ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-09-05 11:55:22

ᠵᠣᠬᠢᠶᠠᠭ᠍ᠴᠢ᠄ ᠯᠢ ᠰᠢᠨ ᠵᠢᠶᠦ᠋ᠨ ᠣᠩᠱᠢᠭ᠍ᠰᠠᠨ ᠣᠳᠠᠭ᠎ᠠ᠄ 3

︽ ᠮᠠᠯᠵᠢᠬᠤ ᠣᠷᠣᠨ᠎ᠤ ᠬᠥᠮᠦᠨ ᠨᠢᠭᠡ ᠪᠦᠷᠢ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠳᠠᠮᠵᠢᠭᠤᠯᠤᠨ ᠴᠠᠬᠢᠮ ᠸᠢᠳᠢᠣ᠋ ᠵᠣᠬᠢᠶᠠᠵᠤ ᠪᠣᠯᠤᠨ᠎ᠠ᠂ ᠴᠥᠮ ᠲᠠᠯ᠎ᠠ ᠨᠤᠲᠤᠭ᠎ᠤᠨ ᠰᠦᠯᠵᠢᠶᠡᠨ ᠤᠳᠤᠨ ᠪᠣᠯᠵᠣ ᠪᠤᠯᠤᠨ᠎ᠠ︾ ᠬᠡᠵᠦ ᠲᠠᠯ᠎ᠠ ᠨᠤᠲᠤᠭ᠎ᠤᠨ ᠰᠦᠯᠵᠢᠶᠡᠨ ᠤᠳᠤᠨ᠎ᠤ ᠲᠤᠬᠠᠶ ᠶᠠᠷᠢᠬᠤ᠎ᠳᠠᠭᠠᠨ ᠤᠴᠢᠪᠠᠭᠠᠲᠤᠷ ᠮᠠᠰᠢ ᠰᠡᠳᠬᠢᠯ ᠲᠤᠬᠳᠤᠯᠤᠨ᠎ᠡ᠃

ᠤᠴᠢᠪᠠᠭᠠᠲᠤᠷ ᠪᠣᠯ ᠵᠢᠭᠤᠯᠴᠢᠯᠠᠯ᠎ᠤᠨ ᠠᠮᠲᠠᠲᠤ ᠢᠳᠡᠭᠡᠨ᠎ᠤ ᠪᠦᠷᠭᠡ᠎ᠶᠢᠨ ᠡᠵᠡᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ᠎ᠤ ᠬᠦᠷᠢᠶᠡᠨ᠎ᠳ᠋ᠠᠬᠢ ᠬᠤᠪᠢ᠎ᠶᠢᠨ ᠵᠠᠭᠤᠴᠢᠯᠠᠭᠤᠷ᠎ᠤᠨ ᠵᠣᠬᠢᠶᠠᠨ ᠪᠦᠲᠦᠭᠡᠭᠴᠢ ᠮᠥᠨ᠃ ᠲᠡᠭᠦᠨ᠎ᠤ ᠦᠢᠯᠡᠳᠦᠭᠰᠡᠨ ᠴᠠᠬᠢᠮ ᠸᠢᠳᠢᠣ᠋᠎ᠨᠢ ᠪᠦᠬᠦ ᠰᠦᠯᠵᠢᠶᠡᠨ᠎ᠳ᠋ᠤ ᠵᠢᠯ᠎ᠳ᠋ᠤ ᠨᠡᠢᠳᠡ 15 ᠳ᠋ᠦᠩᠰᠢᠭᠤᠷ ᠤᠳᠠᠭ᠎ᠠ ᠨᠡᠪᠲᠡᠷᠡᠭᠦᠯᠦᠭᠳᠡᠵᠦ᠂ 150 ᠲᠦᠮᠡᠨ ᠬᠦᠷᠢᠶᠠᠯᠡᠭᠴᠢ᠎ᠲᠠᠢ ᠪᠤᠯᠵᠠᠢ᠃

ᠤᠴᠢᠪᠠᠭᠠᠲᠤᠷ ᠮᠠᠯᠵᠢᠬᠤ ᠣᠷᠣᠨ᠎ᠳ᠋ᠤ ᠦᠰᠦᠨ ᠪᠣᠶᠢᠵᠢᠵᠤ᠂ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠪᠠ᠃ ᠲᠡᠷᠡ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠶᠡᠬᠡ ᠰᠤᠷᠭᠠᠭᠤᠯᠢ᠎ᠳ᠋ᠤ ᠰᠢᠯᠭᠠᠨ ᠤᠷᠤᠬᠰᠠᠨ᠎ᠤ ᠲᠠᠷᠠᠭ᠎ᠠ᠂ ᠮᠡᠳᠡᠭᠡ ᠵᠠᠩᠭᠢ᠎ᠶᠢᠨ ᠮᠡᠷᠭᠡᠵᠢᠯ ᠪᠣᠯᠤᠨ ᠠᠮᠤᠷ ᠲᠦᠪᠰᠢᠨ᠎ᠤ ᠲᠤᠰᠬᠠᠢ ᠮᠡᠷᠭᠡᠵᠢᠯ᠎ᠢᠶᠠᠷ ᠰᠤᠷᠤᠯᠴᠠᠪᠠ᠂ ᠡᠨᠡ᠎ᠨᠢ ᠲᠡᠭᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠴᠢᠳᠠᠪᠤᠷᠢ᠎ᠶᠢ ᠴᠢᠨᠠᠬᠰᠢᠳᠠ ᠳᠡᠭᠡᠭᠰᠢᠯᠡᠭᠦᠯᠪᠡ᠃ ᠲᠡᠭᠦᠰᠦᠭᠰᠡᠨ᠎ᠤ᠎ᠪᠠᠨ ᠳᠠᠷᠠᠭ᠎ᠠ᠂ ᠲᠡᠷᠡ ᠪᠡᠭᠡᠵᠢᠩ᠎ᠳ᠋ᠤ ᠠᠵᠢᠯᠯᠠᠵᠤ ᠠᠮᠢᠳᠤᠷᠠᠬᠤ᠎ᠶᠢᠨ ᠲᠠᠭᠠᠤ ᠶᠠᠪᠠᠭᠠᠨ᠎ᠢᠶᠠᠷ ᠠᠶᠠᠯᠠᠨ ᠵᠢᠭᠤᠯᠴᠢᠯᠠᠪᠠ᠃ ᠪᠠᠷᠢᠮᠵᠢᠶ᠎ᠠ ᠠᠶᠠᠯᠭᠤ᠎ᠪᠠᠷ ᠤᠷᠤᠰᠤᠮ᠎ᠠ ᠶᠠᠷᠢᠵᠦ ᠴᠢᠳᠠᠳᠠᠭ᠎ᠡᠴᠠ ᠡᠭᠡᠯ ᠪᠣᠷᠣᠭᠵᠢᠭᠤᠨ᠂ ᠦᠨᠡᠨᠴᠢ ᠴᠠᠭᠠᠪᠤᠷ ᠤᠴᠢᠪᠠᠭᠠᠲᠤᠷ ᠠᠶᠠᠯᠠᠯ ᠵᠢᠭᠤᠯᠴᠢᠯᠠᠯ᠎ᠤᠨ ᠶᠠᠪᠤᠴᠠ᠎ᠳᠠᠭᠠᠨ ᠮᠠᠰᠢ ᠣᠯᠠᠨ ᠨᠠᠶᠢᠵᠠ ᠨᠥᠬᠥᠳ᠎ᠲᠠᠢ ᠲᠠᠨᠢᠯᠴᠠᠵᠤ᠂ ᠪᠥᠬᠥ ᠤᠯᠤᠰ᠎ᠤᠨ ᠡᠯ᠎ᠡ ᠭᠠᠵᠠᠷ᠎ᠤᠨ ᠬᠥᠮᠦᠨ ᠰᠤᠶᠤᠯ ᠢᠷᠭᠡᠨᠰᠢᠯ ᠦᠢᠯᠡ᠎ᠶᠢ ᠣᠶᠢᠯᠠᠭᠠᠳᠠᠬ᠃

ᠨᠤᠲᠤᠭ᠎ᠲᠠᠭᠠᠨ ᠬᠠᠷᠢᠬᠰᠠᠨ᠎ᠤ ᠲᠠᠷᠠᠭ᠎ᠠ᠂ ᠤᠴᠢᠪᠠᠭᠠᠲᠤᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠴᠠᠬᠢᠮ ᠸᠢᠳᠢᠣ᠋ ᠵᠣᠬᠢᠶᠠᠵᠤ᠂ ᠨᠤᠲᠤᠭ᠎ᠤᠨ᠎ᠢᠶᠡᠨ ᠲᠠᠯ᠎ᠠ ᠨᠤᠲᠤᠭ᠋᠂ ᠤᠢ ᠰᠢᠭᠤᠢ᠂ ᠨᠠᠭᠤᠷ ᠪᠦᠷᠢᠳᠤ᠂ ᠦᠨᠳᠦᠰᠦᠲᠡᠨ᠎ᠤ ᠵᠠᠩ ᠦᠢᠯᠡ ᠪᠣᠯᠤᠨ ᠤᠨᠴᠠᠯᠢᠬᠳᠤ ᠠᠮᠲᠠᠲᠤ ᠢᠳᠡᠭᠡᠨ᠎ᠢ ᠲᠠᠨᠢᠯᠴᠠᠭᠤᠯᠬᠤ ᠪᠤᠯᠪᠠ᠃ 2016 ᠣᠨ᠎ᠳ᠋ᠤ᠂ ᠲᠡᠷᠡ ᠬᠤᠪᠢ᠎ᠶᠢᠨ ᠵᠠᠭᠤᠴᠢᠯᠠᠭᠤᠷ᠎ᠤᠨ ᠺᠣᠮᠫᠠᠨᠢ᠎ᠪᠠᠨ ᠪᠠᠶᠢᠭᠤᠯᠵᠤ᠂ ᠴᠤᠤᠷᠢᠶ᠎ᠠ᠂ ᠪᠤᠰᠢᠭᠤ ᠭᠠᠷ᠂ ᠲᠠᠷᠪᠤᠰ ᠸᠢᠳᠢᠣ᠋ ᠵᠡᠷᠭᠡ ᠠᠷᠪᠠᠭᠠᠳ ᠲᠠᠪᠴᠠᠩ᠎ᠳ᠋ᠤ ᠥᠪᠥᠷ ᠮᠣᠩᠭᠣᠯ᠎ᠤᠨ ᠰᠣᠶᠣᠯ᠎ᠢ ᠢᠳᠡᠪᠬᠢᠲᠡᠢ ᠤᠯᠠᠮᠵᠢᠯᠠᠵᠤ᠂ ︽ ᠬᠥᠳᠡᠭᠡ ᠲᠣᠰᠬᠣᠨ᠎ᠤ ᠰᠦᠯᠵᠢᠶᠡᠨ ᠤᠳᠤᠨ︾ ᠪᠠ ︽ ᠨᠤᠲᠤᠭ᠎ᠤᠨ ᠣᠷᠣᠯᠠᠨ ᠥᠭᠦᠯᠡᠭᠴᠢ︾ ᠪᠣᠯᠤᠬᠰᠡᠨ ᠠᠵᠢ᠃

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠮᠠᠯᠴᠢᠳ᠎ᠤᠨ ᠣᠷᠣᠯᠭ᠎ᠠ ᠡᠬᠦᠳᠬᠦ᠎ᠶᠢ ᠠᠬᠢᠭᠤᠯᠵᠤ ᠴᠢᠳᠠᠨ᠎ᠠ︾᠃ ᠤᠴᠢᠪᠠᠭᠠᠲᠤᠷ ᠰᠤᠷᠪᠤᠯᠵᠢᠯᠠᠭ᠎ᠠ ᠬᠦᠯᠢᠶᠡᠬᠦ᠎ᠳ᠋ᠡᠭᠡᠨ᠄ ︽ ᠠᠭᠤᠯᠭ᠎ᠠ᠎ᠶᠢᠨ ᠲᠠᠮᠵᠢᠭᠤᠯᠭ᠎ᠠ᠎ᠶᠢᠨ ᠳᠠᠪᠠᠭᠤᠯᠢᠭ᠎ᠢᠶᠡᠨ ᠠᠰᠢᠬᠯᠡᠨ᠂ ᠲᠠᠯ᠎ᠠ ᠨᠤᠲᠤᠭ᠎ᠤᠨ ᠣᠨᠴᠠ ᠭᠠᠷᠤᠯᠲᠠ ᠦᠬᠡᠷ ᠬᠣᠨᠢᠨ ᠮᠢᠬᠠᠨ᠎ᠤ ᠪᠣᠷᠣᠯᠠᠭᠤᠯᠭ᠎ᠠ᠎ᠶᠢ ᠨᠠᠩ ᠥᠷᠭᠡᠳᠬᠡᠵᠦ᠂ ᠵᠢᠭᠤᠯᠴᠢᠯᠠᠯ᠎ᠢ ᠨᠠᠩ ᠬᠥᠭᠵᠢᠶᠡᠨᠲᠡᠶ ᠪᠣᠯᠭᠠᠨ᠎ᠠ︾ ᠭᠡᠵᠤ ᠬᠡᠯᠡᠨ᠎ᠡ᠃

ᠨᠢᠳᠤᠨᠤᠨ᠎ᠤ ᠬᠢᠵᠢᠭ᠎ᠤᠨ ᠪᠠᠶᠢᠳᠠᠯ᠎ᠤᠨ ᠬᠤᠭᠤᠴᠠᠭᠠᠨ᠎ᠳ᠋ᠤ᠂ ᠮᠠᠯᠵᠢᠬᠤ ᠣᠷᠣᠨ᠎ᠤ ᠣᠨᠴᠠ ᠭᠠᠷᠤᠯᠲᠠ᠎ᠶᠢᠨ ᠪᠣᠷᠣᠯᠠᠭᠤᠯᠭ᠎ᠠ ᠬᠦᠴᠢᠷᠳᠡᠯᠲᠡᠶ ᠪᠤᠯᠵᠦ᠂ ᠵᠢᠭᠤᠯᠴᠢᠯᠠᠯ᠎ᠤᠨ ᠦᠢᠯᠡᠰ ᠵᠣᠭᠰᠣᠩᠭᠢᠷᠠᠪᠠ᠃ ᠤᠴᠢᠪᠠᠭᠠᠲᠤᠷ ᠪᠣᠯᠤᠨ ᠲᠡᠭᠦᠨ᠎ᠤ ᠪᠦᠯᠬᠦᠮ᠎ᠤᠨ᠎ᠬᠢᠨ ᠰᠢᠨ᠎ᠡ ᠵᠠᠭᠤᠴᠢᠯᠠᠭᠤᠷ᠎ᠤᠨ ᠠᠵᠢᠯᠯᠠᠬᠤ ᠲᠠᠰᠤᠭ ᠪᠠᠶᠢᠭᠤᠯᠵᠤ᠂ ᠲᠠᠯ᠎ᠠ ᠨᠤᠲᠤᠭ᠎ᠲᠤ ᠬᠦᠨᠵᠡᠭᠡᠢᠷᠠᠨ᠂ ᠮᠠᠯᠴᠢᠳ᠎ᠢ ᠬᠠᠪᠰᠤᠷᠤᠨ ᠪᠤᠯᠪᠠᠰᠤᠷᠠᠯ ᠬᠦᠷᠳᠡᠭᠡᠵᠤ ᠬᠤᠪᠢ᠎ᠶᠢᠨ ᠵᠠᠭᠤᠴᠢᠯᠠᠭᠤᠷ᠎ᠢ ᠠᠰᠢᠬᠯᠡᠨ ᠤᠬᠠᠭᠤᠯᠤᠨ ᠪᠤᠷᠤᠯᠠᠭᠤᠯᠪᠠ᠃ ᠬᠠᠭᠤᠴᠢᠨ ᠪᠠᠷᠭᠤ ᠬᠣᠰᠢᠭᠤᠨ᠎ᠤ ᠡᠸᠡᠩᠬᠢ ᠰᠤᠮᠤ᠎ᠶᠢᠨ ᠮᠠᠯᠴᠢᠨ ᠪᠠᠳᠤᠰᠠᠶᠢᠬᠠᠨ ᠪᠣᠯᠤᠨ ᠰᠢᠨ᠎ᠡ ᠪᠠᠷᠭᠤ ᠵᠡᠭᠦᠨ ᠬᠣᠰᠢᠭᠤᠨ᠎ᠤ ᠭᠠᠴᠠᠭᠠᠨ᠎ᠤ ᠨᠠᠮ᠎ᠤᠨ ᠡᠬᠦᠷ᠎ᠤᠨ ᠳᠡᠳ᠋ ᠱᠦᠵᠢ ᠵᠠᠯᠠᠭᠤ ᠮᠠᠯᠴᠢᠨ ᠥᠨᠢᠷ ᠬᠣᠶᠠᠭᠤᠯᠠ ᠰᠤᠷᠤᠯᠴᠠᠯᠭ᠎ᠠ᠎ᠪᠠᠷ ᠳᠡᠮᠵᠢᠨ ᠦᠨᠳᠦᠰᠦᠲᠡᠨ᠎ᠤ ᠠᠮᠲᠠᠲᠤ ᠢᠳᠡᠭᠡᠨ ᠪᠠ ᠲᠠᠯ᠎ᠠ ᠨᠤᠲᠤᠭ᠎ᠤᠨ ᠥᠩᠭᠡ ᠦᠵᠡᠮᠵᠢ᠎ᠶᠢ ᠲᠠᠮᠵᠢᠭᠤᠯᠤᠨ ᠳᠡᠯᠭᠡᠷᠡᠭᠦᠯᠵᠦ᠂ ᠶᠡᠬᠡ ᠤᠯᠠᠨ ᠬᠦᠷᠢᠶᠠᠯᠡᠭᠴᠢ ᠪᠠ ᠣᠨᠴᠠ ᠭᠠᠷᠤᠯᠲᠠ᠎ᠶᠢᠨ ᠵᠠᠬᠢᠶᠠᠯᠠᠭ᠎ᠠ᠎ᠶᠢᠨ ᠬᠠᠭᠤᠳᠠᠰᠤ᠎ᠶᠢ ᠲᠤᠰᠴᠤ᠂ ᠵᠢᠯ᠎ᠤᠨ ᠣᠷᠣᠯᠭ᠎ᠠ᠎ᠨᠢ 3 ᠳᠠᠬᠢᠨ᠎ᠢᠶᠠᠷ ᠨᠡᠮᠡᠭᠳᠡᠪᠡ᠃

︽ ᠦᠨᠳᠦᠰᠦᠲᠡᠨ᠎ᠤ ᠦᠭᠡ ᠬᠡᠯᠡ᠎ᠶᠢ ᠬᠡᠷᠡᠭᠯᠡᠬᠦ᠎ᠨᠢ ᠠᠭᠤᠯᠭ᠎ᠠ᠎ᠶᠢ ᠲᠠᠮᠵᠢᠭᠤᠯᠬᠤ ᠬᠤᠷᠳᠤᠴᠠ ᠵᠢᠴᠢ ᠲᠠᠮᠵᠢᠭᠤᠯᠬᠤ ᠬᠡᠮᠵᠢᠶ᠎ᠡ᠎ᠶᠢ ᠶᠡᠬᠡ᠎ᠪᠠᠷ ᠬᠢᠵᠠᠭᠠᠷᠯᠠᠪᠠ᠂ ᠪᠥᠬᠥ ᠤᠯᠤᠰ᠎ᠤᠨ ᠠᠷᠠᠳ᠎ᠲᠤ ᠮᠠᠯᠵᠢᠬᠤ ᠣᠷᠣᠨ ᠪᠠ ᠨᠡᠭᠦᠳᠡᠯ ᠮᠠᠯᠵᠢᠯ᠎ᠤᠨ ᠰᠣᠶᠣᠯ᠎ᠢ ᠣᠶᠢᠯᠠᠭᠠᠭᠤᠯᠬᠤ᠎ᠶᠢᠨ ᠲᠥᠯᠥᠭᠡ᠂ ᠪᠢᠳᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢᠶᠠᠷ ᠵᠦᠴᠦᠭᠡ ᠰᠡᠭᠦᠳᠡᠷᠯᠡᠨ ᠰᠢᠩᠬᠡᠬᠡᠵᠦ ᠵᠣᠬᠢᠶᠠᠨ ᠪᠢᠴᠢᠵᠦ᠂ ᠶᠡᠬᠡ ᠬᠡᠮᠵᠢᠶᠡᠨ᠎ᠤ ᠰᠠᠶᠢᠰᠢᠶᠠᠯ᠎ᠢ ᠤᠯᠵᠦ ᠤᠯᠠᠨᠳᠠ ᠨᠡᠪᠲᠡᠷᠡᠭᠦᠯᠦᠭᠳᠡᠵᠡᠢ︾ ᠭᠡᠵᠦ ᠮᠠᠯᠴᠢᠨ ᠥᠨᠢᠷ ᠬᠡᠯᠡᠨ᠎ᠡ᠃

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠤᠪᠢ᠎ᠶᠢᠨ ᠵᠠᠭᠤᠴᠢᠯᠠᠭᠤᠷ ᠳᠡᠭᠡᠷ᠎ᠡ᠎ᠪᠠᠨ ᠤᠬᠠᠭᠤᠯᠭ᠎ᠠ ᠬᠢᠪᠡᠯ᠂ ᠮᠠᠨ᠎ᠤ ᠮᠠᠯᠵᠢᠯ᠎ᠤᠨ ᠲᠠᠯᠠᠪᠠᠢ᠎ᠨᠢ ᠲᠠᠷᠤᠢ ᠨᠠᠷᠢᠯᠢᠭ ᠰᠠᠶᠢᠬᠠᠨ ᠵᠢᠭᠤᠯᠴᠢᠯᠠᠯ᠎ᠤᠨ ᠪᠠᠭᠤᠳᠠᠯ ᠪᠣᠯᠴᠢᠬᠠᠨ᠎ᠠ᠂ ᠮᠠᠨ᠎ᠤ ᠦᠬᠡᠷ ᠬᠤᠨᠢ᠎ᠪᠠᠨ ᠤᠯᠠᠷᠢᠯ ᠲᠠᠭᠠᠵᠦ ᠪᠤᠷᠤᠯᠠᠭᠤᠯᠬᠤ ᠴᠢᠬᠤᠯᠠ ᠦᠭᠡᠢ᠂ ᠡᠳᠦᠷ ᠪᠦᠷᠢ ᠴᠢᠨᠠᠷ ᠰᠠᠶᠢᠲᠠᠢ ᠴᠠᠭᠠᠨ ᠢᠳᠡᠭᠡᠨ ᠪᠠ ᠤᠯᠠᠭᠠᠨ ᠢᠳᠡᠭᠡᠨ᠎ᠢᠶᠡᠨ ᠪᠤᠷᠤᠯᠠᠭᠤᠯᠵᠦ ᠪᠣᠯᠤᠨ᠎ᠠ︾ ᠭᠡᠵᠦ ᠮᠠᠯᠴᠢᠨ ᠪᠠᠲᠤᠰᠠᠶᠢᠬᠠᠨ ᠰᠤᠷᠪᠤᠯᠵᠢᠯᠠᠭᠴᠢ᠎ᠳ᠋ᠤ ᠬᠡᠯᠡᠪᠡ᠃

︽ ᠬᠥᠳᠡᠭᠡ ᠲᠣᠰᠬᠣᠨ᠎ᠢᠶᠠᠷ ᠰᠦᠯᠵᠢᠶᠡᠨ ᠤᠳᠤᠨ᠎ᠤ ᠪᠤᠢᠵᠢᠯᠳᠠ᠎ᠶᠢ ᠠᠭᠢᠭᠤᠯᠵᠤ᠂ ᠰᠦᠯᠵᠢᠶᠡᠨ ᠤᠳᠤᠨ᠎ᠢᠶᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳ᠋ᠤ ᠬᠦᠴᠦᠨ ᠨᠡᠮᠡᠷᠢᠯᠡᠨ᠎ᠡ︾ ᠃ ᠤᠴᠢᠪᠠᠭᠠᠲᠤᠷ ᠥᠪᠡᠷ᠎ᠤᠨ ᠬᠠᠶᠢᠷᠠᠲᠠᠶ ᠵᠠᠭᠤᠴᠢᠯᠠᠭᠤᠷ᠎ᠤᠨ ᠦᠢᠯᠡᠰ᠎ᠢᠶᠡᠨ ᠰᠠᠶᠢᠲᠤᠷ ᠬᠢᠬᠦ ᠢᠲᠡᠭᠡᠯ ᠲᠡᠬᠦᠯᠳᠡᠷ ᠪᠠᠢᠵᠦ᠂ ᠨᠠᠩ ᠣᠯᠠᠨ ᠮᠠᠯᠴᠢᠳ᠎ᠢ ᠳᠠᠶᠢᠴᠢᠯᠠᠨ ᠰᠢᠨ᠎ᠡ ᠵᠠᠭᠤᠴᠢᠯᠠᠭᠤᠷ᠎ᠢᠶᠠᠷ ᠳᠠᠮᠵᠢᠭᠤᠯᠤᠨ ᠨᠤᠲᠤᠭ ᠤᠰᠤ᠎ᠪᠠᠨ ᠤᠬᠠᠭᠤᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠪᠠᠷ ᠴᠢᠷᠮᠠᠢᠬᠰᠠᠭᠠᠷ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面