ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-31 09:45:41

ᠵᠣᠬᠢᠶᠠᠭ᠍ᠴᠢ᠄ ​ ᠬᠤᠤ ᠪᠢᠶᠤᠤ ᠣᠩᠱᠢᠭ᠍ᠰᠠᠨ ᠣᠳᠠᠭ᠎ᠠ᠄ 3

ᠣᠶᠢᠷ᠎ᠠ᠎ᠶᠢᠨ ᠨᠢᠭᠡ ᠬᠤᠭᠤᠴᠠᠭᠠᠨ᠎ᠳ᠋ᠤ᠂ ᠦᠬᠠᠢ ᠬᠣᠲᠠ᠎ᠶᠢᠨ ᠮᠤᠩᠭᠤᠯ ᠦᠨᠳᠦᠰᠦᠲᠡᠨ᠎ᠤ ᠰᠤᠷᠭᠠᠭᠤᠯᠢ᠎ᠶᠢᠨ ᠵᠠᠬᠢᠷᠤᠯ ᠰᠡᠴᠡᠨ ᠣᠨᠴᠠᠭᠠᠶ ᠶᠠᠭᠠᠷᠠᠯᠲᠠᠶ ᠠᠵᠢᠯᠯᠠᠨ᠎ᠠ᠃ ᠰᠤᠷᠭᠠᠭᠤᠯᠢ ᠡᠬᠢᠯᠡᠬᠦ ᠣᠶᠢᠷᠠᠳᠴᠤ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠂ ᠰᠢᠨ᠎ᠡ᠎ᠪᠠᠷ ᠠᠵᠢᠯ᠎ᠳ᠋ᠤ ᠭᠠᠷᠤᠬᠰᠠᠨ ᠪᠠᠭᠰᠢ᠎ᠳ᠋ᠤ ᠪᠤᠯᠪᠠᠰᠤᠷᠠᠯ ᠬᠦᠷᠳᠡᠭᠡᠬᠦ᠂ ᠭᠡᠷ᠎ᠤᠨ ᠠᠬᠠᠮᠠᠳ᠎ᠲᠠᠢ ᠶᠠᠷᠢᠯᠴᠠᠭ᠎ᠠ ᠬᠢᠬᠦ ᠵᠡᠷᠭᠡ ᠠᠵᠢᠯ᠎ᠨᠢ ᠲᠡᠭᠦᠨ᠎ᠤ ᠡᠳᠦᠷ ᠳᠤᠳᠤᠮ᠎ᠤᠨ ᠠᠵᠢᠯ᠎ᠢ ᠡᠳᠡᠭᠡᠳ ᠶᠠᠭᠠᠷᠠᠯᠳᠠᠢ ᠪᠤᠯᠭᠠᠯ᠎ᠠ᠃ ᠰᠤᠷᠤᠭᠴᠢᠳ᠎ᠲᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠡᠵᠡᠮᠰᠢᠭᠦᠯᠵᠦ᠂ ᠥᠪᠡᠷ᠎ᠢ᠎ᠪᠠᠨ ᠨᠡᠩ ᠲᠦᠷᠭᠡᠨ᠎ᠢᠶᠠᠷ ᠳᠡᠭᠡᠭᠰᠢᠯᠡᠭᠦᠯᠬᠦ᠎ᠶᠢᠨ ᠲᠥᠯᠥᠭᠡ᠂ ᠬᠡᠳᠦᠶ ᠵᠦᠳᠡᠷᠡᠭᠰᠡᠨ ᠴᠦ ᠤᠳᠬ᠎ᠠ ᠠᠭᠤᠯᠭ᠎ᠠ᠎ᠲᠠᠢ ᠰᠠᠨᠠᠬᠳᠠᠵᠤ ᠪᠠᠢᠢᠯ᠎ᠠ᠃

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠭᠡᠮᠡᠯᠵᠢᠯᠲᠡ᠎ᠶᠢᠨ ᠬᠡᠮᠵᠢᠶ᠎ᠡ ᠪᠠ ᠬᠡᠷᠡᠭᠯᠡᠯᠲᠡ᠎ᠶᠢᠨ ᠬᠡᠪᠴᠢᠶ᠎ᠡ᠎ᠨᠢ ᠥᠷᠭᠡᠨ ᠪᠤᠯᠬᠤ ᠲᠤᠳᠤᠮ ᠡᠭᠦᠷᠭᠡᠯᠡᠵᠦ ᠪᠠᠶᠢᠭ᠎ᠠ ᠮᠡᠳᠡᠯᠭᠡ ᠮᠡᠳᠡᠭᠡ ᠵᠠᠩᠭᠢ᠎ᠨᠢ ᠴᠦ ᠨᠡᠩ ᠪᠠᠶᠠᠯᠢᠭ ᠪᠤᠯᠤᠨ᠎ᠠ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠰᠠᠶᠢᠲᠤᠷ ᠬᠡᠷᠡᠭᠯᠡᠪᠡᠯ᠂ ᠰᠤᠷᠤᠯᠴᠠᠯᠭ᠎ᠠ ᠪᠠ ᠠᠵᠢᠯ᠎ᠤᠨ ᠲᠠᠯ᠎ᠠ᠎ᠪᠠᠷ ᠨᠡᠩ ᠤᠯᠠᠨ ᠰᠣᠩᠭᠣᠯᠲᠠ᠎ᠲᠠᠢ ᠪᠣᠯᠬᠤ᠎ᠪᠠᠷ ᠪᠠᠷᠠᠬᠤ ᠦᠭᠡᠢ ᠪᠠᠰᠠ ᠬᠥᠮᠦᠨ ᠬᠥᠮᠦᠨ᠎ᠤ ᠬᠣᠭᠣᠷᠣᠨᠳᠣᠬᠢ ᠰᠣᠯᠢᠯᠴᠠᠭ᠎ᠠ ᠶᠠᠪᠤᠯᠴᠠᠭ᠎ᠠ᠎ᠳ᠋ᠤ ᠠᠰᠢᠭᠲᠠᠶ ᠪᠠᠶᠢᠵᠤ᠂ ᠬᠥᠮᠦᠨ᠎ᠤ ᠠᠮᠢᠳᠤᠷᠠᠯ᠎ᠢ ᠨᠡᠩ ᠥᠷᠭᠡᠨ ᠠᠭᠤᠳᠠᠮ ᠲᠠᠪᠴᠠᠩ᠎ᠲᠠᠢ ᠪᠣᠯᠭᠠᠵᠤ ᠴᠢᠳᠠᠨ᠎ᠠ︾ ᠭᠡᠵᠦ ᠰᠡᠴᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠬᠤ ᠲᠠᠯ᠎ᠠ᠎ᠪᠠᠷ ᠭᠦᠨᠵᠡᠭᠡᠢ ᠣᠶᠢᠯᠠᠭᠠᠯᠲᠠ᠎ᠲᠠᠢ ᠪᠠᠢᠢᠯ᠎ᠠ᠃ ᠲᠡᠭᠦᠨ᠎ᠤ ᠦᠵᠡᠬᠦ᠎ᠪᠠᠷ᠂ ᠦᠭᠡ ᠬᠡᠯᠡ ᠨᠡᠪᠲᠡᠷᠡᠯᠴᠡᠬᠦ ᠪᠣᠯ ᠬᠥᠮᠦᠨ ᠬᠥᠮᠦᠨ᠎ᠤ ᠬᠣᠭᠣᠷᠣᠨᠳᠣᠬᠢ ᠨᠡᠪᠲᠡᠷᠡᠯᠴᠡᠭᠡ᠎ᠶᠢᠨ ᠴᠢᠬᠤᠯᠠ ᠭᠣᠭᠴᠣᠭ᠎ᠠ ᠪᠤᠯᠤᠨ᠎ᠠ᠂ ᠦᠭᠡ ᠬᠡᠯᠡ ᠨᠡᠪᠲᠡᠷᠡᠯᠴᠡᠬᠦ ᠦᠭᠡᠢ ᠪᠣᠯ ᠰᠠᠨᠠᠯ ᠪᠤᠳᠤᠯ᠎ᠢᠶᠡᠨ ᠤᠯᠤᠯᠴᠠᠬᠤ᠎ᠳ᠋ᠤ ᠪᠡᠷᠬᠡ᠂ ᠰᠠᠨᠠᠯ ᠪᠤᠳᠤᠯ᠎ᠢᠶᠡᠨ ᠤᠯᠤᠯᠴᠠᠬᠤ ᠦᠭᠡᠢ ᠪᠣᠯ ᠣᠶᠢᠯᠠᠭᠠᠯᠴᠠᠬᠤ᠎ᠳ᠋ᠤ ᠪᠡᠷᠬᠡ᠂ ᠨᠡᠩ ᠴᠦ ᠬᠠᠮᠳᠤ᠎ᠶᠢᠨ ᠲᠠᠨᠢᠯᠲᠠ᠎ᠶᠢ ᠪᠦᠷᠢᠯᠳᠦᠭᠦᠯᠵᠦ ᠴᠢᠳᠠᠬᠤ ᠦᠭᠡᠢ᠃

1996 ᠣᠨ᠎ᠳ᠋ᠤ ᠂ ᠰᠡᠴᠡᠠ ᠤᠷᠳᠤᠰ ᠬᠤᠳᠠ᠎ᠡᠴᠠ ᠦᠬᠠᠢ ᠬᠤᠳᠠ᠎ᠳ᠋ᠤ ᠢᠷᠡᠵᠦ ᠠᠵᠢᠯᠯᠠᠪᠠ᠃ ᠪᠠᠭ᠎ᠠ᠎ᠡᠴᠠ᠎ᠪᠠᠨ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠤ ᠪᠠᠶᠢᠭᠰᠠᠨ ᠪᠣᠯᠬᠣᠷ᠂ ᠠᠩᠬ᠎ᠠ ᠠᠵᠢᠯ᠎ᠳ᠋ᠤ ᠭᠠᠷᠬᠤ ᠦᠶ᠎ᠡ᠎ᠳ᠋ᠤ ᠬᠥᠮᠦᠨ᠎ᠲᠠᠢ ᠶᠠᠷᠢᠯᠴᠠᠬᠤ ᠪᠠ ᠠᠯᠪᠠᠨ ᠠᠵᠢᠯ᠎ᠤᠨ ᠵᠣᠬᠢᠶᠠᠨ ᠪᠢᠴᠢᠯᠭᠡ᠎ᠶᠢᠨ ᠲᠠᠯ᠎ᠠ᠎ᠪᠠᠷ ᠮᠠᠰᠢ ᠣᠯᠠᠨ ᠬᠦᠴᠢᠷᠳᠡᠯ᠎ᠳ᠋ᠤ ᠲᠤᠯᠭᠠᠷᠠᠵᠤ ᠪᠠᠢᠵᠠᠢ᠃ ᠲᠡᠷᠡ ᠦᠶ᠎ᠡ᠎ᠡᠴᠠ ᠡᠬᠢᠯᠡᠨ ᠰᠡᠴᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠴᠢᠬᠤᠯᠠ ᠴᠢᠨᠠᠷ᠎ᠢ ᠲᠠᠨᠢᠵᠤ᠂ ᠠᠵᠢᠯ᠎ᠤᠨ ᠴᠢᠯᠥᠭᠡ ᠵᠠᠪ᠎ᠢᠶᠠᠷ᠎ᠢᠶᠡᠨ ᠴᠢᠷᠮᠠᠶᠢᠨ ᠰᠤᠷᠤᠯᠴᠠᠬᠤ ᠪᠤᠯᠪᠠ᠃ ᠡᠭᠦᠨ᠎ᠡᠴᠠ ᠭᠠᠳᠠᠨ᠎ᠠ᠂ ᠪᠠᠰᠠ ᠶᠡᠬᠡ ᠬᠡᠮᠵᠢᠶᠡᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠡᠪᠯᠡᠭᠰᠡᠨ ᠨᠤᠮ ᠪᠢᠴᠢᠭ ᠬᠤᠳᠠᠯᠳᠤᠨ ᠠᠪᠴᠤ ᠤᠩᠰᠢᠨ᠂ ᠬᠠᠷᠠᠭ᠎ᠠ᠎ᠪᠠᠨ ᠲᠠᠰᠤᠷᠠᠯᠲᠠ ᠦᠭᠡᠢ ᠥᠷᠭᠡᠳᠬᠡᠵᠦ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠮᠡᠳᠡᠯᠭᠡ᠎ᠪᠠᠨ ᠪᠠᠶᠠᠯᠢᠭᠵᠢᠭᠤᠯᠵᠤ᠂ ᠲᠤᠬᠠᠶᠢᠯᠠᠭᠰᠠᠨ ᠠᠵᠢᠯ᠎ᠤᠨ ᠬᠢᠷᠢ ᠲᠦᠪᠰᠢᠨ᠎ᠢᠶᠡᠨ ᠳᠡᠭᠡᠭᠰᠢᠯᠡᠭᠦᠯᠵᠡᠢ ᠃

ᠡᠳᠡᠭᠡᠷ ᠵᠢᠯ᠎ᠤᠳ᠎ᠲᠤ᠂ ᠬᠠᠢᠢᠷᠤᠪ᠎ᠤᠨ ᠲᠤᠬᠤᠢ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠤᠪᠴᠢᠶ᠎ᠠ᠎ᠡᠴᠠ ᠦᠬᠠᠢ ᠬᠤᠳᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠨᠡᠶᠢᠭᠡᠮᠯᠢᠭ᠎ᠲᠤ ᠠᠵᠢᠯ ᠰᠢᠯᠵᠢᠨ ᠂ ᠲᠠᠬᠢᠭᠠᠳ ᠦᠬᠠᠢ ᠬᠤᠳᠠ᠎ᠶᠢᠨ ᠮᠣᠩᠭᠣᠯ ᠦᠨᠳᠦᠰᠦᠲᠡᠨ᠎ᠤ ᠰᠤᠷᠭᠠᠭᠤᠯᠢ᠎ᠶᠢᠨ ᠵᠠᠬᠢᠷᠤᠯ᠎ᠢᠶᠠᠷ ᠠᠵᠢᠯᠯᠠᠬᠤ᠎ᠳᠠᠭᠠᠨ᠂ ᠰᠡᠴᠡᠨ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠭᠰᠡᠨ᠎ᠡᠴᠠ ᠤᠯᠠᠨ ᠠᠰᠢᠭ ᠬᠦᠷᠳᠡᠪᠡ ᠭᠡᠵᠦ ᠤᠯᠵᠠᠭᠤᠷᠬᠠᠨ᠎ᠠ᠃ ᠤᠳᠤᠬᠠᠨ᠎ᠳ᠋ᠤ ᠲᠡᠷᠡ ᠨᠤᠮ ᠤᠩᠰᠢᠬᠤ᠎ᠶᠢ ᠪᠠᠷᠢᠮᠳᠠᠯᠠᠬᠤ ᠤᠢᠯᠠᠭᠠᠭᠳᠠᠬᠤᠨ᠎ᠢᠶᠡᠨ ᠰᠤᠷᠭᠠᠨ ᠬᠦᠮᠦᠵᠢᠯ ᠵᠢᠭᠠᠨ ᠰᠤᠷᠭᠠᠯᠳᠠ᠎ᠶᠢᠨ ᠬᠠᠮᠢᠶᠠᠷᠤᠯᠳᠠ ᠲᠤᠮᠳᠠ᠎ᠪᠠᠨ ᠠᠭᠤᠰᠬᠠᠨ᠎ᠠ᠃ ᠰᠤᠷᠭᠠᠭᠤᠯᠢ᠎ᠳᠠᠭᠠᠨ ︽ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠤᠩᠰᠢᠯᠭ᠎ᠠ᠎ᠶᠢᠨ ᠥᠷᠥᠭᠡ︾ ᠭᠠᠷᠭᠠᠵᠤ᠂ ᠰᠠᠷᠠᠭᠤᠯ ᠲᠤᠬᠢᠯᠢᠭ ᠡᠨᠡ ᠦᠷᠦᠭᠡ᠎ᠨᠢ ᠰᠤᠷᠤᠭᠴᠢᠳ᠎ᠤᠨ ᠬᠢᠴᠢᠶᠡᠯ᠎ᠤᠨ ᠭᠠᠳᠠᠨᠠᠬᠢ ᠴᠠᠭ᠎ᠤᠨ ︽ ᠰᠡᠯᠡᠬᠦᠴᠡᠯ᠎ᠤᠨ ᠭᠠᠵᠠᠷ︾ ᠪᠤᠯᠤᠭᠰᠠᠨ ᠪᠠᠢᠳᠠᠭ᠋᠃ ᠡᠨᠳᠡ᠂ ᠬᠤᠪᠢᠰᠬᠠᠯ᠎ᠤᠨ ᠰᠣᠩᠭᠣᠳᠠᠭ ᠪᠦᠳᠦᠭᠡᠯ᠂ ᠤᠯᠠᠮᠵᠢᠯᠠᠯᠲᠤ ᠰᠣᠶᠣᠯ ᠵᠡᠷᠭᠡ ᠨᠣᠮ ᠪᠢᠴᠢᠭ᠎ᠢ ᠨᠤᠮ᠎ᠤᠨ ᠲᠠᠯᠪᠢᠭᠤᠷ᠎ᠲᠤ ᠲᠦᠬᠦᠷᠡᠩ ᠲᠠᠯᠪᠢᠭᠠᠰᠤᠲᠠᠢ᠃ ︽ ᠤᠩᠰᠢᠯᠭ᠎ᠠ᠎ᠪᠠᠷ ᠳᠠᠮᠵᠢᠨ᠂ ᠰᠤᠷᠤᠭᠴᠢᠳ ᠬᠡᠯᠡ ᠪᠢᠴᠢᠭ᠎ᠤᠨ ᠪᠣᠯᠪᠠᠰᠤᠷᠠᠯ᠎ᠢᠶᠡᠨ ᠳᠡᠭᠡᠭᠰᠢᠯᠡᠭᠦᠯᠵᠦ᠂ ᠮᠡᠳᠡᠯᠭᠡ᠎ᠶᠢᠨ ᠬᠡᠪᠴᠢᠶ᠎ᠡ᠎ᠪᠠᠨ ᠦᠷᠭᠡᠳᠭᠡᠬᠦ᠎ᠶᠢᠨ ᠤᠯᠠᠮ᠎ᠢᠶᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠠᠩ ᠰᠠᠶᠢᠲᠤᠷ ᠰᠤᠷᠤᠯᠴᠠᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠶᠢ ᠨᠠᠩ ᠰᠠᠶᠢᠲᠤᠷ ᠡᠵᠡᠮᠰᠢᠵᠦ᠂ ᠰᠢᠨᠵᠢᠯᠡᠬᠦ ᠤᠬᠠᠭᠠᠨ ᠰᠣᠶᠣᠯ ᠮᠡᠳᠡᠯᠭᠡ᠎ᠶᠢ ᠨᠠᠩ ᠥᠷᠭᠡᠨ ᠳᠡᠯᠭᠡᠷ ᠭᠦᠨᠵᠡᠭᠡᠶ ᠰᠤᠷᠤᠯᠴᠠᠵᠤ ᠴᠢᠳᠠᠨ᠎ᠠ︾ ᠭᠡᠵᠦ ᠰᠡᠴᠡᠨ ᠶᠠᠷᠢᠨ᠎ᠠ᠃ ᠡᠭᠦᠨ᠎ᠤ ᠬᠠᠮᠲᠤ᠂ ᠤᠷᠠᠨ ᠪᠢᠴᠢᠯᠭᠡ᠎ᠶᠢᠨ ᠬᠢᠴᠢᠶᠡᠯ ᠨᠡᠭᠡᠭᠡᠭᠰᠡᠨ ᠪᠥᠭᠡᠳ ᠦᠷᠭᠦᠯᠵᠢ᠎ᠶᠢᠨ ᠴᠢᠨᠠᠷᠲᠠᠶ ᠰᠢᠯᠦᠭ᠎ᠤᠨ ᠤᠷᠤᠯᠳᠤᠭᠠᠨ᠂ ᠥᠯᠢᠭᠡᠷ᠎ᠤᠨ ᠤᠷᠤᠯᠳᠤᠭᠠᠨ ᠵᠡᠷᠭᠡ ᠤᠷᠤᠯᠳᠤᠭᠠᠨ ᠮᠦ᠋ᠷᠦᠢᠴᠡᠭᠡᠨ ᠥᠷᠨᠢᠭᠦᠯᠵᠦ᠂ ᠰᠤᠷᠤᠭᠴᠢᠳ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶᠢᠲᠤᠷ ᠰᠤᠷᠤᠯᠴᠠᠬᠤ ᠬᠠᠯᠠᠭᠤᠨ ᠰᠡᠳᠬᠢᠯᠭᠡ᠎ᠶᠢ ᠤᠯᠠᠮ ᠨᠢᠭᠡ ᠠᠯᠬᠤᠮ ᠬᠥᠭᠵᠢᠭᠡᠪᠡ᠃ ︽ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠵᠢᠭᠠᠨ ᠰᠤᠷᠭᠠᠯᠲᠠ᠎ᠶᠢ ᠬᠡᠷᠡᠭᠵᠢᠭᠦᠯᠬᠦ᠎ᠪᠠᠷ ᠳᠡᠮᠵᠢᠨ᠂ ᠰᠤᠷᠤᠭᠴᠢᠳ᠎ᠤᠨ ᠢᠯᠡᠳᠬᠡᠬᠦ ᠴᠢᠳᠠᠪᠤᠷᠢ ᠪᠠ ᠢᠯᠡᠷᠡᠭᠦᠯᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠤᠷᠤᠭᠴᠢᠳ ᠴᠤ ᠨᠠᠩ ᠢᠲᠡᠭᠡᠯ᠎ᠲᠠᠢ ᠪᠣᠯᠪᠠ︾ ᠭᠡᠵᠦ ᠰᠡᠴᠡᠨ ᠶᠠᠷᠢᠵᠦ ᠪᠠᠢᠯ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面