ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-09-03 09:39:53

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

︽ ᠬᠠᠯᠠᠭᠤᠨ ᠨᠠᠷᠠᠨ᠎ᠳ᠋ᠤ ᠲᠠᠷᠢᠶ᠎ᠠ ᠠᠷᠴᠢᠬᠤᠶ᠎ᠠ᠂ ᠬᠠᠷ᠎ᠠ ᠬᠥᠯᠥᠰᠥ ᠴᠢᠪ ᠴᠢᠪ ᠳᠤᠰᠤᠯᠠᠮᠤᠢ ᠁︾ ᠬᠣᠶᠠᠷ ᠤᠢ ᠬᠦᠷᠦᠭᠡ ᠦᠭᠡᠢ ᠬᠦᠦ᠎ᠶᠢᠨ᠎ᠢᠶᠡᠨ ᠵᠡᠷᠭᠡᠯᠡᠭᠡ ᠮᠣᠳᠣ ᠨᠠᠭᠠᠳᠬᠤ᠎ᠶᠢᠨ ᠳᠠᠭᠠᠤ ᠰᠠᠢᠬᠠᠨ ᠴᠡᠬᠡᠵᠢᠯᠡᠭᠰᠡᠨ ᠡᠷᠲᠡᠨ᠎ᠤ ᠰᠢᠯᠦᠭ᠎ᠢᠶᠡᠨ ᠤᠩᠰᠢᠬᠤ᠎ᠶᠢ ᠰᠤᠨᠤᠰᠤᠭᠠᠳ᠂ ᠰᠤᠷᠤᠨ᠎ᠠ᠎ᠶᠢᠨ ᠰᠡᠳᠬᠢᠯ ᠵᠢᠷᠭᠠᠯᠳᠠᠢᠬᠠᠨ ᠪᠠᠢᠯ᠎ᠠ᠃ ᠪᠠᠭ᠎ᠠ᠎ᠶᠢᠨ ᠦᠶ᠎ᠠ᠎ᠳ᠋ᠤ ᠠᠪᠤ᠋᠎ᠨᠢ ᠶᠠᠭ ᠡᠶᠢᠮᠦ ᠠᠷᠭ᠎ᠠ᠎ᠪᠠᠷ ᠳᠡᠬᠦᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠵᠢᠭᠠᠵᠤ ᠪᠠᠶᠢᠭᠰᠠᠨ᠎ᠨᠢ ᠪᠤᠳᠤᠭᠳᠠᠯ᠎ᠠ᠃

ᠰᠤᠷᠤᠨ᠎ᠠ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤᠨ᠎ᠳ᠋ᠤ ᠳᠦᠷᠦᠵᠦ᠂ ᠳᠡᠷᠭᠡᠳᠡᠬᠢ ᠪᠢᠴᠢᠬᠠᠨ ᠨᠠᠶᠢᠵᠠ ᠨᠠᠷ᠎ᠲᠠᠢ᠎ᠪᠠᠨ ᠠᠳᠠᠯᠢ᠎ᠪᠠᠷ ᠬᠠᠷᠠᠬᠠᠨ ᠪᠠᠭ᠎ᠠ᠎ᠡᠴᠠ᠎ᠪᠠᠨ ᠦᠨᠳᠦᠰᠦᠲᠡᠨ᠎ᠤ ᠦᠭᠡ ᠬᠡᠯᠡ᠎ᠪᠠᠷ ᠭᠤᠤᠯ ᠪᠣᠯᠭᠠᠭᠰᠠᠨ ᠣᠷᠴᠢᠨ ᠲᠣᠭᠣᠷᠢᠨ᠎ᠳ᠋ᠤ ᠦᠰᠴᠡᠢ᠂ ᠭᠡᠪᠡᠴᠦ ᠪᠢᠴᠢᠬᠠᠨ ᠨᠠᠶᠢᠵᠠ ᠨᠠᠷ᠎ᠲᠠᠢ᠎ᠪᠠᠨ ᠠᠳᠠᠯᠢ ᠥᠬᠡᠶ ᠦᠬᠡᠢ ᠳᠠᠯ᠎ᠠ ᠬᠡᠪᠡᠯ ᠰᠤᠷᠤᠨ᠎ᠠ᠎ᠳ᠋ᠤ ᠨᠢᠭᠡᠨ ᠪᠠᠭᠰᠢ ᠠᠪᠤ᠋᠎ᠲᠠᠢ᠃ ᠠᠪᠤ᠋᠎ᠨᠢ ᠲᠡᠭᠦᠨ᠎ᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠨ ᠰᠤᠷᠬᠤ᠎ᠶᠢ ᠦᠷᠬᠦᠯᠵᠢ ᠵᠣᠷᠢᠭᠵᠢᠭᠤᠯᠳᠠᠭ ᠪᠠᠢᠵᠠᠢ᠃ ︽ ᠦᠨᠳᠦᠰᠦᠲᠡᠨ᠎ᠤ ᠦᠭᠡ ᠬᠡᠯᠡ ᠥᠰᠥᠭ ᠪᠢᠴᠢᠭ ᠵᠢᠭᠠᠵᠤ ᠪᠠᠢᠭᠰᠠᠨ᠎ᠡᠴᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠭᠠᠬᠤ ᠪᠤᠯᠵᠤ᠂ 40 ᠵᠢᠯ ᠪᠠᠭᠰᠢᠯᠠᠬᠤ ᠳᠤᠮᠳᠠ᠎ᠪᠠᠨ᠂ ᠠᠪᠤ᠋ ᠮᠢᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠬᠤ᠎ᠶᠢ ᠤᠯᠠᠮ᠎ᠢᠶᠠᠷ ᠲᠠᠨᠢᠵᠤ ᠤᠯᠵᠠᠢ᠃ ᠲᠡᠷᠡ ᠦᠷᠭᠦᠯᠵᠢ ᠨᠠᠳᠠ᠎ᠳ᠋ᠤ᠂ ᠭᠠᠭᠴᠠ ᠬᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠪᠡᠯ ᠰᠠᠶᠢ ᠨᠡᠩ ᠲᠡᠷᠢᠭᠦᠨ᠎ᠤ ᠮᠡᠳᠡᠯᠭᠡ᠎ᠶᠢ ᠡᠵᠡᠮᠰᠢᠵᠦ᠂ ᠤᠳᠤ ᠦᠶ᠎ᠡ᠎ᠶᠢᠨ ᠠᠮᠢᠳᠤᠷᠠᠯ᠎ᠳ᠋ᠤ ᠨᠡᠩ ᠰᠠᠢᠨ ᠠᠭᠤᠰᠤᠯᠴᠠᠵᠤ ᠴᠢᠳᠠᠨ᠎ᠠ ᠭᠡᠵᠦ ᠰᠤᠷᠭᠠᠳᠠᠭ ᠪᠠᠶᠢᠯ᠎ᠠ︾ ᠬᠡᠵᠤ ᠰᠤᠷᠤᠨ᠎ᠠ ᠡᠷᠬᠢᠴᠡᠬᠦᠯᠦᠨ᠎ᠡ᠃

ᠠᠪᠤ᠋᠎ᠶᠢᠨ᠎ᠢᠶᠡᠨ ᠨᠥᠯᠥᠭᠡ᠎ᠪᠠᠷ᠂ ᠰᠤᠷᠤᠨ᠎ᠠ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠳᠤᠷᠠᠲᠠᠢ᠂ ᠥᠨᠳᠥᠷ ᠳᠤᠮᠳᠠᠳᠤ ᠲᠡᠭᠦᠰᠬᠦ᠎ᠡᠴᠠ ᠡᠮᠦᠨᠡᠬᠡᠨ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠬᠤ ᠪᠤᠳᠤᠯ ᠨᠢᠭᠡᠨᠲᠡ ᠲᠡᠭᠦᠨ᠎ᠤ ᠰᠡᠳᠬᠢᠯ᠎ᠳ᠋ᠤ ᠭᠦᠨ ᠦᠨᠳᠦᠰᠦᠯᠡᠵᠡᠢ᠃ 2009 ᠣᠨ᠎ᠳ᠋ᠤ᠂ ᠰᠤᠷᠤᠨ᠎ᠠ ᠥᠪᠥᠷ ᠮᠣᠩᠭᠣᠯ᠎ᠤᠨ ᠪᠤᠭᠤᠲᠤ᠎ᠶᠢᠨ ᠪᠠᠭᠰᠢ᠎ᠶᠢᠨ ᠳᠡᠭᠡᠳᠦ ᠰᠤᠷᠭᠠᠭᠤᠯᠢ᠎ᠳ᠋ᠤ ᠰᠢᠯᠭᠠᠨ ᠣᠷᠣᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠤᠰᠬᠠᠢ ᠮᠡᠷᠭᠡᠵᠢᠯ᠎ᠢ ᠡᠷᠡᠬᠡᠯᠵᠡᠯ ᠦᠬᠡᠢ ᠰᠣᠩᠭᠣᠪᠠ᠃ ᠡᠨᠳᠡ᠂ ᠰᠤᠷᠤᠨ᠎ᠠ ᠨᠡᠩ ᠤᠯᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠡᠪᠯᠡᠭᠳᠡᠭᠰᠡᠨ ᠪᠦᠲᠦᠭᠡᠯ᠎ᠢ ᠤᠩᠰᠢᠨ ᠰᠣᠨᠢᠷᠬᠠᠪᠠ᠃ ᠲᠡᠷᠡ ᠵᠠᠩ ᠠᠢ ᠯᠢᠩ᠂ ᠰᠠᠨ ᠮᠤᠤ᠎ᠶᠢᠨ ᠵᠤᠬᠢᠶᠠᠯ᠎ᠢ ᠪᠠᠬᠠᠷᠬᠠᠵᠤ᠂ ᠯᠢᠶᠠᠩ ᠰᠢᠶᠤᠤ ᠱᠧᠩ᠂ ᠢᠦᠢ ᠴᠢᠦ ᠢᠦᠢ᠎ᠶᠢᠨ ᠵᠣᠬᠢᠶᠠᠭᠰᠠᠨ ᠦᠯᠢᠭᠡᠷ᠎ᠡᠴᠠ ᠰᠠᠯᠵᠤ ᠶᠠᠳᠠᠨ᠎ᠠ᠃ ᠲᠡᠷᠡ ᠵᠠᠷᠢᠮ ᠬᠦᠰᠡᠯ ᠵᠣᠷᠢᠯᠲᠠ ᠨᠢᠭᠡᠲᠡᠶ ᠬᠠᠮᠲᠤ ᠰᠤᠷᠤᠯᠭᠠᠳᠠᠳ᠎ᠲᠠᠢ᠎ᠪᠠᠨ ᠤᠳᠬ᠎ᠠ ᠵᠣᠬᠢᠶᠠᠯ᠂ ᠬᠥᠮᠦᠨ᠎ᠤ ᠠᠮᠢᠳᠤᠷᠠᠯ᠂ ᠬᠦᠰᠡᠯᠡᠩ᠎ᠤᠨ᠎ᠢᠶᠡᠨ ᠳᠤᠬᠠᠢ ᠪᠤᠳᠤᠯ ᠰᠠᠨᠠᠯ᠎ᠢᠶᠡᠨ ᠰᠤᠯᠢᠯᠴᠠᠨ᠂ ᠢᠷᠡᠭᠡᠳᠦᠶ᠎ᠶᠢᠨ ᠠᠮᠢᠳᠤᠷᠠᠯ᠎ᠤᠨ᠎ᠢᠶᠡᠨ ᠲᠤᠬᠠᠶ ᠲᠥᠯᠥᠪᠵᠢᠭᠦᠯᠭᠡ᠎ᠪᠠᠨ ᠤᠯᠠᠮ ᠲᠣᠳᠣᠷᠬᠠᠶ ᠪᠣᠯᠭᠠᠪᠠ᠃

︽ ᠡᠳᠡᠭᠡᠷ ᠪᠦᠲᠦᠭᠡᠯ᠎ᠡᠴᠠ ᠪᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠷᠢᠳᠢ ᠰᠢᠳᠢ᠎ᠶᠢ ᠮᠡᠳᠡᠷᠡᠵᠦ᠂ ᠮᠡᠳᠡᠯᠭᠡ᠎ᠪᠠᠨ ᠨᠡᠮᠡᠭᠳᠡᠭᠦᠯᠵᠦ᠂ ᠲᠤᠰᠬᠠᠢ ᠮᠡᠷᠭᠡᠵᠢᠯ᠎ᠤᠨ ᠮᠡᠳᠡᠯᠭᠡ᠎ᠪᠠᠨ ᠪᠠᠶᠠᠯᠢᠭᠵᠢᠭᠤᠯᠪᠠ᠃ ᠰᠤᠷᠤᠯᠴᠠᠯᠭ᠎ᠠ᠎ᠶᠢᠨ ᠭᠦᠨᠵᠡᠭᠡᠶᠢᠷᠡᠬᠦ᠎ᠶᠢ ᠲᠠᠭᠠᠯᠳᠤᠨ᠂ ᠪᠢ ᠥᠪᠡᠷ᠎ᠤᠨ ᠢᠲᠡᠭᠡᠯ ᠪᠢᠰᠢᠷᠡᠯ᠎ᠳ᠋ᠡᠭᠡᠨ ᠨᠡᠩ ᠭᠤᠶᠢᠪᠢᠰᠢ ᠦᠭᠡᠢ ᠪᠣᠯᠵᠠᠢ᠂ ᠬᠣᠵᠢᠮ ᠪᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠳᠡᠯᠭᠡᠷᠡᠭᠦᠯᠦᠭᠴᠢ ᠪᠠ ᠤᠯᠠᠮᠵᠢᠯᠠᠭᠴᠢ ᠪᠣᠯᠤᠨ᠎ᠠ︾ ᠬᠡᠵᠦ ᠶᠡᠬᠡ ᠰᠤᠷᠭᠠᠭᠤᠯᠢ᠎ᠳ᠋ᠤ ᠰᠤᠷᠤᠯᠴᠠᠵᠤ ᠪᠠᠢᠬᠤ ᠦᠶ᠎ᠠ᠎ᠳ᠋ᠡᠭᠡᠨ ᠰᠤᠷᠤᠨ᠎ᠠ ᠠᠪᠤ᠋᠎ᠲᠠᠢ᠎ᠪᠠᠨ ᠠᠳᠠᠯᠢ ᠠᠷᠠᠳ᠎ᠤᠨ ᠪᠠᠭᠰᠢ ᠪᠣᠯᠬᠤ᠎ᠪᠠᠷ ᠵᠣᠷᠢᠭ ᠰᠢᠭᠤᠳᠴᠠᠶ᠃

2014 ᠣᠨ᠎ᠳ᠋ᠤ᠂ ᠰᠤᠷᠤᠨ᠎ᠠ ᠬᠥᠬᠡᠬᠣᠲᠠ᠎ᠶᠢᠨ ᠢᠤᠢᠴᠢᠤᠸᠠᠨ ᠲᠣᠭᠣᠷᠢᠭ᠎ᠤᠨ ᠦᠨᠳᠦᠰᠦᠲᠡᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠳ᠋ᠤ ᠪᠠᠭᠰᠢᠯᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ ᠬᠢᠵᠦ᠂ ᠠᠩᠬᠢ᠎ᠶᠢᠨ ᠡᠷᠬᠢᠯᠡᠭᠴᠢ ᠪᠣᠯᠪᠠ᠃ ︽ ᠦᠭᠡ ᠬᠡᠯᠡ ᠨᠡᠪᠲᠡᠷᠡᠯᠴᠡᠪᠡᠯ ᠰᠠᠶᠢ ᠰᠡᠳᠬᠢᠯ ᠨᠡᠪᠲᠡᠷᠡᠯᠴᠡᠵᠦ ᠴᠢᠳᠠᠨ᠎ᠠ᠃ ᠠᠩᠭᠢ᠎ᠶᠢᠨ ᠡᠷᠬᠢᠯᠡᠭᠴᠢ ᠪᠣᠯᠤᠭᠰᠠᠨ᠎ᠤ ᠬᠤᠪᠢ᠎ᠳ᠋ᠤ᠂ ᠮᠢᠨᠦ ᠦᠵᠡᠬᠦ᠎ᠪᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠬᠡᠪᠰᠢ ᠪᠣᠯᠪᠠᠰᠤᠷᠠᠩᠭᠤᠶ ᠬᠡᠷᠡᠭᠯᠡᠬᠦ ᠬᠡᠷᠡᠭᠲᠡᠶ᠂ ᠰᠠᠶᠢᠨ ᠶᠠᠷᠢᠬᠤ᠎ᠪᠠᠷ ᠪᠠᠷᠠᠬᠤ ᠦᠭᠡᠢ ᠪᠠᠰᠠ ᠤᠷᠤᠰᠤᠮ᠎ᠠ ᠶᠠᠷᠢᠬᠤ ᠬᠡᠷᠡᠭᠲᠡᠶ᠂ ᠢᠩᠭᠢᠪᠡᠯ ᠰᠠᠶᠢ ᠬᠡᠦᠬᠡᠳ ᠪᠤᠶᠤ ᠭᠡᠷ᠎ᠤᠨ ᠠᠬᠠᠮᠠᠳ᠎ᠲᠠᠢ ᠭᠡᠰᠡᠨ ᠦᠭᠡᠢ᠂ ᠢᠯᠭᠤᠮ ᠰᠢᠯᠤᠭᠤᠨ ᠨᠡᠪᠳᠡᠷᠡᠯᠴᠡᠨ᠂ ᠡᠭᠦᠨ᠎ᠤ ᠬᠠᠮᠲᠤ ᠪᠠᠰᠠ ᠵᠢᠭᠠᠨ ᠰᠤᠷᠭᠠᠬᠤ ᠬᠢᠷᠢ ᠲᠦᠪᠰᠢᠨ᠎ᠢᠶᠡᠨ ᠨᠡᠩ ᠰᠠᠶᠢᠲᠤᠷ ᠳᠡᠭᠡᠭᠰᠢᠯᠡᠭᠦᠯᠵᠦ ᠪᠣᠯᠤᠨ᠎ᠠ︾ ᠃ ᠵᠢᠭᠠᠨ ᠰᠤᠷᠭᠠᠯᠲᠠ᠎ᠡᠴᠠ ᠭᠠᠳᠠᠨ᠎ᠠ᠂ ᠰᠤᠷᠤᠨ᠎ᠠ ᠪᠠᠰᠠ ᠦᠷᠭᠦᠯᠵᠢ ᠠᠩᠭᠢ᠎ᠶᠢᠨ᠎ᠢᠶᠡᠨ ᠬᠡᠦᠬᠡᠳ᠎ᠢ ᠡᠯ᠎ᠡ ᠵᠦᠢᠯ᠎ᠤᠨ ᠶᠠᠷᠢᠶ᠎ᠠ ᠢᠯᠡᠳᠬᠡᠯ᠎ᠤᠨ ᠤᠷᠤᠯᠳᠤᠭᠠᠨ ᠪᠠ ᠲᠣᠭᠯᠠᠯᠲᠠ ᠵᠡᠷᠭᠡ ᠨᠡᠶᠢᠭᠡᠮ᠎ᠤᠨ ᠪᠦᠯᠬᠦᠮ᠎ᠤᠨ ᠠᠵᠢᠯᠯᠠᠭ᠎ᠠ᠎ᠳ᠋ᠤ ᠣᠷᠣᠯᠴᠠᠬᠤ᠎ᠶᠢ ᠵᠣᠷᠢᠭᠵᠢᠭᠤᠯᠵᠤ᠂ 2018 ᠣᠨ᠎ᠳ᠋ᠤ᠂ ᠲᠡᠭᠦᠨ᠎ᠤ ᠬᠠᠪᠰᠤᠷᠤᠨ ᠵᠢᠯᠣᠭᠣᠳᠤᠭᠰᠠᠨ ᠢᠦᠶᠢᠴᠢᠤᠸᠠᠨ ᠲᠣᠭᠣᠷᠢᠭ᠎ᠤᠨ ᠦᠨᠳᠦᠰᠦᠲᠡᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠨᠠᠷᠠ ᠳᠤᠮᠳᠠᠳᠤ ᠠᠩᠭᠢ᠎ᠨᠢ ᠪᠥᠬᠥ ᠤᠯᠤᠰ᠎ᠤᠨ ᠬᠤᠢᠴᠢ ᠦᠶ᠎ᠠ᠎ᠶᠢᠨ᠎ᠬᠢᠨ᠎ᠢᠶᠡᠨ ᠬᠠᠯᠠᠮᠵᠢᠯᠠᠬᠤ ᠠᠵᠢᠯ᠎ᠤᠨ ᠵᠥᠪᠯᠡᠯ᠎ᠤᠨ ᠠᠯᠪᠠᠨ ᠬᠡᠷ᠎ᠲᠤ ᠪᠥᠬᠥ ᠤᠯᠤᠰ᠎ᠤᠨ ᠪᠠᠭᠠᠴᠤᠳ᠎ᠤᠨ ᠳᠡᠷᠢᠬᠦᠨ᠎ᠤ ᠬᠣᠰᠢᠭᠤᠴᠢ ᠠᠩᠭᠢ᠎ᠪᠠᠷ ᠦᠨᠡᠯᠡᠭᠳᠡᠪᠡ᠃

9 ᠰᠠᠷ᠎ᠠ᠎ᠶᠢᠨ 1᠎ᠤ ᠡᠳᠦᠷ ᠰᠤᠷᠭᠠᠭᠤᠯᠢ ᠡᠬᠢᠯᠡᠬᠦ᠎ᠪᠠᠷ᠂ ᠰᠤᠷᠤᠨ᠎ᠠ᠎ᠶᠢᠨ ᠡᠷᠬᠢᠯᠡᠵᠦ ᠪᠠᠶᠢᠭ᠎ᠠ ᠠᠩᠭᠢ ᠬᠣᠶᠠᠳᠤᠭᠠᠷ ᠣᠨ᠎ᠳ᠋ᠤ ᠳᠡᠪᠰᠢᠪᠡ᠃ ᠰᠤᠷᠤᠨ᠎ᠠ ᠨᠢᠳᠤᠨᠤᠨ᠎ᠤ ᠡᠨᠡ ᠦᠶ᠎ᠡ᠎ᠶᠢᠨ ᠪᠠᠶᠢᠳᠠᠯ᠎ᠢᠶᠡᠨ ᠲᠣᠪ ᠲᠣᠳᠣᠷᠬᠠᠶ ᠴᠡᠭᠡᠵᠢᠯᠡᠨ᠎ᠠ᠃ ᠲᠡᠷᠡ ᠦᠶ᠎ᠡ᠎ᠳ᠋ᠤ ᠰᠠᠢᠬᠠᠨ ᠰᠢᠨ᠎ᠡ ᠠᠩᠬᠢ ᠠᠪᠴᠠᠢ᠃ ᠰᠠᠢᠬᠠᠨ ᠬᠡᠦᠬᠡᠳ᠎ᠤᠨ ᠴᠡᠴᠡᠷᠯᠢᠭ᠎ᠡᠴᠠ ᠲᠡᠭᠦᠰᠦᠭᠰᠡᠨ ᠬᠦᠬᠡᠷᠦᠬᠦᠨ ᠵᠢᠭᠠᠯ᠎ᠤᠳ᠎ᠢ ᠰᠤᠷᠭᠠᠭᠤᠯᠢ᠎ᠳ᠋ᠤ ᠰᠠᠭᠤᠬᠤ ᠳᠤᠷ᠎ᠠ᠎ᠲᠠᠢ᠂ ᠰᠤᠷᠤᠯᠴᠠᠬᠤ ᠳᠤᠷᠠᠲᠠᠶ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠬᠤ ᠪᠠᠬᠠᠳᠠᠢ ᠪᠤᠯᠭᠠᠬᠤ᠎ᠶᠢᠨ ᠲᠦᠯᠦᠬᠡ᠂ ᠰᠤᠷᠭᠠᠭᠤᠯᠢ ᠡᠬᠢᠯᠡᠭᠰᠡᠨ ᠠᠩᠬᠠᠨ᠎ᠤ ᠡᠳᠦᠷ᠂ ᠰᠤᠷᠤᠨ᠎ᠠ ᠰᠢᠨ᠎ᠡ᠎ᠪᠠᠷ ᠲᠠᠷᠬᠠᠭᠠᠭᠰᠠᠨ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠠᠢᠬᠠᠨ ᠭᠠᠳᠠᠷᠯᠠᠵᠤ᠂ ᠰᠤᠷᠤᠭᠴᠢᠳ᠎ᠲᠠᠭᠠᠨ ᠪᠡᠯᠡᠭ ᠪᠤᠯᠭᠠᠨ ᠭᠠᠷᠳᠠᠭᠤᠯᠪᠠ᠃ ᠡᠨᠡ ᠪᠡᠯᠡᠭ ᠪᠣᠯ ᠡᠬᠡ ᠤᠯᠤᠰ᠎ᠡᠴᠠ ᠲᠡᠳᠡᠨ᠎ᠳ᠋ᠤ ᠪᠡᠯᠡᠭᠯᠡᠭᠰᠡᠨ ᠬᠠᠮᠤᠭ᠎ᠤᠨ ᠨᠠᠨᠳᠢᠨ ᠪᠡᠯᠡᠭ᠂ ᠲᠡᠳᠡᠨ᠎ᠢ ᠬᠠᠪᠰᠤᠷᠴᠤ ᠴᠢᠳᠠᠪᠤᠷᠢᠲᠠᠨ ᠪᠣᠯᠭᠠᠬᠤ ᠲᠦᠯᠬᠢᠭᠦᠷ᠂ ᠨᠠᠩ ᠴᠤ ᠬᠦᠰᠡᠯᠡᠩ᠎ᠤᠨ ᠵᠢᠭᠦᠷ᠂ ᠡᠨᠡ ᠬᠤᠤᠰ ᠵᠢᠭᠦᠷ ᠲᠡᠳᠡᠨ᠎ᠢ ᠨᠠᠩ ᠥᠨᠳᠥᠷ ᠨᠠᠩ ᠬᠣᠯᠠ ᠨᠢᠰᠬᠡᠨ᠎ᠡ ᠬᠡᠳᠡᠭ᠎ᠢ ᠬᠡᠦᠬᠡᠳ᠎ᠲᠤ ᠮᠡᠳᠡᠬᠦᠯᠬᠦ᠎ᠶᠢᠨ ᠲᠦᠯᠦᠬᠡ ᠪᠢᠯᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄
兼容浏览器的HTML页面