ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠶᠠᠷᠢᠯᠴᠠᠭ᠎ᠠ

2021-08-25 11:07:56

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

 ᠦᠪᠦᠷ ᠮᠤᠩᠭᠤᠯ᠎ᠤᠨ ᠶᠡᠬᠡ ᠰᠤᠷᠭᠠᠭᠤᠯᠢ᠎ᠶᠢᠨ ᠮᠤᠩᠭᠤᠯ ᠰᠤᠳᠤᠯᠤᠯ᠎ᠤᠨ ᠳᠡᠬᠡᠳᠤ ᠰᠤᠷᠭᠠᠭᠤᠯᠢ᠎ᠶᠢᠨ ᠳᠡᠳ᠋ ᠵᠠᠬᠢᠷᠤᠯ ᠂ ᠫᠷᠦᠹᠧᠰᠰᠤᠷ ᠡᠦ ᠶᠢᠩ ᠵᠧ᠎ᠶᠢ ᠰᠤᠷᠪᠤᠯᠵᠢᠯᠠᠭᠰᠠᠨ᠎ᠨᠢ


︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠣᠯ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠬᠡᠷᠡᠭᠯᠡᠬᠦ ᠴᠢᠬᠤᠯᠠ ᠠᠴᠢᠶᠠᠯᠠᠪᠤᠷᠢ ᠪᠠ ᠪᠦᠲᠦᠮᠵᠢᠲᠡᠢ ᠠᠷᠭ᠎ᠠ ᠵᠠᠮ ᠮᠥᠨ ᠃ ᠤᠯᠠᠨ ᠵᠦᠢᠯ᠎ᠤᠨ ᠦᠭᠡ ᠬᠡᠯᠡ ᠦᠰᠦᠭ ᠪᠢᠴᠢᠭ᠎ᠢ ᠡᠵᠡᠮᠰᠢᠭᠰᠡᠨ ᠴᠥᠭᠡᠨ ᠲᠣᠭᠠᠲᠤ ᠦᠨᠳᠦᠰᠦᠲᠡᠨ᠎ᠤ ᠪᠠᠭᠰᠢ ᠪᠣᠯᠤᠭᠰᠠᠨ᠎ᠤ ᠬᠤᠪᠢ᠎ᠳ᠋ᠤ ᠂ ᠮᠢᠨᠦ ᠦᠵᠡᠬᠦ᠎ᠪᠠᠷ ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠰᠤᠷᠤᠭᠴᠢᠳ᠎ᠢ ᠬᠠᠷᠠᠬᠠᠨ ᠪᠠᠭ᠎ᠠ᠎ᠡᠴᠠ᠎ᠨᠢ ᠰᠠᠢᠨ ᠰᠠᠶᠢᠬᠠᠨ ᠵᠣᠷᠢᠭ ᠰᠠᠨᠠᠭ᠎ᠠ ᠵᠠᠩ ᠠᠷᠠᠨᠰᠢᠨ ᠂ ᠶᠣᠰᠣ ᠰᠤᠷᠲᠠᠬᠤᠨ᠎ᠤ ᠬᠡᠪ ᠪᠣᠯᠪᠠᠰᠤᠷᠠᠯ᠎ᠲᠠᠢ ᠪᠣᠯᠭᠠᠬᠤ ᠂ ᠵᠥᠪ ᠣᠨᠣᠪᠴᠢᠲᠠᠢ ᠬᠠᠤᠯᠢᠵᠢᠯ᠎ᠤᠨ ᠦᠵᠡᠯᠲᠡ ᠪᠣᠯᠤᠨ ᠨᠡᠶᠢᠭᠡᠮ᠎ᠤᠨ ᠬᠠᠷᠢᠭᠤᠴᠠᠯᠭᠠᠲᠤ ᠰᠡᠳᠬᠢᠯᠭᠡ᠎ᠲᠠᠢ ᠪᠣᠯᠭᠠᠬᠤ ᠂ ︿ ᠲᠦᠷᠪᠡᠨ ᠢᠲᠡᠭᠡᠯ ﹀᠎ᠢ ᠪᠠᠲᠤᠳᠬᠠᠬᠤ ᠂ ︿ ᠲᠠᠪᠤᠨ ᠬᠠᠮᠲᠤ᠎ᠶᠢᠨ ᠲᠠᠨᠢᠯᠲᠠ ﹀᠎ᠶᠢ ᠨᠡᠮᠡᠭᠳᠡᠬᠦᠯᠬᠦ᠎ᠳ᠋ᠤ ᠠᠰᠢᠭᠲᠠᠢ ᠂ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ ᠰᠣᠶᠣᠯ ᠮᠡᠳᠡᠯᠭᠡ᠎ᠶᠢ ᠨᠡᠩ ᠰᠠᠢᠨ ᠰᠤᠷᠤᠯᠴᠠᠬᠤ ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠡᠳ᠋ᠯᠡᠬᠦ ᠂ ᠨᠡᠶᠢᠭᠡᠮ᠎ᠲᠠᠢ ᠨᠡᠩ ᠰᠠᠢᠨ ᠠᠭᠤᠰᠤᠯᠴᠠᠬᠤ᠎ᠳ᠋ᠤ ᠠᠰᠢᠭᠲᠠᠢ ᠶᠤᠮ ︾ ᠬᠡᠵᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ ᠂ ᠫᠷᠤᠹᠧᠰᠰᠤᠷ ᠦ᠋ ᠶᠢᠩ ᠵᠸ ᠤᠢᠷ᠎ᠠ᠎ᠳ᠋ᠤ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠶᠠᠷᠢᠵᠤ ᠪᠠᠢᠯ᠎ᠠ ᠃

ᠡᠦ ᠶᠢᠩ ᠵᠸ ᠪᠠᠭ᠎ᠠ ᠰᠤᠷᠭᠠᠭᠤᠯᠢ᠎ᠶᠢᠨ ᠨᠢᠭᠡᠳᠦᠭᠡᠷ ᠣᠨ᠎ᠡᠴᠠ ᠴᠥᠭᠡᠨ ᠲᠣᠭᠠᠲᠤ ᠦᠨᠳᠦᠰᠦᠲᠡᠨ᠎ᠤ ᠦᠬᠡ ᠬᠡᠯᠡ᠎ᠪᠠᠷ ᠰᠤᠷᠭᠠᠨ ᠬᠦᠮᠦᠵᠢᠯ ᠬᠦᠷᠳᠡᠵᠦ ᠂ ᠪᠠᠭ᠎ᠠ ᠰᠤᠷᠭᠠᠭᠤᠯᠢ᠎ᠶᠢᠨ ᠭᠤᠷᠪᠠᠳᠤᠭᠠᠷ ᠣᠨ᠎ᠡᠴᠠ ᠡᠬᠢᠯᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠪᠠ ᠃ ᠲᠡᠷᠡ ᠄ ︽ ᠡᠨᠡ ᠬᠣᠶᠠᠷ ᠵᠦᠢᠯ᠎ᠤᠨ ᠬᠡᠯᠡ ᠂ ᠬᠡᠯᠡᠨ᠎ᠤ ᠲᠦᠷᠦᠯ᠎ᠤᠨ ᠰᠤᠳᠤᠯᠤᠯ ᠳᠡᠭᠡᠷ᠎ᠡ ᠨᠡᠯᠢᠶᠡᠳ ᠶᠡᠬᠡ ᠵᠦᠷᠢᠶ᠎ᠡ᠎ᠲᠠᠢ ᠂ ᠠᠳᠠᠯᠢ ᠪᠤᠰᠤ ᠢᠵᠠᠭᠤᠷ ᠬᠡᠯᠡᠨ᠎ᠳ᠋ᠤ ᠬᠠᠷᠢᠶᠠᠯᠠᠭᠳᠠᠨ᠎ᠠ ᠃ ᠡᠨᠡ ᠬᠣᠶᠠᠷ ᠵᠦᠢᠯ᠎ᠤᠨ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠬᠦ᠎ᠶᠢᠨ ᠲᠥᠯᠥᠭᠡ ᠂ ᠪᠢ ᠮᠠᠰᠢ ᠤᠯᠠᠨ ᠴᠠᠭ ᠪᠠ ᠤᠶᠤᠨ ᠴᠢᠳᠠᠯ᠎ᠢᠶᠡᠨ ᠵᠠᠷᠤᠴᠠᠭᠤᠯᠵᠠᠢ ᠂ ᠭᠡᠪᠡᠴᠦ ᠰᠤᠷᠤᠯᠴᠠᠬᠤ ᠶᠠᠪᠤᠴᠠ ᠲᠤᠮᠳᠠ ᠬᠦᠴᠢᠷ᠎ᠡᠴᠠ ᠠᠶᠤᠬᠤ ᠦᠭᠡᠢ ᠂ ᠰᠢᠨᠲᠠᠷᠠᠰᠢ ᠦᠭᠡᠢ ᠴᠢᠷᠮᠠᠢᠬᠤ ᠵᠣᠷᠢᠭ ᠰᠠᠨᠠᠭ᠎ᠠ᠎ᠲᠠᠢ ᠪᠣᠯᠵᠤ ᠬᠦᠮᠦᠵᠢᠭᠳᠡᠪᠡ ᠂ ᠡᠨᠡ᠎ᠨᠢ ᠮᠢᠨᠦ ᠰᠤᠷᠤᠯᠴᠠᠯᠭ᠎ᠠ ᠂ ᠦᠰᠦᠨ ᠪᠣᠶᠢᠵᠢᠯᠲᠠ᠎ᠳ᠋ᠤ ᠮᠠᠰᠢ ᠶᠡᠬᠡ ᠬᠠᠪᠰᠤᠷᠤᠮᠵᠢ ᠪᠤᠯᠤᠭᠰᠠᠨ ︾ ᠬᠡᠵᠦ ᠶᠠᠷᠢᠨ᠎ᠠ ᠃

1992 ᠣᠨ᠎ᠳ᠋ᠤ ᠂ ᠡᠦ ᠶᠢᠩ ᠵᠧ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳ᠋ᠤ ᠰᠢᠯᠭᠠᠨ ᠣᠷᠣᠵᠤ ᠂ ᠵᠢᠩᠬᠢᠨᠢ ᠠᠩᠬᠢ ᠂ ᠠᠰᠫᠢᠷᠠᠨᠲ ᠪᠠ ᠳ᠋ᠣᠺᠲ᠋ᠣᠷᠨᠨᠲ᠎ᠤᠨ ᠰᠤᠷᠤᠯᠴᠠᠯᠭ᠎ᠠ᠎ᠪᠠᠨ ᠵᠠᠯᠭ᠎ᠠ᠎ᠪᠠᠷ ᠪᠡᠶᠡᠯᠡᠬᠦᠯᠵᠡᠢ ᠃ ᠡᠨᠡ ᠬᠦ ᠬᠤᠭᠤᠴᠠᠭᠠᠨ᠎ᠳ᠋ᠤ ᠂ ᠲᠡᠷᠡ ᠪᠠᠰᠠ ᠠᠩᠭᠯᠢ ᠬᠡᠯᠡ ᠂ ᠶᠠᠫᠣᠨ ᠬᠡᠯᠡ ᠵᠡᠷᠭᠡ ᠬᠡᠳᠦᠨ ᠭᠠᠳᠠᠭᠠᠳᠤ ᠬᠡᠯᠡ ᠰᠤᠷᠤᠭᠰᠠᠨ ᠪᠠᠢᠨ᠎ᠠ ᠃ ᠣᠯᠠᠨ ᠵᠦᠢᠯ᠎ᠤᠨ ᠦᠭᠡ ᠬᠡᠯᠡ ᠦᠰᠦᠭ ᠪᠢᠴᠢᠭ᠎ᠢ ᠰᠤᠷᠴᠤ ᠡᠵᠡᠮᠰᠢᠭᠰᠡᠨ᠎ᠨᠢ ᠬᠡᠯᠡᠨ᠎ᠤ ᠰᠤᠳᠤᠯᠭᠠᠨ ᠬᠢᠳᠡᠭ ᠡᠦ ᠶᠢᠩ ᠵᠧ᠎ᠳ᠋ᠤ ᠶᠡᠭᠡᠭᠡᠨ ᠠᠴᠢ ᠲᠤᠰᠠ ᠦᠵᠡᠬᠦᠯᠵᠦ ᠂ ᠡᠷᠳᠡᠮ ᠰᠢᠨᠵᠢᠯᠡᠭᠡᠨ᠎ᠤ ᠰᠤᠳᠤᠯᠭᠠᠨ᠎ᠢ᠎ᠨᠢ ᠤᠯᠠᠮ ᠬᠦᠨᠵᠡᠭᠡᠢᠷᠡᠬᠦᠯᠵᠡᠢ᠃

ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠎ᠶᠢᠨ ᠴᠢᠬᠤᠯᠠ ᠠᠴᠢ ᠬᠣᠯᠪᠣᠭᠳᠠᠯ᠎ᠤᠨ ᠲᠤᠬᠠᠢ ᠡᠤ ᠶᠢᠩ ᠵᠧ ᠄ ︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠪᠦᠬᠦ ᠤᠯᠤᠰ᠎ᠤᠨ ᠨᠡᠷᠡᠳᠤ ᠲᠤᠰᠬᠠᠢ ᠮᠡᠷᠭᠡᠵᠢᠯᠲᠡᠨ ᠡᠷᠳᠡᠮᠲᠡᠨ ᠂ ᠡᠮᠦᠨ᠎ᠡ ᠹᠷᠣᠨᠲ᠎ᠤᠨ ᠭᠣᠣᠯᠯᠠᠭᠴᠢ ᠪᠠᠭᠰᠢ ᠨᠠᠷ ᠨᠠᠶᠢᠷᠠᠭᠤᠯᠤᠨ ᠪᠢᠴᠢᠭᠰᠡᠨ ᠶᠤᠮ ᠃ ᠰᠤᠷᠤᠭᠴᠢᠳ᠎ᠤᠨ ᠲᠠᠨᠢᠨ ᠮᠡᠳᠡᠬᠦᠢ᠎ᠶᠢᠨ ᠵᠢᠮ᠎ᠡ ᠶᠣᠰᠣ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠵᠢᠮ᠎ᠡ ᠶᠣᠰᠣ᠎ᠶᠢ ᠵᠢᠷᠤᠮᠯᠠᠵᠤ ᠂ ᠰᠤᠷᠤᠭᠴᠢᠳ᠎ᠤᠨ ᠦᠵᠡᠯ ᠰᠠᠨᠠᠭ᠎ᠠ ᠂ ᠰᠤᠷᠤᠯᠴᠠᠯᠭ᠎ᠠ ᠂ ᠠᠮᠢᠳᠤᠷᠠᠯ᠎ᠤᠨ ᠪᠣᠳᠠᠲᠠᠢ ᠪᠠᠶᠢᠳᠠᠯ᠎ᠲᠠᠢ ᠤᠢᠷᠠᠳᠤᠵᠤ ᠴᠢᠳᠠᠵᠠᠢ ᠃ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠨᠢ ᠰᠤᠷᠤᠭᠴᠢᠳ᠎ᠤᠨ ᠰᠣᠨᠣᠰᠴᠤ ᠤᠩᠰᠢᠵᠤ ᠪᠢᠴᠢᠬᠦ ᠴᠢᠳᠠᠪᠤᠷᠢ ᠪᠣᠯᠤᠨ ᠰᠡᠳᠬᠢᠬᠦᠢ᠎ᠶᠢ ᠬᠥᠭᠵᠢᠭᠦᠯᠬᠦ᠎ᠳ᠋ᠤ ᠠᠰᠢᠭᠲᠠᠢ ᠮᠦᠷᠲᠡᠭᠡᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠂ ᠨᠡᠶᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠤᠯᠠᠮᠵᠢᠯᠠᠵᠤ ᠂ ᠦᠨᠳᠦᠰᠦᠲᠡᠨ᠎ᠤ ᠵᠣᠷᠢᠭ ᠰᠠᠨᠠᠭ᠎ᠠ᠎ᠶᠢ ᠪᠠᠳᠠᠷᠠᠭᠤᠯᠵᠤ ᠂ ᠬᠦᠰᠡᠯᠡᠩ ᠢᠲᠡᠭᠡᠯ ᠪᠢᠰᠢᠷᠡᠯ᠎ᠢ ᠪᠠᠲᠤᠳᠬᠠᠬᠤ᠎ᠳ᠋ᠤ ᠠᠰᠢᠭᠲᠠᠢ ᠶᠤᠮ ᠃ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠳ᠋ᠤ ᠴᠢᠬᠤᠯᠠ ᠪᠥᠭᠡᠳ ᠣᠨᠴᠠᠭᠠᠶ ᠬᠦᠮᠦᠨ ᠬᠥᠮᠦᠵᠢᠭᠦᠯᠬᠦ ᠴᠢᠳᠠᠪᠬᠢ᠎ᠲᠠᠢ ᠃ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ᠎ᠶᠢ ᠪᠥᠬᠥ ᠲᠠᠯ᠎ᠠ᠎ᠪᠠᠷ ᠨᠠᠶᠢᠳᠠᠪᠤᠷᠢᠵᠢᠭᠤᠯᠵᠤ᠂ ᠭᠤᠤᠯ ᠰᠢᠵᠢᠮ᠎ᠢ ᠲᠤᠭᠤᠰᠢᠯᠠᠭᠤᠯᠬᠤ ᠂ ᠢᠳᠡᠭ ᠢᠳᠡᠭ᠎ᠢᠶᠠᠷ ᠬᠦᠨᠵᠡᠭᠡᠢᠷᠡᠬᠦᠯᠬᠦ ᠂ ᠡᠷᠭᠢᠭᠦᠯᠭᠡᠨ ᠬᠡᠯᠪᠡᠷᠢ᠎ᠪᠠᠷ ᠳᠡᠭᠡᠭᠰᠢᠯᠡᠬᠦᠯᠬᠦ ᠨᠢᠭᠡ ᠴᠣᠭᠴᠠᠵᠢᠭᠰᠠᠨ ᠴᠢᠳᠠᠪᠤᠷᠢᠲᠠᠨ ᠬᠥᠮᠦᠵᠢᠭᠦᠯᠬᠦ ᠪᠠᠶᠢᠷᠢᠰᠢᠯ᠎ᠢ ᠪᠦᠷᠢᠯᠳᠦᠭᠦᠯᠬᠦ᠎ᠳ᠋ᠤ ᠠᠰᠢᠭᠲᠠᠶ ᠪᠠᠶᠢᠵᠤ ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠨᠡᠶᠢᠭᠡᠮ ᠵᠢᠷᠤᠮ᠎ᠤᠨ ᠪᠥᠲᠥᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ᠎ᠶᠢ ᠬᠥᠮᠦᠵᠢᠭᠦᠯᠬᠦ᠎ᠳ᠋ᠤ ᠣᠷᠣᠯᠠᠭᠤᠯᠵᠤ ᠪᠣᠯᠤᠰᠢ ᠥᠬᠡᠶ ᠦᠢᠯᠡᠳᠣᠯ᠎ᠲᠠᠢ ᠶᠤᠮ ︾ ᠬᠡᠯ᠎ᠡ ᠃

ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ᠎ᠤᠨ ᠲᠠᠰ᠎ᠤᠨ ᠂ ᠥᠨᠳᠥᠷ ᠲᠦᠪᠰᠢᠨ ᠪᠦᠬᠦᠢ ᠂ ᠡᠷᠬᠡ ᠰᠦᠷᠲᠦ ᠴᠢᠨᠠᠷᠲᠠᠶ ᠵᠢᠭᠠᠬᠤ ᠮᠠᠲ᠋ᠧᠷᠢᠶᠠᠯ ᠪᠣᠯᠤᠨ᠎ᠠ ᠂ ᠨᠡᠶᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠎ᠶᠢ ᠪᠠᠳᠠᠷᠠᠭᠤᠯᠬᠤ ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠂ ᠬᠤᠪᠢᠰᠬᠠᠯᠲᠤ ᠰᠣᠶᠣᠯ ᠪᠣᠯᠤᠨ ᠨᠡᠶᠢᠭᠡᠮ ᠵᠢᠷᠤᠮ᠎ᠤᠨ ᠰᠣᠶᠣᠯ ᠬᠥᠮᠦᠵᠢᠯ᠎ᠢ ᠴᠢᠩᠭᠠᠳᠬᠠᠬᠤ᠎ᠪᠠᠷ ᠨᠠᠶᠢᠷᠠᠭᠤᠯᠤᠨ ᠪᠢᠴᠢᠬᠦ ᠵᠠᠷᠴᠢᠮ ᠪᠤᠯᠭᠠᠵᠤ ᠂ ᠥᠷᠭᠡᠨ ᠣᠯᠠᠨ ᠰᠤᠷᠤᠭᠴᠢᠳ᠎ᠢ ᠬᠠᠪᠰᠤᠷᠤᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠵᠦ ᠳᠡᠶᠢᠯᠬᠦ ᠴᠠᠭ ᠦᠶ᠎ᠡ᠎ᠶᠢᠨ ᠰᠢᠨ᠎ᠡ ᠬᠥᠮᠦᠨ ᠪᠣᠯᠬᠤ᠎ᠳ᠋ᠤ ᠠᠰᠢᠭᠲᠠᠶ ᠃ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠨᠢ ᠣᠭ ᠦᠨᠳᠦᠰᠦ᠎ᠪᠠᠨ ᠥᠯᠥ ᠮᠠᠷᠲᠠᠬᠤ ᠂ ᠭᠠᠳᠠᠭᠠᠳᠤ᠎ᠶᠢᠨ᠎ᠬᠢ᠎ᠶᠢ ᠰᠢᠩᠭᠡᠭᠡᠨ ᠠᠪᠬᠤ ᠂ ᠢᠷᠡᠭᠡᠳᠦᠶ᠎ᠳ᠋ᠤ ᠬᠠᠨᠳᠤᠬᠤ ᠱᠠᠭᠠᠷᠳᠠᠯᠭ᠎ᠠ᠎ᠪᠠᠷ ᠂ ᠠᠭᠤᠯᠭ᠎ᠠ᠎ᠶᠢᠨ ᠲᠠᠯ᠎ᠠ᠎ᠳ᠋ᠤ ᠦᠶ᠎ᠡ᠎ᠶᠢᠨ ᠦᠶ᠎ᠡ᠎ᠳ᠋ᠤ ᠤᠯᠠᠮᠵᠢᠯᠠᠬᠤ᠎ᠶᠢ ᠢᠯᠡᠷᠡᠬᠦᠯᠦᠭᠰᠡᠨ᠎ᠢᠶᠠᠷ ᠪᠠᠷᠠᠬᠤ ᠥᠬᠡᠶ ᠪᠠᠰᠠ ᠴᠠᠭ ᠦᠶᠡᠴᠢ ᠴᠢᠨᠠᠷ᠎ᠢ ᠢᠯᠡᠷᠡᠭᠦᠯᠵᠦ ᠂ ᠠᠵᠤ ᠠᠬᠤᠶ ᠨᠡᠶᠢᠭᠡᠮ᠎ᠤᠨ ᠬᠥᠭᠵᠢᠯᠲᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠳᠠᠪᠰᠢᠯᠲᠠ ᠪᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠲᠤᠰᠬᠠᠵᠤ ᠂ ᠠᠯᠤᠰ ᠬᠡᠲᠦ᠎ᠶᠢᠨ ᠴᠢᠨᠠᠷᠲᠠᠶ ᠪᠥᠭᠡᠳ ᠣᠯᠠᠨ ᠤᠯᠤᠰ᠎ᠤᠨ ᠬᠠᠷᠠᠭᠠᠰᠤ᠎ᠲᠠᠢ ᠪᠠᠶᠢᠵᠤ ᠂ ᠰᠤᠷᠤᠭᠴᠢᠳ᠎ᠤᠨ ᠬᠠᠷᠠᠭ᠎ᠠ᠎ᠪᠠᠨ ᠥᠷᠭᠡᠳᠬᠡᠬᠦ᠎ᠳ᠋ᠤ ᠠᠰᠢᠭᠲᠠᠶ ᠃ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠎ᠨᠢ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠭᠥᠷᠳᠡᠬᠦ᠎ᠳ᠋ᠤ ᠠᠰᠢᠭᠲᠠᠶ ᠪᠠᠶᠢᠵᠤ ᠂ ᠴᠢᠬᠤᠯᠠ ᠶᠡᠬᠡ ᠪᠠᠶᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ ᠪᠠ ᠠᠯᠤᠰ ᠬᠡᠲᠦ᠎ᠶᠢᠨ ᠪᠣᠳᠠᠲᠤ ᠠᠴᠢ ᠬᠣᠯᠪᠣᠭᠳᠠᠯ᠎ᠲᠠᠢ ᠶᠤᠮ ᠬᠡᠵᠦ ᠡᠦ ᠶᠢᠩ ᠵᠧ ᠫᠷᠤᠹᠧᠰᠰᠤᠷ ᠢᠯᠡᠳᠭᠡᠪᠠ ᠃

ᠰᠤᠷᠭᠠᠭᠤᠯᠢ ᠪᠣᠯ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠭᠣᠣᠯ ᠵᠢᠭᠰᠠᠭᠠᠯ᠎ᠤᠨ ᠭᠠᠵᠠᠷ ᠪᠠ ᠭᠣᠣᠯ ᠠᠷᠭ᠎ᠠ ᠵᠠᠮ ᠮᠥᠨ ᠃ ᠶᠡᠬᠡ ᠳᠡᠭᠡᠳᠦ ᠰᠤᠷᠭᠠᠭᠤᠯᠢ᠎ᠶᠢᠨ ᠫᠷᠤᠹᠧᠰᠰᠤᠷ ᠪᠣᠯᠤᠭᠰᠠᠨ᠎ᠤ ᠬᠤᠪᠢ᠎ᠳ᠋ᠤ ᠂ ᠦ᠋ ᠶᠢᠩ ᠵᠧ᠎ᠶᠢᠨ ᠦᠵᠡᠬᠦ᠎ᠪᠠᠷ ᠂ ᠰᠤᠷᠭᠠᠭᠤᠯᠢ᠎ᠨᠢ ᠪᠠᠭᠰᠢ᠎ᠶᠢᠨ ᠡᠩᠨᠡᠭᠡ᠎ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠡᠵᠡᠮᠰᠢᠨ ᠬᠡᠷᠡᠭᠯᠡᠬᠦ᠎ᠳ᠋ᠤ ᠴᠢᠨᠠᠷ ᠰᠠᠶᠢᠲᠠᠶ ᠪᠠᠭᠰᠢ᠎ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠰᠤᠷᠭᠠᠭᠤᠯᠢ᠎ᠨᠢ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠤᠨ ᠰᠢᠨ᠎ᠡ ᠵᠠᠭᠪᠤᠷ᠎ᠢ ᠦᠷᠭᠦᠯᠵᠢᠯᠡᠨ ᠰᠦᠪᠡᠭᠴᠢᠯᠡᠵᠦ ᠂ ᠭᠤᠤᠯ ᠰᠡᠳᠦᠪᠲᠦ ᠬᠥᠮᠦᠵᠢᠯ᠎ᠤᠨ ᠬᠡᠯᠪᠡᠷᠢ ᠪᠠ ᠠᠭᠤᠯᠭ᠎ᠠ᠎ᠶᠢ ᠲᠠᠰᠤᠷᠠᠯᠲᠠ ᠥᠬᠡᠶ ᠪᠠᠶᠠᠯᠢᠭᠵᠢᠭᠤᠯᠵᠤ ᠂ ᠰᠤᠷᠭᠠᠭᠤᠯᠢ᠎ᠶᠢᠨ ᠬᠦᠷᠢᠶᠡᠨ᠎ᠤ ᠰᠣᠶᠣᠯ᠎ᠤᠨ ᠠᠵᠢᠯᠯᠠᠭ᠎ᠠ᠎ᠶᠢᠨ ᠠᠭᠤᠯᠬᠤᠨ᠎ᠢ ᠥᠷᠭᠡᠳᠬᠡᠵᠦ ᠂ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠤᠨ ᠲᠠᠩᠬᠢᠮ᠎ᠢ ᠰᠤᠳᠤᠯᠤᠨ ᠰᠤᠷᠤᠯᠴᠠᠬᠤ ᠦᠢᠯᠡᠳᠣᠯᠭᠡ᠎ᠶᠢᠨ ᠨᠡᠶᠢᠭᠡᠮ᠎ᠤᠨ ᠶᠡᠬᠡ ᠬᠢᠴᠢᠶᠡᠯ᠎ᠤᠨ ᠲᠠᠩᠬᠢᠮ᠎ᠯᠤᠭ᠎ᠠ ᠣᠷᠭᠠᠨᠢᠭ᠎ᠢᠶᠠᠷ ᠤᠶᠠᠯᠳᠤᠭᠤᠯᠤᠨ ᠂ ᠰᠤᠷᠤᠭᠴᠢᠳ᠎ᠤᠨ ᠦᠵᠡᠯ ᠰᠠᠨᠠᠭᠠᠨ᠎ᠤ ᠲᠠᠨᠢᠨ ᠮᠡᠳᠡᠷᠡᠬᠦᠢ ᠂ ᠬᠠᠶᠢᠷ᠎ᠠ ᠰᠡᠳᠬᠢᠯᠭᠡ᠎ᠶᠢᠨ ᠲᠠᠨᠢᠨ ᠮᠡᠳᠡᠷᠡᠬᠦᠢ᠎ᠪᠠᠨ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠵᠤ ᠂ ᠲᠠᠰᠤᠷᠠᠯᠲᠠ ᠥᠬᠡᠶ ᠦᠢᠯᠡᠳᠣᠯᠭᠡᠵᠢᠭᠦᠯᠬᠦ ᠪᠠ ᠬᠡᠷᠡᠭᠯᠡᠬᠦ᠎ᠪᠠᠷ ᠳᠠᠮᠵᠢᠨ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ᠎ᠢᠶᠡᠨ ᠤᠯᠠᠮ ᠴᠢᠨᠠᠭᠰᠢᠳᠠ ᠳᠡᠬᠡᠭᠰᠢᠯᠡᠬᠦᠯᠬᠦ᠎ᠶᠢ ᠬᠦᠳᠦᠯᠦᠨ ᠵᠢᠯᠤᠭᠤᠳᠬᠤ ᠬᠡᠷᠡᠭᠳᠡᠢ ᠬᠡᠪᠡ ᠃

ᠰᠤᠷᠭᠠᠭᠤᠯᠢ᠎ᠡᠴᠠ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠬᠡᠷᠬᠢᠨ ᠦᠷᠭᠦᠯᠵᠢᠯᠡᠨ ᠭᠦᠨᠵᠡᠭᠡᠶ ᠥᠷᠨᠢᠭᠦᠯᠬᠦ ᠲᠤᠬᠠᠶ ᠦ᠋ ᠶᠢᠩ ᠵᠧ ᠄ ︽ ᠪᠢᠳᠡ ︿ ᠬᠢᠴᠢᠶᠡᠯ᠎ᠤᠨ ᠳᠠᠩᠬᠢᠮ᠎ᠤᠨ ᠦᠵᠡᠯ ᠰᠠᠨᠠᠭ᠎ᠠ ᠤᠯᠤᠰ ᠲᠥᠷᠥ ﹀᠎ᠶᠢᠨ ᠥᠭᠡᠷᠡᠴᠢᠯᠡᠯᠲᠡ᠎ᠶᠢ ᠯᠠᠪᠳᠠᠭᠤᠨ ᠪᠠᠲᠤᠲᠠᠶ ᠠᠬᠢᠭᠤᠯᠵᠤ ᠂ ᠡᠯ᠎ᠡ ᠲᠥᠷᠥᠯ᠎ᠤᠨ ᠲᠤᠰᠬᠠᠶ ᠮᠡᠷᠭᠡᠵᠢᠯ᠎ᠤᠨ ᠬᠢᠴᠢᠶᠡᠯ᠎ᠳ᠋ᠤ ᠠᠭᠤᠯᠤᠭᠳᠠᠵᠤ ᠪᠠᠶᠢᠭ᠎ᠠ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠤᠨ ᠡᠯᠧᠮᠧᠨ᠋ᠲ᠎ᠢ ᠡᠮᠬᠢᠯᠡᠨ ᠳᠢᠭᠯᠡᠵᠦ ᠂ ᠬᠢᠴᠢᠶᠡᠯ᠎ᠳ᠋ᠤ ᠠᠭᠤᠯᠤᠭᠳᠠᠵᠤ ᠪᠠᠶᠢᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠤᠨ ᠦᠵᠡᠯ ᠰᠠᠨᠠᠭ᠎ᠠ᠎ᠶᠢ ᠠᠭᠤᠳᠠᠯᠵᠤ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠡᠳᠦᠷ ᠲᠤᠲᠤᠮ᠎ᠤᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶᠢᠨ ᠪᠥᠬᠥ ᠶᠠᠪᠤᠴᠠ ᠂ ᠡᠯ᠎ᠡ ᠭᠣᠭᠴᠣᠭ᠎ᠠ᠎ᠳ᠋ᠤ ᠠᠭᠤᠰᠬᠠᠨ ᠤᠷᠤᠭᠤᠯᠬᠤ ᠬᠡᠷᠡᠭᠳᠡᠢ ᠃ ᠭᠤᠤᠯ ᠰᠡᠳᠦᠪᠲᠦ ᠬᠥᠮᠦᠵᠢᠯ ᠂ ᠴᠠᠭ᠎ᠤᠨ ᠪᠠᠶᠢᠳᠠᠯ ᠬᠢᠭᠡᠳ ᠲᠥᠷᠥ᠎ᠶᠢᠨ ᠪᠣᠳᠣᠯᠭ᠎ᠠ᠎ᠶᠢᠨ ᠬᠢᠴᠢᠶᠡᠯ ᠂ ᠭᠤᠤᠯ ᠰᠡᠳᠦᠪᠲᠦ ᠨᠠᠮ᠎ᠤᠨ ᠡᠳᠦᠷᠯᠢᠭ ᠡᠪᠯᠡᠯ᠎ᠤᠨ ᠡᠳᠦᠷᠯᠢᠭ ᠵᠢᠴᠢ ᠰᠤᠷᠭᠠᠭᠤᠯᠢ᠎ᠶᠢᠨ ᠬᠦᠷᠢᠶᠡᠨ᠎ᠤ ᠨᠠᠷᠠᠲᠤ ᠲᠡᠮᠳᠡᠭᠲᠦ ᠰᠣᠶᠣᠯ᠎ᠤᠨ ᠠᠵᠢᠯᠯᠠᠭ᠎ᠠ ᠵᠡᠷᠭᠡ᠎ᠪᠠᠷ ᠳᠠᠮᠵᠢᠭᠤᠯᠤᠨ ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠦᠵᠡᠯ ᠰᠠᠨᠠᠭᠠᠨ᠎ᠤ ᠬᠥᠮᠦᠵᠢᠯ᠎ᠢ ᠦᠷᠭᠦᠯᠵᠢᠯᠡᠨ ᠠᠬᠢᠭᠤᠯᠵᠤ ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠵᠠᠯᠠᠭᠤ ᠰᠤᠷᠤᠭᠴᠢᠳ᠎ᠤᠨ ᠰᠡᠳᠬᠢᠯ᠎ᠳ᠋ᠤ ᠭᠦᠨ ᠦᠨᠳᠦᠰᠦᠯᠡᠭᠦᠯᠬᠦ ᠬᠡᠷᠡᠭᠳᠡᠢ ︾ ᠬᠡᠯ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面