ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-30 10:51:37

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠦᠪᠡᠷ᠎ᠤᠨ ᠪᠤᠳᠤᠵᠤ ᠰᠡᠳᠬᠢᠵᠦ ᠪᠠᠢᠭ᠎ᠠ ᠵᠦᠢᠯ᠎ᠢᠶᠡᠨ ᠢᠯᠡᠳᠬᠡᠬᠦ ᠳᠤᠷ᠎ᠠ ᠦᠬᠡᠢ ᠪᠠᠢᠭᠰᠠᠨ ᠮᠤᠩᠭᠤᠯ ᠬᠡᠦᠬᠡᠳ᠎ᠡᠴᠠ 5G᠎ᠶᠢᠨ ᠬᠦᠷᠢᠶᠡᠨ᠎ᠳ᠋ᠠᠬᠢ ᠬᠠᠮᠤᠭ᠎ᠤᠨ ᠰᠢᠨ᠎ᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠠ ᠪᠦᠳᠦᠬᠡᠯ᠎ᠢ ᠪᠤᠯᠪᠠᠰᠤᠷᠠᠩᠭᠤᠢ ᠤᠩᠰᠢᠵᠤ ᠴᠢᠳᠠᠳᠠᠭ ᠰᠢᠯᠢᠳᠡᠭ ᠤᠶᠤᠳᠠᠨ ᠪᠤᠯᠳᠠᠯ᠎ᠠ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠨᠢ ᠤᠦ ᠬᠦᠧᠧ ᠴᠢᠶᠠᠩ᠎ᠳ᠋ᠤ ᠬᠦᠰᠡᠯ ᠮᠦᠷᠦᠬᠡᠳᠦᠯ᠎ᠢᠶᠡᠨ ᠳᠡᠷᠬᠡᠯᠰᠢᠬᠦᠯᠬᠦ ︽ ᠠᠯᠳᠠᠨ ᠲᠦᠯᠬᠢᠬᠦᠷ︾᠎ᠢ ᠠᠳᠬᠤᠭᠤᠯᠤᠭᠰᠠᠨ ᠶᠤᠮ᠃

ᠤᠦ ᠭᠦᠸᠧ ᠴᠢᠶᠠᠩ ᠪᠣᠯ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠡᠯᠧᠺᠲ᠋ᠷᠣᠨ ᠮᠡᠳᠡᠭᠡ ᠵᠠᠩᠭᠢ᠎ᠶᠢᠨ ᠢᠨᠵᠧᠨᠧᠷᠢᠩ᠎ᠤᠨ ᠳᠡᠭᠡᠳᠦ ᠰᠤᠷᠭᠠᠭᠤᠯᠢ᠎ᠶᠢᠨ 2018 ᠣᠨ᠎ᠤ ᠴᠢᠮᠡᠭᠡ ᠬᠣᠯᠪᠣᠭᠠᠨ᠎ᠤ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠵᠢᠩᠬᠢᠨᠢ ᠠᠩᠭᠢ᠎ᠶᠢᠨ ᠤᠶᠤᠳᠠᠨ ᠪᠣᠯᠤᠨ᠎ᠠ᠂ ᠲᠡᠷᠡ ᠪᠠᠰᠠ ᠥᠪᠡᠷᠲᠡᠭᠡᠨ ᠵᠠᠰᠠᠬᠤ ᠣᠷᠣᠨ᠎ᠤ ᠰᠤᠷᠤᠭᠴᠢᠳ᠎ᠤᠨ ᠬᠣᠯᠪᠣᠭ᠎ᠠ᠎ᠶᠢᠨ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ᠎ᠶᠢᠨ ᠳᠡᠳ᠋ ᠲᠡᠷᠢᠭᠦᠯᠡᠭᠴᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠰᠤᠷᠤᠭᠴᠢᠳ᠎ᠤᠨ ᠵᠥᠪᠯᠡᠯ᠎ᠤᠨ ᠭᠦᠢᠴᠡᠳᠭᠡᠭᠴᠢ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠵᠦ ᠪᠣᠶ᠃ ᠤᠳᠤ ᠦᠶ᠎ᠡ᠎ᠶᠢᠨ ᠣᠶᠤᠲᠠᠨ ᠪᠣᠯᠤᠭᠰᠠᠨ᠎ᠤ ᠬᠤᠪᠢ᠎ᠳ᠋ᠤ᠂ ᠤᠦ ᠭᠦᠸᠧ ᠴᠢᠶᠠᠩ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠡᠭᠦᠨ᠎ᠤ ᠦᠰᠦᠨ ᠪᠣᠶᠢᠵᠢᠵᠤ ᠴᠢᠳᠠᠪᠤᠷᠢᠲᠠᠨ ᠪᠣᠯᠬᠤ᠎ᠳ᠋ᠤ ᠴᠢᠬᠤᠯᠠ ᠦᠢᠯᠡᠳᠦᠯ ᠦᠵᠡᠭᠦᠯᠵᠦ ᠪᠠᠢᠭ᠎ᠠ᠎ᠶᠢ ᠵᠢᠷᠦᠭᠡ ᠰᠡᠳᠬᠢᠯ᠎ᠡᠴᠠ᠎ᠪᠠᠨ ᠮᠡᠳᠡᠷᠡᠨ᠎ᠡ᠃

︽ ᠪᠢ ᠮᠣᠩᠭᠣᠯ ᠦᠨᠳᠦᠰᠦᠲᠡᠨ᠎ᠤ ᠬᠡᠷ ᠪᠦᠯᠢ᠎ᠳ᠋ᠤ ᠳᠦᠷᠦᠵᠦ ᠦᠰᠴᠦ᠂ ᠪᠠᠭ᠎ᠠ ᠰᠤᠷᠭᠠᠭᠤᠯᠢ᠎ᠡᠴᠠ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳᠡᠬᠦᠰᠳᠡᠯ᠎ᠡ᠎ᠪᠠᠨ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠡᠢ᠂ ᠡᠶᠢᠮᠦᠷᠬᠦᠦ ᠦᠭᠡ ᠬᠡᠯᠡᠨ᠎ᠤ ᠣᠷᠴᠢᠨ᠎ᠨᠢ ᠮᠢᠨᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠡᠷᠡᠭᠯᠡᠬᠦ ᠴᠢᠳᠠᠪᠤᠷᠢ᠎ᠶᠢ ᠮᠠᠰᠢ ᠬᠢᠵᠠᠭᠠᠷ᠎ᠲᠠᠢ ᠪᠣᠯᠭᠠᠭᠰᠠᠨ︾ ᠬᠡᠵᠦ ᠤᠦ ᠭᠦᠸᠧ ᠴᠢᠶᠠᠩ ᠰᠤᠷᠪᠤᠯᠵᠢᠯᠠᠭᠴᠢ᠎ᠳ᠋ᠤ ᠬᠡᠯᠡᠨ᠎ᠡ᠃ ᠲᠡᠷᠡ᠂ ᠦᠨᠳᠦᠷ ᠵᠡᠷᠬᠡ᠎ᠶᠢᠨ ᠳᠤᠮᠳᠠᠳᠤ ᠰᠤᠷᠭᠠᠭᠤᠯᠢ᠎ᠶᠢᠨ ᠦᠶ᠎ᠡ᠎ᠳ᠋ᠤ ᠹᠢᠽᠢᠺ᠂ ᠬᠢᠮᠢ᠎ᠶᠢᠨ ᠳᠠᠪᠲᠠᠬᠤ ᠮᠠᠲ᠋ᠧᠷᠢᠶᠠᠯ᠎ᠳ᠋ᠤ᠂ ᠮᠠᠰᠢ ᠣᠯᠠᠨ ᠲᠤᠰᠬᠠᠶ ᠮᠡᠷᠭᠡᠵᠢᠯ᠎ᠤᠨ ᠨᠡᠷ᠎ᠡ ᠳᠤᠮᠢᠶ᠎ᠠ᠎ᠶᠢ ᠴᠥᠮ ᠤᠩᠰᠢᠵᠤ ᠴᠢᠳᠠᠬᠤ ᠦᠬᠡᠢ ᠪᠠᠶᠢᠵᠤ᠂ ᠤᠳᠬ᠎ᠠ᠎ᠶᠢ᠎ᠨᠢ ᠤᠢᠯᠠᠭᠠᠬᠤ᠎ᠳ᠋ᠤ ᠨᠡᠩ ᠬᠦᠴᠢᠷᠳᠡᠵᠦ ᠪᠠᠢᠪᠠ ᠭᠡᠨ᠎ᠡ᠃

ᠬᠦᠰᠡᠯ ᠮᠦᠷᠦᠬᠡᠳᠦᠯ᠎ᠤᠨ᠎ᠢᠶᠡᠨ ᠵᠠᠮ᠎ᠢᠶᠠᠷ ᠤᠦ ᠬᠦᠧᠧ ᠴᠢᠶᠠᠩ ᠬᠠᠳᠠᠭᠤᠵᠢᠯᠳᠠᠢ ᠴᠢᠷᠮᠠᠢᠵᠤ ᠢᠷᠡᠪᠡ᠃ 2017 ᠣᠨ᠎ᠳ᠋ᠤ᠂ ᠲᠡᠷᠡ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠨᠳᠦᠰᠦᠲᠡᠨ᠎ᠤ ᠪᠡᠯᠡᠳᠬᠡᠯ ᠠᠩᠬᠢ᠎ᠳ᠋ᠤ ᠰᠢᠯᠭᠠᠨ ᠣᠷᠣᠬᠤ᠎ᠶᠢ ᠲᠠᠭᠠᠯᠳᠤᠨ ᠰᠢᠨ᠎ᠡ ᠥᠷᠢᠰᠥᠯᠳᠦᠭᠡᠨ᠎ᠢ ᠤᠭᠳᠤᠨ ᠠᠪᠤᠪᠠ᠃ ᠳᠡᠭᠡᠳᠦ ᠰᠢᠨ᠎ᠡ ᠮᠡᠷᠭᠡᠵᠢᠯ᠂ ᠬᠣᠰᠢᠭᠤᠷᠠᠯ ᠤᠨᠤᠯ᠎ᠤᠨ ᠡᠮᠦᠨ᠎ᠡ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠦᠬᠡᠢ ᠳᠤᠳᠠᠭᠤᠳᠠᠯ᠎ᠨᠢ ᠨᠡᠩ ᠲᠤᠪᠤᠢᠮ᠎ᠠ ᠪᠣᠯᠪᠠ ᠃ ᠤᠦ ᠭᠦᠸᠧ ᠴᠢᠶᠠᠩ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ᠎ᠶᠢᠨ ᠬᠠᠮᠲᠤ ᠲᠤᠰᠬᠠᠶ ᠮᠡᠷᠭᠡᠵᠢᠯ᠎ᠤᠨ ᠬᠠᠷᠠᠭ᠎ᠠ᠎ᠪᠠᠨ ᠥᠷᠭᠡᠳᠬᠡᠬᠦ᠎ᠪᠠᠷ ᠵᠣᠷᠢᠭ ᠰᠢᠭᠤᠳᠪᠠ᠃ ᠡᠨᠡ ᠬᠦ ᠬᠤᠭᠤᠴᠠᠭᠠᠨ᠎ᠳ᠋ᠤ᠂ ᠲᠡᠷᠡ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ᠎ᠳ᠋ᠤ ᠲᠤᠯᠭᠠᠷᠠᠭᠰᠠᠨ ᠪᠣᠯᠪᠠᠴᠤ ᠮᠡᠳᠡᠯᠭᠡ ᠰᠤᠷᠴᠤ᠂ ᠦᠪᠡᠷ᠎ᠢ᠎ᠪᠠᠨ ᠳᠡᠬᠡᠭᠰᠢᠯᠡᠬᠦᠯᠵᠦ᠂ ᠳᠠᠩ ᠵᠦᠢᠯ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠂ ᠰᠢᠯᠢᠳᠡᠭ ᠰᠤᠷᠤᠯᠭ᠎ᠠ᠎ᠶᠢᠨ ᠱᠠᠩᠨᠠᠯ᠎ᠤᠨ ᠮᠥᠩᠭᠥ ᠵᠡᠷᠭᠡ᠎ᠶᠢ ᠣᠯᠵᠤ ᠂ ᠰᠢᠯᠢᠳᠡᠭ ᠬᠢᠷᠢ ᠪᠦᠲᠦᠮᠵᠢ᠎ᠪᠠᠷ᠎ᠢᠶᠡᠨ ᠥᠪᠡᠷ᠎ᠤᠨ ᠳᠤᠷ᠎ᠠ ᠪᠠᠬ᠎ᠠ᠎ᠲᠠᠢ ᠴᠢᠮᠡᠬᠡ ᠬᠣᠯᠪᠣᠭᠠᠨ᠎ᠤ ᠢᠨᠵᠧᠨᠧᠷᠢᠩ᠎ᠤᠨ ᠲᠤᠰᠬᠠᠢ ᠮᠡᠷᠭᠡᠵᠢᠯ᠎ᠢᠶᠡᠨ ᠰᠤᠩᠭᠤᠭᠰᠠᠨ ᠪᠠᠢᠨ᠎ᠠ᠃

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠰᠣᠯᠢᠯᠴᠠᠭ᠎ᠠ ᠶᠠᠪᠤᠯᠴᠠᠭᠠᠨ᠎ᠤ ᠪᠠᠭᠠᠵᠢ ᠪᠣᠯᠬᠤ᠎ᠪᠠᠷ ᠪᠠᠷᠠᠬᠤ ᠦᠭᠡᠢ ᠨᠡᠩ ᠴᠤ ᠬᠦᠰᠡᠯ ᠮᠦᠷᠦᠬᠡᠳᠦᠯ᠎ᠢᠶᠡᠨ ᠪᠡᠶᠡᠯᠡᠬᠦᠯᠬᠦ ᠵᠢᠬᠦᠷ ᠪᠣᠯᠤᠨ᠎ᠠ︾ ᠃ ᠣᠲᠣ᠂ ᠤᠦ ᠭᠦᠸᠧ ᠴᠢᠶᠠᠩ ︽ ᠭᠤᠷᠪᠠ᠎ᠶᠢ ᠬᠥᠳᠡᠭᠡ ᠬᠦᠷᠭᠡᠬᠦ︾ ᠦᠢᠯᠡᠳᠦᠯᠭᠡ᠎ᠶᠢᠨ ᠠᠵᠢᠯᠯᠠᠭ᠎ᠠ ᠳᠤᠮᠳᠠ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠠᠷ ᠮᠠᠯᠴᠢᠳ᠎ᠲᠤ ᠨᠠᠮ᠎ᠤᠨ ᠰᠠᠶᠢᠨ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠶᠢᠯᠪᠤᠷᠢᠯᠠᠵᠤ ᠦᠭᠴᠦ ᠪᠠᠢᠬᠤ ᠮᠥᠷᠲᠡᠭᠡᠨ ᠪᠠᠰᠠ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠳᠤᠮᠳᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠠᠮᠲᠤ ᠰᠤᠷᠤᠯᠭᠠᠲᠠᠨ᠎ᠲᠠᠢ᠎ᠪᠠᠨ ᠬᠦᠰᠡᠯᠡᠩ ᠢᠲᠡᠭᠡᠯ ᠪᠢᠰᠢᠷᠡᠯ᠎ᠢᠶᠡᠨ ᠠᠭᠤᠵᠢᠷᠠᠲᠠᠯ᠎ᠠ ᠶᠠᠷᠢᠯᠴᠠᠨ᠎ᠠ ᠃

ᠰᠤᠷᠤᠭᠴᠢᠳ᠎ᠤᠨ ᠵᠥᠪᠯᠡᠯ᠎ᠤᠨ ᠪᠦᠷᠢᠯᠳᠦᠬᠦᠨ ᠪᠣᠯᠤᠭᠰᠠᠨ᠎ᠤ ᠬᠤᠪᠢ᠎ᠳ᠋ᠤ᠂ ᠤᠦ ᠭᠦᠸᠧ ᠴᠢᠶᠠᠩ ᠪᠣᠯᠤᠨ ᠲᠡᠭᠦᠨ᠎ᠤ ᠨᠠᠶᠢᠵᠠ ᠨᠠᠷ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶᠢᠨ ᠬᠥᠮᠦᠵᠢᠯ᠎ᠢ ᠨᠢᠭᠡᠨ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠤᠷᠢᠳ ᠬᠣᠵᠢᠳ ︽ ᠳᠤᠮᠳᠠᠳᠤ᠎ᠶᠢᠨ ᠦᠨᠳᠦᠰᠦᠲᠡᠨ ᠨᠢᠭᠡ ᠭᠡᠷ ᠪᠦᠯᠢ᠎ᠶᠢᠨ ᠮᠡᠲᠦ ᠲᠤᠳᠤᠨᠤ ᠰᠡᠳᠬᠢᠯ ᠨᠢᠬᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠦᠶ᠎ᠡ︾᠂ ︽ ᠬᠦᠭᠵᠢᠯ ᠪᠠᠳᠠᠷᠠᠩᠭᠤᠢ ᠵᠠᠭᠤᠨ ᠵᠢᠯ ᠴᠤᠭ ᠵᠢᠪᠬᠤᠭᠠᠳᠤ ᠴᠠᠭ ᠡᠷᠢᠨ︾ ᠵᠡᠷᠭᠡ ᠠᠯᠢ ᠤᠯᠠᠨ ᠭᠣᠣᠯ ᠰᠡᠳᠦᠪ ᠢᠯᠡ ᠲᠣᠳᠣ᠂ ᠤᠯᠠᠨ ᠶᠠᠩᠵᠤ ᠬᠡᠯᠪᠡᠷᠢ᠎ᠶᠢᠨ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭᠠᠨ᠎ᠤ ᠳᠤᠮᠳᠠ ᠣᠶᠢᠯᠠᠭᠠᠯᠴᠠᠭ᠎ᠠ᠎ᠪᠠᠨ ᠨᠡᠮᠡᠭᠳᠡᠭᠦᠯᠵᠦ᠂ ᠨᠥᠬᠥᠷᠯᠡᠯ᠎ᠢᠶᠡᠨ ᠵᠤᠵᠠᠭᠠᠳᠬᠠᠵᠤ᠂ ᠬᠠᠮᠲᠤ᠎ᠪᠠᠷ ᠲᠠᠪᠰᠢᠨ᠎ᠠ᠃

ᠰᠤᠷᠭᠠᠭᠤᠯᠢ᠎ᠪᠠᠨ ᠬᠠᠮᠵᠢᠨ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠰᠠᠶᠢᠲᠤᠷ ᠬᠢᠬᠦ ᠳᠤᠮᠳᠠ᠂ ᠤᠦ ᠭᠦᠸᠧ ᠴᠢᠶᠠᠩ ᠰᠤᠷᠤᠭᠴᠢᠳ᠎ᠤᠨ ᠵᠥᠪᠯᠡᠯ᠎ᠤᠨ ᠪᠦᠷᠢᠯᠳᠦᠬᠦᠨ᠎ᠢ ᠵᠣᠬᠢᠶᠠᠨ ᠪᠠᠶᠢᠭᠤᠯᠤᠨ ᠢᠳᠡᠪᠬᠢᠲᠡᠢ᠎ᠪᠠᠷ ᠪᠤᠳᠤᠯ ᠰᠠᠨᠠᠯ᠎ᠢᠶᠡᠨ ᠢᠯᠡᠳᠬᠡᠬᠦ᠎ᠶᠢᠨ ᠬᠠᠮᠲᠤ ᠵᠢᠷᠭᠢᠶ᠎ᠡ ᠵᠡᠷᠭᠡ ᠲᠠᠪᠴᠠᠩ᠎ᠢᠶᠠᠷ ᠳᠠᠮᠵᠢᠭᠤᠯᠤᠨ ᠡᠷᠬᠡ ᠰᠦᠷᠲᠦ ᠮᠡᠳᠡᠭᠡ ᠵᠠᠩᠭᠢ᠎ᠶᠢ ᠴᠠᠭ ᠲᠤᠬᠠᠢ᠎ᠳ᠋ᠤᠨᠢ ᠰᠢᠯᠵᠢᠭᠦᠯᠦᠨ ᠨᠡᠶᠢᠲᠡᠯᠡᠵᠦ᠂ ᠬᠣᠯᠪᠣᠭᠳᠠᠯ ᠪᠦᠬᠦᠢ ᠲᠦᠷᠦ᠎ᠶᠢᠨ ᠪᠤᠳᠤᠯᠭ᠎ᠠ᠎ᠶᠢᠨ ᠲᠠᠶᠢᠯᠤᠮᠵᠢ᠎ᠶᠢ ᠰᠠᠶᠢᠲᠤᠷ ᠬᠢᠪᠡ᠃ ᠲᠡᠷᠡ ᠪᠠᠰᠠ ᠦᠷᠭᠦᠯᠵᠢ ᠬᠢᠴᠢᠶᠡᠯ᠎ᠤᠨ ᠭᠠᠳᠠᠨᠠᠬᠢ ᠴᠠᠭ᠎ᠢᠶᠡᠨ ᠠᠰᠢᠬᠯᠠᠨ ᠬᠠᠮᠲᠤ ᠰᠤᠷᠤᠭᠴᠢᠳ᠎ᠲᠠᠢ᠎ᠪᠠᠨ ᠰᠡᠳᠬᠢᠯ᠎ᠤᠨ ᠦᠭᠡ᠎ᠪᠠᠨ ᠶᠠᠷᠢᠯᠴᠠᠵᠤ᠂ ᠰᠤᠷᠤᠭᠴᠢᠳ᠎ᠢ ᠬᠥᠲᠥᠯᠥᠨ ᠵᠢᠯᠣᠭᠣᠳᠴᠤ ᠨᠠᠮ᠎ᠤᠨ ᠦᠨᠳᠦᠰᠦᠲᠡᠨ᠎ᠤ ᠲᠥᠷᠥ᠎ᠶᠢᠨ ᠪᠣᠳᠣᠯᠭ᠎ᠠ᠎ᠶᠢ ᠨᠠᠩ ᠭᠦᠨᠵᠡᠭᠡᠶ ᠣᠶᠢᠯᠠᠭᠠᠭᠤᠯᠳᠠᠭ᠋᠃

︽ ᠨᠢᠬᠡᠨ ᠰᠤᠷᠤᠬᠴᠢ᠎ᠶᠢᠨ ᠺᠠᠳ᠋ᠷ ᠪᠣᠯᠤᠭᠰᠠᠨ᠎ᠤ ᠬᠤᠪᠢ᠎ᠳ᠋ᠤ᠂ ᠪᠢ ᠨᠡᠩ ᠤᠯᠠᠨ ᠨᠠᠳᠠ᠎ᠲᠠᠢ ᠠᠳᠠᠯᠢᠬᠠᠨ ᠵᠠᠯᠠᠭᠤᠴᠤᠳ᠎ᠢ ᠬᠠᠪᠰᠤᠷᠤᠨ ᠲᠤᠮᠤᠭᠠᠵᠢᠨ ᠴᠢᠳᠠᠪᠤᠷᠢᠲᠠᠨ ᠪᠣᠯᠬᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳ᠋ᠤ ᠬᠦᠴᠦᠨ ᠴᠢᠳᠠᠯ᠎ᠢᠶᠡᠨ ᠡᠷᠭᠦᠬᠦ ᠬᠠᠷᠢᠭᠤᠴᠠᠯᠭ᠎ᠠ᠎ᠲᠠᠢ ᠶᠤᠮ︾ ᠭᠡᠵᠦ ᠤᠦ ᠭᠦᠸᠧ ᠴᠢᠶᠠᠩ ᠶᠠᠷᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面