ᠵᠠᠮ ᠲᠠᠪᠢᠰᠬᠦ ᠪᠣᠯᠤᠨ᠎ᠠ︔ ᠬᠤᠪᠢ ᠬᠥᠮᠦᠨ᠎ᠤ ᠬᠠᠷᠢᠯᠴᠠᠵᠤ ᠶᠠᠪᠤᠯᠴᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠷᠢᠯᠴᠠᠭᠠᠨ᠎ᠤ ᠰᠠᠭᠠᠳ᠎ᠢ ᠲᠠᠪᠠᠵᠦ᠂ ᠦᠢᠯᠡᠳᠪᠦᠷᠢᠯᠡᠯ ᠠᠮᠢᠳᠤᠷᠠᠯ᠎ᠳ᠋ᠤ᠎ᠨᠢ ᠳᠥᠭᠥᠮ ᠪᠤᠯᠵᠤ᠂ ᠨᠠᠩ ᠭᠣᠢᠳᠠ ᠰᠠᠶᠢᠬᠠᠨ ᠠᠮᠢᠳᠤᠷᠠᠯ᠎ᠢ ᠴᠤᠭᠴᠠᠯᠠᠵᠦ ᠪᠣᠯᠤᠨ᠎ᠠ᠃
ᠦᠭᠡ ᠬᠡᠯᠡ ᠨᠡᠪᠲᠡᠷᠡᠯᠴᠡᠬᠦ ᠪᠣᠯ ᠬᠥᠮᠦᠰ᠎ᠤᠨ ᠬᠣᠭᠣᠷᠣᠨᠳᠣ᠎ᠪᠠᠨ ᠤᠢᠯᠠᠭᠠᠯᠴᠠᠵᠦ ᠤᠯᠤᠯᠴᠠᠬᠤ᠎ᠶᠢᠨ ᠵᠠᠩᠭᠢᠯᠠᠭ᠎ᠠ ᠮᠥᠨ᠂ ᠦᠭᠡ ᠬᠡᠯᠡ ᠨᠡᠪᠲᠡᠷᠡᠯᠴᠡᠬᠦ ᠦᠭᠡᠢ ᠪᠣᠯ ᠰᠤᠯᠢᠯᠴᠠᠨ ᠨᠡᠪᠲᠡᠷᠡᠯᠴᠡᠬᠦ᠎ᠳ᠋ᠤ ᠪᠡᠷᠭᠡ᠂ ᠬᠠᠷᠢᠯᠴᠠᠨ ᠣᠶᠢᠯᠠᠭᠠᠵᠤ ᠬᠠᠮᠲᠤ᠎ᠶᠢᠨ ᠲᠠᠨᠢᠯᠲᠠ᠎ᠲᠠᠢ ᠪᠣᠯᠬᠤ᠎ᠳ᠋ᠤ ᠪᠡᠷᠬᠡ ᠪᠣᠯᠤᠨ᠎ᠠ᠃ ︽ ᠠᠭᠤᠯᠠ ᠤᠰᠤᠨ᠎ᠤ ᠬᠠᠢᠷ᠎ᠠ︾ ᠬᠡᠰᠡᠨ ᠲᠸᠯᠸᠢᠰ ᠵᠦᠴᠦᠭᠡ᠎ᠳ᠋ᠤ ᠹᠦᠵᠢᠶᠠᠨ᠎ᠤ ᠲᠤᠰᠠᠯᠠᠨ ᠪᠠᠶᠢᠭᠤᠯᠬᠤ ᠺᠠᠳ᠋ᠷ ᠴᠧᠨ᠎ᠶᠢᠨ ᠱᠠᠨ ᠪᠤᠯᠤᠨ ᠨᠢᠩᠰᠢᠶᠠ᠎ᠶᠢᠨ ᠲᠤᠬᠠᠢ᠎ᠶᠢᠨ ᠭᠠᠵᠠᠷ᠎ᠤᠨ ᠬᠥᠮᠦᠰ᠎ᠤᠨ ᠬᠤᠭᠤᠷᠤᠨᠳᠤᠬᠢ ᠨᠢᠭᠡ ᠭᠡᠰᠡᠭ ᠬᠦᠴᠢᠷ ᠪᠡᠷᠬᠡᠰᠢᠶᠡᠯ᠎ᠲᠠᠢ ᠶᠠᠷᠢᠯᠴᠠᠭ᠎ᠠ᠎ᠨᠢ ᠬᠥᠮᠦᠰ᠎ᠲᠤ ᠭᠦᠨ ᠰᠠᠭᠤᠭᠳᠠᠯ ᠦᠯᠡᠳᠡᠭᠡᠭᠰᠡᠨ ᠪᠠᠢᠳᠠᠭ᠋᠄ ︽ ᠡᠯᠡᠰᠦ᠎ᠶᠢ ᠵᠠᠰᠠᠬᠤ᠎ᠶᠢ ᠰᠤᠳᠤᠯᠬᠤ︾ ᠭᠡᠰᠡᠨ᠎ᠢ ︽ ᠪᠡᠶ᠎ᠡ᠎ᠪᠠᠨ ᠬᠣᠣᠷᠯᠠᠬᠤ᠎ᠶᠢ ᠰᠤᠳᠤᠯᠬᠤ︾ ᠬᠡᠵᠦ᠂ ︽ ᠮᠦᠬᠦ᠎ᠶᠢᠨ ᠡᠪᠡᠰᠦ︾ ᠭᠡᠰᠡᠨ᠎ᠢ ︽ ᠠᠯᠳᠠᠨ ᠡᠪᠡᠰᠦ︾ ᠭᠡᠵᠦ ᠡᠨᠳᠡᠬᠦᠦ ᠪᠤᠷᠤᠭᠤ ᠰᠤᠨᠤᠰᠴᠤ ᠲᠦᠭᠦᠭᠡᠷᠡᠵᠦ ᠪᠠᠢᠯ᠎ᠠ᠃ ᠡᠨᠡ᠎ᠨᠢ ᠦᠭᠡ ᠬᠡᠯᠡ ᠨᠡᠪᠲᠡᠷᠡᠯᠴᠡᠬᠦ ᠦᠭᠡᠢ᠎ᠶᠢᠨ ᠭᠠᠢ ᠵᠤᠪᠠᠯᠠᠩ᠎ᠢ ᠠᠮᠢᠳᠤᠯᠢᠭ᠎ᠢᠶᠠᠷ ᠢᠯᠡᠳᠭᠡᠪᠡ᠃ ᠦᠭᠡ ᠬᠡᠯᠡ ᠨᠡᠪᠳᠡᠷᠡᠯᠴᠡᠪᠡᠯ ᠰᠠᠶᠢ ᠲᠠᠨᠢᠯᠳᠠ ᠨᠢᠭᠡᠳᠴᠤ ᠰᠡᠳᠬᠢᠯ ᠬᠠᠮᠳᠤᠷᠠᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠠᠶᠢ ᠨᠡᠩ ᠰᠠᠢᠨ᠎ᠢᠶᠠᠷ ᠰᠣᠯᠢᠯᠴᠠᠨ ᠠᠭᠤᠰᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠬᠥᠭᠵᠢᠨ ᠴᠡᠴᠡᠭᠯᠡᠵᠦ᠂ ᠬᠠᠮᠲᠤ᠎ᠪᠠᠷ ᠴᠢᠨᠡᠭᠡᠯᠢᠭᠵᠢᠵᠦ ᠴᠢᠳᠠᠨ᠎ᠠ᠃
ᠥᠨᠳᠤᠰᠤ᠎ᠶᠢ ᠬᠥᠨ ᠬᠠᠳᠬᠤᠵᠤ ᠰᠦᠨᠠᠰᠤ᠎ᠶᠢ ᠱᠤᠭᠤᠵᠤ᠂ ᠣᠶᠤᠨ ᠤᠬᠠᠭᠠᠨ᠎ᠢ ᠬᠡᠬᠡᠷᠡᠭᠦᠯᠦᠨ ᠨᠡᠮᠡᠭᠳᠡᠭᠦᠯᠤᠨ᠎ᠡ᠃ ᠠᠵᠤ ᠠᠬᠤᠢ ᠨᠡᠶᠢᠭᠡᠮ᠎ᠢ ᠬᠥᠭᠵᠢᠬᠦᠯᠬᠦ᠎ᠳ᠋ᠤ ᠴᠦ ᠲᠡᠷᠡ᠂ ᠰᠣᠶᠣᠯ᠎ᠤᠨ ᠬᠦᠴᠦᠷᠬᠡᠭ ᠤᠯᠤᠰ᠎ᠢ ᠪᠠᠶᠢᠭᠤᠯᠬᠤ᠎ᠳ᠋ᠤ ᠴᠤ ᠲᠡᠷᠡ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠢᠨ ᠰᠠᠶᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭᠠᠬᠤ᠎ᠳ᠋ᠤ ᠴᠤ ᠲᠡᠷᠡ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ᠎ᠢ ᠰᠢᠢᠳᠪᠦᠷᠢᠯᠡᠬᠦ᠎ᠳ᠋ᠤ ᠴᠦ ᠲᠡᠷᠡ᠂ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠰᠡᠨ᠎ᠡ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠨ ᠬᠡᠷᠡᠭᠯᠡᠪᠡᠯ ᠰᠠᠶᠢ ᠲᠠᠰᠤᠷᠠᠯᠳᠠ ᠦᠭᠡᠢ ᠬᠥᠭᠵᠢᠨ ᠲᠠᠪᠰᠢᠵᠤ᠂ ᠴᠤᠴᠠᠯᠲᠠ ᠦᠭᠡᠢ ᠤᠷᠤᠭᠰᠢᠯᠠᠬᠤ ᠬᠦᠴᠦᠨ ᠴᠢᠳᠠᠯ᠎ᠢ ᠨᠢᠭᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠬᠥᠯᠭᠡ ᠣᠩᠭᠣᠴᠠᠨ᠎ᠤ ᠳᠠᠪᠠᠯᠭᠠᠨ᠎ᠢ ᠵᠦᠰᠦᠨ ᠳᠠᠷᠪᠠᠭᠤᠯ ᠬᠡᠶᠢᠰᠬᠡᠨ ᠬᠤᠯᠠ ᠠᠶᠠᠯᠠᠬᠤ᠎ᠶᠢ ᠠᠬᠢᠭᠤᠯᠵᠤ ᠴᠢᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃