ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-31 09:45:35

ᠵᠣᠬᠢᠶᠠᠭ᠍ᠴᠢ᠄ ​ᠳᠠᠳᠤᠯᠭ᠎ᠠ᠎ᠶᠢᠨ ᠰᠤᠷᠪᠤᠯᠵᠢᠯᠠᠭᠴᠢ ᠸᠠᠩ ᠽᠦᠩ ᠰᠢᠤᠢ ᠶᠢᠩ ᠣᠩᠱᠢᠭ᠍ᠰᠠᠨ ᠣᠳᠠᠭ᠎ᠠ᠄ 3

ᠱᠢ ᠬᠠᠢ ᠭᠤᠸᠠᠩ ᠲᠦᠩᠯᠢᠶᠣᠤ ᠬᠤᠳᠠ᠎ᠶᠢᠨ ᠨᠠᠢᠮᠠᠨ ᠬᠣᠰᠢᠭᠤᠨ᠎ᠤ ᠨᠢᠭᠡᠨ ᠪᠠᠭᠰᠢ᠎ᠶᠢᠨ ᠭᠡᠷ᠎ᠲᠤ ᠲᠦᠷᠦᠵᠠᠢ᠂ ᠠᠪᠤ᠋᠎ᠨᠢ ᠮᠣᠩᠭᠣᠯ ᠦᠨᠳᠦᠰᠦᠲᠡᠨ᠂ ᠡᠵᠢ᠎ᠨᠢ ᠬᠢᠲᠠᠳ ᠦᠨᠳᠦᠰᠦᠲᠡᠨ᠃ ᠲᠡᠷᠡ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠵᠦ᠂ ᠶᠡᠬᠡ ᠰᠤᠷᠭᠠᠭᠤᠯᠢ ᠲᠡᠭᠦᠰᠦᠭᠰᠡᠨ᠎ᠤ ᠳᠠᠷᠠᠭ᠎ᠠ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠬᠢᠭᠰᠡᠭᠡᠷ ᠢᠷᠡᠪᠡ᠂ ᠤᠳᠤ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ᠎ᠤᠨ ᠲᠤᠰᠢᠶᠠᠯ᠎ᠳ᠋ᠤ ᠪᠤᠢ᠃ ᠲᠡᠭᠦᠨ᠎ᠤ ᠦᠰᠦᠨ ᠪᠣᠶᠢᠵᠢᠭᠰᠠᠨ ᠪᠠ ᠠᠵᠢᠯᠯᠠᠭᠰᠠᠨ ᠥᠩᠭᠡᠷᠡᠯᠲᠡ ᠪᠣᠯ ᠳᠠᠷᠤᠢ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠴᠢᠩᠭᠠᠳᠬᠠᠭᠰᠠᠨ᠎ᠤ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃

ᠱᠢ ᠬᠠᠢ ᠭᠤᠸᠠᠩ ᠪᠠᠭ᠎ᠠ ᠰᠤᠷᠭᠠᠭᠤᠯᠢ᠎ᠳ᠋ᠤ ᠪᠠᠶᠢᠬᠤ ᠦᠶ᠎ᠡ᠎ᠳ᠋ᠤ ᠂ ᠵᠡᠷᠭᠡᠯᠡᠳᠡᠭᠡ ᠠᠶᠢᠯ᠎ᠤᠨ᠎ᠬᠢᠨ ᠮᠠᠯᠵᠢᠬᠤ ᠣᠷᠣᠨ᠎ᠡᠴᠠ ᠨᠡᠭᠦᠵᠦ ᠢᠷᠡᠵᠡᠢ᠂ ᠭᠡᠷ᠎ᠲᠤᠨᠢ ᠨᠢᠭᠡ ᠪᠢᠴᠢᠬᠠᠨ ᠬᠦᠦ ᠪᠠᠶᠢᠵᠠᠢ ᠂ ᠠᠩᠬ᠎ᠠ ᠢᠷᠡᠬᠦ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠶᠢ ᠨᠢᠬᠡ᠎ᠶᠢ ᠴᠤ ᠬᠡᠯᠡᠵᠦ ᠴᠢᠳᠠᠬᠤ ᠦᠭᠡᠢ ᠭᠠᠭᠴᠠᠭᠠᠷᠳᠠᠬᠤ ᠰᠢᠬ ᠪᠠᠶᠢᠪᠠ᠃ ᠳᠥᠷᠪᠡ ᠲᠠᠪᠤᠨ ᠵᠢᠯ᠎ᠤᠨ ᠳᠠᠷᠠᠭ᠎ᠠ᠂ ᠲᠡᠷᠡ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠭᠰᠡᠨ ᠬᠡᠦᠬᠡᠳ᠎ᠤᠨ ᠨᠥᠯᠥᠭᠡᠯᠡᠯ᠎ᠢ ᠬᠥᠷᠳᠡᠭᠰᠡᠨ᠎ᠡᠴᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠢᠷᠢ ᠲᠦᠪᠰᠢᠨ ᠶᠡᠬᠡ᠎ᠪᠠᠷ ᠳᠡᠭᠡᠭᠰᠢᠯᠡᠵᠦ᠂ ᠵᠠᠩ ᠠᠭᠠᠰᠢ᠎ᠨᠢ ᠴᠦ ᠠᠭᠠᠵᠢᠮ᠎ᠢᠶᠠᠷ ᠴᠣᠪᠣᠭᠣ ᠳᠡᠭᠵᠢᠨ ᠮᠥᠷᠲᠡᠭᠡᠨ ᠶᠦᠮᠦᠷᠯᠢᠭ ᠪᠣᠯᠵᠤ᠂ ᠣᠳᠣ ᠲᠦᠩᠯᠢᠶᠣᠤ ᠬᠣᠲᠠ᠎ᠶᠢᠨ ᠬᠣᠷᠴᠢᠨ ᠲᠣᠭᠣᠷᠢᠭ᠎ᠤᠨ ᠭᠠᠶᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠢᠭᠡᠨ ᠺᠠᠳ᠋ᠷ ᠪᠣᠯᠵᠠᠶ᠃ ᠱᠢ ᠬᠠᠢ ᠭᠤᠸᠠᠩ᠎ᠤᠨ ᠦᠵᠡᠬᠦ᠎ᠪᠠᠷ᠄ ︽ ᠦᠭᠡ ᠬᠡᠯᠡ ᠥᠰᠥᠭ ᠪᠢᠴᠢᠭ ᠣᠨᠴᠠᠭᠠᠢ ᠴᠢᠩᠭ᠎ᠠ ᠪᠡᠬᠢᠯᠡᠯᠲᠡ ᠭᠡᠵᠦ ᠪᠠᠶᠢᠬᠤ ᠦᠭᠡᠢ᠂ ᠡᠳᠦᠷ ᠲᠤᠳᠤᠮ᠎ᠤᠨ ᠦᠯᠦ ᠮᠡᠳᠡᠭᠳᠡᠮ᠎ᠡ ᠰᠣᠯᠢᠯᠴᠠᠭ᠎ᠠ ᠬᠢᠬᠦ᠎ᠪᠠᠷ ᠲᠠᠮᠵᠢᠨ᠂ ᠦᠭᠡ ᠬᠡᠯᠡᠨ ᠦᠰᠦᠭ ᠪᠢᠴᠢᠭ᠎ᠤᠨ ᠬᠠᠷᠰᠢ ᠰᠠᠭᠠᠳ᠎ᠢ ᠡᠪᠳᠡᠵᠦ᠂ ᠴᠢᠨᠠᠭᠰᠢᠯᠠᠪᠠᠯ ᠨᠢᠭᠡ ᠬᠥᠮᠦᠨ᠎ᠤ ᠵᠠᠩ ᠴᠢᠨᠠᠷ᠎ᠢ ᠬᠤᠪᠢᠷᠠᠭᠤᠯᠵᠤ᠂ ᠨᠢᠭᠡ ᠨᠠᠰᠤ᠎ᠶᠢ᠎ᠨᠢ ᠨᠥᠯᠥᠭᠡᠯᠡᠵᠦ ᠴᠢᠳᠠᠨ᠎ᠠ︾ ᠬᠡᠵᠡᠢ᠃

ᠶᠡᠬᠡ ᠰᠤᠷᠭᠠᠭᠤᠯᠢ᠎ᠪᠠᠨ ᠲᠡᠭᠦᠰᠦᠭᠰᠡᠨ᠎ᠤ ᠲᠠᠷᠠᠭ᠎ᠠ᠂ ᠡᠩ᠎ᠤᠨ ᠪᠠᠭᠰᠢ᠎ᠡᠴᠠ ᠰᠠᠯᠪᠤᠷᠢ᠎ᠶᠢᠨ ᠡᠷᠬᠢᠯᠡᠭᠴᠢ᠂ ᠲᠠᠬᠢᠭᠠᠳ ᠳᠡᠳ᠋ ᠵᠠᠬᠢᠷᠤᠯ ᠪᠤᠯᠳᠠᠯ᠎ᠠ᠂ ᠱᠢ ᠬᠠᠢ ᠭᠤᠸᠠᠩ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠬᠢᠭᠰᠡᠭᠡᠷ ᠢᠷᠡᠵᠠᠢ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠬᠦ᠎ᠳ᠋ᠤ ᠮᠠᠰᠢ ᠶᠡᠬᠡ ᠦᠭᠡ ᠬᠡᠯᠡᠬᠦ ᠡᠷᠬᠡ᠎ᠲᠠᠢ ᠶᠤᠮ᠃

ᠱᠢ ᠬᠠᠢ ᠭᠤᠸᠠᠩ᠎ᠤᠨ ᠲᠣᠳᠣᠷᠬᠠᠢ ᠴᠡᠭᠡᠵᠢᠯᠡᠵᠦ ᠪᠠᠶᠢᠬᠤ᠎ᠪᠠᠷ᠂ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ᠎ᠶᠢᠨ᠎ᠬᠢᠨ 1997 ᠣᠨ᠎ᠡᠴᠠ ᠦᠨᠳᠦᠰᠦᠲᠡᠨ᠎ᠤ ᠥᠭᠡ ᠬᠡᠯᠡ ᠥᠰᠥᠭ ᠪᠢᠴᠢᠭ᠎ᠢᠶᠠᠷ ᠬᠢᠴᠢᠶᠠᠯᠯᠡᠭᠰᠡᠨ ᠰᠤᠷᠤᠭᠴᠢ᠎ᠶᠢ ᠡᠬᠢᠯᠡᠨ ᠡᠯᠰᠡᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ ᠰᠤᠷᠤᠭᠴᠢ ᠪᠣᠯᠤᠨ ᠦᠨᠳᠦᠰᠦᠲᠡᠨ᠎ᠤ ᠥᠬᠡ ᠬᠡᠯᠡ ᠥᠰᠥᠭ ᠪᠢᠴᠢᠭ᠎ᠢᠶᠠᠷ ᠬᠢᠴᠢᠶᠡᠯᠯᠡᠭᠰᠡᠨ ᠰᠤᠷᠤᠭᠴᠢ᠎ᠶᠢ ᠠᠳᠠᠯᠢ ᠪᠤᠰᠤ ᠰᠠᠯᠪᠤᠷᠢ᠎ᠶᠢᠨ ᠠᠳᠠᠯᠢ ᠪᠤᠰᠤ ᠠᠩᠬᠢ᠎ᠳ᠋ᠤ ᠬᠤᠪᠢᠶᠠᠨ ᠵᠢᠭᠠᠪᠠ᠃ ᠱᠢ ᠬᠠᠢ ᠭᠤᠸᠠᠩ ᠦᠨᠳᠦᠰᠦᠲᠡᠨ᠎ᠤ ᠥᠭᠡ ᠬᠡᠯᠡ ᠥᠰᠥᠭ ᠪᠢᠴᠢᠭ᠎ᠢᠶᠠᠷ ᠬᠢᠴᠢᠶᠠᠯᠯᠡᠭᠰᠡᠨ ᠰᠤᠷᠤᠭᠴᠢ᠎ᠶᠢᠨ ᠪᠠᠶᠢᠭ᠎ᠠ ᠰᠠᠯᠪᠤᠷᠢ᠎ᠶᠢᠨ ᠡᠷᠬᠢᠯᠡᠭᠴᠢ᠎ᠶᠢᠨ ᠲᠤᠰᠢᠶᠠᠯ᠎ᠢ ᠡᠭᠦᠷᠭᠡᠯᠡᠵᠦ ᠥᠩᠭᠡᠷᠡᠵᠡᠢ᠂ ᠲᠤᠬᠠᠢ᠎ᠶᠢᠨ ᠦᠶ᠎ᠡ᠎ᠶᠢᠨ ᠪᠣᠳᠠᠲᠤ ᠪᠠᠶᠢᠳᠠᠯ᠎ᠢ ᠦᠨᠳᠦᠰᠦᠯᠡᠨ᠂ ᠦᠨᠳᠦᠰᠦᠲᠡᠨ᠎ᠤ ᠥᠭᠡ ᠬᠡᠯᠡ ᠥᠰᠥᠭ ᠪᠢᠴᠢᠭ᠎ᠢᠶᠠᠷ ᠬᠢᠴᠢᠶᠠᠯᠯᠡᠭᠰᠡᠨ ᠰᠤᠷᠤᠭᠴᠢᠳ᠎ᠲᠤ ᠴᠢᠳᠠᠪᠤᠷᠢᠲᠠᠨ ᠬᠥᠮᠦᠵᠢᠭᠦᠯᠬᠦ ᠲᠤᠰᠬᠠᠢ ᠲᠥᠰᠦᠯ᠎ᠢ ᠨᠠᠶᠢᠷᠠᠭᠤᠯᠤᠨ ᠵᠣᠬᠢᠶᠠᠵᠤ᠂ ᠰᠤᠷᠭᠠᠭᠤᠯᠢ᠎ᠳ᠋ᠤ ᠣᠷᠣᠮᠠᠭᠴᠠ ᠲᠡᠳᠡᠨ᠎ᠳ᠋ᠤ ᠲᠤᠰᠬᠠᠶᠢᠯᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠣᠨᠣᠰᠬᠤ ᠬᠢᠴᠢᠶᠡᠯ᠎ᠢ ᠨᠡᠭᠡᠭᠡᠵᠦ᠂ ᠡᠭᠦᠨ᠎ᠢᠶᠠᠷ ᠲᠡᠳᠡᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠦᠨᠳᠦᠰᠦᠨ ᠴᠢᠳᠠᠪᠤᠷᠢ᠎ᠶᠢ ᠳᠡᠭᠡᠭᠰᠢᠯᠡᠭᠦᠯᠪᠡ᠃ ᠳᠠᠷᠠᠭ᠎ᠠ᠎ᠨᠢ ᠳᠠᠬᠢᠨ ᠲᠤᠰᠬᠠᠶ ᠮᠡᠷᠭᠡᠵᠢᠯ᠎ᠤᠨ ᠴᠢᠨᠠᠷ᠎ᠢᠶᠠᠷ ᠮᠠᠰᠢ ᠴᠢᠩᠭ᠎ᠠ ᠲᠤᠰᠬᠠᠶ ᠮᠡᠷᠭᠡᠵᠢᠯ᠎ᠤᠨ ᠬᠢᠴᠢᠶᠡᠯ᠎ᠢ ᠤᠷᠤᠪᠠ᠃ ᠬᠣᠵᠢᠮ᠎ᠨᠢ᠂ ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ᠎ᠶᠢᠨ ᠪᠦᠬᠦ ᠰᠤᠷᠭᠠᠭᠤᠯᠢ᠎ᠳ᠋ᠤ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢ ᠬᠡᠷᠡᠭᠵᠢᠭᠦᠯᠵᠦ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ ᠰᠤᠷᠤᠬᠴᠢ ᠪᠣᠯᠤᠨ ᠦᠨᠳᠦᠰᠦᠲᠡᠨ᠎ᠤ ᠥᠭᠡ ᠬᠡᠯᠡ ᠥᠰᠥᠭ ᠪᠢᠴᠢᠭ᠎ᠢᠶᠠᠷ ᠬᠢᠴᠢᠶᠠᠯᠯᠡᠭᠰᠡᠨ ᠰᠤᠷᠤᠬᠴᠢ᠎ᠶᠢ ᠠᠩᠬᠢ ᠬᠤᠪᠢᠶᠠᠨ ᠰᠠᠯᠪᠤᠷᠢ ᠬᠤᠪᠢᠶᠠᠨ ᠵᠢᠭᠠᠬᠤ᠎ᠪᠠᠨ ᠪᠤᠯᠢᠵᠤ᠂ ᠦᠨᠳᠦᠰᠦᠲᠡᠨ᠎ᠤ ᠥᠭᠡ ᠬᠡᠯᠡ ᠥᠰᠥᠭ ᠪᠢᠴᠢᠭ᠎ᠢᠶᠠᠷ ᠬᠢᠴᠢᠶᠠᠯᠯᠡᠭᠰᠡᠨ ᠰᠤᠷᠤᠭᠴᠢ᠎ᠶᠢ ᠠᠳᠠᠯᠢ ᠪᠤᠰᠤ ᠪᠠᠶᠢᠷᠢ᠎ᠶᠢᠨ ᠭᠡᠷ ᠪᠣᠯᠤᠨ ᠵᠢᠭᠠᠨ ᠰᠤᠷᠭᠠᠯᠲᠠ᠎ᠶᠢᠨ ᠠᠩᠬᠢ᠎ᠳ᠋ᠤ ᠬᠤᠪᠢᠶᠠᠪᠠ᠃ ︽ ᠤᠯᠠᠨ ᠨᠡᠶᠢᠲᠡ᠎ᠶᠢᠨ ᠬᠢᠴᠢᠶᠡᠯ᠎ᠡᠴᠠ ᠲᠤᠰᠬᠠᠢ ᠮᠡᠷᠭᠡᠵᠢᠯ᠎ᠤᠨ ᠬᠢᠴᠢᠶᠡᠯ ᠬᠦᠷᠲᠡᠯ᠎ᠡ᠂ ᠴᠦᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠵᠦ᠂ ᠵᠢᠭᠠᠬᠤ ᠮᠠᠲ᠋ᠧᠷᠢᠶᠠᠯ᠎ᠨᠢ ᠴᠦᠮ ᠠᠳᠠᠯᠢ ᠪᠤᠯᠪᠠ᠃ ᠬᠠᠮᠲᠤ ᠰᠤᠷᠤᠯᠭᠠᠲᠠᠨ᠎ᠤ ᠬᠣᠭᠣᠷᠣᠨᠳᠣᠬᠢ ᠬᠠᠪᠰᠤᠷᠤᠯᠭ᠎ᠠ ᠪᠠ ᠳᠠᠭᠠᠭᠤᠯᠭ᠎ᠠ ᠳᠤᠤᠷ᠎ᠠ᠂ ᠲᠡᠳᠡ ᠮᠠᠰᠢ ᠲᠦᠷᠭᠡᠨ᠎ᠢᠶᠠᠷ ᠣᠷᠴᠢᠨ ᠲᠣᠭᠣᠷᠢᠨ᠎ᠳ᠋ᠤ ᠠᠭᠤᠰᠤᠯᠴᠠᠵᠠᠢ︾ ᠭᠡᠵᠦ ᠱᠢ ᠬᠠᠢ ᠭᠤᠸᠠᠩ ᠬᠡᠯᠡᠪᠡ ᠃

ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠦᠷ᠎ᠡ ᠪᠦᠲᠦᠭᠡᠯ ᠲᠤᠪᠤᠢᠢᠮ᠎ᠠ ᠠᠮᠵᠢᠯᠳᠠ ᠪᠦᠳᠤᠮᠵᠢ ᠤᠯᠵᠠᠢ᠃ ︽ ᠪᠠᠶ ᠲᠠᠨ᠎ᠠ ᠪᠣᠯ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠤᠨ ᠥᠭᠡᠷᠡᠴᠢᠯᠡᠯᠲᠡ ᠬᠢᠭᠰᠡᠨ᠎ᠤ ᠳᠠᠷᠠᠭ᠎ᠠ ᠰᠤᠷᠭᠠᠭᠤᠯᠢ ᠲᠡᠭᠦᠰᠦᠭᠰᠡᠨ ᠶᠤᠮ᠂ ᠣᠲᠣ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶᠢᠨ ᠭᠤᠤᠯᠯᠠᠭᠴᠢ ᠪᠠᠭᠰᠢ᠎ᠪᠠᠷ ᠠᠵᠢᠯᠯᠠᠵᠤ ᠪᠤᠢ᠃ ᠪᠠᠰᠠ ᠨᠢᠭᠡ ᠡᠷᠡᠭᠲᠡᠢ ᠰᠤᠷᠤᠭᠴᠢ ᠰᠤᠷᠭᠠᠭᠤᠯᠢ ᠲᠡᠭᠦᠰᠦᠭᠰᠡᠨ᠎ᠤ ᠳᠠᠷᠠᠭ᠎ᠠ ᠲᠦᠩᠯᠢᠶᠣᠤ ᠬᠤᠲᠠ᠎ᠶᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶᠢᠨ ᠪᠠᠭᠰᠢ ᠪᠤᠯᠵᠤ᠂ ᠵᠢᠭᠠᠨ ᠰᠤᠷᠭᠠᠯᠲᠠ᠎ᠶᠢᠨ ᠤᠷᠤᠯᠳᠤᠭᠠᠨ᠎ᠳ᠋ᠤ ᠪᠠᠰᠠ ᠨᠢᠭᠡᠳᠦᠭᠡᠷ ᠳᠡᠰ᠎ᠤᠨ ᠱᠠᠩᠨᠠᠯ ᠣᠯᠵᠠᠢ︾ ᠭᠡᠵᠦ ᠱᠢ ᠬᠠᠢ ᠭᠤᠸᠠᠩ ᠶᠠᠷᠢᠵᠤ ᠪᠠᠶᠢᠯ᠎ᠠ᠃ ᠤᠯᠠᠨ ᠵᠢᠯ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠥᠩᠭᠡᠷᠡᠯᠲᠡ᠎ᠡᠴᠠ ᠱᠢ ᠬᠠᠢ ᠭᠤᠸᠠᠩ᠄ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠡᠵᠡᠮᠰᠢᠬᠦ᠎ᠨᠢ ᠦᠰᠦᠨ ᠪᠣᠶᠢᠵᠢᠵᠤ ᠴᠢᠳᠠᠪᠤᠷᠢᠲᠠᠨ ᠪᠣᠯᠬᠤ᠂ ᠠᠵᠢᠯ ᠣᠯᠬᠤ ᠵᠡᠷᠭᠡ ᠲᠠᠯ᠎ᠠ᠎ᠪᠠᠷ ᠴᠥᠮ ᠮᠠᠰᠢ ᠶᠡᠬᠡ ᠳᠠᠪᠠᠭᠤᠯᠢᠭ ᠲᠠᠯ᠎ᠠ᠎ᠲᠠᠢ ᠬᠡᠳᠡᠭ ᠳ᠋ᠦ᠋ᠶᠢᠩᠨᠠᠯᠳᠠ᠎ᠶᠢ ᠤᠯᠵᠠᠢ᠃

ᠱᠢ ᠬᠠᠢ ᠭᠤᠸᠠᠩ ᠪᠣᠯ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠳᠤᠯᠳᠠᠭ ᠬᠥᠮᠦᠨ ᠶᠤᠮ᠂ ᠲᠡᠭᠦᠨ᠎ᠤ ᠦᠵᠡᠬᠦ᠎ᠪᠠᠷ᠂ ᠳᠤᠮᠳᠠᠳᠤ᠎ᠶᠢᠨ ᠪᠣᠯᠪᠠᠰᠤᠨ᠎ᠢ ᠪᠠᠷᠠᠯᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠎ᠳ᠋ᠤ ᠰᠣᠶᠣᠯ᠎ᠤᠨ ᠢᠲᠡᠭᠡᠯ᠎ᠤᠨ ᠦᠨᠳᠦᠷᠴᠡ᠎ᠡᠴᠠ ᠦᠵᠡᠬᠦ ᠬᠡᠷᠡᠭᠲᠡᠢ᠃ ︽ ᠳᠤᠮᠳᠠᠳᠤ᠎ᠶᠢᠨ ᠪᠣᠯᠪᠠᠰᠤᠨ ᠪᠣᠯ ᠪᠦᠬᠦ ᠳᠡᠯᠡᠬᠡᠢ᠎ᠶᠢᠨ ᠴᠤᠷ᠎ᠤᠨ ᠭᠠᠭᠴᠠ ᠬᠡᠳᠦᠨ ᠮᠢᠩᠭᠠᠨ ᠵᠢᠯ ᠦᠷᠭᠦᠯᠵᠢᠯᠡᠭᠰᠡᠨ᠂ ᠶᠡᠷᠦ᠎ᠡᠴᠠ ᠲᠠᠰᠤᠷᠠᠭ᠎ᠠ ᠦᠭᠡᠢ ᠰᠣᠶᠣᠯ ᠮᠥᠨ᠃ ᠰᠢᠯᠲᠠᠭᠠᠨ᠎ᠨᠢ ᠶᠠᠭᠤ ᠪᠤᠢ ᠬᠡᠪᠡᠯ ᠶᠠᠷᠢᠶᠠᠨ ᠦᠭᠡᠢ ᠳᠤᠮᠳᠠᠳᠤ᠎ᠶᠢᠨ ᠦᠨᠳᠦᠰᠦᠲᠡᠨ᠎ᠤ ᠤᠯᠠᠮᠵᠢᠯᠠᠯᠲᠤ ᠰᠠᠶᠢᠬᠠᠨ ᠵᠠᠩ ᠰᠤᠷᠲᠠᠯ᠂ ᠵᠠᠩ ᠠᠭᠠᠰᠢ᠂ ᠵᠠᠩ ᠠᠪᠤᠷᠢ᠎ᠲᠠᠢ ᠬᠣᠯᠪᠣᠭ᠎ᠠ᠎ᠲᠠᠢ᠂ ᠪᠠᠰᠠ ᠨᠢᠭᠡ ᠬᠠᠷᠢᠴᠠᠩᠭᠤᠶ ᠢᠯᠡ ᠴᠢᠨᠠᠷ᠎ᠲᠠᠢ ᠶᠠᠭᠤᠮ᠎ᠠ᠎ᠨᠢ ᠶᠠᠭᠤ ᠪᠣᠢ ᠬᠡᠪᠡᠯ ᠦᠭᠡ ᠬᠡᠯᠡ ᠦᠰᠦᠭ ᠪᠢᠴᠢᠭ ᠪᠤᠯᠤᠨ᠎ᠠ᠃ ᠲᠡᠷᠭᠡ᠎ᠨᠢ ᠠᠳᠠᠯᠢ ᠵᠠᠮ᠎ᠲᠠᠢ ᠨᠣᠮ᠎ᠨᠢ ᠠᠳᠠᠯᠢ ᠪᠢᠴᠢᠭ᠎ᠲᠠᠢ᠂ ᠥᠷᠭᠡᠨ ᠠᠭᠤᠳᠠᠮ ᠨᠤᠲᠤᠭ ᠳᠡᠪᠢᠰᠬᠡᠷ ᠲᠡᠭᠡᠷ᠎ᠠ᠂ ᠤᠯᠠᠨ᠎ᠢᠶᠠᠷ᠎ᠢᠶᠡᠨ ᠠᠳᠠᠯᠢᠬᠠᠨ ᠦᠰᠦᠭ ᠪᠢᠴᠢᠭ᠎ᠢ ᠬᠡᠷᠡᠭᠯᠡᠵᠦ ᠪᠤᠢ᠂ ᠥᠨᠥᠳᠦᠷ᠎ᠤᠨ ᠬᠥᠮᠦᠰ ᠡᠷᠲᠡᠨ᠎ᠤ ᠶᠠᠭᠤᠮ᠎ᠠ᠎ᠶᠢ ᠦᠵᠡᠬᠦ᠎ᠳ᠋ᠤ ᠠᠰᠠᠭᠤᠳᠠᠯ ᠦᠭᠡᠢ᠂ ᠠᠳᠠᠯᠢ ᠪᠤᠰᠤ ᠭᠠᠵᠠᠷ ᠣᠷᠣᠨ᠎ᠤ ᠬᠥᠮᠦᠰ ᠦᠰᠦᠭ ᠪᠢᠴᠢᠭ᠎ᠢᠶᠠᠷ ᠰᠣᠯᠢᠯᠴᠠᠬᠤ᠎ᠳ᠋ᠤ ᠴᠤ ᠠᠰᠠᠭᠤᠳᠠᠯ ᠦᠭᠡᠢ ᠶᠤᠮ ᠃ ᠦᠭᠡ ᠬᠡᠯᠡ ᠦᠰᠦᠭ ᠪᠢᠴᠢᠭ ᠪᠣᠯ ᠴᠢᠬᠤᠯᠠ ᠰᠣᠶᠣᠯ᠎ᠤᠨ ᠠᠴᠢᠶᠠᠯᠠᠪᠤᠷᠢ ᠮᠥᠨ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠡᠨᠡ ᠲᠠᠯ᠎ᠠ᠎ᠡᠴᠠ ᠠᠪᠴᠤ ᠬᠡᠯᠡᠪᠡᠯ᠂ ᠬᠡᠳᠦᠨ ᠮᠢᠩᠭᠠᠨ ᠵᠢᠯ ᠦᠷᠭᠦᠯᠵᠢᠯᠡᠭᠰᠡᠨ ᠰᠣᠶᠣᠯ᠎ᠤᠨ ᠲᠤᠰ ᠪᠡᠶ᠎ᠡ᠎ᠨᠢ ᠪᠢᠳᠡᠨ᠎ᠢ ᠬᠠᠷᠢᠴᠠᠯᠠᠰᠢ ᠦᠭᠡᠢ ᠢᠲᠡᠭᠡᠯ᠎ᠲᠠᠢ ᠪᠣᠯᠭᠠᠵᠤ ᠴᠢᠳᠠᠨ᠎ᠠ᠃ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠵᠤ ᠲᠡᠯᠬᠡᠷᠡᠬᠦᠯᠬᠦ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠶᠢ ᠬᠡᠷᠡᠭᠵᠢᠭᠦᠯᠬᠦ᠎ᠨᠢ ᠨᠢᠭᠡ ᠲᠠᠯ᠎ᠠ᠎ᠪᠠᠷ ᠰᠣᠶᠣᠯ᠎ᠤᠨ ᠢᠲᠡᠭᠡᠯ᠎ᠢ ᠢᠯᠡᠷᠡᠭᠦᠯᠬᠦ᠎ᠶᠢᠨ ᠬᠠᠮᠲᠤ ᠰᠣᠶᠣᠯ᠎ᠤᠨ ᠲᠤᠬᠠᠢ ᠲᠠᠨᠢᠯᠲᠠ᠎ᠪᠠᠨ ᠭᠦᠨᠵᠡᠭᠡᠶᠢᠷᠡᠭᠦᠯᠬᠦ᠎ᠶᠢᠨ ᠲᠥᠯᠥᠭᠡ ᠶᠤᠮ︾ ᠭᠡᠵᠦ ᠱᠢ ᠬᠠᠢ ᠭᠤᠸᠠᠩ ᠬᠡᠯᠡᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面