2021-08-27 10:32:28
ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠤᠭᠰᠠᠭᠠᠲᠠᠨ ᠵᠦᠢ ᠬᠥᠮᠦᠨ ᠵᠦᠢ᠎ᠶᠢᠨ ᠳᠡᠭᠡᠳᠦ ᠰᠤᠷᠭᠠᠭᠤᠯᠢ᠎ᠶᠢᠨ ᠵᠠᠬᠢᠷᠤᠯ ᠥᠷᠡᠲᠣᠭᠲᠠᠬᠤᠶᠢ ᠰᠤᠷᠪᠤᠯᠵᠢᠯᠠᠭᠰᠠᠨ᠎ᠨᠢ
ᠰᠤᠷᠭᠠᠨ ᠬᠥᠮᠦᠵᠢᠯ ᠮᠠᠨᠳᠤᠪᠠᠯ ᠤᠯᠤᠰ ᠬᠦᠷᠦᠨ ᠮᠠᠨᠳᠤᠨ᠎ᠠ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠬᠦᠷᠦᠨ ᠬᠦᠴᠦᠷᠬᠡᠭᠵᠢᠨ᠎ᠡ᠃ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠤᠭᠰᠠᠭᠠᠲᠠᠨ ᠵᠦᠢ ᠬᠥᠮᠦᠨ ᠵᠦᠢ᠎ᠶᠢᠨ ᠳᠡᠭᠡᠳᠦ ᠰᠤᠷᠭᠠᠭᠤᠯᠢ᠎ᠶᠢᠨ ᠵᠠᠬᠢᠷᠤᠯ ᠥᠷᠡᠲᠣᠭᠲᠠᠬᠤᠶᠢᠨ ᠦᠵᠡᠬᠦ᠎ᠪᠠᠷ᠂ ᠵᠢᠭᠠᠬᠤ ᠮᠠᠲ᠋ᠧᠷᠢᠶᠠᠯ᠎ᠤᠨ ᠪᠠᠶᠢᠭᠤᠯᠤᠯᠲᠠ ᠪᠤᠯ ᠤᠯᠤᠰ᠎ᠤᠨ ᠵᠣᠷᠢᠭ ᠰᠠᠨᠠᠭ᠎ᠠ᠎ᠶᠢ ᠢᠯᠡᠷᠡᠭᠦᠯᠵᠦ ᠪᠠᠢᠳᠠᠭ᠋᠂ ᠤᠯᠤᠰ᠎ᠤᠨ ᠠᠵᠢᠯ ᠡᠷᠬᠡ ᠮᠦᠨ᠂ ᠠᠷᠠᠳ ᠲᠦᠮᠡᠨ᠎ᠤ ᠠᠩᠬᠠᠷᠤᠨ ᠬᠠᠯᠠᠮᠵᠢᠯᠠᠵᠤ ᠪᠠᠶᠢᠭ᠎ᠠ ᠴᠢᠬᠤᠯᠠ ᠶᠡᠬᠡ ᠠᠰᠠᠭᠤᠳᠠᠯ᠎ᠢ ᠲᠤᠰᠬᠠᠵᠤ᠂ ᠳᠤᠮᠳᠠᠳᠤ᠎ᠶᠢᠨ ᠰᠢᠯᠢᠳᠡᠭ ᠰᠣᠶᠣᠯ ᠪᠠ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠡᠷᠢᠭᠦᠨ᠎ᠤ ᠦᠷ᠎ᠡ ᠪᠦᠲᠦᠭᠡᠯ᠎ᠢ ᠤᠯᠠᠮᠵᠢᠯᠠᠵᠤ᠂ ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠬᠡᠷᠬᠢᠨ ᠬᠥᠮᠦᠵᠢᠭᠦᠯᠬᠦ᠂ ᠬᠡᠨ᠎ᠤ ᠲᠦᠯᠦᠭᠡ ᠬᠥᠮᠦᠨ ᠬᠥᠮᠦᠵᠢᠭᠦᠯᠬᠦ ᠡᠨᠡ ᠬᠦ ᠦᠨᠳᠦᠰᠦᠨ ᠠᠰᠠᠭᠤᠳᠠᠯ᠎ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠪᠠᠶᠢᠵᠤ᠂ ᠨᠠᠮ᠎ᠤᠨ ᠰᠤᠷᠭᠠᠨ ᠬᠥᠮᠦᠵᠢᠯ᠎ᠤᠨ ᠴᠢᠭᠯᠡᠯᠲᠡ᠎ᠶᠢ ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ᠎ᠤᠨ ᠬᠠᠷᠠᠯᠲᠠ᠎ᠶᠢ ᠪᠡᠶᠡᠯᠡᠭᠦᠯᠬᠦ᠎ᠲᠠᠢ ᠰᠢᠭᠤᠳ ᠬᠣᠯᠪᠣᠭᠳᠠᠵᠤ ᠪᠠᠶᠢᠳᠠᠭ᠋᠃
︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠣᠷᠣᠶᠢᠯᠠᠭᠰᠠᠨ ᠡᠷᠳᠡᠮᠲᠡᠳ᠎ᠤᠨ ᠤᠯᠠᠨ ᠵᠢᠯ ᠵᠠᠷᠤᠴᠠᠭᠤᠯᠵᠤ ᠨᠠᠶᠢᠷᠠᠭᠤᠯᠤᠨ ᠪᠢᠴᠢᠭᠰᠡᠨ ᠤᠯᠤᠰ᠎ᠤᠨ ᠲᠡᠰ᠎ᠤᠨ᠂ ᠥᠨᠳᠥᠷ ᠲᠦᠪᠰᠢᠨ ᠪᠦᠬᠦᠢ᠂ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠤᠨ᠎ᠠ᠃ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠎ᠨᠢ ᠦᠨᠳᠦᠰᠦᠲᠡᠨ᠎ᠤ ᠪᠦᠯᠬᠦᠮᠳᠡᠯ ᠪᠣᠯᠤᠨ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠳᠠᠪᠰᠢᠯᠲᠠ᠎ᠶᠢ ᠠᠬᠢᠭᠤᠯᠬᠤ᠎ᠳ᠋ᠤ ᠠᠰᠢᠭᠲᠠᠢ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳ᠋ᠤ ᠠᠰᠢᠭᠲᠠᠢ᠂ ᠳᠤᠮᠳᠠᠳᠤ᠎ᠶᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠳ᠋ᠤ ᠠᠰᠢᠭᠲᠠᠢ ᠪᠠᠢᠵᠤ᠂ ᠰᠤᠷᠤᠭᠴᠢᠳ᠎ᠢ ᠬᠦᠲᠦᠯᠦᠨ ᠵᠢᠯᠣᠭᠣᠳᠴᠤ ᠵᠥᠪ ᠣᠨᠣᠪᠴᠢᠲᠠᠢ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠲᠡᠦᠬᠡ᠎ᠶᠢᠨ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠲᠠᠢ ᠪᠣᠯᠭᠠᠵᠤ ᠴᠢᠳᠠᠨ᠎ᠠ︾ ᠭᠡᠵᠦ ᠦᠷᠡᠲᠤᠭᠲᠠᠬᠤ ᠶᠠᠷᠢᠨ᠎ᠠ᠃
ᠦᠷᠡᠲᠤᠭᠲᠠᠬᠤ᠂ ᠲᠡᠦᠬᠡ ᠰᠣᠶᠣᠯ᠎ᠤᠨ ᠳᠠᠯ᠎ᠠ᠎ᠡᠴᠠ ᠦᠵᠡᠬᠦ᠎ᠳ᠋ᠤ᠂ ᠬᠡᠳᠦᠨ ᠮᠢᠩᠭᠠᠨ ᠵᠢᠯ᠎ᠤᠨ ᠲᠤᠷᠰᠢ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠳᠤᠮᠳᠠᠳᠤ᠎ᠶᠢᠨ ᠦᠨᠳᠦᠰᠦᠲᠡᠨ᠎ᠤ ᠬᠠᠷᠢᠯᠴᠠᠨ ᠨᠡᠪᠲᠡᠷᠡᠯᠴᠡᠬᠦ ᠦᠭᠡ ᠬᠡᠯᠡᠨ᠎ᠤ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠵᠦ᠂ ᠮᠠᠰᠢ ᠤᠯᠠᠨ ᠰᠤᠷᠪᠤᠯᠵᠢ ᠪᠢᠴᠢᠭ ᠰᠤᠳᠤᠷ ᠲᠡᠮᠳᠡᠭᠯᠡᠯ᠎ᠢ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠨᠠᠶᠢᠷᠠᠭᠤᠯᠤᠨ ᠪᠢᠴᠢᠭᠰᠡᠨ ᠶᠤᠮ᠃ ᠡᠶᠢᠮᠦ᠎ᠡᠴᠠ᠂ ᠡᠳᠡᠭᠡᠷ ᠰᠣᠩᠭᠣᠳᠠᠭ ᠵᠣᠬᠢᠶᠠᠯ᠎ᠢ ᠰᠠᠶᠢᠲᠤᠷ ᠰᠤᠷᠤᠶ᠎ᠠ ᠭᠡᠪᠡᠯ ᠡᠷᠭᠡᠪᠰᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠬᠡᠷᠡᠭᠲᠡᠢ᠃ ᠪᠣᠳᠠᠲᠠᠢ ᠪᠠᠶᠢᠳᠠᠯ᠎ᠡᠴᠠ ᠦᠵᠡᠬᠦ᠎ᠳ᠋ᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ᠎ᠨᠢ ᠨᠢᠭᠡ ᠲᠠᠯ᠎ᠠ᠎ᠪᠠᠷ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠣᠯᠢᠯᠴᠠᠭ᠎ᠠ ᠶᠠᠪᠤᠯᠴᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠮᠡᠳᠡᠭᠡ ᠵᠠᠩᠭᠢ᠎ᠶᠢᠨ ᠠᠷᠭ᠎ᠠ ᠵᠠᠮ᠎ᠢ ᠥᠷᠭᠡᠳᠬᠡᠵᠦ ᠴᠢᠳᠠᠨ᠎ᠠ︔ ᠨᠦᠬᠦᠭᠡ ᠲᠠᠯ᠎ᠠ᠎ᠪᠠᠷ᠂ ᠠᠵᠤ ᠠᠬᠤᠢ᠎ᠶᠢᠨ ᠳᠡᠯᠡᠬᠡᠶᠢᠵᠢᠯᠲᠡ᠂ ᠨᠡᠶᠢᠭᠡᠮ᠎ᠤᠨ ᠮᠡᠳᠡᠭᠡ ᠵᠠᠩᠭᠢᠵᠢᠯᠲᠠ᠎ᠶᠢᠨ ᠠᠬᠤᠢ ᠪᠠᠶᠢᠳᠠᠯ ᠳᠣᠣᠷ᠎ᠠ᠂ ᠮᠠᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠤᠯᠠᠨ ᠤᠯᠤᠰ᠎ᠤᠨ ᠬᠣᠯᠪᠣᠭᠠᠲᠤ ᠪᠠᠶᠢᠭᠤᠯᠭ᠎ᠠ᠎ᠶᠢᠨ ᠭᠤᠤᠯ ᠬᠡᠷᠡᠭᠯᠡᠬᠦ 6 ᠵᠦᠢᠯ᠎ᠤᠨ ᠦᠭᠡ ᠬᠡᠯᠡᠨ᠎ᠤ ᠨᠢᠭᠡ ᠪᠤᠯᠵᠤ᠂ ᠳᠡᠯᠡᠬᠡᠢ᠎ᠶᠢᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠡᠷᠭᠡ ᠤᠯᠠᠨ ᠬᠦᠷᠢᠶᠡᠨ᠎ᠳ᠋ᠤ ᠥᠷᠭᠡᠨ᠎ᠢᠶᠠᠷ ᠬᠡᠷᠡᠭᠯᠡᠭᠳᠡᠵᠦ ᠪᠠᠶᠢᠨ᠎ᠠ᠃ ᠡᠶᠢᠮᠦ᠎ᠡᠴᠠ᠂ ᠪᠢᠳᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ᠎ᠨᠢ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠲᠠᠢ ᠵᠣᠬᠢᠴᠠᠵᠤ᠂ ᠥᠪᠡᠷ᠎ᠢ᠎ᠪᠠᠨ ᠨᠡᠩ ᠥᠷᠭᠡᠨ ᠠᠭᠤᠳᠠᠮ ᠲᠠᠪᠴᠠᠩ᠎ᠲᠠᠢ ᠪᠣᠯᠭᠠᠬᠤ᠎ᠳ᠋ᠤ ᠠᠰᠢᠭᠲᠠᠢ ᠶᠤᠮ ᠭᠡᠵᠦ ᠦᠵᠡᠨ᠎ᠡ᠃
︽ ᠦᠭᠡ ᠬᠡᠯᠡ᠎ᠨᠢ ᠰᠣᠯᠢᠯᠴᠠᠭ᠎ᠠ ᠨᠡᠪᠲᠡᠷᠡᠯᠴᠡᠭᠡ᠎ᠶᠢᠨ ᠬᠥᠭᠥᠷᠭᠡ ᠪᠣᠯᠬᠤ᠎ᠪᠠᠷ ᠪᠠᠷᠠᠬᠤ ᠦᠭᠡᠢ ᠪᠠᠰᠠ ᠰᠢᠨ᠎ᠡ ᠮᠡᠳᠡᠯᠭᠡ᠂ ᠰᠢᠨ᠎ᠡ ᠴᠢᠳᠠᠪᠤᠷᠢ᠂ ᠰᠢᠨ᠎ᠡ ᠦᠵᠡᠯ ᠰᠠᠨᠠᠭ᠎ᠠ᠎ᠶᠢ ᠤᠯᠬᠤ ᠪᠠᠭᠠᠵᠢ᠂ ᠬᠥᠮᠦᠨ ᠲᠥᠷᠥᠯᠬᠢᠲᠡᠨ᠎ᠤ ᠰᠡᠳᠬᠢᠬᠦᠢ᠎ᠶᠢᠨ ᠴᠢᠳᠠᠪᠤᠷᠢ᠎ᠶᠢ ᠥᠷᠭᠡᠳᠬᠡᠬᠦ ᠠᠷᠭ᠎ᠠ ᠪᠣᠯᠤᠨ᠎ᠠ︾ ᠭᠡᠵᠦ ᠦᠷᠡᠲᠣᠭᠲᠠᠬᠤ ᠬᠡᠯᠡᠨ᠎ᠡ᠃ ᠲᠡᠬᠦᠨ᠎ᠤ ᠦᠵᠡᠬᠦ᠎ᠪᠠᠷ᠂ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ᠎ᠲᠤ ᠠᠪᠴᠤ ᠬᠡᠯᠡᠪᠡᠯ᠂ ᠨᠢᠭᠡ ᠵᠦᠢᠯ᠎ᠤᠨ ᠬᠡᠯᠡ᠎ᠶᠢ ᠢᠯᠡᠭᠦᠦ ᠰᠤᠷᠬᠤ᠎ᠨᠢ ᠢᠯᠡᠭᠦᠦ ᠨᠢᠭᠡ ᠵᠦᠢᠯ᠎ᠤᠨ ᠰᠡᠳᠬᠢᠴᠡ᠂ ᠢᠯᠡᠭᠦᠦ ᠨᠢᠭᠡ ᠵᠦᠢᠯ᠎ᠤᠨ ᠴᠢᠳᠠᠪᠤᠷᠢ᠂ ᠢᠯᠡᠭᠦᠦ ᠨᠢᠭᠡ ᠵᠦᠢᠯ᠎ᠤᠨ ᠭᠠᠷᠬᠤ ᠵᠠᠮ᠎ᠲᠠᠢ ᠪᠠᠶᠢᠳᠠᠭ᠋᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠵᠤ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠠᠶᠢᠲᠤᠷ ᠬᠡᠷᠡᠭᠯᠡᠪᠡᠯ ᠰᠠᠶᠢ ᠡᠷᠳᠡᠮ ᠮᠡᠳᠡᠯᠭᠡ᠎ᠶᠢᠨ ᠡᠷᠳᠡᠨᠢᠰ᠎ᠤᠨ ᠰᠠᠩ᠎ᠤᠨ ᠲᠦᠯᠬᠢᠭᠦᠷ᠎ᠢ ᠨᠡᠩ ᠰᠠᠶᠢᠲᠤᠷ ᠡᠵᠡᠮᠰᠢᠵᠦ ᠴᠢᠳᠠᠨ᠎ᠠ᠂ ᠡᠨᠡ᠎ᠨᠢ ᠠᠵᠢᠯ ᠣᠯᠭᠣᠯᠲᠠ᠂ ᠤᠳᠤ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ ᠮᠡᠳᠡᠯᠭᠡ᠎ᠶᠢ ᠬᠦᠯᠢᠶᠡᠨ ᠠᠪᠬᠤ᠂ ᠨᠡᠶᠢᠭᠡᠮ᠎ᠳ᠋ᠤ ᠠᠭᠤᠰᠤᠯᠴᠠᠬᠤ᠎ᠳ᠋ᠤ ᠴᠥᠮ ᠠᠰᠢᠭᠲᠠᠢ᠃ ︽ ᠪᠢ ᠬᠠᠷᠠᠬᠠᠨ ᠪᠠᠭ᠎ᠠ᠎ᠡᠴᠠ᠎ᠪᠠᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ᠎ᠳ᠋ᠤ ᠦᠰᠦᠨ ᠪᠣᠶᠢᠵᠢᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠡᠯᠢᠶᠡᠳ ᠤᠷᠤᠢ ᠰᠤᠷᠤᠯᠴᠠᠭᠰᠠᠨ ᠶᠤᠮ᠃ ᠰᠤᠷᠭᠠᠭᠤᠯᠢ᠎ᠳ᠋ᠤ ᠪᠠᠶᠢᠬᠤ ᠬᠤᠭᠤᠴᠠᠭᠠᠨ᠎ᠳᠠᠭᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠨ ᠡᠵᠡᠮᠰᠢᠭᠰᠡᠨ ᠰᠤᠷᠤᠬᠴᠢ᠎ᠶᠢ ᠲᠤᠩ ᠪᠠᠬᠠᠷᠬᠠᠳᠠᠭ ᠪᠠᠢᠵᠠᠢ᠂ ᠳᠡᠬᠡᠬᠡᠳ ᠰᠠᠶᠢᠲᠤᠷ ᠰᠤᠷᠤᠯᠴᠠᠬᠤ᠎ᠪᠠᠷ ᠵᠣᠷᠢᠭ ᠰᠢᠭᠤᠳᠤᠭᠰᠠᠨ︾ ᠭᠡᠵᠦ ᠦᠷᠡᠲᠤᠭᠲᠠᠬᠤ ᠦᠩᠭᠡᠷᠡᠭᠰᠡᠨ᠎ᠢᠶᠡᠨ ᠡᠷᠬᠢᠴᠡᠬᠦᠯᠵᠦ ᠪᠠᠢᠯ᠎ᠠ᠃ ᠲᠡᠷᠡ᠄ ︽ ᠮᠢᠨᠦ ᠳ᠋ᠣᠺᠲ᠋ᠣᠷ᠎ᠤᠨ ᠲᠤᠰᠬᠠᠢ ᠮᠡᠷᠭᠡᠵᠢᠯ ᠪᠣᠯ ᠦᠨᠳᠦᠰᠦᠲᠡᠨ᠎ᠤ ᠠᠵᠤ ᠠᠬᠤᠢ᠎ᠶᠢᠨ ᠤᠬᠠᠭᠠᠨ ᠪᠤᠯᠤᠨ᠎ᠠ᠃ ᠮᠡᠳᠡᠭᠡᠵᠢ᠂ ᠮᠠᠰᠢ ᠤᠯᠠᠨ ᠠᠵᠤ ᠠᠬᠤᠢ᠎ᠶᠢᠨ ᠤᠬᠠᠭᠠᠨ᠎ᠤ ᠲᠤᠰᠬᠠᠢ ᠪᠦᠲᠦᠭᠡᠯ᠂ ᠲᠤᠯᠭᠤᠷ ᠪᠢᠴᠢᠭ᠎ᠢ ᠪᠦᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠨᠠᠶᠢᠷᠠᠭᠤᠯᠤᠨ ᠪᠢᠴᠢᠭᠰᠡᠨ ᠶᠤᠮ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠰᠢᠵᠦ᠂ ᠦᠰᠦᠭ ᠪᠢᠴᠢᠭ᠎ᠤᠨ ᠰᠠᠭᠤᠷᠢ᠎ᠪᠠᠨ ᠪᠠᠳᠤᠳᠬᠠᠭᠰᠠᠨ᠎ᠡᠴᠠ ᠪᠢ ᠰᠠᠶᠢ ᠡᠯ᠎ᠡ ᠲᠦᠷᠦᠯ᠎ᠤᠨ ᠲᠤᠯᠭᠤᠷ ᠪᠢᠴᠢᠭ᠎ᠢ ᠤᠩᠰᠢᠨ ᠣᠶᠢᠯᠠᠭᠠᠵᠤ᠂ ᠬᠣᠯᠪᠣᠭᠳᠠᠯ ᠪᠦᠬᠦᠢ ᠡᠷᠳᠡᠮᠲᠡᠳ᠎ᠲᠠᠢ ᠰᠠᠨᠠᠯ ᠪᠤᠳᠤᠯ᠎ᠢᠶᠡᠨ ᠰᠣᠯᠢᠯᠴᠠᠨ᠂ ᠬᠠᠷᠠᠭ᠎ᠠ᠎ᠪᠠᠨ ᠦᠷᠬᠡᠳᠬᠡᠵᠦ᠂ ᠳ᠋ᠣᠺᠲ᠋ᠣᠷᠨᠨᠲᠤᠨ ᠰᠤᠷᠤᠯᠭ᠎ᠠ᠎ᠶᠢᠨ ᠬᠤᠭᠤᠴᠠᠭᠠᠨ᠎ᠳ᠋ᠠᠬᠢ ᠡᠯ᠎ᠡ ᠵᠦᠢᠯ᠎ᠤᠨ ᠥᠭᠦᠯᠡᠯ᠎ᠢᠶᠡᠨ ᠰᠠᠶᠢᠲᠤᠷ ᠪᠢᠴᠢᠵᠦ᠂ ᠰᠢᠯᠢᠳᠡᠭ ᠳ᠋ᠣᠺᠲ᠋ᠣᠷ ᠴᠤᠯᠠ ᠬᠠᠮᠠᠭᠠᠯᠠᠬᠤ ᠥᠭᠦᠯᠡᠯ᠎ᠢᠶᠡᠨ ᠪᠢᠴᠢᠬᠦ᠎ᠳ᠋ᠤ ᠪᠠᠲᠤ ᠪᠡᠬᠢ ᠰᠠᠭᠤᠷᠢ᠎ᠶᠢ ᠲᠠᠯᠪᠢᠵᠤ ᠴᠢᠳᠠᠵᠠᠢ︾ ᠬᠡᠯᠡ᠃
︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ᠎ᠨᠢ ᠰᠣᠶᠣᠯ ᠮᠡᠳᠡᠯᠭᠡ᠎ᠶᠢ ᠡᠵᠡᠮᠰᠢᠬᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ᠎ᠢᠶᠡᠨ ᠳᠡᠭᠡᠭᠰᠢᠯᠡᠭᠦᠯᠬᠦ᠂ ᠬᠤᠪᠢ ᠬᠥᠮᠦᠨ᠎ᠤ ᠦᠰᠦᠨ ᠪᠣᠶᠢᠵᠢᠯᠲᠠ᠎ᠳ᠋ᠤ ᠬᠦᠴᠦᠨ ᠨᠡᠮᠡᠷᠢᠯᠡᠬᠦ᠂ ᠬᠦᠰᠡᠯ ᠵᠡᠭᠦᠳᠦ᠎ᠪᠠᠨ ᠳᠡᠷᠬᠡᠯᠰᠢᠬᠦᠯᠬᠦ ᠨᠡᠩ ᠤᠯᠠᠨ ᠠᠵᠠ ᠲᠣᠬᠢᠶᠠᠯ᠎ᠢ ᠤᠯᠬᠤ᠎ᠳ᠋ᠤ ᠪᠦᠷ ᠠᠰᠢᠭᠲᠠᠢ ᠶᠤᠮ︾ ᠃ ᠥᠷᠡᠲᠣᠭᠲᠠᠬᠤᠶᠢᠨ ᠲᠠᠨᠢᠯᠴᠠᠭᠤᠯᠬᠤ᠎ᠪᠠᠷ᠂ ᠣᠳᠣᠬᠠᠨ᠎ᠳ᠋ᠤ᠂ ᠲᠡᠭᠦᠨ᠎ᠤ ᠳᠠᠭᠠᠭᠤᠯᠵᠤ ᠪᠠᠢᠭ᠎ᠠ ᠰᠤᠷᠤᠭᠴᠢᠳ᠎ᠨᠢ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠢᠳᠤᠷ ᠡᠵᠡᠮᠰᠢᠭᠰᠡᠨ᠎ᠢᠶᠠᠷ ᠠᠵᠢᠯ ᠤᠯᠬᠤ ᠲᠣᠬᠢᠶᠠᠯ᠎ᠨᠢ ᠨᠡᠩ ᠦᠷᠬᠡᠨ ᠪᠤᠯᠵᠠᠢ᠃
ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠬᠤᠪᠢ ᠬᠥᠮᠦᠨ᠎ᠤ ᠦᠰᠦᠨ ᠪᠣᠶᠢᠵᠢᠯᠲᠠ᠂ ᠦᠨᠳᠦᠰᠦᠲᠡᠨ᠎ᠤ ᠳᠠᠪᠰᠢᠯᠲᠠ ᠪᠠ ᠤᠯᠤᠰ᠎ᠤᠨ ᠬᠥᠭᠵᠢᠯᠲᠡ᠎ᠳ᠋ᠤ ᠮᠠᠰᠢ ᠶᠡᠬᠡ ᠠᠰᠢᠭᠲᠠᠢ᠃ ᠡᠶᠢᠮᠦ᠎ᠡᠴᠠ᠂ ᠪᠠᠭᠰᠢ ᠪᠣᠯᠤᠭᠰᠠᠨ᠎ᠤ ᠬᠤᠪᠢ᠎ᠳ᠋ᠤ ᠡᠷᠬᠡᠪᠰᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠦᠨ᠎ᠢ ᠨᠡᠩ ᠤᠯᠠᠨ ᠬᠥᠮᠦᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳ᠋ᠤ ᠪᠠᠲᠤ ᠪᠡᠬᠢ ᠰᠠᠭᠤᠷᠢ᠎ᠶᠢ ᠲᠠᠯᠪᠢᠵᠤ᠂ ᠬᠦᠴᠦᠷᠬᠡᠭ ᠶᠡᠬᠡ ᠤᠶᠤᠨ᠎ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠥᠷᠡᠲᠣᠭᠲᠠᠬᠤ ᠪᠤᠳᠤᠳᠠᠭ᠋᠃ ᠲᠡᠷᠡ᠂ ᠰᠤᠷᠤᠭᠴᠢᠳ᠎ᠢᠶᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠭᠰᠠᠨ ᠰᠠᠭᠤᠷᠢᠨ ᠳᠡᠭᠡᠷ᠎ᠡ᠂ ᠲᠤᠰᠬᠠᠢ ᠮᠡᠷᠭᠡᠵᠢᠯ᠎ᠤᠨ ᠮᠡᠳᠡᠯᠭᠡ᠎ᠪᠠᠨ ᠲᠠᠰᠤᠷᠠᠯᠳᠠ ᠦᠭᠡᠢ ᠪᠡᠬᠢᠵᠢᠭᠦᠯᠵᠦ᠂ ᠶᠡᠬᠡ ᠡᠭᠦᠷᠭᠡ᠎ᠶᠢ ᠡᠭᠦᠷᠭᠡᠯᠡᠵᠦ ᠳᠡᠶᠢᠯᠬᠦ ᠴᠠᠭ ᠦᠶ᠎ᠡ᠎ᠶᠢᠨ ᠰᠢᠨ᠎ᠡ ᠬᠥᠮᠦᠨ ᠪᠤᠯᠬᠤ᠎ᠶᠢ ᠤᠷᠮᠠᠰᠢᠭᠤᠯᠤᠨ ᠵᠤᠷᠢᠬᠵᠢᠭᠤᠯᠳᠠᠭ᠋᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃