2021-08-24 10:50:46
︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠭᠡ ᠬᠡᠯᠨᠨᠤ ᠤᠯᠠᠮᠵᠢᠯᠠᠯ ᠬᠦᠭᠵᠢᠯ᠎ᠤᠨ ᠵᠢᠮ᠎ᠡ ᠶᠣᠰᠣ᠎ᠶᠢ ᠬᠦᠨᠳᠦᠳᠬᠡᠬᠦ᠎ᠨᠢ ᠨᠡᠶᠢᠭᠡᠮ᠎ᠤᠨ ᠬᠠᠷᠢᠯᠴᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠤᠯᠤᠰ᠎ᠤᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳ᠋ᠤ ᠠᠰᠢᠭᠲᠠᠢ ᠶᠤᠮ︾ ᠃ ᠣᠶᠢᠷ᠎ᠠ᠎ᠳ᠋ᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠰᠡᠴᠡᠩᠭᠤᠸ᠎ᠠ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠬᠦ᠎ᠳ᠋ᠡᠭᠡᠨ᠂ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳ᠋ᠤ᠂ ᠤᠯᠤᠰ᠎ᠤᠨ ᠤᠬᠠᠮᠰᠠᠷ᠂ ᠠᠷᠠᠳ ᠢᠷᠭᠡᠨ᠎ᠤ ᠤᠬᠠᠮᠰᠠᠷ᠂ ᠬᠠᠤᠯᠢ ᠴᠠᠭᠠᠵᠠ᠎ᠶᠢᠨ ᠤᠬᠠᠮᠰᠠᠷ ᠵᠡᠷᠭᠡ ᠭᠤᠷᠪᠠᠨ ᠲᠠᠯ᠎ᠠ᠎ᠡᠴᠠ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶᠢᠨ ᠠᠵᠢᠯ᠎ᠢ ᠳᠡᠯᠭᠡᠷᠡᠭᠦᠯᠬᠦ᠎ᠶᠢᠨ ᠴᠢᠬᠤᠯᠠ ᠠᠴᠢ ᠬᠣᠯᠪᠣᠭᠳᠠᠯ᠎ᠢ ᠣᠶᠢᠯᠠᠭᠠᠬᠤ ᠬᠡᠷᠡᠭᠲᠡᠶ ᠬᠡᠪᠡ᠃ ᠲᠡᠷᠡ᠎ᠪᠠᠷ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠪᠦᠬᠦ ᠳᠤᠮᠳᠠᠳᠤ ᠤᠯᠤᠰ᠎ᠤᠨ ᠪᠦᠬᠦ ᠨᠡᠶᠢᠭᠡᠮ᠎ᠤᠨ ᠬᠠᠮᠲᠤ᠎ᠶᠢᠨ ᠦᠭᠡ ᠬᠡᠯᠡ ᠦᠰᠦᠭ ᠪᠢᠴᠢᠭ ᠮᠥᠨ᠂ ᠮᠠᠨ᠎ᠤ ᠤᠯᠤᠰ᠎ᠤᠨ 56 ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠠᠮᠲᠤ᠎ᠶᠢᠨ ᠬᠣᠯᠪᠣᠭᠠᠰᠤ ᠮᠥᠨ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠦᠨᠳᠦᠰᠦᠨ ᠬᠠᠤᠯᠢ᠎ᠳ᠋ᠤ ᠲᠣᠭᠲᠠᠭᠠᠭᠰᠠᠨ ᠬᠠᠷᠢᠭᠤᠴᠠᠯᠭ᠎ᠠ ᠮᠥᠨ᠂ ᠪᠠᠰᠠ ᠴᠤ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ ᠬᠡᠵᠦ ᠪᠠᠢᠯ᠎ᠠ᠃
ᠰᠡᠴᠡᠩᠭᠤᠸ᠎ᠠ ᠪᠣᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠮᠣᠩᠭᠣᠯ ᠰᠣᠶᠣᠯ ᠰᠤᠳᠤᠯᠬᠤ ᠭᠠᠵᠠᠷ᠎ᠤᠨ ᠳᠡᠳ᠋ ᠰᠤᠳᠤᠯᠤᠭᠠᠴᠢ᠂ ᠱᠠᠰᠢᠨ᠎ᠤ ᠤᠬᠠᠭᠠᠨ᠎ᠤ ᠲᠤᠰᠬᠠᠢ ᠮᠡᠷᠭᠡᠵᠢᠯ᠎ᠤᠨ ᠠᠰᠫᠢᠷᠠᠨᠲ᠎ᠤᠨ ᠵᠢᠯᠤᠭᠤᠳᠤᠭᠴᠢ ᠪᠠᠭᠰᠢ᠃ ᠣᠳᠣᠬᠠᠨ᠎ᠳ᠋ᠤ᠂ ᠲᠡᠭᠦᠨ᠎ᠤ ᠭᠣᠣᠯ ᠰᠤᠳᠤᠯᠭᠠᠨ᠎ᠤ ᠭᠦᠷᠢᠶ᠎ᠡ ᠪᠤᠯ ᠮᠣᠩᠭᠣᠯ ᠦᠨᠳᠦᠰᠦᠲᠡᠨ᠎ᠤ ᠱᠠᠰᠢᠨ ᠰᠤᠷᠲᠠᠬᠤᠨ᠎ᠤ ᠰᠣᠶᠣᠯ᠂ ᠮᠠᠷᠺᠰ᠎ᠤᠨ ᠦᠵᠡᠯ᠎ᠤᠨ ᠱᠠᠰᠢᠨ ᠰᠤᠷᠲᠠᠬᠤᠨ᠎ᠤ ᠦᠵᠡᠯᠲᠡ ᠵᠢᠴᠢ ᠨᠠᠮ᠎ᠤᠨ ᠱᠠᠰᠢᠨ ᠰᠤᠷᠲᠠᠬᠤᠨ᠎ᠤ ᠲᠦᠷᠦ᠎ᠶᠢᠨ ᠪᠤᠳᠤᠯᠭ᠎ᠠ ᠪᠣᠯᠤᠨ᠎ᠠ᠃ ᠲᠡᠷᠡ ᠤᠷᠳᠤ ᠬᠤᠭᠤᠴᠠᠭ᠎ᠠ᠎ᠪᠠᠷ ᠮᠣᠩᠭᠣᠯ ᠬᠢᠲᠠᠳ ᠣᠷᠴᠢᠭᠤᠯᠭ᠎ᠠ᠎ᠶᠢᠨ ᠤᠨᠤᠯ ᠬᠢᠭᠡᠳ ᠦᠢᠯᠡᠳᠦᠯᠭᠡ᠎ᠶᠢᠨ ᠬᠦᠷᠢᠶᠡᠨ᠎ᠳ᠋ᠤ ᠵᠢᠭᠠᠨ ᠰᠤᠷᠭᠠᠯᠲᠠ ᠪᠤᠯᠤᠨ ᠡᠷᠳᠡᠮ ᠰᠢᠨᠵᠢᠯᠡᠭᠡᠨ᠎ᠤ ᠠᠵᠢᠯ ᠬᠢᠭᠰᠡᠬᠡᠷ ᠢᠷᠡᠵᠡᠢ᠃
ᠲᠣᠰ ᠤᠳᠠᠭᠠᠨ᠎ᠤ ᠰᠤᠷᠪᠤᠯᠵᠢᠯᠠᠭ᠎ᠠ᠎ᠳ᠋ᠤ᠂ ᠰᠡᠴᠡᠩᠭᠤᠸ᠎ᠠ ᠲᠣᠰ ᠪᠡᠶ᠎ᠡ᠎ᠶᠢᠨ ᠵᠢᠭᠠᠨ ᠰᠤᠷᠭᠠᠯᠲᠠ ᠪᠠ ᠡᠷᠳᠡᠮ ᠰᠢᠨᠵᠢᠯᠡᠭᠡᠨ᠎ᠤ ᠰᠤᠳᠤᠯᠭᠠᠨ᠎ᠤ ᠪᠣᠳᠠᠲᠤ ᠪᠠᠶᠢᠳᠠᠯ᠎ᠲᠠᠢ᠎ᠪᠠᠨ ᠤᠶᠠᠯᠳᠤᠭᠤᠯᠤᠨ᠂ ᠴᠢᠳᠠᠪᠤᠷᠢᠲᠠᠨ ᠬᠥᠮᠦᠵᠢᠭᠦᠯᠬᠦ᠂ ᠰᠣᠶᠣᠯ᠎ᠤᠨ ᠰᠣᠯᠢᠯᠴᠠᠭ᠎ᠠ ᠪᠠ ᠨᠡᠶᠢᠭᠡᠮ᠎ᠤᠨ ᠦᠢᠯᠡᠴᠢᠯᠡᠭᠡ ᠵᠡᠷᠭᠡ ᠲᠠᠯ᠎ᠠ᠎ᠡᠴᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠡᠷᠡᠭᠯᠡᠬᠦ᠎ᠶᠢᠨ ᠴᠢᠬᠤᠯᠠ ᠴᠢᠨᠠᠷ ᠪᠠ ᠴᠢᠬᠤᠯᠠ ᠠᠴᠢ ᠬᠣᠯᠪᠣᠭᠳᠠᠯ᠎ᠢ ᠲᠣᠳᠣᠷᠬᠠᠶᠢᠯᠠᠨ ᠶᠠᠷᠢᠵᠠᠢ᠃ ᠰᠡᠴᠡᠩᠭᠤᠸ᠎ᠠ᠎ᠶᠢᠨ ᠦᠵᠡᠬᠦ᠎ᠪᠠᠷ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠡᠩ ᠲᠡᠷᠢᠭᠦᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠪᠠᠯ ᠵᠣᠬᠢᠨ᠎ᠠ᠂ ᠡᠨᠡ᠎ᠨᠢ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠡᠨ ᠰᠤᠷᠴᠤ ᠬᠡᠷᠡᠭᠯᠡᠬᠦ᠎ᠲᠠᠢ ᠵᠥᠷᠢᠴᠡᠯ ᠦᠭᠡᠢ ᠶᠤᠮ᠃ ᠦᠭᠡ ᠬᠡᠯᠡ ᠨᠡᠪᠲᠡᠷᠡᠯᠴᠡᠬᠦ ᠪᠣᠯ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠪᠦᠷᠢᠯᠳᠦᠭᠦᠯᠬᠦ᠎ᠶᠢᠨ ᠵᠠᠩᠭᠢᠯᠠᠭ᠎ᠠ ᠪᠣᠯᠤᠨ᠎ᠠ᠃ ᠲᠡᠷᠡ᠂ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠶᠢ ᠰᠠᠨᠠᠭᠠᠴᠢᠯᠠᠵᠤ ᠪᠠᠢᠳᠠᠭ᠋᠃ ᠡᠨᠡ᠎ᠨᠢ ᠲᠡᠳᠡᠨ᠎ᠤ ᠤᠳᠤ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ ᠮᠡᠳᠡᠯᠭᠡ᠎ᠶᠢ ᠬᠦᠯᠢᠶᠡᠨ ᠠᠪᠬᠤ᠂ ᠨᠡᠶᠢᠭᠡᠮ᠎ᠲᠠᠢ ᠠᠭᠤᠰᠤᠯᠴᠠᠬᠤ᠎ᠳ᠋ᠤ ᠴᠥᠮ ᠵᠠᠩᠭᠢᠯᠠᠭ᠎ᠠ᠎ᠶᠢᠨ ᠦᠢᠯᠡᠳᠦᠯ ᠦᠵᠡᠬᠦᠯᠳᠡᠭ ᠬᠡᠵᠦ ᠲᠡᠷᠡ ᠦᠵᠡᠨ᠎ᠡ᠃
ᠦᠨᠳᠦᠰᠦᠲᠡᠨ᠎ᠤ ᠭᠠᠵᠠᠷ ᠣᠷᠣᠨ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠬᠦᠷᠳᠡᠬᠦ᠎ᠶᠢᠨ ᠴᠢᠬᠤᠯᠠ ᠴᠢᠨᠠᠷ ᠪᠣᠯᠤᠨ ᠴᠢᠬᠤᠯᠠ ᠠᠴᠢ ᠬᠣᠯᠪᠣᠭᠳᠠᠯ᠎ᠤᠨ ᠲᠤᠬᠠᠢ ᠶᠠᠷᠢᠬᠤ᠎ᠳᠠᠭᠠᠨ᠂ ᠰᠡᠴᠡᠩᠭᠤᠸ᠎ᠠ᠂ ᠰᠤᠷᠭᠠᠭᠤᠯᠢ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠦᠨᠳᠦᠰᠦᠨ ᠰᠠᠭᠤᠷᠢᠨ ᠪᠣᠯᠤᠭᠰᠠᠨ᠎ᠤ ᠬᠤᠪᠢ᠎ᠳ᠋ᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶᠢ ᠳᠡᠯᠭᠡᠷᠡᠭᠦᠯᠬᠦ ᠡᠷᠴᠢᠮ᠎ᠢᠶᠡᠨ ᠴᠢᠩᠭᠠᠷᠠᠭᠤᠯᠬᠤ ᠪᠣᠯ ᠨᠠᠮ᠎ᠤᠨ ᠰᠦᠭ ᠰᠦᠨᠡᠰᠦ᠎ᠶᠢ ᠱᠤᠭᠤᠵᠤ ᠬᠥᠮᠦᠨ ᠬᠥᠮᠦᠵᠢᠭᠦᠯᠬᠦ ᠢᠨᠵᠧᠨᠧᠷᠢᠩ᠎ᠢ ᠲᠤᠭᠤᠰᠢᠯᠠᠭᠤᠯᠬᠤ᠂ ︽ ᠬᠡᠨ᠎ᠤ ᠲᠥᠯᠥᠭᠡ ᠬᠥᠮᠦᠨ ᠬᠥᠮᠦᠵᠢᠭᠦᠯᠬᠦ︾᠎ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠬᠡᠪᠡ᠃
ᠰᠡᠴᠡᠩᠭᠤᠸ᠎ᠠ ᠰᠤᠷᠪᠤᠯᠵᠢᠯᠠᠭᠴᠢ᠎ᠳ᠋ᠤ ᠲᠠᠨᠢᠯᠴᠠᠭᠤᠯᠤᠬᠰᠠᠨ᠎ᠨᠢ ᠂ ᠤᠳᠤ ᠲᠡᠷᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠪᠥᠬᠥ ᠰᠤᠷᠭᠠᠭᠤᠯᠢ᠎ᠶᠢᠨ ᠵᠢᠩᠬᠢᠨᠢ ᠠᠩᠭᠢ᠎ᠶᠢᠨ ᠰᠤᠷᠤᠭᠴᠢᠳ᠎ᠲᠤ ᠶᠡᠷᠦ᠎ᠶᠢᠨ ᠮᠡᠳᠡᠯᠭᠡ᠎ᠶᠢᠨ ᠬᠥᠮᠦᠵᠢᠯ᠎ᠤᠨ ᠰᠣᠩᠭᠣᠨ ᠰᠤᠷᠬᠤ ᠬᠢᠴᠢᠶᠡᠯ ︽ ᠪᠤᠷᠬᠠᠨ᠎ᠤ ᠱᠠᠰᠢᠨ᠎ᠤ ᠰᠣᠶᠣᠯ᠎ᠤᠨ ᠤᠳᠤᠷᠢᠳᠬᠠᠯ︾᠎ᠢ ᠵᠢᠭᠠᠵᠤ᠂ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠱᠠᠰᠢᠨ ᠰᠤᠷᠲᠠᠬᠤᠨ᠎ᠤ ᠲᠤᠰᠬᠠᠶ ᠮᠡᠷᠭᠡᠵᠢᠯ᠎ᠤᠨ ᠠᠰᠫᠢᠷᠠᠨᠲ᠎ᠲᠤ ︽ ᠮᠠᠷᠺᠰ᠎ᠤᠨ ᠦᠵᠡᠯ᠎ᠤᠨ ᠱᠠᠰᠢᠨ ᠰᠤᠷᠲᠠᠬᠤᠨ᠎ᠤ ᠦᠵᠡᠯᠲᠡ ᠪᠠ ᠨᠠᠮ᠎ᠤᠨ ᠱᠠᠰᠢᠨ ᠰᠤᠷᠲᠠᠬᠤᠨ᠎ᠤ ᠲᠥᠷᠥ᠎ᠶᠢᠨ ᠪᠣᠳᠣᠯᠭ᠎ᠠ︾᠎ᠶᠢᠨ ᠬᠢᠴᠢᠶᠡᠯ᠎ᠢ ᠵᠢᠭᠠᠵᠤ ᠪᠤᠢ᠃ ᠡᠳᠡᠭᠡᠷ ᠬᠢᠴᠢᠶᠡᠯ᠎ᠢ ᠵᠢᠭᠠᠬᠤ᠎ᠪᠠᠷ ᠳᠠᠮᠵᠢᠨ᠂ ᠰᠤᠷᠤᠭᠴᠢᠳ᠎ᠤᠨ ᠵᠥᠪ ᠬᠦᠰᠡᠯᠡᠩ ᠢᠲᠡᠭᠡᠯ ᠪᠢᠰᠢᠷᠡᠯ᠎ᠢ ᠪᠤᠢ ᠪᠤᠯᠭᠠᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ ᠵᠢᠴᠢ ᠱᠠᠰᠢᠨ ᠰᠤᠷᠲᠠᠬᠤᠨ᠎ᠤ ᠦᠵᠡᠯᠲᠡ᠎ᠶᠢ ᠪᠤᠢ ᠪᠣᠯᠭᠠᠵᠤ᠂ ︽ ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ᠎ᠶᠢ ᠪᠤᠢ ᠪᠣᠯᠭᠠᠵᠤ᠂ ︽ ᠲᠠᠪᠤᠨ ᠬᠠᠮᠲᠤ᠎ᠶᠢᠨ ᠲᠠᠨᠢᠯᠲᠠ︾᠎ᠶᠢ ᠴᠢᠩᠭᠠᠳᠬᠠᠬᠤ᠎ᠶᠢ ᠲᠡᠷᠡ ᠬᠦᠳᠦᠯᠦᠨ ᠵᠢᠯᠤᠭᠤᠳᠳᠠᠭ᠋᠃ ᠰᠤᠷᠤᠭᠴᠢᠳ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠡᠪᠯᠡᠭᠰᠡᠨ ᠨᠣᠮ ᠪᠢᠴᠢᠭ ᠪᠠ ᠰᠤᠷᠪᠤᠯᠵᠢ ᠪᠢᠴᠢᠭ᠎ᠢ ᠢᠯᠡᠬᠦᠭᠡᠨ ᠤᠩᠰᠢᠵᠤ᠂ ᠨᠡᠩ ᠥᠷᠭᠡᠨ ᠳᠡᠯᠭᠡᠷ ᠬᠠᠷᠠᠭᠠᠰᠤ᠎ᠡᠴᠠ ᠨᠡᠶᠢᠭᠡᠮ᠎ᠳ᠋ᠤ ᠬᠠᠨᠳᠤᠨ᠂ ᠥᠪᠡᠷ᠎ᠤᠨ ᠬᠥᠭᠵᠢᠯᠲᠡ᠎ᠶᠢᠨ ᠣᠷᠣᠨ ᠵᠠᠢ᠎ᠪᠠᠨ ᠥᠷᠭᠡᠳᠬᠡᠬᠦ᠎ᠶᠢ ᠲᠡᠷᠡ ᠰᠠᠨᠠᠭᠠᠴᠢᠯᠠᠳᠠᠭ᠋᠃ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠬᠥᠮᠦᠵᠢᠭᠦᠯᠦᠭᠰᠡᠨ ᠦᠨᠳᠦᠰᠦᠨ ᠠᠩᠬᠢ᠎ᠶᠢᠨ ᠣᠶᠤᠲᠠᠨ᠂ ᠠᠰᠫᠢᠷᠠᠨᠲ᠎ᠤᠨ ᠣᠯᠠᠩᠬᠢ᠎ᠨᠢ ᠰᠣᠨᠢᠨ᠎ᠤ ᠬᠤᠷᠢᠶ᠎ᠠ᠂ ᠲᠧᠯᠸᠢᠰ ᠬᠤᠷᠢᠶ᠎ᠠ᠂ ᠰᠡᠳᠬᠦᠯ᠎ᠤᠨ ᠬᠤᠷᠢᠶ᠎ᠠ᠂ ᠬᠡᠪᠯᠡᠯ᠎ᠤᠨ ᠬᠤᠷᠢᠶ᠎ᠠ ᠪᠣᠯᠤᠨ ᠵᠠᠷᠢᠮ ᠠᠵᠤ ᠠᠬᠤᠶᠢᠯᠠᠯ᠎ᠳ᠋ᠤ ᠣᠷᠴᠢᠭᠤᠯᠭ᠎ᠠ᠎ᠶᠢᠨ ᠠᠵᠢᠯ ᠬᠢᠵᠦ ᠪᠤᠢ᠃ ᠳᠡᠳᠡ ᠨᠠᠷ ᠶᠡᠬᠡ ᠲᠠᠯ᠎ᠠ᠎ᠶᠢᠨ ᠤᠬᠠᠮᠰᠠᠷ᠎ᠲᠠᠢ ᠪᠠᠶᠢᠵᠤ᠂ ᠢᠮᠠᠭᠲᠠ ᠥᠪᠡᠷ ᠥᠪᠡᠷ᠎ᠤᠨ᠎ᠢᠶᠡᠨ ᠬᠦᠷᠢᠶᠡᠨ᠎ᠳ᠋ᠤ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠵᠤ᠂ ᠳᠤᠮᠳᠠᠳᠤ ᠤᠯᠤᠰ᠎ᠤᠨ ᠦᠯᠢᠬᠡᠷ᠎ᠢ ᠰᠠᠶᠢᠲᠤᠷ ᠶᠠᠷᠢᠵᠤ᠂ ᠳᠤᠮᠳᠠᠳᠤ ᠤᠯᠤᠰ᠎ᠤᠨ ᠨᠥᠯᠥᠭᠡᠯᠡᠬᠦ ᠬᠦᠴᠦᠨ᠎ᠢ ᠴᠢᠩᠭᠠᠳᠬᠠᠵᠤ᠂ ᠦᠨᠳᠦᠰᠦᠲᠡᠨ᠎ᠤ ᠪᠦᠯᠬᠦᠮᠳᠡᠯ ᠪᠣᠯᠤᠨ ᠤᠯᠤᠰ᠎ᠤᠨ ᠨᠢᠭᠡᠳᠦᠯ᠎ᠳ᠋ᠤ ᠢᠳᠡᠪᠬᠢᠲᠡᠢ ᠦᠢᠯᠡᠳᠦᠯ ᠦᠵᠡᠭᠦᠯᠵᠦ ᠪᠠᠢᠳᠠᠭ᠋᠃
ᠨᠠᠮ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢᠨ ᠬᠠᠯᠠᠮᠵᠢᠯᠠᠯ ᠳᠣᠣᠷ᠎ᠠ ᠦᠰᠦᠨ ᠪᠣᠶᠢᠵᠢᠭᠰᠠᠨ ᠡᠷᠳᠡᠮᠲᠡᠨ ᠪᠣᠯᠤᠭᠰᠠᠨ᠎ᠤ ᠬᠤᠪᠢ᠎ᠳ᠋ᠤ᠂ ᠰᠡᠴᠡᠩᠭᠤᠸ᠎ᠠ ᠪᠠᠭ᠎ᠠ ᠰᠤᠷᠭᠠᠭᠤᠯᠢ᠎ᠡᠴᠠ ᠳ᠋ᠣᠺᠲ᠋ᠣᠷᠨᠨᠲ ᠲᠡᠬᠦᠰᠳᠡᠯ᠎ᠡ ᠮᠣᠩᠭᠣᠯ ᠦᠬᠡ ᠬᠡᠯᠡ ᠦᠰᠦᠭ ᠪᠢᠴᠢᠭ᠎ᠢᠶᠠᠷ ᠰᠤᠷᠤᠯᠴᠠᠭᠰᠠᠭᠠᠷ ᠢᠷᠡᠭᠰᠡᠨ ᠪᠤᠯᠪᠠᠴᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠬᠡᠷᠡᠭᠯᠡᠯᠳᠡ᠎ᠡᠴᠠ ᠶᠡᠷᠦ᠎ᠨᠢ ᠰᠠᠯᠤᠭ᠎ᠠ ᠦᠭᠡᠢ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ᠎ᠨᠢ ᠲᠡᠭᠦᠨ᠎ᠤ ᠬᠤᠪᠢ ᠬᠥᠮᠦᠨ᠎ᠤ ᠦᠰᠦᠨ ᠪᠣᠶᠢᠵᠢᠯᠲᠠ᠎ᠶᠢᠨ ᠶᠠᠪᠤᠴᠠ᠎ᠳ᠋ᠤ ᠲᠤᠶᠢᠯ᠎ᠤᠨ ᠴᠢᠬᠤᠯᠠ ᠦᠢᠯᠡᠳᠦᠯ ᠦᠵᠡᠭᠦᠯᠪᠡ᠂ ᠳᠡᠷᠡ ᠨᠡᠩ ᠤᠯᠠᠨ ᠨᠣᠮ ᠤᠩᠰᠢᠵᠤ᠂ ᠤᠴᠢᠷ ᠶᠠᠪᠤᠳᠠᠯ᠎ᠢ ᠨᠡᠩ ᠬᠦᠨᠵᠡᠬᠡᠢ ᠤᠢᠯᠠᠭᠠᠨ ᠰᠡᠳᠬᠢᠬᠦ ᠪᠤᠯᠵᠤ᠂ ᠨᠡᠩ ᠤᠯᠠᠨ ᠭᠠᠵᠠᠷ᠎ᠢᠶᠠᠷ ᠶᠠᠪᠤᠬᠤ᠎ᠳ᠋ᠤ ᠲᠦᠬᠦᠮ ᠪᠤᠯᠪᠠ᠃
ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠡᠯ᠎ᠡ ᠦᠨᠳᠦᠰᠦᠲᠡᠨ᠎ᠤ ᠰᠣᠶᠣᠯ᠎ᠤᠨ ᠤᠯᠠᠮᠵᠢᠯᠠᠯ᠎ᠳ᠋ᠤ ᠦᠵᠡᠬᠦᠯᠬᠦ ᠴᠢᠬᠤᠯᠠ ᠦᠢᠯᠡᠳᠦᠯ᠎ᠤᠨ ᠲᠤᠬᠠᠢ ᠰᠡᠴᠡᠩᠭᠤᠸ᠎ᠠ ᠥᠪᠡᠷ᠎ᠤᠨ ᠦᠵᠡᠯᠲᠡ᠎ᠪᠠᠨ ᠶᠠᠷᠢᠪᠠ᠃ ᠲᠡᠭᠦᠨ᠎ᠤ ᠦᠵᠡᠬᠦ᠎ᠪᠠᠷ᠂ ᠦᠭᠡ ᠬᠡᠯᠡ ᠦᠰᠦᠭ ᠪᠢᠴᠢᠭ ᠪᠣᠯ ᠰᠣᠶᠣᠯ᠎ᠤᠨ ᠴᠢᠬᠤᠯᠠ ᠠᠴᠢᠶᠠᠯᠠᠪᠤᠷᠢ ᠪᠦᠭᠡᠳ ᠤᠯᠠᠮᠵᠢᠯᠠᠨ ᠵᠠᠯᠭᠠᠮᠵᠢᠯᠠᠬᠤ ᠪᠠᠭᠠᠵᠢ ᠮᠥᠨ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠰᠣᠶᠣᠯ᠎ᠢ ᠬᠠᠮᠠᠭᠠᠯᠠᠬᠤ᠂ ᠬᠥᠭᠵᠢᠭᠦᠯᠬᠦ ᠪᠠ ᠤᠯᠠᠮᠵᠢᠯᠠᠬᠤ᠎ᠳ᠋ᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ᠎ᠪᠠᠷ ᠪᠠᠷᠠᠬᠤ ᠦᠭᠡᠢ᠂ ᠪᠠᠰᠠ ᠴᠤ ᠡᠯ᠎ᠡ ᠴᠥᠭᠡᠨ ᠲᠣᠭᠠᠲᠤ ᠦᠨᠳᠦᠰᠦᠲᠡᠨ᠎ᠤ ᠣᠳᠣᠬᠢᠴᠢᠯᠠᠯᠲᠠ ᠲᠡᠶᠢᠰᠢ ᠤᠷᠤᠭᠰᠢᠯᠠᠬᠤ᠎ᠶᠢᠨ ᠵᠠᠶᠢᠯᠠᠰᠢ ᠦᠭᠡᠢ ᠵᠠᠮ ᠪᠣᠯᠤᠨ᠎ᠠ᠃
ᠨᠢᠭᠡᠳᠦᠮᠡᠯ ᠹᠷᠣᠨᠲ᠎ᠤᠨ ᠠᠵᠢᠯ᠎ᠢ ᠬᠢᠵᠦ ᠪᠠᠶᠢᠭ᠎ᠠ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳ᠋ᠤ᠂ ᠰᠡᠴᠡᠩᠭᠤᠸ᠎ᠠ᠂ ᠨᠢᠭᠡᠳᠦᠮᠡᠯ ᠹᠷᠣᠨᠲ᠎ᠤᠨ ᠴᠢᠬᠤᠯᠠ ᠦᠢᠯᠡᠳᠣᠯ᠎ᠢ ᠭᠦᠢᠴᠡᠳ ᠪᠠᠳᠠᠷᠠᠭᠤᠯᠵᠤ᠂ ᠪᠥᠬᠥ ᠰᠤᠷᠭᠠᠭᠤᠯᠢ᠎ᠶᠢᠨ ᠪᠠᠭᠰᠢ ᠰᠤᠷᠤᠭᠴᠢᠳ᠎ᠤᠨ ᠳᠤᠮᠳᠠ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭᠠᠭᠰᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠢ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠨᠠᠩ ᠣᠯᠠᠨ ᠴᠥᠭᠡᠨ ᠲᠣᠭᠠᠲᠤ ᠦᠨᠳᠦᠰᠦᠲᠡᠨ᠎ᠤ ᠰᠡᠬᠡᠭᠡᠲᠡᠨ᠎ᠲᠠᠢ ᠪᠦᠯᠬᠦᠮᠳᠡᠵᠦ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶᠢᠨ ᠠᠵᠢᠯ᠎ᠢ ᠳᠡᠯᠭᠡᠷᠡᠭᠦᠯᠬᠦ᠎ᠳ᠋ᠤ ᠵᠥᠪ ᠲᠠᠯ᠎ᠠ᠎ᠶᠢᠨ ᠦᠢᠯᠡᠳᠣᠯ ᠦᠵᠡᠭᠦᠯᠵᠦ᠂ ᠢᠳᠡᠪᠬᠢ ᠦᠢᠯᠡᠳᠣᠯ᠎ᠢᠶᠡᠨ ᠪᠠᠳᠠᠷᠠᠭᠤᠯᠤᠨ᠎ᠠ ᠬᠡᠵᠦ ᠢᠯᠡᠳᠬᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃