2021-09-01 10:37:11
ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠤᠨ ᠨᠢᠭᠡᠳᠦᠭᠡᠷ ᠣᠨ᠎ᠤ ᠳᠡᠭᠡᠳᠦ ᠳᠡᠪᠲᠡᠷ᠎ᠢ ᠤᠷᠪᠠᠭᠤᠯᠵᠤ ᠦᠵᠡᠪᠡᠯ᠂ ᠪᠠᠶᠠᠷ ᠪᠠᠶᠠᠰᠤᠯ᠎ᠲᠠᠢ ᠳᠤᠮᠳᠠᠳᠤ᠎ᠶᠢᠨ ᠦᠨᠳᠦᠰᠦᠲᠡᠨ᠎ᠤ ᠲᠣᠮᠣ ᠬᠡᠷ ᠪᠦᠯᠢ᠎ᠶᠢᠨ ᠵᠢᠷᠤᠭ ᠬᠠᠮᠤᠭ ᠲᠡᠷᠢᠭᠦᠨ᠎ᠳ᠋ᠤ ᠨᠢᠳᠦᠨ᠎ᠳ᠋ᠤ ᠲᠤᠳᠤᠷᠠᠨ᠎ᠠ᠃ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠭᠦᠨᠵᠡᠭᠡᠢ ᠥᠷᠨᠢᠭᠦᠯᠵᠦ᠂ ᠲᠠᠪᠢᠨ ᠵᠢᠷᠭᠤᠭᠠᠨ ᠦᠨᠳᠦᠰᠦᠲᠡᠨ᠎ᠢ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠬᠦ ᠪᠣᠯ ᠰᠢᠨ᠎ᠡ ᠰᠤᠷᠤᠭᠴᠢᠳ᠎ᠤᠨ ᠰᠤᠷᠭᠠᠭᠤᠯᠢ᠎ᠳ᠋ᠤ ᠣᠷᠣᠬᠤ ᠠᠩᠬᠠᠨ᠎ᠤ ᠬᠢᠴᠢᠶᠡᠯ ᠮᠥᠨ᠂ ᠨᠡᠩ ᠴᠤ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠬᠦ᠎ᠶᠢᠨ ᠴᠢᠬᠤᠯᠠ ᠠᠴᠢ ᠬᠣᠯᠪᠣᠭᠳᠠᠯ ᠮᠥᠨ᠃
ᠬᠠᠮᠲᠤ ᠴᠣᠭᠴᠠ ᠬᠡᠳᠦᠶ ᠴᠢᠬᠤᠯᠠ ᠪᠤᠢ︖ ᠰᠢᠨ᠎ᠡ ᠳᠤᠮᠳᠠᠳᠤ ᠤᠯᠤᠰ᠎ᠤᠨ ᠵᠠᠭᠤᠨ ᠵᠢᠯ᠎ᠤᠨ ᠲᠡᠦᠬᠡ᠎ᠶᠢᠨ ᠤᠷᠳᠤ ᠬᠠᠭᠤᠳᠠᠰᠤ᠎ᠶᠢ ᠰᠡᠬᠦᠪᠡᠯ᠂ ᠪᠢᠳᠡ ᠴᠢᠰᠤ ᠤᠷᠤᠰᠬᠠᠭᠰᠠᠨ ᠬᠤᠪᠢᠰᠬᠠᠯ᠎ᠤᠨ ᠴᠠᠭ ᠦᠶ᠎ᠡ᠎ᠡᠴᠠ ᠲᠠᠷᠢ᠎ᠶᠢᠨ ᠤᠳᠤᠭ᠎ᠠ ᠲᠤᠨᠤᠷᠠᠭᠰᠠᠨ ᠲᠠᠢᠨ᠎ᠤ ᠴᠠᠭ ᠦᠶ᠎ᠡ ᠬᠦᠷᠲᠡᠯ᠎ᠡ᠂ ᠣᠷᠭᠢᠯᠤᠮ᠎ᠠ ᠰᠡᠳᠬᠢᠯᠭᠡ ᠪᠢᠯᠬᠠᠭᠰᠠᠨ ᠪᠦᠳᠦᠭᠡᠨ ᠪᠠᠶᠢᠭᠤᠯᠤᠯᠲᠠ᠎ᠶᠢᠨ ᠴᠠᠭ ᠦᠶ᠎ᠡ᠎ᠡᠴᠠ ᠰᠦᠷ ᠳᠠᠯᠠᠶᠢᠴᠠᠲᠠᠢ ᠥᠭᠡᠷᠡᠴᠢᠯᠡᠯᠲᠡ ᠨᠡᠭᠡᠭᠡᠯᠳᠠ ᠬᠢᠬᠦ ᠬᠦᠷᠲᠡᠯ᠎ᠡ᠂ ᠬᠢᠮᠤᠷᠠᠯ᠎ᠢ ᠰᠢᠢᠳᠪᠦᠷᠢᠯᠡᠬᠦ᠂ ᠬᠥᠭᠵᠢᠯᠲᠡ᠎ᠶᠢ ᠡᠷᠢᠯᠬᠢᠯᠡᠬᠦ᠂ ᠬᠢᠵᠢᠭ᠎ᠲᠠᠢ ᠲᠡᠮᠡᠴᠡᠬᠦ ᠁ ᠬᠠᠷᠰᠢ ᠰᠠᠭᠠᠳ᠎ᠢ ᠢᠯᠠᠨ ᠳᠠᠪᠠᠭᠰᠠᠭᠠᠷ ᠢᠷᠡᠪᠡ᠂ ᠠᠯᠢ ᠨᠢᠭᠡ ᠠᠯᠬᠤᠮ᠎ᠨᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ᠎ᠶᠢ ᠠᠭᠤᠯᠤᠭᠰᠠᠨ ᠦᠭᠡᠢ ᠪᠤᠢ ︖ ᠳᠦᠷᠪᠠᠨ ᠵᠦᠭ᠎ᠲᠤ ᠰᠤᠨᠤᠯᠵᠠᠭᠰᠠᠨ ᠵᠠᠰᠠᠮᠠᠯ ᠵᠠᠮ᠂ ᠳᠤᠪᠳᠤᠯᠤᠨ ᠨᠢᠰᠬᠦ ᠲᠦᠷᠭᠡᠨ᠎ᠤ ᠭᠠᠯᠳᠤ ᠲᠡᠷᠭᠡ᠂ ᠶᠠᠳᠠᠭᠤ᠎ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠁ ᠵᠠᠮ ᠳᠤᠷᠰᠢ ᠠᠭᠤᠯᠠ ᠤᠰᠤ᠎ᠶᠢ ᠳᠠᠪᠠᠨ ᠲᠤᠭᠤᠯᠤᠭᠰᠠᠭᠠᠷ ᠢᠷᠡᠪᠡ᠂ ᠠᠯᠢ ᠨᠢᠭᠡ ᠠᠯᠬᠤᠮ᠎ᠨᠢ ᠦᠨᠳᠦᠰᠦᠲᠡᠨ᠎ᠨᠦᠭᠦᠳ᠎ᠤᠨ ᠲᠦᠮᠡᠨ ᠤᠯᠠᠨ ᠬᠦᠴᠦ ᠨᠢᠭᠲᠠᠷᠠᠭᠰᠠᠨ ᠵᠣᠷᠢᠭ ᠰᠠᠨᠠᠭ᠎ᠠ᠎ᠶᠢ ᠠᠭᠤᠯᠤᠭᠰᠠᠨ ᠦᠭᠡᠢ ᠪᠤᠢ︖ ᠳᠤᠮᠳᠠᠳᠤ᠎ᠶᠢᠨ ᠦᠨᠳᠦᠰᠦᠲᠡᠨ᠎ᠤ ᠶᠡᠬᠡ ᠬᠡᠷ ᠪᠦᠯᠢ᠎ᠳ᠋ᠤ᠂ ᠦᠨᠳᠦᠰᠦᠲᠡᠨ᠎ᠨᠦᠭᠦᠳ ᠭᠠᠭᠴᠠ ᠬᠦ ᠠᠬ᠎ᠠ ᠳᠡᠭᠦᠦ ᠮᠡᠲᠦ ᠳᠣᠲᠣᠨᠣ ᠪᠠᠶᠢᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠨᠢᠭᠡ ᠰᠡᠳᠬᠢᠯ ᠨᠢᠭᠡ ᠵᠣᠷᠢᠭ᠎ᠢᠶᠠᠷ᠂ ᠨᠢᠭᠡ ᠰᠡᠳᠬᠢᠯ ᠨᠢᠭᠡ ᠴᠢᠭᠯᠡᠯ᠎ᠢᠶᠠᠷ ᠤᠷᠤᠭᠰᠢᠯᠠᠪᠠᠯ ᠰᠠᠶᠢ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠡᠨ ᠳᠠᠪᠠᠵᠤ᠂ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠡᠨ ᠳᠠᠪᠠᠵᠤ᠂ ᠰᠠᠶᠢᠨ ᠰᠠᠶᠢᠬᠠᠨ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠴᠢᠳᠠᠨ᠎ᠠ ᠭᠡᠳᠡᠭ᠎ᠢ ᠲᠡᠤᠬᠡ ᠪᠤᠯᠤᠨ ᠪᠤᠳᠠᠳᠤ ᠠᠬᠤᠢ ᠠᠯᠢ ᠡᠷᠳᠡ ᠭᠡᠷᠡᠴᠢᠯᠡᠪᠡ᠃
ᠦᠭᠡ ᠬᠡᠯᠡ ᠪᠣᠯ ᠬᠠᠷᠢᠯᠴᠠᠭᠠᠨ᠎ᠤ ᠬᠥᠭᠥᠷᠭᠡ ᠮᠦᠨ᠃ ᠠᠳᠠᠯᠢ ᠦᠰᠦᠭ᠎ᠲᠠᠢ ᠨᠤᠮ ᠪᠢᠴᠢᠭ᠂ ᠠᠳᠠᠯᠢ ᠠᠶᠠᠯᠭᠤ᠎ᠲᠠᠢ ᠦᠭᠡ ᠬᠡᠯᠡ ᠪᠤᠯ ᠰᠠᠶᠢ ᠰᠡᠳᠬᠢᠯ ᠵᠢᠷᠦᠬᠡ᠎ᠶᠢ ᠨᠡᠪᠲᠡᠷᠡᠯᠴᠡᠭᠦᠯᠵᠦ᠂ ᠬᠠᠢᠷ᠎ᠠ ᠰᠡᠳᠬᠢᠯᠭᠡ᠎ᠶᠢ ᠠᠭᠤᠰᠤᠯᠴᠠᠭᠤᠯᠵᠤ ᠴᠢᠳᠠᠨ᠎ᠠ᠃ ᠮᠠᠨ᠎ᠤ ᠣᠷᠣᠨ᠎ᠳ᠋ᠤ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠶᠢᠨ ᠵᠣᠷᠢᠯᠭ᠎ᠠ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠲᠤ ᠴᠣᠩᠬᠣ ᠨᠡᠭᠡᠭᠡᠨ ᠦᠭᠴᠦ᠂ ᠲᠡᠳᠡᠨ᠎ᠳ᠋ᠤ ᠭᠠᠳᠠᠨᠠᠬᠢ ᠶᠢᠷᠲᠢᠨᠴᠦ᠎ᠶᠢ ᠨᠠᠩ ᠰᠠᠶᠢᠲᠤᠷ ᠣᠶᠢᠯᠠᠭᠠᠭᠤᠯᠵᠤ᠂ ᠥᠷᠭᠡᠨ ᠠᠭᠤᠳᠠᠮ ᠣᠷᠣᠨ ᠵᠠᠶ᠎ᠶᠢ ᠢᠯᠡᠷᠡᠭᠦᠯᠵᠦ᠂ ᠬᠥᠮᠦᠨ᠎ᠤ ᠠᠮᠢᠳᠤᠷᠠᠯ᠎ᠤᠨ ᠦᠨ᠎ᠡ ᠥᠷᠲᠡᠭ᠎ᠢ ᠪᠡᠶᠡᠯᠡᠭᠦᠯᠬᠦ᠎ᠶᠢᠨ ᠲᠥᠯᠥᠭᠡ ᠶᠤᠮ︔ ᠨᠢᠭᠡ ᠬᠥᠭᠥᠷᠭᠡ᠎ᠶᠢ ᠪᠤᠰᠬᠠᠵᠤ᠂ ᠲᠡᠳᠡᠨ᠎ᠤ ᠶᠡᠷᠦᠩᠬᠡᠶᠢᠯᠡᠭᠰᠡᠨ ᠬᠡᠪ ᠪᠣᠯᠪᠠᠰᠤᠷᠠᠯ᠎ᠢ ᠴᠢᠨᠠᠭᠰᠢᠳᠠ ᠳᠡᠭᠡᠭᠰᠢᠯᠡᠭᠦᠯᠵᠦ᠂ ᠬᠤᠪᠢ ᠬᠥᠮᠦᠨ᠎ᠤ ᠦᠰᠦᠨ ᠪᠣᠶᠢᠵᠢᠯᠲᠠ᠎ᠳ᠋ᠤ ᠬᠦᠴᠦᠨ ᠨᠡᠮᠡᠷᠢᠯᠡᠵᠦ᠂ ᠬᠦᠰᠡᠯ ᠵᠡᠭᠦᠳᠦ᠎ᠪᠠᠨ ᠲᠡᠷᠭᠡᠯᠰᠢᠭᠦᠯᠬᠦ᠎ᠳ᠋ᠤ ᠨᠡᠩ ᠤᠯᠠᠨ ᠠᠵᠠ ᠲᠣᠬᠢᠶᠠᠯ᠎ᠢ ᠣᠯᠭᠣᠬᠤ᠎ᠶᠢᠨ ᠲᠦᠯᠦᠭᠡ ᠶᠤᠮ᠃ ᠦᠭᠡ ᠬᠡᠯᠡ ᠭᠡᠬᠦ ᠡᠨᠡ ᠬᠦ ᠰᠡᠳᠬᠢᠯ ᠵᠢᠷᠦᠬᠡ᠎ᠪᠠᠨ ᠬᠤᠯᠪᠤᠭᠰᠠᠨ ᠬᠥᠭᠥᠷᠭᠡ᠎ᠶᠢ ᠰᠠᠶᠢᠲᠤᠷ ᠲᠠᠯᠪᠢᠪᠠᠯ ᠰᠠᠶᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠥᠪᠡᠷ᠎ᠢ᠎ᠪᠠᠨ ᠨᠡᠩ ᠰᠠᠶᠢᠲᠤᠷ ᠬᠥᠭᠵᠢᠭᠦᠯᠵᠦ᠂ ᠨᠡᠶᠢᠭᠡᠮ᠎ᠳ᠋ᠤ ᠨᠡᠩ ᠰᠠᠶᠢᠲᠤᠷ ᠠᠭᠤᠰᠤᠯᠴᠠᠵᠤ᠂ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ᠎ᠳ᠋ᠤ ᠨᠡᠩ ᠰᠠᠶᠢᠲᠤᠷ ᠠᠭᠤᠰᠤᠯᠴᠠᠵᠤ ᠴᠢᠳᠠᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ᠎ᠤᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠎ᠤᠨ ᠬᠥᠮᠦᠰ᠎ᠢ ᠵᠣᠷᠢᠭᠵᠢᠭᠤᠯᠤᠮ᠎ᠠ ᠴᠢᠬᠤᠯᠠ ᠶᠠᠷᠢᠶ᠎ᠠ᠂ ᠬᠤᠷᠠᠯ᠎ᠤᠨ ᠲᠠᠯᠠᠪᠠᠢ᠎ᠳ᠋ᠤ ᠰᠠᠯᠬᠢᠨ᠎ᠤ ᠠᠶ᠎ᠠ᠎ᠪᠠᠷ ᠨᠠᠮᠢᠷᠠᠬᠤ ᠲᠤᠭ ᠳᠠᠯᠪᠠᠭ᠎ᠠ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠡᠳᠬᠢᠯ ᠵᠢᠷᠦᠬᠡᠨᠡᠴᠠᠨᠢ ᠤᠨᠳᠤᠷᠤᠭᠰᠠᠨ ᠤᠤᠬᠠᠢᠯᠠᠯ᠎ᠨᠢ ᠬᠥᠮᠦᠨ ᠨᠢᠭᠡᠪᠦᠷᠢ᠎ᠳ᠋ᠤ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠭᠦᠨ ᠴᠢᠬᠤᠯᠠ ᠬᠦᠴᠦᠨ ᠴᠢᠳᠠᠯ᠎ᠢ ᠭᠦᠨᠵᠡᠭᠡᠢ ᠮᠡᠳᠡᠷᠡᠭᠦᠯᠪᠡ᠃ ︽ ᠣᠯᠠᠨ᠎ᠤ ᠬᠦᠴᠦᠨ᠎ᠳ᠋ᠤ ᠤᠪᠤᠭ᠎ᠠ ᠪᠤᠰᠤᠨ᠎ᠠ︾ ᠭᠡᠳᠡᠭ᠃ ᠯᠠᠪᠳᠠᠭᠤᠨ ᠲᠤᠭᠲᠠᠭᠤᠨ᠎ᠢᠶᠠᠷ ᠬᠤᠯᠠ᠎ᠶᠢ ᠵᠤᠷᠢᠨ ᠠᠶᠠᠯᠠᠵᠤ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠪᠠᠯ᠂ ᠬᠤᠪᠢ ᠬᠥᠮᠦᠨ᠎ᠤ ᠦᠰᠦᠨ ᠪᠣᠶᠢᠵᠢᠵᠤ ᠤᠷᠤᠭᠰᠢᠯᠠᠨ ᠲᠠᠪᠰᠢᠬᠤ ᠵᠠᠮ ᠰᠠᠶᠢ ᠶᠠᠪᠤᠬᠤ ᠲᠤᠳᠤᠮ ᠥᠷᠭᠡᠵᠢᠵᠦ᠂ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ ᠵᠢᠴᠢ ᠶᠡᠬᠡ ᠭᠡᠷ ᠪᠦᠯᠢ᠎ᠶᠢᠨ ᠪᠦᠷᠢᠯᠳᠦᠬᠦᠨ ᠨᠢᠭᠡᠪᠦᠷᠢ᠎ᠶᠢᠨ ᠬᠥᠭᠵᠢᠯᠲᠡ᠎ᠶᠢᠨ ᠪᠠᠶᠢᠳᠠᠯ ᠰᠠᠶᠢ ᠶᠠᠪᠤᠬᠤ ᠲᠤᠳᠤᠮ ᠪᠠᠳᠠᠷᠠᠨ ᠬᠥᠭᠵᠢᠵᠦ ᠴᠢᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃