2021-08-28 11:42:59
ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ ᠠᠵᠤ ᠠᠬᠤᠶ ᠨᠡᠶᠢᠭᠡᠮ᠎ᠤᠨ ᠴᠢᠨᠠᠷ ᠰᠠᠶᠢᠲᠠᠶ ᠬᠥᠭᠵᠢᠯᠲᠡ᠎ᠳ᠋ᠤ ᠬᠦᠴᠦᠨ ᠨᠡᠮᠡᠷᠢᠯᠡᠨ᠎ᠡ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰ
︽ ᠮᠡᠷᠭᠡᠵᠢᠯ᠎ᠢᠶᠠᠷ ᠬᠥᠲᠥᠯᠥᠨ ᠳᠠᠭᠠᠭᠤᠯᠬᠤ᠂ ᠬᠤᠪᠢᠷᠠᠯᠳᠠ ᠶᠡᠭᠡᠳᠡᠢ ᠨᠡᠢᠭᠡᠮ᠎ᠤᠨ ᠬᠦᠭᠵᠢᠯᠳᠡ᠎ᠶᠢᠨ ᠬᠠᠨᠳᠤᠰᠢ ᠲᠤᠤᠷ᠎ᠠ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠠᠷᠢᠯᠴᠠᠨ ᠰᠤᠷᠤᠯᠴᠠᠬᠤ᠎ᠶᠢ ᠲᠠᠭᠠᠯᠳᠤᠨ᠂ ᠣᠷᠣᠨ ᠪᠦᠰᠡ ᠠᠯᠤᠰᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠎ᠤᠨ ᠰᠣᠯᠢᠯᠴᠠᠭ᠎ᠠ ᠤᠯᠠᠮ᠎ᠢᠶᠠᠷ ᠨᠡᠮᠡᠭᠳᠡᠨ᠎ᠡ᠃ ᠡᠢᠮᠦ᠎ᠡᠴᠠ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠨᠠᠩ ᠡᠷᠲᠡ᠂ ᠨᠠᠩ ᠪᠣᠯᠪᠠᠰᠤᠷᠠᠩᠭᠤᠶ ᠡᠵᠡᠮᠰᠢᠬᠦ ᠪᠣᠯ ᠰᠤᠷᠭᠠᠨ ᠬᠥᠮᠦᠵᠢᠯ᠎ᠤᠨ ᠬᠥᠭᠵᠢᠯᠲᠡ᠎ᠶᠢᠨ ᠵᠠᠶᠢᠯᠠᠰᠢ ᠥᠬᠡᠶ ᠬᠠᠨᠳᠤᠰᠢ ᠮᠥᠨ︾ ᠃ ᠣᠶᠢᠷ᠎ᠠ᠎ᠳ᠋ᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠠᠵᠤ ᠠᠬᠤᠶ᠎ᠶᠢᠨ ᠬᠠᠮᠢᠶᠠᠷᠤᠯᠲᠠ᠎ᠶᠢᠨ ᠳᠡᠭᠡᠳᠦ ᠰᠤᠷᠭᠠᠭᠤᠯᠢ᠎ᠶᠢᠨ ᠵᠠᠬᠢᠷᠤᠯ ᠴᠠᠩ ᠴᠢᠩ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠡᠢᠨ ᠬᠦ ᠢᠯᠡᠳᠭᠡᠵᠦ ᠪᠠᠢᠯ᠎ᠠ᠃
ᠴᠠᠩ ᠴᠢᠩ᠎ᠤᠨ ᠰᠤᠳᠤᠯᠭᠠᠨ᠎ᠤ ᠬᠦᠷᠢᠶ᠎ᠡ ᠪᠣᠯ ᠬᠠᠮᠢᠶᠠᠷᠤᠯᠲᠠ᠎ᠶᠢᠨ ᠰᠢᠨ᠎ᠡ᠎ᠶᠢ ᠡᠭᠦᠳᠬᠦ ᠪᠠ ᠠᠵᠢᠯ᠎ᠤᠨ ᠠᠮᠵᠢᠯᠲᠠ ᠪᠦᠲᠦᠮᠵᠢ᠎ᠶᠢᠨ ᠦᠨᠡᠯᠡᠯᠲᠡ ᠪᠤᠯᠤᠨ᠎ᠠ᠃ ᠭᠤᠤᠯᠳᠠᠭᠤ ᠰᠢᠨ᠎ᠡ᠎ᠶᠢ ᠡᠭᠦᠳᠬᠦ ᠤᠯᠤᠰ᠎ᠢ ᠪᠥᠲᠥᠭᠡᠨ ᠪᠠᠶᠢᠭᠤᠯᠬᠤ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳ᠋ᠤ᠂ ᠮᠡᠷᠭᠡᠵᠢᠯ ᠪᠤᠯᠤᠨ ᠬᠠᠮᠢᠶᠠᠷᠤᠯᠲᠠ᠎ᠶᠢ ᠬᠠᠷᠢᠯᠴᠠᠨ ᠤᠶᠠᠯᠳᠤᠭᠤᠯᠤᠭᠰᠠᠨ ᠬᠡᠷᠡᠭᠯᠡᠭᠡᠨ᠎ᠤ ᠰᠤᠳᠤᠯᠭᠠᠨ᠎ᠤ ᠵᠠᠭᠪᠤᠷ᠎ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠭᠤᠤᠯᠯᠠᠬᠤ ᠠᠵᠤ ᠦᠢᠯᠡᠰ᠎ᠤᠨ ᠬᠥᠭᠵᠢᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠠᠭᠪᠤᠷ᠂ ᠠᠷᠭ᠎ᠠ ᠵᠠᠮ᠎ᠢ ᠰᠤᠳᠤᠯᠳᠠᠭ᠋᠃ ᠴᠠᠩ ᠴᠢᠩ ︽ ᠥᠪᠥᠷ ᠮᠣᠩᠭᠣᠯ᠎ᠤᠨ ᠭᠠᠷᠮᠠᠭᠠᠢ ᠴᠢᠳᠠᠪᠤᠷᠢᠲᠠᠨ︾᠂ ︽ ᠪᠦᠬᠦ ᠤᠯᠤᠰ᠎ᠤᠨ ᠰᠢᠯᠢᠳᠡᠭ ᠪᠠᠭᠰᠢ︾ ᠂ ︽ ᠰᠤᠷᠭᠠᠨ ᠬᠥᠮᠦᠵᠢᠯ᠎ᠤᠨ ᠶᠠᠮᠤᠨ᠎ᠤ ᠰᠢᠨ᠎ᠡ ᠵᠠᠭᠤᠨ᠎ᠤ ᠰᠢᠯᠢᠳᠡᠭ ᠴᠢᠳᠠᠪᠤᠷᠢᠲᠠᠨ︾ ᠵᠡᠷᠭᠡ ᠢᠷᠠᠭᠤ ᠠᠯᠳᠠᠷ᠎ᠢ ᠬᠦᠷᠳᠡᠵᠦ ᠥᠩᠭᠡᠷᠡᠵᠡᠢ᠃ ᠲᠡᠷᠡ ᠲᠦᠷᠦᠭᠦᠦ ᠪᠦᠯᠦᠭ᠎ᠤᠨ ᠤᠯᠤᠰ᠎ᠤᠨ ᠰᠢᠨ᠎ᠡ ᠨᠡᠶᠢᠭᠡᠮ᠎ᠤᠨ ᠰᠢᠨᠵᠢᠯᠡᠬᠦ ᠤᠬᠠᠭᠠᠨ᠎ᠤ ᠰᠤᠳᠤᠯᠭᠠᠨ ᠪᠣᠯᠤᠨ ᠥᠭᠡᠷᠡᠴᠢᠯᠡᠯᠲᠡ ᠦᠢᠯᠡᠳᠦᠯᠭᠡ᠎ᠶᠢᠨ ᠲᠦᠷᠦᠯ ᠵᠦᠢᠯ ᠵᠢᠴᠢ ᠤᠯᠤᠰ᠎ᠤᠨ ᠲᠡᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ 6 ᠲᠦᠷᠦᠯ ᠵᠦᠢᠯ᠎ᠢ ᠡᠷᠬᠢᠯᠡᠨ ᠬᠦᠢᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠶᠢᠭᠡᠮ᠎ᠤᠨ ᠰᠢᠨᠵᠢᠯᠡᠬᠦ ᠤᠬᠠᠭᠠᠨ᠎ᠤ ᠰᠢᠯᠢᠳᠡᠭ ᠦᠷ᠎ᠡ ᠪᠦᠲᠦᠭᠡᠯ᠎ᠤᠨ ᠱᠠᠩᠨᠠᠯ᠎ᠢ ᠣᠯᠠᠨᠲᠠ ᠬᠦᠷᠳᠡᠵᠡᠢ᠃
ᠴᠠᠩ ᠴᠢᠩ᠂ ᠮᠡᠷᠭᠡᠵᠢᠯ᠎ᠤᠨ ᠲᠠᠭᠠᠭᠤᠯᠭ᠎ᠠ ᠳᠣᠣᠷᠠᠬᠢ ᠠᠵᠤ ᠠᠬᠤᠢ ᠨᠡᠶᠢᠭᠡᠮ᠎ᠤᠨ ᠬᠥᠭᠵᠢᠯᠲᠡ ᠪᠣᠯᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠴᠢᠳᠠᠪᠤᠷᠢᠲᠠᠨ᠎ᠤ ᠬᠡᠷᠡᠭᠴᠡᠭᠡ᠎ᠶᠢᠨ ᠬᠠᠷᠢᠴᠠᠭᠠᠨ᠎ᠤ ᠲᠤᠬᠠᠢ ᠦᠪᠡᠷ᠎ᠤᠨ ᠦᠵᠡᠯᠳᠡ᠎ᠪᠠᠨ ᠡᠢᠨ ᠬᠦ ᠶᠠᠷᠢᠯ᠎ᠠ᠄ ᠵᠣᠬᠢᠶᠠᠮᠠᠯ ᠤᠶᠤᠨ᠂ ᠣᠲᠣ ᠦᠶ᠎ᠡ᠎ᠶᠢᠨ ᠠᠮᠢᠳᠤ ᠪᠣᠳᠠᠰ᠂ ᠰᠢᠨ᠎ᠡ ᠡᠨᠧᠷᠭᠢ ᠪᠠ ᠺᠸᠠᠨ᠋ᠲ ᠴᠢᠮᠡᠭᠡ ᠬᠣᠯᠪᠣᠭ᠎ᠠ ᠵᠡᠷᠭᠡ ᠳᠡᠭᠡᠳᠦ ᠰᠢᠨ᠎ᠡ ᠮᠡᠷᠭᠡᠵᠢᠯ᠎ᠤᠨ ᠲᠦᠷᠭᠡᠨ ᠬᠥᠭᠵᠢᠯᠲᠡ ᠵᠢᠴᠢ ᠬᠣᠲᠠ ᠪᠠᠯᠭᠠᠰᠤᠵᠢᠯᠲᠠ᠎ᠶᠢᠨ ᠨᠣᠷᠮ᠎ᠠ᠎ᠶᠢᠨ ᠤᠯᠠᠮ ᠨᠢᠭᠡ ᠠᠯᠬᠤᠮ ᠳᠡᠭᠡᠭᠰᠢᠯᠡᠬᠦ᠎ᠶᠢ ᠳᠠᠭᠠᠯᠳᠤᠨ᠂ ᠨᠡᠶᠢᠭᠡᠮ᠎ᠤᠨ ᠠᠵᠢᠯ᠎ᠤᠨ ᠪᠠᠶᠢᠷᠢ᠎ᠶᠢᠨ ᠪᠦᠲᠦᠴᠡ ᠪᠠ ᠲᠣᠭ᠎ᠠ ᠬᠡᠮᠵᠢᠶᠡᠨ᠎ᠤ ᠳᠠᠯ᠎ᠠ᠎ᠪᠠᠷ ᠤᠯᠠᠮ ᠨᠢᠭᠡ ᠠᠯᠬᠤᠮ ᠬᠤᠪᠢᠷᠠᠯᠳᠠ ᠭᠠᠷᠴᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠣᠲᠣ ᠦᠶ᠎ᠡ᠎ᠶᠢᠨ ᠠᠵᠤ ᠦᠢᠯᠡᠳᠪᠦᠷᠢ ᠪᠠ ᠦᠢᠯᠡᠴᠢᠯᠡᠭᠡᠨ᠎ᠤ ᠦᠢᠯᠡᠰ ᠡᠷᠭᠢᠯᠡᠬᠦ ᠬᠥᠮᠦᠨ ᠠᠮᠠ᠎ᠶᠢᠨ ᠬᠠᠷᠢᠴᠠᠯ ᠤᠯᠠᠮ ᠴᠢᠨᠠᠭᠰᠢᠳᠠ ᠨᠡᠮᠡᠭᠳᠡᠬᠦ ᠪᠣᠯᠤᠨ᠎ᠠ᠃ ᠢᠷᠡᠭᠡᠳᠦᠢ᠎ᠳ᠋ᠤ᠂ ᠨᠡᠶᠢᠭᠡᠮ᠎ᠤᠨ ᠬᠥᠭᠵᠢᠯᠲᠡ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠭᠰᠡᠨ ᠴᠢᠳᠠᠪᠤᠷᠢᠲᠠᠨ᠎ᠳ᠋ᠤ ᠤᠯᠠᠮ᠎ᠡᠴᠠ ᠤᠯᠠᠮ ᠲᠦᠰᠢᠭᠯᠡᠬᠦ ᠪᠣᠯᠤᠨ᠎ᠠ᠃
ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠪᠣᠯᠤᠨ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠤᠨ ᠬᠠᠷᠢᠴᠠᠭᠠᠨ᠎ᠤ ᠳᠤᠬᠠᠢ ᠴᠠᠩ ᠴᠢᠩ ᠦᠪᠡᠷ᠎ᠤᠨ ᠦᠵᠡᠯᠳᠡ᠎ᠪᠠᠨ ᠢᠯᠡᠳᠭᠡᠪᠠ᠃ ᠳᠡᠬᠦᠨ᠎ᠤ ᠦᠵᠡᠬᠦ᠎ᠪᠠᠷ᠂ ᠰᠣᠶᠣᠯ᠎ᠤᠨ ᠠᠭᠤᠰᠤᠯᠴᠠᠯ ᠪᠠ ᠦᠨᠳᠦᠰᠦᠲᠡᠨ᠎ᠤ ᠨᠡᠶᠢᠲᠡᠯᠢᠭ ᠴᠢᠨᠠᠷ᠎ᠤᠨ ᠨᠡᠮᠡᠭᠳᠡᠯ ᠪᠣᠯ ᠰᠣᠶᠣᠯ ᠪᠠ ᠦᠨᠳᠦᠰᠦᠲᠡᠨ᠎ᠤ ᠬᠥᠭᠵᠢᠯᠲᠡ᠎ᠶᠢᠨ ᠲᠦᠭᠡᠮᠡᠯ ᠵᠢᠮ᠎ᠡ ᠶᠣᠰᠣ ᠮᠥᠨ᠃ ᠳᠤᠮᠳᠠᠳᠤ᠎ᠶᠢᠨ ᠦᠨᠳᠦᠰᠦᠲᠡᠨ ᠪᠣᠯᠤᠨ ᠡᠯ᠎ᠡ ᠦᠨᠳᠦᠰᠦᠲᠡᠨ᠎ᠨᠦᠭᠦᠳ᠎ᠤᠨ ᠬᠠᠷᠢᠴᠠᠭ᠎ᠠ ᠪᠣᠯ ᠨᠢᠭᠡᠨ ᠶᠡᠬᠡ ᠭᠡᠷ ᠪᠦᠯᠢ ᠪᠣᠯᠤᠨ ᠭᠡᠷ ᠪᠦᠯᠢ᠎ᠶᠢᠨ ᠪᠦᠷᠢᠯᠳᠦᠬᠦᠨ᠎ᠤ ᠬᠠᠷᠢᠴᠠᠭ᠎ᠠ ᠮᠥᠨ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠳᠤᠮᠳᠠᠳᠤ ᠤᠯᠤᠰ᠎ᠤᠨ ᠰᠣᠶᠣᠯ᠎ᠤᠨ ᠠᠴᠢᠶᠠᠯᠠᠪᠤᠷᠢ ᠪᠠ ᠪᠡᠯᠭᠡ ᠲᠡᠮᠳᠡᠭ᠂ ᠤᠯᠤᠰ᠎ᠢ ᠵᠠᠰᠠᠵᠤ ᠲᠦᠷᠦ᠎ᠶᠢ ᠲᠦᠪᠰᠢᠳᠬᠡᠬᠦ ᠴᠢᠬᠤᠯᠠ ᠵᠡᠪᠰᠡᠭ ᠮᠥᠨ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠤᠯᠤᠰ᠎ᠤᠨ ᠳᠣᠲᠣᠭᠠᠳᠤ ᠴᠢᠨᠠᠭᠰᠢᠯᠠᠪᠠᠯ ᠳᠡᠯᠡᠬᠡᠢ᠎ᠶᠢᠨ ᠮᠡᠳᠡᠯᠭᠡ᠎ᠶᠢᠨ ᠰᠣᠯᠢᠯᠴᠠᠭ᠎ᠠ ᠪᠣᠯᠤᠨ ᠰᠢᠨ᠎ᠡ᠎ᠶᠢ ᠡᠭᠦᠳᠬᠦ ᠶᠠᠪᠤᠴᠠ᠎ᠳ᠋ᠤ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠵᠦ ᠪᠠᠶᠢᠳᠠᠭ᠋᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠪᠣᠯ ᠲᠡᠦᠬᠡ᠎ᠶᠢᠨ ᠬᠥᠭᠵᠢᠯᠲᠡ᠎ᠶᠢᠨ ᠵᠠᠶᠢᠯᠠᠰᠢ ᠦᠭᠡᠢ ᠬᠠᠨᠳᠤᠰᠢ ᠮᠥᠨ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠰᠢᠬᠦ ᠪᠣᠯ ᠤᠯᠤᠰ᠎ᠤᠨ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠪᠠ ᠬᠠᠮᠳᠤ᠎ᠶᠢᠨ ᠲᠠᠨᠢᠯᠳᠠ᠎ᠪᠠᠨ ᠴᠢᠩᠭᠠᠳᠬᠠᠬᠤ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠲᠤᠮᠳᠠᠳᠤ ᠤᠯᠤᠰ᠎ᠤᠨ ᠠᠷᠠᠳ ᠢᠷᠭᠡᠨ᠎ᠤ ᠭᠦᠢᠴᠡᠳᠬᠡᠪᠡᠰᠦ ᠵᠣᠬᠢᠬᠤ ᠡᠭᠦᠷᠭᠡ ᠮᠥᠨ ᠬᠡᠪᠡ᠃
ᠦᠨᠳᠦᠰᠦᠲᠡᠨ᠎ᠤ ᠭᠠᠵᠠᠷ ᠣᠷᠣᠨ᠎ᠳ᠋ᠤ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠶᠢᠨ ᠴᠢᠬᠤᠯᠠ ᠠᠴᠢ ᠬᠣᠯᠪᠣᠭᠳᠠᠯ᠎ᠤᠨ ᠲᠤᠬᠠᠢ ᠴᠠᠩ ᠴᠢᠩ᠂ ᠦᠭᠡ ᠬᠡᠯᠡ ᠦᠰᠦᠭ ᠪᠢᠴᠢᠭ᠎ᠢᠶᠠᠷ ᠰᠡᠳᠬᠢᠯ ᠰᠠᠨᠠᠭ᠎ᠠ᠎ᠪᠠᠨ ᠤᠢᠯᠠᠭᠠᠯᠴᠠᠳᠠᠭ᠋᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠭᠠᠵᠠᠷ ᠣᠷᠣᠨ᠎ᠤ ᠬᠣᠭᠣᠷᠣᠨᠳᠣᠬᠢ᠂ ᠦᠨᠳᠦᠰᠦᠲᠡᠨ᠎ᠤ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳ᠋ᠤ ᠠᠰᠢᠭᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠬᠥᠭᠵᠢᠭᠦᠯᠬᠦ᠂ ᠰᠣᠶᠣᠯ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ᠎ᠳ᠋ᠤ ᠠᠰᠢᠭᠲᠠᠢ ᠬᠡᠵᠦ ᠦᠵᠡᠨ᠎ᠡ᠃ ᠲᠡᠷᠡ᠎ᠪᠠᠷ᠂ ᠢᠷᠡᠭᠡᠳᠦᠶ᠎ᠳ᠋ᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠳᠠᠭᠠᠭᠤᠯᠭ᠎ᠠ ᠳᠤᠤᠷ᠎ᠠ ᠨᠡᠶᠢᠭᠡᠮ᠎ᠤᠨ ᠬᠥᠭᠵᠢᠯᠲᠡ ᠤᠯᠠᠮ᠎ᠢᠶᠠᠷ ᠲᠦᠷᠭᠡᠳᠬᠦ᠎ᠶᠢ ᠳᠠᠭᠠᠯᠳᠤᠨ᠂ ᠮᠡᠳᠡᠯᠭᠡ᠎ᠶᠢᠨ ᠰᠢᠨᠡᠴᠢᠯᠡᠯᠲᠡ ᠴᠤ ᠤᠯᠠᠮ᠎ᠡᠴᠠ ᠤᠯᠠᠮ ᠲᠦᠷᠭᠡᠨ ᠪᠤᠯᠤᠨ᠎ᠠ᠃ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠦᠨᠳᠦᠰᠦᠲᠡᠨ᠎ᠤ ᠭᠠᠵᠠᠷ ᠣᠷᠣᠨ᠎ᠤ ᠰᠤᠷᠤᠭᠴᠢᠳ᠎ᠤᠨ ᠰᠢᠨ᠎ᠡ ᠮᠡᠳᠡᠯᠭᠡ᠂ ᠰᠢᠨ᠎ᠡ ᠮᠡᠷᠭᠡᠵᠢᠯ᠎ᠢ ᠰᠤᠷᠤᠯᠴᠠᠨ ᠡᠵᠡᠮᠰᠢᠬᠦ᠂ ᠰᠣᠯᠢᠯᠴᠠᠭ᠎ᠠ ᠨᠡᠪᠲᠡᠷᠡᠯᠴᠡᠭᠡ ᠪᠠ ᠠᠵᠢᠯ ᠣᠯᠭᠣᠯᠲᠠ᠎ᠶᠢᠨ ᠴᠢᠳᠠᠪᠤᠷᠢ᠎ᠶᠢ ᠳᠡᠬᠡᠭᠰᠢᠯᠡᠬᠦᠯᠬᠦ᠎ᠳ᠋ᠤ ᠠᠰᠢᠭᠲᠠᠢ ᠮᠥᠷᠲᠡᠭᠡᠨ ᠪᠠᠰᠠ ᠦᠨᠳᠦᠰᠦᠲᠡᠨ᠎ᠤ ᠦᠭᠡ ᠬᠡᠯᠡᠨ᠎ᠤ ᠬᠥᠭᠵᠢᠯᠲᠡ᠎ᠶᠢ ᠬᠠᠮᠠᠭᠠᠯᠠᠨ ᠳᠡᠮᠵᠢᠵᠦ᠂ ᠰᠢᠯᠢᠳᠡᠭ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶᠢᠭᠡᠮ᠎ᠤᠨ ᠬᠥᠭᠵᠢᠯᠲᠡ᠎ᠳ᠋ᠤ ᠨᠡᠩ ᠰᠠᠶᠢᠲᠤᠷ ᠦᠢᠯᠡᠴᠢᠯᠡᠵᠦ ᠴᠢᠳᠠᠨ᠎ᠠ ᠬᠡᠵᠦ ᠢᠯᠡᠷᠭᠡᠢᠯᠡᠵᠦ ᠪᠠᠢᠪᠠ᠃
ᠴᠠᠩ ᠴᠢᠩ᠎ᠤᠨ ᠦᠵᠡᠬᠦ᠎ᠪᠠᠷ᠂ ᠦᠨᠳᠦᠰᠦᠲᠡᠨ᠎ᠤ ᠭᠠᠵᠠᠷ ᠣᠷᠣᠨ᠎ᠳ᠋ᠤ ᠠᠪᠴᠤ ᠬᠡᠯᠡᠪᠡᠯ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭᠯᠡᠬᠦ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠠᠵᠤ ᠠᠬᠤᠢ ᠨᠡᠶᠢᠭᠡᠮ᠎ᠤᠨ ᠬᠥᠭᠵᠢᠯᠲᠡ᠎ᠳ᠋ᠤ ᠱᠠᠭᠠᠷᠳᠠᠭᠳᠠᠬᠤ ᠴᠢᠳᠠᠪᠤᠷᠢᠲᠠᠨ᠎ᠢ ᠬᠥᠮᠦᠵᠢᠭᠦᠯᠬᠦ᠎ᠳ᠋ᠤ ᠲᠤᠶᠢᠯ᠎ᠤᠨ ᠴᠢᠬᠤᠯᠠ ᠦᠢᠯᠡᠳᠦᠯ ᠦᠵᠡᠭᠦᠯᠦᠨ᠎ᠡ᠃ ᠡᠯ᠎ᠡ ᠦᠨᠳᠦᠰᠦᠲᠡᠨ᠎ᠤ ᠭᠠᠵᠠᠷ ᠣᠷᠣᠨ᠎ᠤ ᠰᠤᠷᠤᠭᠴᠢᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠲᠡᠬᠡᠨ ᠪᠣᠯᠪᠠᠰᠤᠷᠠᠩᠭᠤᠢ ᠡᠵᠡᠮᠰᠢᠪᠡᠯ ᠵᠣᠬᠢᠨ᠎ᠠ᠂ ᠡᠨᠡ᠎ᠨᠢ ᠥᠷᠭᠡᠨ ᠤᠯᠠᠨ ᠰᠤᠷᠤᠭᠴᠢᠳ᠎ᠤᠨ ᠢᠷᠡᠭᠡᠳᠦᠢ᠎ᠶᠢᠨ ᠨᠡᠶᠢᠭᠡᠮ᠎ᠤᠨ ᠬᠥᠭᠵᠢᠯᠲᠡ᠎ᠶᠢᠨ ᠬᠡᠷᠡᠭᠴᠡᠭᠡ᠎ᠳ᠋ᠤ ᠵᠣᠬᠢᠴᠠᠬᠤ᠎ᠳ᠋ᠤ ᠲᠤᠶᠢᠯ᠎ᠤᠨ ᠴᠢᠬᠤᠯᠠ ᠦᠢᠯᠡᠳᠦᠯ᠎ᠲᠠᠢ ᠪᠦᠭᠡᠳ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠬᠤ ᠴᠢᠬᠤᠯᠠ ᠲᠦᠯᠬᠢᠴᠡ ᠬᠦᠴᠦᠨ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ᠎ᠶᠢᠨ ᠰᠠᠭᠤᠷᠢ ᠴᠢᠨᠠᠷᠲᠠᠢ ᠪᠠᠲᠤᠯᠠᠭ᠎ᠠ ᠪᠣᠯᠬᠤ ᠶᠤᠮ ᠬᠡᠯᠡ᠃
ᠴᠠᠩ ᠴᠢᠩ᠂ ᠨᠡᠶᠢᠭᠡᠮ᠎ᠤᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠡᠯ᠎ᠡ ᠶᠡᠬᠡ ᠳᠡᠭᠡᠳᠦ ᠰᠤᠷᠭᠠᠭᠤᠯᠢ᠎ᠶᠢᠨ᠎ᠬᠢᠨ ᠪᠠᠰᠠ ᠰᠤᠷᠭᠠᠭᠤᠯᠢ᠎ᠶᠢᠨ ᠭᠠᠳᠠᠨᠠᠬᠢ ᠳᠠᠳᠤᠯᠭ᠎ᠠ᠂ ᠰᠤᠷᠭᠠᠭᠤᠯᠢ᠎ᠶᠢᠨ ᠳᠣᠲᠣᠭᠠᠳᠤ᠎ᠶᠢᠨ ᠰᠢᠨ᠎ᠡ᠎ᠶᠢ ᠡᠭᠦᠳᠬᠦ ᠤᠷᠤᠯᠳᠤᠭᠠᠨ᠎ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ᠂ ᠪᠦᠯᠬᠦᠮ ᠨᠡᠶᠢᠲᠡ᠎ᠶᠢᠨ ᠬᠠᠮᠲᠤᠷᠠᠯᠴᠠᠭ᠎ᠠ ᠰᠣᠯᠢᠯᠴᠠᠭ᠎ᠠ᠎ᠶᠢᠨ ᠳᠤᠮᠳᠠ ᠥᠷᠭᠡᠨ ᠣᠯᠠᠨ ᠰᠤᠷᠤᠭᠴᠢᠳ᠎ᠲᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠳᠡᠭᠡᠭᠰᠢᠯᠡᠯᠲᠡ᠎ᠶᠢ ᠠᠬᠢᠭᠤᠯᠬᠤ ᠪᠠ ᠠᠵᠢᠯ ᠤᠯᠬᠤ ᠴᠢᠳᠠᠪᠤᠷᠢ᠎ᠶᠢ ᠨᠡᠮᠡᠭᠳᠡᠭᠦᠯᠬᠦ ᠵᠡᠷᠭᠡ ᠲᠠᠯᠠᠳ᠋ᠠᠬᠢ ᠴᠢᠬᠤᠯᠠ ᠦᠢᠯᠡᠳᠦᠯ ᠪᠠ ᠠᠴᠢ ᠬᠣᠯᠪᠣᠭᠳᠠᠯ᠎ᠢ ᠭᠦᠨᠵᠡᠭᠡᠶ ᠣᠶᠢᠯᠠᠭᠠᠭᠤᠯᠬᠤ ᠬᠡᠷᠡᠭᠲᠡᠶ ᠭᠡᠵᠡᠶ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠤᠯᠠᠨ ᠲᠠᠯ᠎ᠠ᠎ᠶᠢᠨ ᠬᠣᠯᠪᠣᠭᠠᠯᠠᠨ ᠬᠥᠳᠡᠯᠦᠯᠴᠡᠬᠦ ᠦᠢᠯᠡᠰ ᠮᠥᠨ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ ᠪᠠᠢᠭᠠᠳ ᠦᠭᠡ ᠬᠡᠯᠡ ᠦᠰᠦᠭ ᠪᠢᠴᠢᠭ᠎ᠤᠨ ᠬᠥᠭᠵᠢᠯᠲᠡ᠎ᠶᠢᠨ ᠲᠡᠦᠬᠡ᠎ᠶᠢᠨ ᠵᠢᠮ᠎ᠡ ᠶᠣᠰᠣ᠎ᠶᠢ ᠵᠥᠪ ᠲᠠᠨᠢᠭᠤᠯᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠤᠬᠠᠮᠰᠠᠷ᠎ᠡᠴᠠ᠎ᠪᠠᠨ ᠬᠠᠮᠠᠭᠠᠯᠠᠬᠤ ᠬᠡᠷᠡᠭᠲᠡᠢ ᠬᠡᠵᠦ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃