ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-09-04 10:56:18

ᠵᠣᠬᠢᠶᠠᠭ᠍ᠴᠢ᠄ ​ᠨᠠᠪᠴᠢ ᠣᠩᠱᠢᠭ᠍ᠰᠠᠨ ᠣᠳᠠᠭ᠎ᠠ᠄ 3

︽ ᠦᠭᠡ ᠬᠡᠯᠡ ᠦᠰᠦᠭ ᠪᠢᠴᠢᠭ ᠪᠣᠯ ᠬᠥᠮᠦᠰ᠎ᠤᠨ ᠬᠣᠭᠣᠷᠣᠨᠳᠣᠬᠢ ᠰᠣᠯᠢᠯᠴᠠᠭ᠎ᠠ ᠨᠡᠪᠲᠡᠷᠡᠯᠴᠡᠭᠡ᠎ᠶᠢᠨ ᠴᠢᠬᠤᠯᠠ ᠪᠠᠭᠠᠵᠢ ᠮᠥᠨ᠃ ᠰᠤᠷᠤᠯᠴᠠᠵᠤ ᠠᠵᠢᠯᠯᠠᠬᠤ ᠳᠤᠮᠳᠠ᠂ ᠭᠠᠭᠴᠠ ᠬᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠰᠠᠶᠢᠲᠤᠷ ᠬᠡᠷᠡᠭᠯᠡᠪᠡᠯ ᠰᠠᠶᠢ ᠴᠠᠭ ᠦᠶ᠎ᠡ᠎ᠶᠢᠨ ᠬᠥᠭᠵᠢᠯᠲᠡ ᠪᠠ ᠬᠡᠷᠡᠭᠴᠡᠭᠡ᠎ᠳ᠋ᠤ ᠨᠡᠩ ᠰᠠᠶᠢᠲᠤᠷ ᠵᠣᠬᠢᠴᠠᠵᠤ ᠴᠢᠳᠠᠨ᠎ᠠ᠃ ᠮᠢᠨᠦ ᠦᠵᠡᠬᠦ᠎ᠪᠠᠷ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠦᠪᠡᠷ᠎ᠤᠨ ᠬᠠᠷᠠᠭ᠎ᠠ᠎ᠪᠠᠨ ᠦᠷᠬᠡᠵᠢᠬᠦᠯᠬᠦ ᠠᠯᠳᠠᠨ ᠲᠦᠯᠬᠢᠭᠦᠷ ᠮᠥᠨ᠂ ᠵᠠᠯᠠᠭᠤᠴᠤᠳ᠎ᠤᠨ ᠵᠠᠯᠠᠭᠤ ᠨᠠᠰᠤᠨ᠎ᠤ ᠬᠦᠰᠡᠯ ᠵᠡᠬᠦᠳᠦ᠎ᠪᠠᠨ ᠲᠡᠷᠭᠡᠯᠰᠢᠭᠦᠯᠬᠦ ᠬᠤᠷᠳᠤᠳᠬᠠᠭᠤᠷ ᠮᠥᠨ︾ ᠬᠡᠵᠦ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶᠠᠨ᠎ᠤ ᠦᠨᠳᠦᠰᠦᠨ ᠱᠠᠲᠤᠨ᠎ᠤ ᠵᠣᠬᠢᠶᠠᠨ ᠪᠠᠶᠢᠭᠤᠯᠤᠯᠲᠠ᠎ᠶᠢᠨ ᠬᠡᠯᠲᠡᠰ᠎ᠤᠨ ᠳᠠᠷᠤᠭ᠎ᠠ ᠨᠠᠷᠠᠰᠤ ᠣᠶᠢᠷ᠎ᠠ᠎ᠳ᠋ᠤ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠬᠡᠯᠡᠯ᠎ᠡ᠃

ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠵᠤ ᠬᠡᠷᠡᠭᠯᠡᠭᠰᠡᠨ᠎ᠨᠢ ᠲᠡᠭᠦᠨ᠎ᠤ ᠲᠤᠰᠬᠠᠢ ᠮᠡᠷᠭᠡᠵᠢᠯ᠎ᠤᠨ ᠰᠤᠷᠤᠯᠴᠠᠯᠭ᠎ᠠ᠎ᠳ᠋ᠤ ᠢᠳᠡᠪᠬᠢᠲᠡᠢ ᠦᠢᠯᠡᠳᠦᠯ ᠦᠵᠡᠭᠦᠯᠪᠡ᠃ ᠶᠡᠬᠡ ᠰᠤᠷᠭᠠᠭᠤᠯᠢ᠎ᠶᠢᠨ ᠬᠤᠭᠤᠴᠠᠭᠠᠨ᠎ᠳᠠᠭᠠᠨ᠂ ᠨᠠᠷᠠᠰᠤ ᠥᠪᠡᠷ᠎ᠤᠨ ᠳᠤᠷ᠎ᠠ ᠪᠠᠬ᠎ᠠ᠎ᠲᠠᠢ ᠹᠢᠽᠢᠺ᠎ᠤᠨ ᠮᠡᠷᠭᠡᠵᠢᠯ᠎ᠢᠶᠡᠨ ᠰᠣᠩᠭᠣᠪᠠ᠃ ᠮᠡᠳᠡᠯᠭᠡ ᠮᠡᠳᠡᠴᠡ᠎ᠪᠠᠨ ᠨᠡᠮᠡᠭᠳᠡᠬᠦᠯᠬᠦ᠎ᠳ᠋ᠤ ᠶᠡᠬᠡ ᠬᠡᠮᠵᠢᠶᠡᠨ᠎ᠤ ᠯᠠᠪᠯᠠᠬᠤ ᠮᠠᠲ᠋ᠧᠷᠢᠶᠠᠯ᠎ᠢ ᠪᠠᠶᠢᠴᠠᠭᠠᠨ ᠦᠵᠡᠬᠦ ᠴᠢᠬᠤᠯᠠᠲᠠᠢ ᠪᠢᠯᠡ᠂ ᠡᠨᠡ ᠦᠶ᠎ᠡ᠎ᠳ᠋ᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠲᠡᠭᠦᠨ᠎ᠤ ᠰᠠᠵᠢᠨ ᠬᠠᠪᠰᠤᠷᠤᠭᠴᠢ ᠪᠣᠯᠤᠭᠰᠠᠨ ᠪᠠᠵᠢᠪᠠ᠃ ᠲᠡᠷᠡ ᠦᠷᠭᠦᠯᠵᠢ ᠨᠣᠮ᠎ᠤᠨ ᠰᠠᠩ᠎ᠳ᠋ᠤ ᠬᠦᠷᠴᠦ ᠨᠣᠮ ᠦᠵᠡᠵᠦ᠂ ᠰᠤᠷᠤᠯᠴᠠᠵᠤ᠂ ᠬᠠᠮᠳᠤ ᠰᠤᠷᠤᠯᠭᠠᠳᠠᠳ᠎ᠲᠠᠢ᠎ᠪᠠᠨ ᠦᠵᠡᠯ ᠪᠤᠳᠤᠯ᠎ᠢᠶᠡᠨ ᠰᠣᠯᠢᠯᠴᠠᠨ᠂ ᠲᠤᠰᠬᠠᠢ ᠮᠡᠷᠭᠡᠵᠢᠯ᠎ᠤᠨ ᠬᠦᠷᠢᠶᠡᠨ᠎ᠳ᠋ᠠᠬᠢ ᠮᠡᠳᠡᠯᠭᠡ᠎ᠪᠠᠨ ᠦᠳᠲᠡᠷ ᠲᠦᠷᠭᠡᠨ ᠡᠵᠡᠮᠰᠢᠭᠰᠡᠨ ᠪᠢᠯᠡ᠃

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠢᠨᠦ ᠬᠠᠷᠢᠯᠴᠠᠭᠠᠨ᠎ᠤ ᠣᠷᠣᠨ ᠵᠠᠢ᠎ᠶᠢ ᠥᠷᠭᠡᠳᠬᠡᠪᠡ᠃ ᠶᠡᠬᠡ ᠰᠤᠷᠭᠠᠭᠤᠯᠢ᠎ᠳ᠋ᠤ ᠰᠤᠷᠤᠯᠴᠠᠵᠤ ᠪᠠᠵᠢᠭ᠎ᠠ ᠦᠶ᠎ᠠ᠎ᠳ᠋ᠤ ᠰᠤᠯᠠ ᠰᠡᠯᠡᠬᠦᠦ ᠴᠠᠭ᠎ᠲᠠᠭᠠᠨ᠂ ᠪᠢ ᠡᠯ᠎ᠡ ᠵᠦᠢᠯ᠎ᠤᠨ ᠦᠢᠯᠡᠳᠦᠯᠭᠡ᠎ᠶᠢᠨ ᠠᠵᠢᠯᠯᠠᠭ᠎ᠠ᠎ᠳ᠋ᠤ ᠢᠳᠡᠪᠬᠢᠲᠡᠢ ᠣᠷᠣᠯᠴᠠᠵᠤ᠂ ᠠᠵᠢᠯ᠎ᠤᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠴᠢᠳᠠᠪᠤᠷᠢ᠎ᠪᠠᠨ ᠳᠡᠭᠡᠭᠰᠢᠯᠡᠭᠦᠯᠬᠦ᠎ᠳ᠋ᠤ ᠮᠠᠰᠢ ᠰᠠᠵᠢᠨ ᠰᠠᠭᠤᠷᠢ ᠲᠠᠯᠪᠢᠵᠠᠢ︾ ᠬᠡᠵᠦ ᠨᠠᠷᠠᠰᠤ ᠰᠡᠳᠬᠢᠯ᠎ᠤᠨ ᠦᠬᠡ᠎ᠪᠠᠨ ᠲᠡᠯᠬᠡᠨ᠎ᠠ᠃

︽ ᠡᠪ ᠬᠠᠮᠲᠤ ᠵᠠᠯᠠᠭᠤᠴᠤᠳ᠎ᠤᠨ ᠡᠪᠯᠡᠯ᠎ᠨᠢ ᠬᠦᠲᠦᠯᠦᠨ ᠳᠠᠭᠠᠭᠤᠯᠵᠤ ᠨᠢᠭᠲᠠᠷᠠᠭᠤᠯᠬᠤ᠂ ᠵᠣᠬᠢᠶᠠᠨ ᠪᠠᠶᠢᠭᠤᠯᠵᠤ ᠳᠠᠶᠢᠴᠢᠯᠠᠬᠤ᠂ ᠬᠠᠷᠢᠯᠴᠠᠵᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠠᠶᠢᠳᠠᠭ᠋᠃ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠺᠠᠳ᠋ᠷ ᠪᠣᠯᠤᠭᠰᠠᠨ᠎ᠤ ᠬᠤᠪᠢ᠎ᠳ᠋ᠤ᠂ ᠪᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠬᠡᠷᠡᠭᠯᠡᠬᠦ᠎ᠶᠢᠨ ᠴᠢᠬᠤᠯᠠ ᠴᠢᠨᠠᠷ᠎ᠢ ᠶᠠᠪᠤᠬᠤ ᠲᠤᠳᠤᠮ ᠲᠠᠨᠢᠵᠤ ᠤᠯᠪᠠ᠃ ᠬᠡᠷᠪᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠬᠦ ᠦᠭᠡᠢ ᠪᠣᠯ ᠥᠷᠭᠡᠨ ᠤᠯᠠᠨ ᠵᠠᠯᠠᠭᠤᠴᠤᠳ᠎ᠤᠨ ᠪᠤᠳᠤᠯ ᠰᠠᠨᠠᠭ᠎ᠠ᠎ᠶᠢ ᠣᠶᠢᠯᠠᠭᠠᠵᠤ ᠴᠢᠳᠠᠬᠤ ᠦᠭᠡᠢ᠂ ᠨᠡᠩ ᠴᠤ ᠵᠠᠯᠠᠭᠤᠴᠤᠳ᠎ᠲᠠᠢ ᠤᠵᠢᠷᠠᠳᠴᠤ᠂ ᠲᠡᠳᠡᠨ᠎ᠤ ᠰᠡᠳᠬᠢᠯ᠎ᠢ ᠮᠡᠳᠡᠭᠴᠢ᠂ ᠵᠠᠮᠴᠢᠯᠠᠭᠴᠢ ᠪᠤᠯᠵᠤ ᠴᠢᠳᠠᠬᠤ ᠦᠭᠡᠢ ᠶᠤᠮ︾ ᠭᠡᠵᠦ ᠨᠠᠷᠠᠰᠤ ᠬᠡᠯᠡᠪᠡ᠃

ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ᠎ᠨᠢ ᠨᠠᠷᠠᠰᠤ᠎ᠶᠢᠨ ᠠᠵᠢᠯ᠎ᠳ᠋ᠤ ᠠᠮᠵᠢᠯᠳᠠ᠎ᠶᠢᠨ ᠦᠷ᠎ᠡ ᠵᠢᠮᠢᠰ ᠲᠡᠬᠦᠵᠢᠩᠨᠡᠬᠦᠯᠦᠨ᠎ᠡ᠃ ᠡᠨᠡ ᠵᠢᠯ᠎ᠤᠨ 7 ᠰᠠᠷ᠎ᠠ᠎ᠳ᠋ᠤ᠂ ᠨᠠᠷᠠᠰᠤ ᠪᠦᠯᠬᠦᠮ ᠳᠠᠭᠠᠭᠤᠯᠤᠨ ᠵᠧᠵᠢᠶᠠᠩ ᠮᠤᠵᠢ᠎ᠶᠢᠨ ᠢ ᠦ᠋ ᠬᠤᠳᠠ᠎ᠳ᠋ᠤ ᠬᠦᠷᠴᠦ ᠡᠪᠯᠡᠯ᠎ᠤᠨ ᠲᠥᠪ ᠬᠣᠷᠢᠶᠠᠨ᠎ᠤ ᠪᠣᠯᠪᠠᠰᠤᠷᠠᠯ᠎ᠳ᠋ᠤ ᠣᠷᠣᠯᠴᠠᠵᠤ᠂ ᠪᠡᠭᠡᠵᠢᠩ᠂ ᠵᠧᠵᠢᠶᠠᠩ᠂ ᠠᠨᠾᠦ᠋ᠢ ᠵᠡᠷᠭᠡ ᠪᠦᠬᠦ ᠤᠯᠤᠰ᠎ᠤᠨ ᠡᠪᠯᠡᠯ᠎ᠤᠨ ᠺᠠᠳ᠋ᠷᠴᠤᠳ᠎ᠲᠠᠢ ᠬᠠᠮᠲᠤ ᠰᠤᠷᠤᠯᠴᠠᠨ ᠦᠵᠡᠯ ᠪᠤᠳᠤᠯ᠎ᠢᠶᠡᠨ ᠰᠣᠯᠢᠯᠴᠠᠪᠠ︔ ᠡᠳᠦᠷ ᠲᠤᠳᠤᠮ᠎ᠤᠨ ᠠᠵᠢᠯ᠎ᠳᠠᠭᠠᠨ ᠲᠡᠷᠡ ᠦᠷᠭᠦᠯᠵᠢ ᠪᠡᠭᠡᠵᠢᠩ᠂ ᠱᠠᠨ ᠰᠢ᠂ ᠾᠧᠨᠠᠨ᠂ ᠴᠦᠩᠴᠢᠩ ᠵᠡᠷᠭᠡ ᠭᠠᠵᠠᠷ᠎ᠤᠨ ᠡᠪᠯᠡᠯ᠎ᠤᠨ ᠺᠠᠳ᠋ᠷᠴᠤᠳ᠎ᠲᠠᠢ ᠨᠢᠭᠲᠠ ᠬᠠᠷᠢᠯᠴᠠᠵᠤ᠂ ᠠᠵᠢᠯ᠎ᠤᠨ ᠳᠤᠬᠠᠢ ᠰᠠᠨᠠᠯ᠎ᠢᠶᠡᠨ ᠰᠣᠯᠢᠯᠴᠠᠨ᠂ ᠬᠠᠷᠢᠯᠴᠠᠨ ᠰᠤᠷᠤᠯᠴᠠᠳᠠᠭ᠋᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠰᠠᠵᠢᠨ ᠮᠡᠳᠡᠳᠡᠭ᠎ᠢᠶᠠᠷ᠎ᠢᠶᠡᠨ ᠲᠡᠷᠡ ᠪᠦᠬᠦ ᠤᠯᠤᠰ᠎ᠤᠨ ᠡᠯ᠎ᠡ ᠭᠠᠵᠠᠷ᠎ᠤᠨ ᠮᠠᠰᠢ ᠤᠯᠠᠨ ᠵᠠᠯᠠᠭᠤ ᠨᠠᠶᠢᠵᠠ ᠨᠠᠷ᠎ᠲᠠᠢ ᠭᠦᠨ ᠵᠤᠵᠠᠭᠠᠨ ᠨᠥᠬᠥᠷᠯᠡᠯ ᠪᠠᠶᠢᠭᠤᠯᠵᠤ᠂ ᠬᠠᠷᠠᠭ᠎ᠠ᠎ᠪᠠᠨ ᠦᠷᠬᠡᠵᠢᠬᠦᠯᠵᠦ ᠴᠢᠳᠠᠭᠰᠠᠨ ᠶᠤᠮ᠃

ᠨᠠᠷᠠᠰᠤ᠄ ︽ ᠪᠢ ᠠᠵᠢᠯ᠎ᠢᠶᠡᠨ ᠰᠠᠶᠢᠲᠤᠷ ᠬᠢᠵᠦ᠂ ᠨᠠᠮ᠎ᠤᠨ ᠴᠢᠭᠯᠡᠯᠲᠡ ᠲᠦᠷᠦ᠎ᠶᠢᠨ ᠪᠤᠳᠤᠯᠭ᠎ᠠ᠎ᠶᠢ ᠨᠡᠩ ᠰᠠᠶᠢᠲᠤᠷ ᠰᠤᠷᠤᠯᠴᠠᠨ ᠣᠶᠢᠯᠠᠭᠠᠵᠤ᠂ ᠡᠯᠪᠡᠭ ᠪᠠᠶᠠᠯᠢᠭ ᠮᠡᠳᠡᠯᠭᠡ᠎ᠶᠢᠨ ᠰᠢᠮ᠎ᠡ ᠲᠡᠵᠢᠭᠡᠯ᠎ᠢ ᠨᠡᠩ ᠠᠮᠠᠷᠬᠠᠨ ᠬᠦᠷᠳᠡᠵᠦ᠂ ᠵᠠᠯᠠᠭᠤᠴᠤᠳ᠎ᠲᠤ ᠨᠡᠩ ᠰᠠᠶᠢᠲᠤᠷ ᠦᠢᠯᠡᠴᠢᠯᠡᠵᠦ ᠪᠠᠵᠢᠬᠤ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ᠎ᠡᠴᠠ ᠪᠤᠯᠤᠭᠰᠠᠨ ᠶᠤᠮ︾ ᠬᠡᠵᠦ ᠤᠷᠮ᠎ᠠ᠎ᠲᠠᠢ ᠬᠡᠯᠡᠨ᠎ᠠ᠃

ᠨᠠᠷᠠᠰᠤ ᠪᠦᠬᠦ ᠤᠯᠤᠰ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠦᠨᠳᠦᠰᠦᠨ ᠱᠠᠲᠤᠨ᠎ᠤ ᠵᠣᠬᠢᠶᠠᠨ ᠪᠠᠶᠢᠭᠤᠯᠤᠯᠲᠠ᠎ᠶᠢᠨ ᠴᠣᠭᠴᠠᠯᠠᠯᠲᠠ᠎ᠶᠢᠨ ᠬᠤᠷᠠᠯ᠎ᠳ᠋ᠤ ᠣᠯᠠᠨᠲᠠ ᠣᠷᠣᠯᠴᠠᠪᠠ᠃ ᠶᠠᠷᠢᠯᠴᠠᠭ᠎ᠠ ᠰᠣᠯᠢᠯᠴᠠᠭ᠎ᠠ ᠬᠢᠬᠦ ᠳᠤᠮᠳᠠ᠂ ᠲᠡᠷᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠬᠡᠷᠡᠭᠯᠡᠨ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠦᠨᠳᠦᠰᠦᠨ ᠱᠠᠲᠤᠨ᠎ᠤ ᠵᠣᠬᠢᠶᠠᠨ ᠪᠠᠶᠢᠭᠤᠯᠤᠯᠲᠠ᠎ᠶᠢᠨ ᠴᠣᠭᠴᠠᠯᠠᠯᠲᠠ᠎ᠶᠢᠨ ᠲᠠᠪᠰᠢᠯᠳᠠ᠎ᠶᠢ ᠶᠠᠷᠢᠵᠤ᠂ ᠥᠪᠥᠷ ᠮᠣᠩᠭᠣᠯ᠎ᠤᠨ ᠴᠤᠭ ᠵᠢᠪᠬᠤᠭ᠎ᠠ᠎ᠶᠢ ᠭᠠᠵᠢᠬᠠᠭᠤᠯᠤᠨ᠎ᠠ᠃

ᠨᠠᠷᠠᠰᠤ᠂ ᠡᠪ ᠬᠠᠮᠲᠤ ᠵᠠᠯᠠᠭᠤᠴᠤᠳ᠎ᠤᠨ ᠡᠪᠯᠡᠯ ᠪᠣᠯ ᠨᠠᠮ᠎ᠤᠨ ᠬᠠᠪᠰᠤᠷᠤᠭᠴᠢ ᠪᠠ ᠪᠡᠯᠡᠳᠬᠡᠯ ᠴᠡᠷᠢᠭ ᠮᠥᠨ᠂ ᠪᠢ ᠤᠯᠤᠰ ᠲᠥᠷᠥ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ ᠲᠥᠷᠥ᠎ᠶᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠥᠷᠭᠡᠨ ᠣᠯᠠᠨ ᠡᠪᠯᠡᠯ᠎ᠤᠨ ᠭᠡᠰᠢᠭᠦᠨ ᠵᠠᠯᠠᠭᠤᠴᠤᠳ᠎ᠤᠨ ᠨᠠᠮ᠎ᠤᠨ ᠦᠭᠡ᠎ᠶᠢ ᠰᠣᠨᠣᠰᠴᠤ ᠨᠠᠮ᠎ᠢᠶᠡᠨ ᠳᠠᠭᠠᠬᠤ᠎ᠶᠢ ᠬᠦᠮᠦᠵᠢᠬᠦᠯᠦᠨ ᠵᠢᠯᠤᠭᠤᠳᠴᠤ᠂ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠲᠤᠬᠠᠶ ᠬᠠᠮᠲᠤ᠎ᠶᠢᠨ ᠲᠠᠨᠢᠯᠲᠠ᠎ᠶᠢ ᠴᠢᠩᠭᠠᠳᠬᠠᠵᠤ᠂ ᠵᠥᠪ ᠤᠯᠤᠰ ᠤᠷᠤᠨ᠎ᠤ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠠᠲᠤ ᠪᠠᠬᠢ ᠪᠣᠶ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠡᠬᠢᠵᠢᠬᠦᠯᠵᠦ᠂ ︽ ᠦᠵᠡᠰᠬᠦᠯᠡᠩᠲᠦ ᠰᠠᠶᠢᠬᠠᠨ ᠥᠪᠥᠷ ᠮᠣᠩᠭᠣᠯ᠎ᠢᠶᠡᠨ ᠪᠥᠲᠥᠭᠡᠨ ᠪᠠᠶᠢᠭᠤᠯᠵᠤ ᠂ ᠠᠭᠤᠤ ᠶᠡᠬᠡ ᠳᠤᠮᠳᠠᠳᠤ᠎ᠶᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ︾᠎ᠳ᠋ᠤ ᠵᠠᠯᠠᠭᠤ ᠨᠠᠰᠤᠨ᠎ᠤ ᠬᠦᠴᠦᠨ ᠴᠢᠳᠠᠯ᠎ᠢ ᠨᠢᠭᠳᠠᠷᠠᠭᠤᠯᠤᠨ᠎ᠠ ᠬᠡᠵᠦ ᠶᠠᠷᠢᠨ᠎ᠠ ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面