2021-09-03 10:00:00
ᠰᠠᠷᠠᠭᠤᠯ ᠳᠠᠷᠳᠠᠩ ᠱᠦᠢᠨᠢ ᠵᠠᠮ ᠭᠠᠴᠠᠭ᠎ᠠ ᠲᠣᠰᠬᠣᠨ᠎ᠡᠴᠠ ᠰᠤᠨᠤᠯᠵᠠᠵᠦ᠂ ᠨᠤᠲᠤᠭ᠎ᠤᠨ ᠣᠨᠴᠠ ᠭᠠᠷᠤᠯᠲᠠ᠎ᠪᠠᠨ ᠪᠥᠬᠥ ᠤᠯᠤᠰ ᠪᠠ ᠳᠡᠯᠡᠬᠡᠶ᠎ᠶᠢᠨ ᠡᠯ᠎ᠡ ᠭᠠᠵᠠᠷ᠎ᠲᠤ ᠬᠦᠷᠭᠡᠨ᠎ᠡ︔ ᠭᠢᠯᠪᠠᠭᠠᠨ ᠮᠡᠳᠦ ᠲᠦᠷᠭᠡᠨ ᠢᠨᠲ᠋ᠧᠷ ᠰᠦᠯᠵᠢᠶ᠎ᠡ᠎ᠪᠠᠷ ᠲᠠᠯ᠎ᠠ ᠨᠤᠲᠤᠭ᠎ᠢ ᠬᠤᠯᠪᠤᠵᠤ᠂ ᠤᠯᠠᠨ ᠵᠦᠢᠯ᠎ᠤᠨ ᠮᠡᠳᠡᠭᠡ ᠵᠠᠩᠭᠢ᠎ᠪᠠᠷ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠢ ᠭᠡᠷᠡᠯᠲᠦᠭᠦᠯᠦᠨ᠎ᠠ︔ ᠭᠡᠭᠡᠨ ᠰᠠᠷᠠᠭᠤᠯ ᠬᠢᠴᠢᠶᠡᠯ᠎ᠤᠨ ᠭᠡᠷ᠎ᠡᠴᠠ ᠨᠣᠮ ᠤᠩᠰᠢᠬᠤ ᠲᠠᠭᠤᠨ ᠬᠠᠩᠭᠢᠨᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ ᠪᠠᠶᠠᠷ ᠬᠦᠷ᠎ᠲᠠᠢ᠎ᠪᠠᠷ ᠲᠤᠭᠯᠠᠯᠳᠠᠨ ᠰᠠᠭᠠᠳ ᠦᠭᠡᠢ ᠨᠡᠪᠳᠡᠷᠡᠯᠴᠡᠨᠠ ᠁ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠡᠳᠦᠷ ᠢᠷᠡᠬᠦᠶ᠎ᠡ ᠭᠦᠨᠵᠡᠭᠡᠶᠢᠷᠡᠬᠦ᠎ᠶᠢ ᠲᠠᠭᠠᠯᠳᠤᠨ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠂ ᠬᠠᠮᠲᠤ᠎ᠪᠠᠷ ᠬᠥᠭᠵᠢᠨ ᠲᠠᠪᠰᠢᠬᠤ ᠪᠣᠳᠠᠲᠤ ᠬᠡᠷᠡᠭᠴᠡᠭᠡ ᠪᠣᠯᠵᠠᠢ᠃
︽ ᠴᠢᠮ᠎ᠠ᠎ᠳ᠋ᠤ ᠨᠢᠭᠡ ᠠᠯᠮᠤᠷᠠᠳ ᠪᠤᠢ᠂ ᠨᠠᠳᠠ᠎ᠳᠤ ᠨᠢᠭᠡ ᠠᠯᠮᠤᠷᠠᠳ ᠪᠤᠢ᠂ ᠬᠤᠶᠠᠭᠤᠯᠠ᠎ᠪᠠᠨ ᠰᠣᠯᠢᠯᠴᠠᠪᠠᠯ᠂ ᠬᠥᠮᠦᠨ ᠪᠦᠷᠢ᠎ᠳ᠋ᠤ ᠮᠦᠨ ᠨᠢᠭᠡ ᠠᠯᠮᠤᠷᠠᠳ ᠦᠯᠡᠳᠡᠨᠠ︔ ᠳᠠ ᠨᠢᠭᠡ ᠵᠤᠢᠯ᠎ᠤᠨ ᠦᠵᠡᠯ ᠰᠠᠨᠠᠭ᠎ᠠ᠎ᠲᠠᠢ᠂ ᠪᠢ ᠨᠢᠭᠡ ᠵᠤᠢᠯ᠎ᠤᠨ ᠦᠵᠡᠯ ᠰᠠᠨᠠᠭ᠎ᠠ᠎ᠲᠠᠢ᠂ ᠪᠢᠳᠡ ᠰᠣᠯᠢᠯᠴᠠᠪᠠᠯ᠂ ᠬᠥᠮᠦᠨ ᠪᠤᠯᠭᠠᠨ ᠬᠣᠶᠠᠷ ᠵᠤᠢᠯ᠎ᠤᠨ ᠦᠵᠡᠯ ᠰᠠᠨᠠᠭ᠎ᠠ᠎ᠲᠠᠢ ᠪᠤᠯᠤᠨ᠎ᠠ︾ ᠃ ᠦᠨᠳᠦᠰᠦᠲᠡᠨ᠎ᠤ ᠲᠠᠪᠰᠢᠯᠳᠠ᠂ ᠨᠡᠶᠢᠭᠡᠮ ᠪᠣᠯᠤᠨ ᠬᠤᠪᠢ ᠬᠥᠮᠦᠨ᠎ᠤ ᠬᠥᠭᠵᠢᠯᠲᠡ᠎ᠨᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠡᠴᠠ ᠰᠠᠯᠵᠤ ᠴᠢᠳᠠᠰᠢ ᠦᠭᠡᠢ᠂ ᠭᠡᠬᠦ᠎ᠳ᠋ᠡᠭᠡᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠨᠢ ᠬᠠᠷᠢᠯᠴᠠᠨ ᠤᠢᠯᠠᠭᠠᠯᠴᠠᠨ ᠤᠯᠤᠯᠴᠠᠬᠤ᠎ᠪᠠᠷ ᠤᠷᠢᠲᠠᠯ ᠪᠣᠯᠭᠠᠬᠤ ᠴᠢᠬᠤᠯᠠᠲᠠᠢ ᠶᠤᠮ᠃ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠳ᠋ᠤ ︽ ᠠᠯᠳᠠᠨ ᠲᠦᠯᠬᠢᠭᠦᠷ︾ ᠠᠳᠬᠤᠭᠤᠯᠵᠦ᠂ ᠲᠡᠳᠡᠨ᠎ᠤ ᠨᠡᠩ ᠴᠢᠨᠠᠷ ᠰᠠᠶᠢᠲᠠᠢ ᠣᠳᠣᠬᠢᠴᠢᠯᠠᠭᠰᠠᠨ ᠰᠤᠷᠭᠠᠨ ᠬᠥᠮᠦᠵᠢᠯ ᠬᠦᠷᠳᠡᠬᠦ᠂ ᠨᠡᠩ ᠥᠷᠭᠡᠨ ᠠᠭᠤᠳᠠᠮ ᠳᠡᠯᠡᠬᠡᠢ ᠶᠢᠷᠲᠢᠨᠴᠦ᠎ᠶᠢ ᠬᠠᠶᠢᠨ ᠰᠦᠪᠡᠭᠴᠢᠯᠡᠬᠦ᠎ᠳ᠋ᠤ ᠨᠥᠬᠥᠴᠡᠯ ᠪᠦᠷᠢᠯᠳᠦᠭᠦᠯᠵᠦ ᠥᠭᠭᠦᠭᠰᠡᠨ ᠶᠤᠮ᠃
ᠥᠩᠭᠡᠷᠡᠭᠰᠡᠨ᠎ᠢᠶᠠᠷ ᠲᠤᠯᠢ ᠪᠣᠯᠭᠠᠵᠤ᠂ ᠢᠷᠡᠭᠡᠳᠦᠢ᠎ᠪᠠᠨ ᠰᠡᠳᠭᠢᠨᠡ᠃ ᠲᠡᠦᠬᠡ᠎ᠶᠢ ᠡᠷᠭᠢᠴᠡᠭᠦᠯᠬᠦᠶ᠎ᠡ᠂ ᠦᠨᠳᠦᠰᠦᠲᠡᠨ᠎ᠨᠦᠭᠦᠳ᠎ᠤᠨ ᠡᠪᠦᠭᠡ ᠳᠡᠭᠡᠳᠦᠰ ᠰᠢᠷᠭᠠᠭᠤ ᠬᠠᠲᠠᠭᠤᠵᠢᠯᠲᠠᠢ ᠬᠦᠳᠡᠯᠮᠦᠷᠢᠯᠡᠵᠦ ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠡᠬᠡ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠵᠡᠢ︔ ᠢᠷᠡᠭᠡᠳᠦᠢ᠎ᠪᠠᠨ ᠪᠠᠷᠠᠯᠠᠬᠤᠶ᠎ᠠ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳ᠋ᠤ ᠦᠨᠳᠦᠰᠦᠲᠡᠨ᠎ᠨᠦᠭᠦᠳ ᠭᠠᠷ ᠭᠠᠷ᠎ᠢᠶᠡᠨ ᠬᠣᠯᠪᠣᠯᠴᠠᠨ᠂ ᠮᠥᠷᠥ ᠵᠡᠷᠭᠡᠴᠡᠨ ᠤᠷᠤᠭᠰᠢᠯᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠴᠢᠬᠤᠯᠠᠲᠠᠢ ᠶᠤᠮ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠳᠤᠮᠳᠠᠳᠤ᠎ᠶᠢᠨ ᠲᠠᠪᠤᠨ ᠮᠢᠩᠭᠠᠨ ᠵᠢᠯ᠎ᠤᠨ ᠲᠡᠦᠬᠡ᠎ᠶᠢ ᠠᠴᠢᠶᠠᠯᠠᠵᠤ᠂ ᠠᠭᠤᠤ ᠶᠡᠬᠡ ᠰᠡᠷᠭᠦᠨ ᠮᠠᠨᠳᠤᠯᠲᠠ᠎ᠶᠢᠨ ᠬᠠᠮᠲᠤ᠎ᠶᠢᠨ ᠡᠭᠦᠷᠭᠡ ᠬᠠᠷᠢᠭᠤᠴᠠᠯᠭ᠎ᠠ᠎ᠶᠢ ᠬᠥᠭᠵᠢᠭᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠭᠦᠨ ᠵᠤᠵᠠᠭᠠᠨ ᠨᠥᠬᠥᠷᠯᠡᠯ᠎ᠢ ᠬᠣᠯᠪᠣᠵᠤ ᠪᠠᠶᠢᠳᠠᠭ᠋᠂ ᠲᠡᠷᠡ᠎ᠨᠢ ᠭᠣᠶᠢᠳᠠ ᠰᠠᠢᠬᠠᠨ ᠠᠮᠢᠳᠤᠷᠠᠯ᠎ᠢ ᠡᠳ᠋ᠯᠡᠬᠦ᠎ᠳ᠋ᠤ ︽ ᠠᠯᠳᠠᠨ ᠲᠦᠯᠬᠢᠭᠦᠷ︾ ᠠᠳᠬᠤᠭᠤᠯᠤᠭᠰᠠᠨ ᠳᠡᠳᠤᠢ ᠦᠭᠡᠢ᠂ ᠨᠡᠩ ᠴᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠰᠡᠯ ᠵᠡᠭᠦᠳᠦ᠎ᠪᠠᠨ ᠲᠡᠷᠭᠡᠯᠰᠢᠭᠦᠯᠬᠦ᠎ᠳ᠋ᠤ ᠬᠦᠴᠦᠨ ᠨᠡᠮᠡᠷᠢᠯᠡᠵᠦ᠂ ᠪᠦᠬᠦᠶᠢᠯᠡ ᠨᠡᠶᠢᠭᠡᠮ᠎ᠤᠨ ᠬᠥᠭᠵᠢᠯ ᠴᠡᠴᠡᠭᠯᠡᠯ᠎ᠢ ᠠᠬᠢᠭᠤᠯᠬᠤ ︽ ᠠᠯᠳᠠᠨ ᠲᠦᠯᠬᠢᠭᠦᠷ︾ ᠪᠤᠯᠤᠭᠰᠠᠨ ᠪᠠᠢᠨ᠎ᠠ᠃
ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠦᠨ᠎ᠡ᠃ ᠰᠢᠨ᠎ᠡ ᠴᠠᠭ ᠦᠶ᠎ᠡ ᠪᠣᠯ ᠲᠡᠮᠡᠴᠡᠭᠰᠡᠳ᠎ᠤᠨ ᠴᠠᠭ ᠦᠶ᠎ᠡ ᠮᠥᠨ᠂ ᠵᠣᠯ ᠵᠢᠷᠭᠠᠯ᠎ᠢ ᠴᠥᠮ ᠲᠡᠮᠡᠴᠡᠵᠦ ᠪᠠᠶᠢᠭᠠᠳ ᠣᠯᠳᠠᠭ ᠶᠤᠮ᠃ ᠦᠭᠡ ᠬᠡᠯᠡ ᠤᠷᠢᠳ᠎ᠢᠶᠠᠷ ᠨᠡᠪᠲᠡᠷᠡᠪᠡᠯ ᠰᠠᠶᠢ ᠰᠡᠳᠬᠢᠯ ᠰᠠᠨᠠᠭ᠎ᠠ ᠨᠡᠪᠲᠡᠷᠡᠯᠴᠡᠵᠦ ᠴᠢᠳᠠᠨ᠎ᠠ᠂ ᠰᠡᠳᠬᠢᠯ ᠰᠠᠨᠠᠭ᠎ᠠ ᠨᠡᠪᠲᠡᠷᠡᠯᠴᠡᠪᠡᠯ ᠰᠠᠶᠢ ᠰᠡᠳᠬᠢᠯ ᠰᠠᠨᠠᠭ᠎ᠠ ᠠᠭᠤᠰᠤᠯᠴᠠᠵᠤ᠂ ᠵᠣᠷᠢᠭ ᠨᠢᠭᠡᠳᠴᠦ᠂ ᠬᠦᠴᠦᠨ ᠨᠢᠭᠡᠳᠴᠦ ᠴᠢᠳᠠᠨ᠎ᠠ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ︽ ᠠᠯᠳᠠᠨ ᠲᠦᠯᠬᠢᠭᠦᠷ︾᠎ᠢ ᠰᠠᠶᠢᠲᠤᠷ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠴᠠᠭ ᠦᠶ᠎ᠡ᠎ᠲᠠᠢ ᠵᠡᠷᠭᠡ᠎ᠪᠠᠷ ᠲᠠᠪᠰᠢᠵᠤ᠂ ᠨᠡᠶᠢᠭᠡᠮ᠎ᠲᠠᠢ ᠬᠠᠮᠲᠤ᠎ᠪᠠᠷ ᠦᠰᠦᠨ ᠪᠣᠶᠢᠵᠢᠬᠤ ᠵᠣᠷᠢᠭ ᠰᠠᠨᠠᠭ᠎ᠠ᠎ᠶᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠡᠳᠬᠢᠯ ᠰᠠᠨᠠᠭ᠎ᠠ᠎ᠪᠠᠨ ᠨᠢᠭᠡᠳᠬᠡᠨ ᠬᠤᠪᠢ ᠵᠠᠶᠠᠭ᠎ᠠ᠎ᠪᠠᠨ ᠬᠠᠮᠲᠤᠳᠬᠠᠵᠤ ᠰᠡᠳᠬᠢᠯ ᠵᠢᠷᠦᠬᠡ᠎ᠪᠠᠨ ᠬᠣᠯᠪᠣᠪᠠᠯ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ᠎ᠶᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠬᠦ ᠨᠡᠩ ᠤᠯᠠᠨ ᠠᠵᠠ ᠵᠠᠪᠰᠢᠶᠠᠨ᠎ᠲᠠᠢ ᠪᠤᠯᠵᠤ᠂ ᠨᠡᠩ ᠶᠡᠬᠡ ᠬᠥᠭᠵᠢᠯᠲᠡ᠎ᠶᠢᠨ ᠠᠰᠢᠭ᠎ᠢ ᠡᠭᠦᠳᠦᠨ ᠡᠳ᠋ᠯᠡᠵᠦ᠂ ᠭᠠᠷ ᠬᠣᠯᠪᠣᠯᠴᠠᠨ ᠬᠠᠮᠲᠤ᠎ᠪᠠᠷ ᠪᠦᠯᠬᠦᠮᠳᠡᠨ ᠲᠠᠪᠰᠢᠬᠤ᠂ ᠬᠠᠮᠲᠤ᠎ᠪᠠᠷ ᠴᠡᠴᠡᠭᠯᠡᠨ ᠬᠥᠭᠵᠢᠬᠦ ᠵᠠᠮ ᠳᠡᠭᠡᠷ᠎ᠡ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠬᠤ᠎ᠨᠢ ᠯᠠᠪᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃