ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠶᠠᠷᠢᠯᠴᠠᠭ᠎ᠠ

2021-08-31 09:45:54

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

 ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠠᠰᠫᠢᠷᠠᠨᠲ᠎ᠤᠨ ᠳᠡᠬᠡᠳᠤ ᠰᠤᠷᠭᠠᠭᠤᠯᠢ᠎ᠶᠢᠨ ᠳᠡᠳ᠋ ᠵᠠᠬᠢᠷᠤᠯ ᠮᠧᠩ ᠶᠦᠩ ᠮᠧᠶ᠎ᠶᠢ ᠰᠤᠷᠪᠤᠯᠵᠢᠯᠠᠭᠰᠠᠨ᠎ᠨᠢ



︽ ᠡᠯ᠎ᠡ ᠦᠨᠳᠦᠰᠦᠲᠡᠨ᠎ᠤ ᠰᠤᠷᠤᠭᠴᠢᠳ᠎ᠲᠤ ᠠᠪᠴᠤ ᠬᠡᠯᠡᠪᠡᠯ ᠂ ᠢᠯᠡᠭᠦᠦ ᠨᠢᠭᠡ ᠵᠦᠶ᠋ᠯ᠎ᠤᠨ ᠬᠡᠯᠡ᠎ᠶᠢ ᠰᠤᠷᠬᠤ᠎ᠨᠢ ᠳᠠᠷᠤᠶ ᠢᠯᠡᠭᠦᠦ ᠨᠢᠭᠡ ᠵᠦᠶ᠋ᠯ᠎ᠤᠨ ᠮᠡᠷᠭᠡᠵᠢᠯ᠎ᠢ ᠰᠤᠷᠴᠤ᠂ ᠨᠠᠩ ᠣᠯᠠᠨ ᠮᠡᠳᠡᠯᠭᠡ᠎ᠶᠢ ᠡᠵᠡᠮᠰᠢᠨ᠂ ᠨᠡᠶᠢᠭᠡᠮ᠎ᠲᠠᠢ ᠨᠠᠩ ᠰᠠᠶᠢᠲᠤᠷ ᠠᠭᠤᠰᠤᠯᠴᠠᠵᠤ ᠴᠢᠳᠠᠨ᠎ᠠ᠂ ᠡᠭᠦᠨ᠎ᠤ ᠤᠯᠠᠮ᠎ᠡᠴᠠ ᠥᠪᠡᠷ᠎ᠢ᠎ᠪᠠᠨ ᠢᠯᠡᠷᠡᠭᠦᠯᠬᠦ᠂ ᠥᠪᠡᠷ᠎ᠢ᠎ᠪᠠᠨ ᠬᠥᠭᠵᠢᠭᠦᠯᠬᠦ᠂ ᠬᠦᠰᠡᠯ ᠮᠦᠷᠦᠬᠡᠳᠦᠯ᠎ᠢᠶᠡᠨ ᠳᠡᠷᠬᠡᠯᠰᠢᠬᠦᠯᠬᠦ ᠨᠠᠩ ᠣᠯᠠᠨ ᠠᠵᠠ ᠲᠣᠬᠢᠶᠠᠯ᠎ᠢ ᠣᠯᠵᠤ ᠴᠢᠳᠠᠨ᠎ᠠ︾ ᠃ 8 ᠰᠠᠷ᠎ᠠ᠎ᠶᠢᠨ 27᠎ᠤ ᠡᠳᠦᠷ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠠᠰᠫᠢᠷᠠᠨᠲ᠎ᠤᠨ ᠳᠡᠬᠡᠳᠤ ᠰᠤᠷᠭᠠᠭᠤᠯᠢ᠎ᠶᠢᠨ ᠳᠡᠳ᠋ ᠵᠠᠬᠢᠷᠤᠯ ᠮᠧᠩ ᠶᠦᠩ ᠮᠧᠶ ᠰᠤᠷᠪᠤᠯᠵᠢᠯᠠᠭ᠎ᠠ᠎ᠶᠢ ᠬᠦᠯᠢᠶᠡᠬᠦ᠎ᠳ᠋ᠡᠭᠡᠨ ᠶᠠᠷᠢᠯ᠎ᠠ᠃

ᠮᠧᠩ ᠶᠦᠩ ᠮᠧᠢ ᠤᠯᠠᠨ ᠵᠢᠯ᠎ᠤᠨ ᠲᠤᠷᠰᠢ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠎ᠤᠨ ᠬᠦᠷᠢᠶᠡᠨ᠎ᠳ᠋ᠤ ᠠᠵᠢᠯᠯᠠᠵᠤ᠂ ᠵᠠᠯᠠᠭᠤ ᠰᠤᠷᠤᠭᠴᠢᠳ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠰᠠᠶᠢᠲᠤᠷ ᠬᠡᠷᠡᠭᠯᠡᠬᠦ ᠲᠤᠬᠠᠢ ᠥᠪᠡᠷ᠎ᠤᠨ ᠣᠶᠢᠯᠠᠭᠠᠯᠲᠠ᠎ᠲᠠᠢ ᠪᠣᠯᠵᠠᠢ᠃

ᠮᠧᠩ ᠶᠦᠩ ᠮᠧᠶ᠎ᠶᠢᠨ ᠲᠠᠨᠢᠯᠴᠠᠭᠤᠯᠬᠤ᠎ᠪᠠᠷ᠂ ᠮᠣᠩᠭᠣᠯ ᠠᠨᠠᠭᠠᠬᠤ ᠤᠬᠠᠭᠠᠨ ᠪᠣᠯ ᠮᠣᠩᠭᠣᠯ ᠦᠨᠳᠦᠰᠦᠲᠡᠨ᠎ᠤ ᠣᠷᠳᠣ ᠬᠤᠭᠤᠴᠠᠭᠠᠨ᠎ᠤ ᠡᠮᠴᠢᠯᠡᠭᠡᠨ᠎ᠤ ᠦᠶ᠋ᠯᠡᠳᠦᠯᠭᠡ ᠳᠤᠮᠳᠠ ᠠᠯᠭᠤᠷ ᠬᠥᠭᠵᠢᠵᠦ ᠢᠷᠡᠭᠰᠡᠨ ᠤᠯᠠᠮᠵᠢᠯᠠᠯᠲᠤ ᠠᠨᠠᠭᠠᠬᠤ ᠤᠬᠠᠭᠠᠨ ᠮᠥᠨ᠂ ᠲᠡᠷᠡ᠎ᠨᠢ ᠬᠢᠲᠠᠳ ᠡᠮᠨᠡᠯᠭᠡ᠂ ᠡᠷᠲᠡᠨ᠎ᠤ ᠡᠨᠡᠳᠬᠡᠭ᠎ᠤᠨ ᠠᠨᠠᠭᠠᠬᠤ ᠤᠬᠠᠭᠠᠨ᠂ ᠲᠥᠪᠡᠳ ᠠᠨᠠᠭᠠᠬᠤ ᠤᠬᠠᠭᠠᠨ᠎ᠤ ᠣᠨᠣᠯ᠎ᠤᠨ ᠣᠬᠢ ᠲᠠᠯᠠᠰᠳᠤ᠎ᠶᠢ ᠰᠢᠩᠭᠡᠭᠡᠨ ᠠᠪᠴᠤ᠂ ᠢᠯᠡ ᠲᠣᠳᠣ ᠣᠷᠣᠨ ᠨᠤᠲᠤᠭ᠎ᠤᠨ ᠣᠨᠴᠠᠯᠢᠭ᠎ᠲᠠᠢ ᠠᠨᠠᠭᠠᠬᠤ ᠤᠬᠠᠭᠠᠨ᠎ᠢ ᠠᠯᠬᠤᠮ ᠠᠯᠬᠤᠮ᠎ᠢᠶᠠᠷ ᠪᠦᠷᠢᠯᠳᠦᠬᠦᠯᠵᠡᠢ᠃ ᠮᠣᠩᠭᠣᠯ ᠡᠮ ᠡᠮᠨᠡᠯᠭᠡ ᠪᠣᠯ ᠮᠠᠨ᠎ᠤ ᠤᠯᠤᠰ᠎ᠤᠨ ᠤᠯᠠᠮᠵᠢᠯᠠᠯᠲᠤ ᠰᠣᠶᠣᠯ᠎ᠤᠨ ᠦᠨᠡᠲᠦ ᠦᠪ᠂ ︽ ᠠᠮᠢᠳᠤ︾ ᠰᠣᠶᠣᠯ᠎ᠤᠨ ᠥᠪ᠂ ᠡᠬᠡ ᠤᠯᠤᠰ᠎ᠤᠨ ᠤᠯᠠᠮᠵᠢᠯᠠᠯᠲᠤ ᠠᠨᠠᠭᠠᠬᠤ ᠤᠬᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠮᠣᠩᠭᠣᠯ ᠡᠮ ᠡᠮᠨᠡᠯᠭᠡ᠎ᠨᠢ ᠡᠯ᠎ᠡ ᠳᠡᠦᠬᠡᠨ ᠴᠠᠭ ᠦᠶ᠎ᠠ᠎ᠳ᠋ᠤ ᠠᠵᠤ ᠠᠬᠤᠶ᠎ᠶᠢᠨ ᠴᠢᠨᠠᠷ᠂ ᠬᠡᠷᠡᠭᠯᠡᠭᠡᠨ᠎ᠤ ᠴᠢᠨᠠᠷ ᠵᠢᠴᠢ ᠣᠨᠣᠪᠴᠢᠲᠠᠶ ᠡᠮᠴᠢᠯᠡᠭᠡᠨ᠎ᠤ ᠠᠴᠢ ᠲᠤᠰᠠ᠎ᠪᠠᠷ᠎ᠢᠶᠡᠨ ᠲᠤᠬᠠᠶ᠎ᠶᠢᠨ ᠭᠠᠵᠠᠷ᠎ᠤᠨ ᠣᠯᠠᠨ ᠨᠡᠶᠢᠲᠡ᠎ᠶᠢᠨ ᠡᠷᠡᠭᠦᠯ ᠬᠠᠮᠠᠭᠠᠯᠠᠯ᠎ᠤᠨ ᠦᠢᠯᠡᠰ᠎ᠲᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠮᠣᠩᠭᠣᠯ ᠡᠮ ᠡᠮᠨᠡᠯᠭᠡ᠎ᠶᠢ ᠤᠯᠠᠮᠵᠢᠯᠠᠨ ᠵᠠᠯᠭᠠᠮᠵᠢᠯᠠᠬᠤ ᠪᠣᠯ ᠶᠢᠷᠲᠢᠨᠴᠦ᠎ᠶᠢ ᠲᠤᠰᠠᠯᠠᠵᠤ ᠠᠷᠠᠳ᠎ᠲᠤ ᠠᠰᠢᠭ ᠬᠦᠷᠲᠡᠭᠡᠬᠦ᠂ ᠬᠥᠮᠦᠨ ᠲᠥᠷᠥᠯᠬᠢᠲᠡᠨ᠎ᠳ᠋ᠤ ᠪᠤᠶᠠᠨ ᠦᠢᠯᠡᠳᠬᠦ ᠦᠢᠯᠡᠰ ᠮᠥᠨ᠂ ᠮᠣᠩᠭᠣᠯ ᠡᠮ ᠡᠮᠨᠡᠯᠭᠡ᠎ᠶᠢ ᠨᠡᠩ ᠤᠯᠠᠨ ᠬᠥᠮᠦᠨ᠎ᠳ᠋ᠤ ᠲᠠᠨᠢᠭᠤᠯᠵᠤ ᠣᠶᠢᠯᠠᠭᠠᠭᠤᠯᠤᠶ᠎ᠠ ᠭᠡᠪᠡᠯ᠂ ᠥᠪᠥᠷ ᠮᠣᠩᠭᠣᠯ᠎ᠡᠴᠠ ᠭᠠᠷᠴᠤ ᠂ ᠪᠦᠬᠦ ᠤᠯᠤᠰ᠎ᠲᠤ ᠬᠠᠨᠳᠤᠨ᠂ ᠳᠡᠯᠡᠬᠡᠢ ᠳ᠋ᠠᠬᠢᠨ᠎ᠳ᠋ᠤ ᠬᠠᠨᠳᠤᠬᠤ ᠬᠡᠷᠡᠭᠳᠡᠢ᠂ ᠡᠨᠡ᠎ᠨᠢ ᠡᠷᠬᠡᠪᠰᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠲᠤ ᠲᠦᠰᠢᠭᠯᠡᠬᠦ ᠬᠡᠷᠡᠭᠲᠡᠢ ᠪᠢᠯᠡ᠃

ᠮᠸᠩ ᠶᠦᠩ ᠮᠧᠢ᠄ ︽ ᠡᠨᠡ ᠵᠢᠯ ᠪᠣᠯ ︿ ᠠᠷᠪᠠᠨ ᠳᠥᠷᠪᠡᠳᠦᠭᠡᠷ ᠲᠠᠪᠤᠨ ᠵᠢᠯ﹀᠎ᠤᠨ ᠲᠥᠯᠥᠪᠵᠢᠭᠦᠯᠭᠡ᠎ᠶᠢ ᠬᠡᠷᠡᠭᠵᠢᠭᠦᠯᠬᠦ᠂ ᠨᠡᠶᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ᠎ᠤ ᠡᠬᠢᠯᠡᠯᠲᠡ᠎ᠶᠢᠨ ᠵᠢᠯ ᠪᠣᠯᠤᠨ᠎ᠠ᠃ ᠰᠢᠨ᠎ᠡ ᠴᠠᠭ ᠦᠶ᠎ᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠦᠢᠯᠡᠰ᠎ᠲᠤ ᠰᠢᠨ᠎ᠡ ᠠᠭᠤᠯᠤᠭᠳᠠᠬᠤᠨ ᠨᠡᠮᠡᠷᠢᠯᠡᠵᠡᠢ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳ᠋ᠤ ᠦᠨᠳᠦᠰᠦᠲᠡᠨ᠎ᠨᠦᠭᠦᠳ ᠭᠠᠷ ᠬᠣᠯᠪᠣᠨ ᠮᠥᠷᠥ ᠵᠡᠷᠭᠡᠴᠡᠨ ᠬᠠᠮᠲᠤ᠎ᠪᠠᠷ ᠴᠢᠷᠮᠠᠶᠢᠨ ᠲᠡᠮᠡᠴᠡᠬᠦ ᠬᠡᠷᠡᠭᠲᠡᠢ᠃ ᠰᠣᠶᠣᠯ᠎ᠤᠨ ᠤᠯᠠᠮᠵᠢᠯᠠᠯ᠎ᠤᠨ ᠠᠴᠢᠶᠠᠯᠠᠪᠤᠷᠢ ᠪᠣᠯᠤᠭᠰᠠᠨ᠎ᠤ ᠬᠤᠪᠢ᠎ᠳ᠋ᠤ᠂ ᠭᠠᠭᠴᠠ ᠬᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠨ ᠡᠵᠡᠮᠰᠢᠪᠡᠯ ᠪᠢᠳᠡ ᠰᠠᠶᠢ ᠨᠡᠩ ᠰᠠᠶᠢᠲᠤᠷ ᠶᠠᠪᠤᠯᠴᠠᠭ᠎ᠠ ᠰᠣᠯᠢᠯᠴᠠᠭ᠎ᠠ ᠬᠢᠵᠦ᠂ ᠰᠣᠶᠣᠯ᠎ᠤᠨ ᠬᠠᠮᠲᠤ᠎ᠶᠢᠨ ᠲᠠᠨᠢᠯᠲᠠ᠎ᠪᠠᠨ ᠴᠢᠩᠭᠠᠳᠬᠠᠵᠤ᠂ ᠲᠠᠰᠤᠷᠠᠯᠳᠠ ᠦᠭᠡᠢ ᠬᠦᠭᠵᠢᠨ ᠲᠠᠪᠰᠢᠵᠤ ᠴᠢᠳᠠᠨ᠎ᠠ᠃ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠨ ᠬᠥᠮᠦᠵᠢᠯ᠎ᠤᠨ ᠠᠵᠢᠯᠲᠠᠨ ᠪᠣᠯᠤᠭᠰᠠᠨ᠎ᠤ ᠬᠤᠪᠢ᠎ᠳ᠋ᠤ ᠂ ᠬᠠᠷᠢᠭᠤᠴᠠᠯᠭ᠎ᠠ ᠨᠡᠩ ᠬᠦᠨᠳᠦ ᠶᠡᠬᠡ ᠰᠠᠨᠠᠭᠳᠠᠵᠤ ᠪᠠᠢᠨ᠎ᠠ᠃ ᠰᠤᠷᠭᠠᠨ ᠬᠥᠮᠦᠵᠢᠯ᠎ᠤᠨ ᠠᠵᠢᠯ᠎ᠢ ᠬᠢᠭᠰᠡᠨ ᠠᠷᠪᠠᠨ ᠬᠡᠳᠦᠨ ᠵᠢᠯ᠎ᠤᠨ ᠲᠤᠷᠰᠢ᠂ ᠪᠢ ᠢᠮᠠᠭᠳᠠ ᠪᠢᠴᠢᠭ ᠵᠢᠭᠠᠵᠤ ᠬᠥᠮᠦᠨ ᠬᠥᠮᠦᠵᠢᠭᠦᠯᠬᠦ ᠡᠮᠦᠨ᠎ᠡ ᠹᠷᠣᠨᠲ᠎ᠲᠤ ᠠᠵᠢᠯᠯᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠪᠣᠯ ᠳᠤᠮᠳᠠᠳᠤ᠎ᠶᠢᠨ ᠬᠥᠪᠡᠭᠦᠳ ᠥᠬᠢᠳ ᠨᠢᠭᠡ ᠪᠦᠷᠢ᠎ᠶᠢᠨ ᠬᠠᠷᠢᠭᠤᠴᠠᠯᠭ᠎ᠠ ᠮᠥᠨ᠃ ᠪᠢᠳᠠ ᠪᠦᠬᠦ ᠤᠯᠤᠰ᠂ ᠪᠦᠬᠦ ᠳᠡᠯᠡᠬᠡᠢ᠎ᠳ᠋ᠤ ᠬᠠᠨᠳᠤᠭᠰᠠᠨ ᠦᠷᠭᠡᠨ ᠬᠠᠷᠠᠭ᠎ᠠ ᠪᠠ ᠬᠡᠭᠦᠳᠡᠭ ᠴᠡᠭᠡᠵᠢ᠎ᠲᠠᠢ ᠪᠠᠶᠢᠪᠠᠯ ᠰᠠᠶᠢ ᠬᠥᠮᠦᠨ᠎ᠤ ᠠᠮᠢᠳᠤᠷᠠᠯ᠎ᠤᠨ ᠦᠨ᠎ᠡ ᠦᠷᠲᠡᠭ᠎ᠢᠶᠡᠨ ᠨᠡᠩ ᠰᠠᠢᠨ ᠪᠡᠶᠡᠯᠡᠭᠦᠯᠵᠦ ᠴᠢᠳᠠᠨ᠎ᠠ ᠬᠡᠵᠦ ᠰᠤᠷᠤᠭᠴᠢᠳ᠎ᠢᠶᠡᠨ ᠦᠷᠬᠦᠯᠵᠢ ᠰᠤᠷᠭᠠᠮᠵᠢᠯᠠᠳᠠᠭ᠋᠃ ᠪᠢ ᠪᠠᠰᠠ ᠰᠤᠷᠤᠭᠴᠢᠳ᠎ᠢᠶᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠡᠪᠯᠡᠭᠦᠯᠦᠭᠰᠡᠨ ᠨᠣᠮ ᠪᠢᠴᠢᠭ ᠂ ᠰᠤᠷᠪᠤᠯᠵᠢ ᠪᠢᠴᠢᠭ᠎ᠢ ᠶᠡᠬᠡ ᠬᠡᠮᠵᠢᠶ᠎ᠡ᠎ᠪᠠᠷ ᠤᠩᠰᠢᠭᠤᠯᠵᠤ ᠂ ᠨᠡᠩ ᠥᠷᠭᠡᠨ ᠬᠠᠷᠠᠭᠠᠰᠤ᠎ᠡᠴᠠ ᠨᠡᠶᠢᠭᠡᠮ᠎ᠳ᠋ᠤ ᠭᠠᠷᠴᠤ᠂ ᠥᠪᠡᠷ᠎ᠤᠨ ᠬᠥᠭᠵᠢᠯᠲᠡ᠎ᠶᠢᠨ ᠣᠷᠣᠨ ᠵᠠᠢ᠎ᠪᠠᠨ ᠥᠷᠭᠡᠳᠬᠡᠬᠦ᠎ᠶᠢ ᠵᠢᠯᠤᠭᠤᠳᠳᠠᠭ᠋︾ ᠬᠡᠵᠦ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面