2021-09-02 08:55:57
︽ ᠦᠨᠳᠦᠰᠦᠲᠡᠨ᠎ᠨᠦᠭᠦᠳ᠎ᠤᠨ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ᠎ᠳ᠋ᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ᠎ᠶᠢ ᠠᠬᠢᠭᠤᠯᠬᠤ ᠬᠡᠷᠡᠭᠳᠠᠢ︾᠃
ᠤᠪ ᠤᠯᠠᠭᠠᠨ ᠠᠨᠠᠷ᠎ᠨᠢ ᠡᠷᠲᠡᠨ᠎ᠡᠴᠠ ᠠᠪᠤᠭᠠᠳ ᠶᠡᠷᠦ᠎ᠨᠢ ᠵᠣᠯ ᠵᠢᠷᠭᠠᠯ᠎ᠤᠨ ᠪᠡᠯᠭᠡᠳᠡᠯ ᠪᠤᠯᠤᠨ᠎ᠠ᠃ ᠰᠤᠪᠤᠳ ᠮᠠᠨ᠎ᠤ ᠮᠡᠲᠦ ᠠᠨᠠᠷ᠎ᠤᠨ ᠦᠷᠡᠨᠦᠭᠦᠳ ᠨᠢᠭᠡ ᠳᠤᠤᠷ᠎ᠠ ᠪᠥᠭᠡᠮᠨᠡᠷᠡᠵᠦ᠂ ᠡᠶ᠎ᠠ ᠵᠤᠬᠢᠴᠠᠯ᠎ᠲᠠᠢ ᠤᠷᠤᠰᠢᠵᠤ ᠪᠠᠢᠬᠤ᠎ᠶᠢᠨ ᠰᠢᠯᠳᠠᠭᠠᠨ᠎ᠨᠢ ᠳᠡᠳᠡ ᠰᠢᠮ᠎ᠡ ᠲᠡᠵᠢᠭᠡᠯ᠎ᠢ ᠲᠡᠭᠰᠢᠬᠡᠨ ᠬᠤᠪᠢᠶᠠᠯᠴᠠᠵᠤ᠂ ᠲᠡᠩᠴᠡᠭᠦᠷᠢᠲᠡᠶ ᠦᠰᠦᠨ ᠪᠣᠶᠢᠵᠢᠵᠤ ᠴᠢᠳᠠᠳᠠᠭ᠎ᠡᠴᠠ ᠪᠤᠯᠵᠠᠢ᠃ ᠡᠨᠡ᠎ᠨᠢ ᠶᠠᠭ ᠮᠠᠨ᠎ᠤ 56 ᠦᠨᠳᠦᠰᠦᠲᠡᠨ᠎ᠢᠶᠠᠷ ᠪᠦᠷᠢᠯᠳᠦᠭᠰᠡᠨ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ᠎ᠲᠠᠢ ᠠᠳᠠᠯᠢ᠎ᠪᠠᠷ᠂ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠶᠢᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠰᠠᠢᠨ ᠰᠠᠶᠢᠬᠠᠨ ᠢᠷᠡᠭᠡᠳᠦᠢ ᠵᠦᠭ ᠬᠠᠮᠲᠤ᠎ᠪᠠᠷ ᠤᠷᠤᠭᠰᠢᠯᠠᠵᠤ ᠪᠠᠢᠨ᠎ᠠ᠃ ᠦᠨᠳᠦᠰᠦᠲᠡᠨ᠎ᠤ ᠪᠦᠯᠬᠦᠮᠳᠡᠯ ᠨᠥᠬᠥᠷᠯᠡᠯ ᠪᠣᠯ ᠳᠤᠮᠳᠠᠳᠤ᠎ᠶᠢᠨ ᠦᠨᠳᠦᠰᠦᠲᠡᠨ᠎ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ ᠭᠡᠳᠡᠭ᠎ᠢ ᠡᠨᠡ ᠬᠦ ᠤᠷᠠᠨ ᠳᠦᠷᠰᠦᠯᠡᠯ᠎ᠢᠶᠠᠷ ᠠᠮᠢᠳᠤᠯᠢᠭ ᠳᠤᠰᠬᠠᠭᠰᠠᠨ ᠪᠠᠶᠢᠨ᠎ᠠ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠥᠮ ᠦᠨᠳᠦᠰᠦᠲᠡᠨ᠎ᠤ ᠪᠦᠯᠬᠦᠮᠳᠡᠯ᠎ᠢ ᠨᠢᠳᠦ᠎ᠪᠠᠨ ᠬᠠᠶᠢᠷᠠᠯᠠᠬᠤ ᠰᠢᠭ᠎ᠢᠶᠠᠷ ᠬᠠᠶᠢᠷᠠᠯᠠᠨ ᠬᠠᠮᠠᠭᠠᠯᠠᠵᠤ᠂ ᠥᠪᠡᠷ᠎ᠤᠨ ᠠᠮᠢ ᠨᠠᠰᠤ᠎ᠪᠠᠨ ᠨᠠᠨᠳᠢᠩᠨᠠᠬᠤ ᠰᠢᠭ᠎ᠢᠶᠠᠷ ᠨᠠᠨᠳᠢᠩᠨᠠᠬᠤ ᠬᠡᠷᠡᠭᠲᠡᠢ᠃
ᠦᠨᠳᠦᠰᠦᠲᠡᠨ᠎ᠤ ᠪᠦᠯᠬᠦᠮᠳᠡᠯ᠎ᠨᠢ ᠨᠡᠷᠡᠨ᠎ᠤ ᠭᠡᠷᠡᠯ᠂ ᠠᠭᠠᠷ ᠪᠠ ᠤᠰᠤ ᠮᠡᠲᠦ᠂ ᠦᠯᠦ ᠮᠡᠳᠡᠬᠦ ᠪᠠᠢᠳᠠᠯ ᠳᠤᠤᠷ᠎ᠠ ᠬᠦᠮᠦᠰ᠎ᠲᠤ ᠠᠰᠢᠭ ᠬᠦᠷᠳᠡᠭᠡᠵᠤ᠂ ᠬᠡᠷᠪᠡ ᠦᠭᠡᠢ ᠪᠤᠯᠴᠢᠬᠠᠪᠠᠯ ᠬᠦᠮᠦᠰ ᠣᠷᠣᠰᠢᠨ ᠲᠣᠭᠲᠠᠨᠢᠵᠤ ᠴᠢᠳᠠᠬᠤ ᠦᠭᠡᠢ ᠪᠤᠯᠤᠨ᠎ᠠ᠃ ᠦᠨᠳᠦᠰᠦᠲᠡᠨ᠎ᠤ ᠪᠦᠯᠬᠦᠮᠳᠡᠯ᠎ᠤᠨ ᠠᠮᠢᠵᠢᠷᠠᠯ᠎ᠤᠨ ᠬᠦᠴᠦᠨ᠎ᠨᠢ ᠦᠢᠯᠡᠳᠦᠯᠭᠡ᠎ᠳ᠋ᠤ ᠪᠠᠶᠢᠳᠠᠭ᠋᠂ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ᠎ᠶᠢᠨ ᠪᠦᠷᠢᠯᠳᠦᠬᠦᠨ ᠨᠢᠭᠡ ᠪᠦᠷᠢ ᠰᠡᠳᠬᠢᠯ ᠲᠠᠯᠪᠢᠨ ᠬᠠᠮᠠᠭᠠᠯᠠᠵᠤ ᠪᠡᠶ᠎ᠡ᠎ᠪᠠᠷ᠎ᠢᠶᠡᠨ ᠴᠢᠷᠮᠠᠶᠢᠨ ᠬᠢᠬᠦ ᠴᠢᠬᠤᠯᠠᠳᠠᠢ᠃ ᠤᠷᠳᠤ ᠬᠤᠭᠤᠴᠠᠭᠠᠨ᠎ᠤ ᠲᠤᠷᠰᠢ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠵᠢᠷᠦᠬᠡ᠎ᠪᠠᠨ ᠬᠣᠯᠪᠣᠵᠤ᠂ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠰᠦᠷ ᠳᠠᠯᠠᠶᠢᠴᠠᠲᠠᠢ ᠬᠦᠴᠦᠨ᠎ᠢ ᠨᠢᠭᠲᠠᠷᠠᠭᠤᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ ᠰᠠᠢᠨ ᠰᠠᠶᠢᠬᠠᠨ ᠠᠮᠢᠳᠤᠷᠠᠯ᠎ᠲᠠᠢ ᠪᠣᠯᠵᠠᠢ᠃ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ᠎ᠳ᠋ᠤ᠂ ᠨᠢᠭᠡ ᠦᠨᠳᠦᠰᠦᠲᠡᠨ᠎ᠢ ᠴᠦ ᠣᠷᠬᠢᠭᠳᠠᠭᠤᠯᠵᠤ ᠪᠣᠯᠬᠤ ᠦᠭᠡᠢ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠵᠢᠷᠦᠬᠡ᠎ᠪᠠᠨ ᠬᠣᠯᠪᠣᠵᠤ᠂ ᠪᠦᠯᠬᠦᠮᠳᠡᠨ ᠲᠡᠮᠡᠴᠡᠪᠡᠯ ᠯᠠᠪᠲᠠᠢ ᠳᠤᠮᠳᠠᠳᠤ᠎ᠶᠢᠨ ᠦᠨᠳᠦᠰᠦᠲᠡᠨ᠎ᠤ ᠰᠠᠢᠨ ᠰᠠᠶᠢᠬᠠᠨ ᠢᠷᠡᠭᠡᠳᠦᠢ᠎ᠶᠢ ᠬᠠᠮᠲᠤ᠎ᠪᠠᠷ ᠴᠣᠭᠴᠠᠯᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠵᠦ ᠴᠢᠳᠠᠨ᠎ᠠ᠃
ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠶᠢᠷᠠᠮᠳᠠᠭᠤ᠎ᠶᠢᠨ ᠰᠦᠭ ᠰᠦᠨᠡᠰᠦ ᠮᠥᠨ᠃ ᠠᠳᠠᠯᠢᠬᠠᠨ ᠦᠰᠦᠭ ᠪᠢᠴᠢᠭ᠂ ᠠᠳᠠᠯᠢᠬᠠᠨ ᠦᠭᠡ ᠬᠡᠯᠡ᠂ ᠠᠳᠠᠯᠢᠬᠠᠨ ᠰᠡᠳᠭᠢᠯ᠎ᠲᠠᠢ ᠪᠠᠢᠬᠤ ᠬᠡᠷᠡᠭᠳᠠᠢ᠃ ᠦᠭᠡ ᠬᠡᠯᠡ ᠨᠡᠪᠲᠡᠷᠡᠯᠴᠡᠪᠡᠯ ᠰᠠᠶᠢ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠣᠶᠢᠯᠠᠭᠠᠯᠴᠠᠵᠤ᠂ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠭᠦᠨ ᠵᠤᠵᠠᠭᠠᠨ ᠨᠥᠬᠥᠷᠯᠡᠯ ᠪᠠᠶᠢᠭᠤᠯᠵᠤ᠂ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠢ ᠨᠡᠩ ᠰᠠᠶᠢᠲᠤᠷ ᠬᠠᠮᠠᠭᠠᠯᠠᠵᠤ ᠴᠢᠳᠠᠨ᠎ᠠ᠃ ᠡᠨᠡ ᠬᠦ ᠤᠳᠬ᠎ᠠ᠎ᠡᠴᠠ ᠠᠪᠴᠤ ᠬᠡᠯᠡᠪᠡᠯ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠬᠡᠷᠡᠭᠯᠡᠬᠦ ᠪᠣᠯ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ᠎ᠶᠢᠨ ᠪᠦᠷᠢᠯᠳᠦᠬᠦᠨ ᠨᠢᠭᠡ ᠪᠦᠷᠢ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠬᠠᠮᠰᠠᠷ᠎ᠡᠴᠠ᠎ᠪᠠᠨ ᠡᠭᠦᠷᠭᠡᠯᠡᠪᠡᠯ ᠵᠣᠬᠢᠬᠤ ᠲᠠᠷᠬᠠᠨ ᠡᠭᠦᠷᠭᠡ ᠬᠠᠷᠢᠭᠤᠴᠠᠯᠭ᠎ᠠ ᠮᠥᠨ᠃
ᠰᠢᠨ᠎ᠡ ᠴᠠᠭ ᠦᠶ᠎ᠡ ᠪᠣᠯ ᠬᠥᠮᠦᠨ ᠨᠢᠭᠡ ᠪᠦᠷᠢ᠎ᠶᠢᠨ᠎ᠬᠢ ᠶᠤᠮ᠂ ᠬᠥᠮᠦᠨ ᠨᠢᠭᠡ ᠪᠦᠷᠢ ᠴᠥᠮ ᠰᠢᠨ᠎ᠡ ᠴᠠᠭ ᠦᠶ᠎ᠡ᠎ᠶᠢᠨ ᠭᠡᠷᠡᠴᠢᠯᠡᠭᠴᠢ᠂ ᠡᠭᠦᠳᠦᠭᠴᠢ᠂ ᠪᠦᠳᠦᠭᠡᠨ ᠪᠠᠶᠢᠭᠤᠯᠤᠭᠴᠢ ᠮᠥᠨ᠃ ᠬᠥᠮᠦᠨ ᠨᠢᠭᠡ ᠪᠦᠷᠢ ᠴᠥᠮ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ︽ ᠠᠨᠠᠷ᠎ᠤᠨ ᠦᠷ᠎ᠡ︾ ᠮᠥᠨ᠃ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠎ᠳ᠋ᠤ ᠪᠡᠶ᠎ᠠ᠎ᠪᠠᠷ᠎ᠢᠶᠡᠨ ᠲᠦᠷᠦᠭᠦᠯᠡᠨ ᠬᠢᠵᠤ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠬᠡᠷᠡᠭᠯᠡᠬᠦ᠎ᠡᠴᠠ ᠡᠬᠢᠯᠡᠨ ᠬᠢᠬᠦ ᠬᠡᠷᠡᠭᠲᠡᠢ᠃ ᠬᠥᠮᠦᠨ ᠪᠦᠬᠦᠨ ︽ ᠠᠨᠠᠷ᠎ᠤᠨ ᠦᠷ᠎ᠡ︾ ᠪᠤᠯᠲᠠᠭ ᠯᠠ ᠶᠤᠮ ᠪᠣᠯ ᠦᠨᠳᠦᠰᠦᠲᠡᠨ᠎ᠨᠦᠭᠦᠳ᠎ᠤᠨ ᠰᠠᠶᠢᠨ ᠰᠠᠶᠢᠬᠠᠨ ᠠᠮᠢᠳᠤᠷᠠᠯ᠎ᠢ ᠬᠠᠮᠲᠤ᠎ᠪᠠᠷ ᠪᠠᠶᠢᠭᠤᠯᠬᠤ ᠠᠮᠢᠳᠤᠯᠢᠭ ᠪᠠᠶᠢᠳᠠᠯ ᠨᠠᠩ ᠪᠡᠬᠢᠵᠢᠬᠦ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃