ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠶᠠᠷᠢᠯᠴᠠᠭ᠎ᠠ

2021-08-31 09:45:48

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

 ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠯᠢᠦ ᠡᠷᠳᠡᠮᠳᠤ᠎ᠶᠢ ᠰᠤᠷᠪᠤᠯᠵᠢᠯᠠᠭᠰᠠᠨ᠎ᠨᠢ



︽ ᠦᠭᠡ ᠬᠡᠯᠡ ᠦᠰᠦᠭ ᠪᠢᠴᠢᠭ᠎ᠨᠢ ᠬᠥᠮᠦᠨ ᠬᠥᠮᠦᠨ᠎ᠤ ᠬᠣᠭᠣᠷᠣᠨᠳᠣᠬᠢ ᠰᠣᠯᠢᠯᠴᠠᠭ᠎ᠠ ᠨᠡᠪᠲᠡᠷᠡᠯᠴᠡᠭᠡ᠎ᠶᠢᠨ ᠴᠢᠬᠤᠯᠠ ᠪᠠᠭᠠᠵᠢ ᠪᠣᠯᠬᠤ᠎ᠪᠠᠷ ᠪᠠᠷᠠᠬᠤ ᠦᠭᠡᠢ᠂ ᠪᠠᠰᠠ ᠴᠤ ᠰᠢᠨᠵᠢᠯᠡᠬᠦ ᠤᠬᠠᠭᠠᠨ ᠰᠣᠶᠣᠯ ᠮᠡᠳᠡᠯᠭᠡ᠎ᠶᠢᠨ ᠴᠢᠬᠤᠯᠠ ᠠᠴᠢᠶᠠᠯᠠᠪᠤᠷᠢ ᠪᠣᠯᠤᠨ᠎ᠠ᠂ ᠨᠡᠩ ᠴᠤ ᠪᠢᠳᠡᠨ᠎ᠤ ᠳᠡᠯᠡᠬᠡᠢ ᠶᠢᠷᠲᠢᠨᠴᠦ᠎ᠶᠢ ᠨᠡᠭᠡᠭᠡᠬᠦ ᠠᠯᠳᠠᠨ ᠲᠦᠯᠬᠢᠭᠦᠷ ᠪᠣᠯᠤᠨ᠎ᠠ᠃ ᠦᠨᠳᠦᠰᠦᠲᠡᠨ᠎ᠤ ᠣᠷᠣᠨ᠎ᠤ ᠰᠤᠷᠤᠭᠴᠢᠳ᠎ᠲᠤ ᠠᠪᠴᠤ ᠬᠡᠯᠡᠪᠡᠯ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠪᠣᠯ ᠦᠰᠦᠨ ᠪᠣᠶᠢᠵᠢᠬᠤ᠂ ᠴᠢᠳᠠᠪᠤᠷᠢᠲᠠᠨ ᠪᠣᠯᠬᠤ᠎ᠶᠢᠨ ᠪᠦᠲᠦᠮᠵᠢᠲᠡᠢ ᠠᠷᠭ᠎ᠠ ᠵᠠᠮ ᠮᠥᠨ᠂ ᠡᠳᠦᠬᠡ ᠴᠠᠭ᠎ᠲᠤ ᠭᠠᠪᠢᠶ᠎ᠠ ᠪᠠᠢᠭᠤᠯᠤᠨ ᠲᠦᠮᠡᠨ ᠦᠶ᠎ᠡ᠎ᠶᠢ ᠢᠪᠡᠭᠡᠬᠦ ᠶᠡᠭᠡ ᠶᠠᠪᠤᠳᠠᠯ ᠮᠦᠨ︾᠃ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠯᠢᠦ ᠡᠷᠳᠡᠮᠳᠤ ᠤᠢᠷ᠎ᠠ᠎ᠳ᠋ᠤ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠡᠢᠨ ᠬᠦ ᠶᠠᠷᠢᠯ᠎ᠠ᠃

ᠯᠢᠦ ᠡᠷᠳᠡᠮᠳᠤ ᠪᠣᠯ ᠤᠯᠤᠰ᠎ᠤᠨ ᠨᠡᠶᠢᠭᠡᠮ᠎ᠤᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠥᠷᠥᠯ ᠵᠦᠶ᠋ᠯ᠎ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ᠂ ᠪᠥᠬᠥ ᠤᠯᠤᠰ᠎ᠤᠨ ᠦᠨᠳᠦᠰᠦᠲᠡᠨ᠎ᠤ ᠰᠤᠷᠭᠠᠨ ᠬᠥᠮᠦᠵᠢᠯ᠎ᠤᠨ ᠲᠤᠰᠬᠠᠶ ᠮᠡᠷᠭᠡᠵᠢᠯᠲᠡᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠦᠨᠳᠦᠰᠦᠲᠡᠨ᠎ᠤ ᠰᠤᠳᠤᠯᠭᠠᠨ᠎ᠤ ᠰᠢᠯᠢᠳᠡᠭ ᠢᠳᠡᠷ ᠵᠠᠯᠠᠭᠤ ᠲᠤᠰᠬᠠᠶ ᠮᠡᠷᠭᠡᠵᠢᠯᠲᠡᠨ ᠪᠣᠯᠤᠨ᠎ᠠ᠃ ᠲᠡᠭᠦᠨ᠎ᠤ ᠦᠵᠡᠬᠦ᠎ᠪᠠᠷ᠂ ᠦᠨᠳᠦᠰᠦᠲᠡᠨ᠎ᠤ ᠣᠷᠣᠨ᠎ᠳ᠋ᠤ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠪᠦᠬᠦ ᠲᠠᠯ᠎ᠠ᠎ᠪᠠᠷ ᠴᠢᠩᠭᠠᠳᠬᠠᠬᠤ ᠪᠣᠯ ᠭᠠᠵᠠᠷ ᠣᠷᠣᠨ ᠪᠣᠯᠤᠨ ᠬᠤᠪᠢ ᠬᠥᠮᠦᠨ᠎ᠤ ᠢᠷᠡᠭᠡᠳᠦᠢ᠎ᠶᠢᠨ ᠠᠯᠤᠰ ᠬᠡᠳᠤ᠎ᠶᠢᠨ ᠬᠥᠭᠵᠢᠯᠲᠡ᠎ᠶᠢ ᠠᠬᠢᠭᠤᠯᠬᠤ ᠪᠤᠰᠤᠳᠴᠢ ᠱᠠᠭᠠᠷᠳᠠᠯᠭ᠎ᠠ ᠮᠥᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠴᠢᠬᠤᠯᠠ ᠨᠥᠬᠥᠴᠡᠯ ᠮᠥᠨ᠂ ᠨᠡᠩ ᠴᠤ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠨᠳᠦᠰᠦᠨ ᠱᠠᠭᠠᠷᠳᠠᠯᠭ᠎ᠠ ᠮᠥᠨ᠃ ᠦᠨᠳᠦᠰᠦᠲᠡᠨ᠎ᠤ ᠣᠷᠣᠨ᠎ᠤ ᠬᠡᠦᠬᠡᠳ᠎ᠤᠳ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠬᠦ᠎ᠪᠠᠷ ᠲᠠᠮᠵᠢᠨ ᠬᠠᠷᠠᠭ᠎ᠠ᠎ᠪᠠᠨ ᠥᠷᠭᠡᠳᠬᠡᠵᠦ᠂ ᠮᠡᠳᠡᠯᠭᠡ᠎ᠪᠠᠨ ᠪᠠᠶᠠᠯᠢᠭᠵᠢᠭᠤᠯᠵᠤ᠂ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠬᠡᠪ ᠪᠤᠯᠪᠠᠰᠤᠷᠠᠯ᠎ᠢᠶᠡᠨ ᠳᠡᠭᠡᠭᠰᠢᠯᠡᠭᠦᠯᠵᠦ ᠴᠢᠳᠠᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ᠎ᠡᠴᠠ ᠨᠠᠭᠠᠰᠢ᠂ ᠮᠠᠨ᠎ᠤ ᠤᠯᠤᠰ᠎ᠲᠤ ᠠᠢ ᠰᠧ ᠴᠢ᠂ ᠯᠢ ᠰᠧ ᠭᠤᠸᠠᠩ᠂ ᠰᠢᠭᠤᠷᠭᠠᠨ᠂ ᠰᠠ ᠪᠸᠠ ᠮᠤᠤ ᠂ ᠲᠤᠷᠵᠢ ᠂ ᠡᠦᠢᠱᠸᠦᠷ · ᠰᠠᠯᠠᠮᠦ᠋ ᠵᠡᠷᠭᠡ ᠨᠢᠭᠡ ᠪᠦᠯᠦᠭ ᠭᠠᠷᠮᠠᠭᠠᠢ ᠴᠢᠳᠠᠪᠤᠷᠢᠲᠠᠨ ᠴᠣᠯᠭᠣᠷᠠᠨ ᠭᠠᠷᠴᠠᠢ᠂ ᠲᠡᠳᠡ ᠪᠤᠯ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠠᠰᠢᠭ ᠬᠦᠷᠲᠡᠭᠴᠢ ᠮᠥᠨ᠃ ᠲᠡᠳᠠ ᠰᠤᠷᠭᠠᠨ ᠬᠥᠮᠦᠵᠢᠯ᠂ ᠬᠦᠨ ᠤᠬᠠᠭᠠᠨ ᠂ ᠰᠢᠨᠵᠢᠯᠡᠬᠦ ᠤᠬᠠᠭᠠᠨ᠎ᠤ ᠰᠤᠳᠤᠯᠭᠠᠨ᠂ ᠠᠵᠤ ᠠᠬᠤᠢ᠂ ᠪᠡᠶ᠎ᠡ᠎ᠶᠢᠨ ᠲᠠᠮᠢᠷ ᠵᠡᠷᠭᠡ ᠬᠦᠷᠢᠶᠡᠨ᠎ᠳ᠋ᠤ ᠯᠤᠲᠤ ᠶᠡᠬᠡ ᠠᠮᠵᠢᠯᠲᠠ ᠪᠦᠲᠦᠭᠡᠯ ᠭᠠᠷᠭᠠᠵᠤ᠂ ᠮᠠᠨ᠎ᠤ ᠤᠯᠤᠰ᠎ᠤᠨ ᠣᠳᠣᠬᠢᠴᠢᠯᠠᠯᠳᠠ᠎ᠶᠢᠨ ᠪᠦᠳᠦᠭᠡᠠ ᠪᠠᠶᠢᠭᠤᠯᠤᠯᠲᠠ᠎ᠳ᠋ᠤ ᠲᠤᠪᠦ᠋ᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠰᠢᠵᠦ᠂ ᠴᠢᠨᠠᠷ ᠰᠠᠶᠢᠲᠠᠢ ᠰᠤᠷᠭᠠᠭᠤᠯᠢ᠎ᠶᠢᠨ ᠰᠤᠷᠭᠠᠨ ᠬᠥᠮᠦᠵᠢᠯ ᠬᠦᠷᠳᠡᠬᠦ᠎ᠨᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠬᠠᠬᠤ᠎ᠳ᠋ᠤ ᠠᠰᠢᠭᠲᠠᠢ᠎ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳ᠋ᠤ ᠭᠠᠷᠴᠤ ᠶᠠᠪᠤᠬᠤ᠂ ᠤᠳᠤ ᠦᠶ᠎ᠡ᠎ᠶᠢᠨ ᠪᠣᠯᠪᠠᠰᠤᠨ᠎ᠤ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠠᠵᠠ ᠲᠣᠬᠢᠶᠠᠯ᠎ᠢ ᠡᠭᠦᠳᠴᠦ ᠥᠭᠬᠦ ᠪᠣᠯᠤᠨ᠎ᠠ᠃

︽ ᠨᠠᠶᠢᠵᠠ ᠤᠯᠠᠨ ᠪᠣᠯ ᠵᠠᠮ ᠲᠠᠷᠳᠠᠡᠭ︾ ᠬᠡᠬᠦ ᠠᠷᠠᠳ᠎ᠤᠨ ᠬᠠᠭᠤᠴᠢ ᠦᠭᠡ ᠪᠠᠶᠢᠳᠠᠭ᠋᠃ ᠯᠢᠦ ᠡᠷᠳᠡᠮᠳᠤ᠎ᠶᠢᠨ ᠦᠵᠡᠬᠦ᠎ᠪᠠᠷ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠢᠯᠡᠬᠦᠦ ᠨᠢᠬᠡ ᠵᠠᠮ᠎ᠲᠠᠢ ᠪᠤᠯᠬᠤ ᠶᠠᠪᠤᠳᠠᠯ ᠶᠤᠮ᠂ ᠡᠨᠡ ᠬᠦ ᠵᠠᠮ ᠲᠡᠭᠡᠷ᠎ᠡ ᠰᠢᠨ᠎ᠡ ᠮᠡᠳᠡᠯᠭᠡ ᠰᠤᠷᠴᠤ᠂ ᠰᠢᠨ᠎ᠡ ᠨᠠᠶᠢᠵᠠ᠎ᠲᠠᠢ ᠳᠠᠨᠢᠯᠴᠠᠵᠤ᠂ ᠬᠥᠮᠦᠨ᠎ᠤ ᠠᠮᠢᠳᠤᠷᠠᠯ᠎ᠳ᠋ᠤ ᠨᠡᠩ ᠤᠯᠠᠨ ᠰᠣᠩᠭᠣᠯᠲᠠ᠎ᠲᠠᠢ ᠪᠣᠯᠤᠨ᠎ᠠ ᠃ ᠡᠩ ᠲᠡᠷᠢᠭᠦᠨ᠎ᠳ᠋ᠤ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠤᠨ ᠨᠢᠭᠡᠳᠤᠯᠳᠠᠢ ᠰᠢᠯᠭᠠᠯᠳᠠ᠎ᠶᠢᠨ ᠰᠣᠷᠣᠭᠴᠢ ᠡᠯᠰᠡᠬᠦ᠎ᠡᠴᠠ ᠠᠪᠴᠤ ᠦᠵᠡᠪᠡᠯ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠬᠢᠴᠢᠶᠡᠯᠯᠡᠵᠦ ᠪᠠᠶᠢᠭ᠎ᠠ ᠰᠣᠷᠣᠭᠴᠢᠳ᠎ᠤᠨ ᠨᠡᠷ᠎ᠡ ᠮᠡᠳᠡᠬᠦᠯᠦᠨ ᠰᠢᠯᠭᠠᠭᠤᠯᠬᠤ ᠰᠤᠷᠭᠠᠭᠤᠯᠢ᠎ᠨᠢ ᠤᠯᠠᠨ᠂ ᠲᠥᠷᠥᠯ ᠵᠦᠶ᠋ᠯ᠎ᠨᠢ ᠠᠷᠪᠢᠨ᠂ ᠰᠣᠩᠭᠣᠬᠤ ᠬᠡᠪᠴᠢᠶ᠎ᠡ᠎ᠨᠢ ᠨᠠᠩ ᠦᠷᠬᠡᠨ ᠪᠠᠶᠢᠳᠠᠭ᠋︔ ᠳᠠᠷᠠᠭ᠎ᠠ᠎ᠨᠢ ᠰᠤᠷᠤᠯᠴᠠᠬᠤ ᠪᠠᠶᠢᠳᠠᠯ᠎ᠡᠴᠠ ᠠᠪᠴᠤ ᠦᠵᠡᠪᠡᠯ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠪᠡᠯ᠂ ᠪᠠᠭᠰᠢ᠂ ᠵᠢᠭᠠᠬᠤ ᠮᠠᠲ᠋ᠧᠷᠢᠶᠠᠯ ᠂ ᠮᠡᠳᠡᠭᠡ ᠵᠠᠩᠭᠢ ᠪᠠ ᠵᠢᠭᠠᠨ ᠰᠤᠷᠭᠠᠯᠲᠠ᠎ᠶᠢᠨ ᠠᠷᠭ᠎ᠠ ᠪᠠᠷᠢᠯ ᠵᠡᠷᠭᠡ ᠲᠠᠯ᠎ᠠ᠎ᠶᠢᠨ ᠡᠬᠢ ᠪᠠᠶᠠᠯᠢᠭ ᠨᠡᠩ ᠪᠠᠶᠠᠯᠢᠭ ᠪᠠᠢᠵᠤ ᠂ ᠵᠢᠭᠠᠨ ᠰᠤᠷᠭᠠᠯᠲᠠ᠎ᠶᠢᠨ ᠶᠠᠰᠤ ᠴᠢᠨᠠᠷ ᠴᠤ ᠳᠡᠭᠡᠭᠰᠢᠯᠡᠭᠦ ᠪᠣᠯᠤᠨ᠎ᠠ᠃ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠎ᠨᠢ ᠪᠠᠰᠠ ᠬᠡᠦᠬᠡᠳ᠎ᠤᠳ᠎ᠲᠤ ᠨᠠᠩ ᠡᠷᠬᠡ ᠲᠡᠭᠰᠢ᠂ ᠨᠠᠩ ᠴᠢᠨᠠᠷ ᠰᠠᠶᠢᠲᠠᠶ ᠣᠳᠣᠬᠢᠴᠢᠯᠠᠭᠰᠠᠨ ᠰᠤᠷᠭᠠᠨ ᠬᠥᠮᠦᠵᠢᠯ ᠬᠦᠷᠲᠡᠭᠡᠬᠦ᠎ᠳ᠋ᠤ ᠠᠰᠢᠭᠲᠠᠶ ᠶᠤᠮ ︔ ᠲᠠᠬᠢᠪᠠᠯ ᠂ ᠠᠵᠢᠯ ᠣᠯᠭᠣᠯᠲᠠ᠎ᠶᠢᠨ ᠪᠠᠢᠳᠠᠯ᠎ᠡᠴᠠ ᠠᠪᠴᠤ ᠦᠵᠡᠪᠡᠯ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠠᠵᠢᠯ ᠣᠯᠭᠣᠯᠲᠠ᠎ᠶᠢᠨ ᠬᠦᠷᠢᠶ᠎ᠡ᠎ᠶᠢ ᠥᠷᠭᠡᠳᠬᠡᠵᠦ᠂ ᠠᠵᠢᠯ ᠣᠯᠭᠣᠯᠲᠠ᠎ᠶᠢᠨ ᠠᠵᠠ ᠲᠣᠬᠢᠶᠠᠯ᠎ᠢ ᠨᠡᠮᠡᠭᠳᠡᠭᠦᠯᠵᠦ ᠂ ᠭᠡᠦᠭᠡᠳ᠎ᠤᠳ᠎ᠢ ᠨᠡᠶᠢᠭᠡᠮ᠎ᠲᠠᠢ ᠨᠡᠩ ᠰᠠᠢᠨ ᠠᠭᠤᠰᠤᠯᠴᠠᠭᠤᠯᠵᠤ᠂ ᠨᠡᠩ ᠥᠷᠭᠡᠨ ᠠᠭᠤᠳᠠᠮ ᠣᠷᠣᠨ ᠵᠠᠢ᠎ᠲᠠᠢ ᠪᠤᠯᠭᠠᠵᠤ᠂ ᠴᠠᠭ ᠦᠶ᠎ᠡ᠎ᠲᠠᠢ ᠵᠡᠷᠭᠡ᠎ᠪᠠᠷ ᠲᠠᠪᠰᠢᠵᠤ᠂ ᠬᠠᠮᠲᠤ᠎ᠪᠠᠷ ᠬᠥᠭᠵᠢᠬᠦ ᠪᠣᠯᠭᠠᠨ᠎ᠠ ᠃

ᠰᠤᠷᠭᠠᠨ ᠬᠥᠮᠦᠵᠢᠯ ᠪᠣᠯ ᠤᠯᠤᠰ᠎ᠤᠨ ᠶᠡᠬᠡ ᠪᠤᠳᠤᠯᠭ᠎ᠠ᠂ ᠨᠠᠮ᠎ᠤᠨ ᠶᠡᠬᠡ ᠪᠤᠳᠤᠯᠭ᠎ᠠ ᠮᠥᠨ᠃ ᠰᠤᠷᠭᠠᠨ ᠬᠥᠮᠦᠵᠢᠯ᠎ᠤᠨ ᠠᠵᠢᠯ᠎ᠤᠨ ᠹᠷᠤᠨᠲ᠎ᠲᠤ ᠤᠯᠠᠨ ᠵᠢᠯ ᠠᠵᠢᠯᠯᠠᠭᠰᠠᠨ ᠯᠢᠦ ᠡᠷᠳᠡᠮᠳᠤ ᠣᠯᠠᠨ ᠠᠰᠫᠢᠷᠠᠨᠲ᠎ᠢ ᠵᠢᠯᠣᠭᠣᠳᠴᠤ ᠳᠡᠬᠦᠰᠬᠡᠭᠰᠡᠨ ᠶᠤᠮ᠃ ᠲᠡᠷᠡ᠎ᠪᠠᠷ᠂ ᠦᠨᠳᠦᠰᠦᠲᠡᠨ᠎ᠤ ᠣᠷᠣᠨ᠎ᠤ ᠬᠡᠦᠬᠡᠳ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠡᠵᠡᠮᠰᠢᠭᠰᠡᠨ ᠳᠠᠪᠠᠭᠤᠯᠢᠭ᠎ᠢᠶᠠᠷ᠎ᠢᠶᠡᠨ ᠲᠠᠯ᠎ᠠ ᠨᠤᠲᠤᠭ᠎ᠡᠴᠠ ᠭᠠᠷᠴᠤ ᠶᠠᠪᠤᠨ ᠂ ᠪᠥᠬᠥ ᠤᠯᠤᠰ ᠪᠠ ᠳᠡᠯᠡᠬᠡᠶ ᠳ᠋ᠠᠬᠢᠨ᠎ᠳ᠋ᠤ ᠬᠠᠨᠳᠤᠵᠤ᠂ ᠨᠤᠲᠤᠭ ᠤᠰᠤ᠎ᠪᠠᠨ ᠪᠥᠲᠥᠭᠡᠨ ᠪᠠᠶᠢᠭᠤᠯᠬᠤ ᠂ ᠡᠬᠡ ᠤᠯᠤᠰ᠎ᠲᠠᠭᠠᠨ ᠬᠦᠴᠦ᠎ᠪᠠᠨ ᠡᠷᠭᠦᠬᠦ ᠶᠠᠪᠤᠴᠠ᠎ᠳ᠋ᠤ ᠥᠪᠡᠷ᠎ᠤᠨ ᠠᠮᠢᠳᠤᠷᠠᠬᠤᠶ᠎ᠶᠢᠨ ᠦᠨ᠎ᠡ ᠥᠷᠲᠡᠭ᠎ᠢᠶᠡᠨ ᠪᠡᠶᠡᠯᠡᠭᠦᠯᠵᠦ᠂ ᠳᠡᠯᠡᠬᠡᠶ᠎ᠶᠢᠨ ᠲᠠᠪᠴᠠᠩ᠎ᠳ᠋ᠤ ᠳᠤᠮᠳᠠᠳᠤ ᠤᠯᠤᠰ᠎ᠤᠨ ᠴᠣᠭ ᠵᠢᠪᠬᠤᠭ᠎ᠠ᠎ᠶᠢ ᠭᠠᠢᠬᠠᠭᠤᠯᠵᠤ ᠪᠠᠢᠭ᠎ᠠ ᠬᠦᠮᠦᠰ ᠤᠯᠠᠮ᠎ᠡᠴᠠ ᠤᠯᠠᠮ ᠤᠯᠠᠰᠢᠷᠠᠵᠤ ᠪᠠᠢᠭ᠎ᠠ᠎ᠶᠢ ᠨᠢᠳᠦ᠎ᠪᠠᠷ᠎ᠢᠶᠡᠨ ᠦᠵᠡᠪᠡ᠃ ᠲᠡᠷᠡ ᠰᠤᠷᠪᠤᠯᠵᠢᠯᠠᠭᠴᠢ᠎ᠳ᠋ᠤ᠄ ︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠪᠦᠬᠦ ᠲᠠᠯ᠎ᠠ᠎ᠪᠠᠷ ᠨᠠᠶᠢᠳᠠᠪᠤᠷᠢᠵᠢᠭᠤᠯᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠲᠠᠰᠤᠷᠠᠯᠳᠠ ᠦᠭᠡᠢ ᠪᠠᠲᠤ ᠴᠣᠭᠴᠠᠯᠠᠪᠠᠯ᠂ ᠯᠠᠪᠳᠠᠢ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠦᠨ᠎ᠢ ᠨᠡᠩ ᠤᠯᠠᠨ ᠬᠥᠮᠦᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳ᠋ᠤ ᠪᠠᠲᠤ ᠪᠡᠬᠢ ᠰᠠᠭᠤᠷᠢ᠎ᠶᠢ ᠲᠠᠯᠪᠢᠵᠤ᠂ ᠬᠦᠴᠦᠷᠬᠡᠭ ᠶᠡᠬᠡ ᠤᠶᠤᠨ᠎ᠤ ᠲᠤᠯᠭᠠᠭᠤᠷᠢᠯᠠᠯ ᠬᠠᠩᠭᠠᠵᠤ ᠴᠢᠳᠠᠨ᠎ᠠ︾ ᠬᠡᠯ᠎ᠡ᠃

ᠵᠢᠵᠢᠭᠬᠡᠨ ᠵᠢᠭᠠᠬᠤ ᠮᠠᠲ᠋ᠧᠷᠢᠶᠠᠯ ᠤᠯᠤᠰ᠎ᠤᠨ ᠶᠡᠬᠡ ᠶᠠᠪᠤᠳᠠᠯ᠎ᠲᠠᠢ ᠬᠤᠯᠪᠤᠭᠳᠠᠨ᠎ᠠ᠃ ᠦᠨᠳᠦᠰᠦᠲᠡᠨ᠎ᠤ ᠳᠡᠭᠡᠳᠦ ᠰᠤᠷᠭᠠᠭᠤᠯᠢ᠎ᠶᠢᠨ ᠨᠢᠭᠡᠨ ᠰᠤᠷᠭᠠᠨ ᠬᠥᠮᠦᠵᠢᠯ᠎ᠤᠨ ᠠᠵᠢᠯᠲᠠᠨ ᠪᠣᠯᠤᠭᠰᠠᠨ᠎ᠤ ᠬᠤᠪᠢ᠎ᠳ᠋ᠤ᠂ ᠯᠢᠦ ᠡᠷᠳᠡᠮᠳᠤ᠂ ᠤᠯᠤᠰ ᠲᠥᠷᠥ᠎ᠶᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠣᠭ ᠲᠡᠮᠳᠡᠭ ᠲᠣᠳᠣᠷᠬᠠᠶ᠎ᠪᠠᠷ ᠨᠠᠮ᠎ᠤᠨ ᠲᠥᠪ ᠬᠣᠷᠢᠶᠠᠨ᠎ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠎ᠶᠢ ᠡᠷᠡᠰ ᠭᠤᠶᠢᠪᠢᠰᠢ ᠥᠬᠡᠶ ᠰᠠᠶᠢᠲᠤᠷ ᠨᠠᠶᠢᠳᠠᠪᠤᠷᠢᠵᠢᠭᠤᠯᠵᠤ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠡᠨᠡ ᠬᠦ ︽ ᠡᠳᠦᠬᠡ ᠴᠠᠭ᠎ᠲᠤ ᠭᠠᠪᠢᠶ᠎ᠠ ᠪᠠᠢᠢᠭᠤᠯᠤᠨ ᠲᠦᠮᠡᠨ ᠦᠶ᠎ᠠ᠎ᠶᠢ ᠢᠪᠡᠭᠡᠬᠦ︾ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠠᠶᠢᠲᠤᠷ ᠪᠡᠶᠡᠯᠡᠭᠦᠯᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠪᠣᠯᠪᠠᠰᠤᠷᠠᠩᠭᠤᠶ ᠡᠵᠡᠮᠰᠢᠨ ᠬᠡᠷᠡᠭᠯᠡᠵᠦ ᠳᠡᠶᠢᠯᠬᠦ ᠬᠠᠮ ᠬᠡᠯᠪᠡᠷᠢ᠎ᠶᠢᠨ᠂ ᠬᠡᠷᠡᠭᠯᠡᠭᠡᠨ᠎ᠤ ᠬᠡᠯᠪᠡᠷᠢ᠎ᠶᠢᠨ ᠴᠢᠳᠠᠪᠤᠷᠢᠲᠠᠨ᠎ᠢ ᠲᠠᠰᠤᠷᠠᠯᠲᠠ ᠥᠬᠡᠶ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶᠢᠨ ᠬᠥᠭᠵᠢᠯᠲᠡ᠂ ᠦᠨᠳᠦᠰᠦᠲᠡᠨ᠎ᠤ ᠪᠦᠯᠬᠦᠮᠳᠡᠯ᠂ ᠨᠡᠶᠢᠭᠡᠮ᠎ᠤᠨ ᠲᠣᠭᠲᠠᠭᠤᠨ᠂ ᠬᠢᠯᠢ ᠬᠢᠵᠠᠭᠠᠷ᠎ᠤᠨ ᠠᠮᠤᠷ ᠲᠣᠭᠲᠠᠭᠤᠨ᠎ᠳ᠋ᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面