ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-09-06 08:59:01

ᠵᠣᠬᠢᠶᠠᠭ᠍ᠴᠢ᠄ ᠳᠠᠳᠤᠯᠭ᠎ᠠ᠎ᠶᠢᠨ ᠰᠤᠷᠪᠤᠯᠵᠢᠯᠠᠭᠴᠢ ᠰᠢᠤᠢ ᠶᠢᠩ ᠣᠩᠱᠢᠭ᠍ᠰᠠᠨ ᠣᠳᠠᠭ᠎ᠠ᠄ 3

ᠮᠣᠩᠭᠣᠯ ᠬᠡᠯᠡᠨ᠎ᠤ ︽ ᠦᠷᠨᠢᠬᠦᠨ︾ ᠭᠡᠬᠦ ᠦᠭᠡᠨ᠎ᠳ᠋ᠤ ᠬᠦᠰᠡᠯ ᠬᠡᠰᠡᠨ ᠰᠠᠨᠠᠭ᠎ᠠ ᠠᠭᠤᠯᠤᠬᠳᠠᠵᠥ ᠪᠠᠢᠳᠠᠭ᠋᠃ 1999 ᠣᠨ᠎ᠳ᠋ᠤ᠂ ᠨᠢᠭᠡᠨ ᠨᠢᠯᠬ᠎ᠡ ᠦᠬᠢᠨ ᠲᠦᠩᠯᠢᠶᠣᠤ ᠬᠤᠳᠠ᠎ᠶᠢᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ᠎ᠤ ᠠᠳᠤᠭᠤᠴᠢᠨ ᠰᠤᠮᠤᠨ᠎ᠤ ᠬᠠᠰᠸᠴᠢᠷ ᠭᠠᠴᠠᠭᠠᠨ᠎ᠤ ᠨᠢᠭᠡᠨ ᠮᠣᠩᠭᠣᠯ ᠦᠨᠳᠦᠰᠦᠲᠡᠨ᠎ᠤ ᠭᠡᠷ᠎ᠲᠤ ᠲᠦᠷᠦᠵᠦ᠂ ᠭᠡᠷ᠎ᠤᠨ ᠬᠥᠮᠦᠰ᠎ᠨᠢ ᠲᠡᠭᠦᠨ᠎ᠳ᠋ᠤ ︽ ᠦᠷᠨᠢᠬᠦᠨ︾ ᠭᠡᠬᠦ ᠨᠡᠷ᠎ᠡ ᠬᠠᠢᠷᠠᠯᠠᠪᠠ᠃

ᠬᠦᠳᠡᠬᠡ ᠨᠤᠳᠤᠬ᠎ᠲᠤ ᠳᠦᠷᠦᠵᠥ ᠥᠰᠦᠭᠰᠡᠨ ᠦᠷᠨᠢᠬᠦᠨ ᠨᠠᠮ ᠪᠠ ᠵᠠᠰᠠᠭ᠎ᠤᠨ ᠣᠷᠳᠣᠨ᠎ᠤ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠳ᠋ᠠᠬᠢ ᠬᠠᠶᠢᠷ᠎ᠠ ᠬᠠᠯᠠᠮᠵᠢ᠎ᠶᠢ ᠭᠦᠨ ᠮᠡᠳᠡᠷᠡᠵᠦ᠂ ᠡᠨᠡ᠎ᠨᠢ ᠲᠡᠭᠦᠨ᠎ᠳ᠋ᠤ ᠦᠨᠳᠦᠰᠦᠨ ᠱᠠᠲᠤᠨ᠎ᠤ ᠪᠠᠭᠰᠢ ᠪᠣᠯᠬᠤ ᠵᠠᠯᠠᠭᠤ ᠨᠠᠰᠤᠨ᠎ᠤ ᠬᠦᠰᠡᠯ ᠵᠡᠭᠦᠳᠦ ᠤᠷᠭᠤᠭᠤᠯᠵᠠᠢ᠃ ᠲᠡᠷᠡ ᠡᠭᠡ ᠤᠯᠤᠰ᠎ᠢᠶᠡᠨ ᠬᠠᠢᠷᠠᠯᠠᠬᠤ ᠦᠷ᠎ᠡ᠎ᠶᠢ ᠬᠡᠦᠬᠡᠳ ᠨᠢᠭᠡ ᠪᠦᠷᠢ᠎ᠶᠢᠨ ᠰᠡᠳᠬᠢᠯ᠎ᠳ᠋ᠤ ᠬᠠᠳᠠᠩᠰᠢᠭᠤᠯᠵᠤ᠂ ᠦᠨᠳᠦᠰᠦᠨ ᠱᠠᠲᠤᠨ᠎ᠳ᠋ᠤ ᠨᠠᠮ ᠪᠠ ᠤᠯᠤᠰ᠎ᠤᠨ ᠲᠦᠷᠦ᠎ᠶᠢᠨ ᠪᠤᠳᠤᠯᠭ᠎ᠠ ᠴᠢᠭᠯᠡᠯᠲᠡ᠎ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶᠢ ᠠᠬᠢᠭᠤᠯᠬᠤ᠎ᠳ᠋ᠤ ᠥᠪᠡᠷ᠎ᠤᠨ ᠬᠦᠴᠦᠨ ᠴᠢᠳᠠᠯ᠎ᠢᠶᠡᠨ ᠡᠷᠭᠦᠬᠦ᠎ᠶᠢ ᠵᠤᠷᠢᠨ᠎ᠠ᠃ 2018 ᠣᠨ᠎ᠳ᠋ᠤ᠂ ᠦᠷᠨᠢᠬᠦᠨ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭᠠᠭᠤᠯᠢ᠎ᠶᠢᠨ ᠲᠣᠭᠠᠨ᠎ᠤ ᠤᠬᠠᠭᠠᠨ ᠪᠣᠯᠤᠨ ᠲᠤᠮᠤ ᠳ᠋ᠠᠶᠢᠲ᠋ᠠ᠎ᠶᠢᠨ ᠳᠡᠭᠡᠳᠦ ᠰᠤᠷᠭᠠᠭᠤᠯᠢ᠎ᠳ᠋ᠤ ᠰᠢᠯᠭᠠᠨ ᠣᠷᠣᠵᠤ᠂ ᠬᠦᠰᠡᠯ ᠶᠣᠰᠣᠭᠠᠷ᠎ᠢᠶᠡᠨ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠤᠨ ᠲᠣᠭᠠᠨ᠎ᠤ ᠤᠬᠠᠭᠠᠨ᠎ᠤ ᠴᠢᠭᠯᠡᠯ᠎ᠤᠨ ᠪᠠᠭᠰᠢ᠎ᠶᠢᠨ ᠰᠤᠷᠭᠠᠭᠤᠯᠢ᠎ᠶᠢᠨ ᠰᠤᠷᠤᠬᠴᠢ ᠪᠣᠯᠤᠬᠰᠡᠨ ᠪᠠᠢᠨ᠎ᠡ᠃

ᠶᠡᠬᠡ ᠰᠤᠷᠭᠠᠭᠤᠯᠢ᠎ᠶᠢᠨ ᠠᠮᠢᠳᠤᠷᠠᠯ ᠦᠷᠨᠢᠬᠦᠨ᠎ᠤ ᠬᠠᠷᠠᠭ᠎ᠠ᠎ᠶᠢ᠎ᠨᠢ ᠥᠷᠭᠡᠳᠬᠡᠪᠡ᠃ ᠲᠡᠷᠡ ᠬᠠᠮᠲᠤ ᠰᠤᠷᠤᠭᠴᠢᠳ᠎ᠲᠠᠢ᠎ᠪᠠᠨ ᠳᠤᠭᠤᠶᠢᠯᠠᠩ ᠵᠣᠬᠢᠶᠠᠨ ᠪᠠᠶᠢᠭᠤᠯᠵᠦ ᠤᠷᠤᠯᠳᠤᠭᠠᠨ ᠦᠷᠨᠢᠬᠦᠯᠵᠦ᠂ ᠡᠯ᠎ᠡ ᠵᠦᠢᠯ᠎ᠤᠨ ᠦᠢᠯᠡᠳᠦᠯᠭᠡ᠎ᠶᠢᠨ ᠠᠵᠢᠯᠯᠠᠭ᠎ᠠ᠎ᠳ᠋ᠤ ᠢᠳᠡᠪᠬᠢᠲᠡᠢ ᠣᠷᠣᠯᠴᠠᠵᠤ᠂ ᠲᠠᠶᠢᠰᠠᠨ᠎ᠳ᠋ᠤ ᠭᠠᠷᠴᠤ ᠶᠠᠷᠢᠶ᠎ᠠ ᠲᠠᠯᠪᠢᠨ᠂ ᠬᠣᠶᠠᠳᠤᠭᠠᠷ ᠵᠡᠷᠭᠡ᠎ᠶᠢᠨ ᠬᠦᠬᠡ ᠲᠡᠰ᠎ᠤᠨ ᠬᠢᠷᠢ ᠪᠦᠲᠦᠮᠵᠢ᠎ᠪᠠᠷ ᠪᠠᠷᠢᠮᠵᠢᠶ᠎ᠡ ᠠᠶᠠᠯᠭᠤ᠎ᠶᠢᠨ ᠲᠡᠰ᠎ᠤᠨ ᠦᠨᠡᠮᠯᠡᠯ᠎ᠢ ᠰᠢᠯᠭᠠᠨ ᠣᠯᠵᠠᠢ᠃ ᠤᠳᠤ᠂ ᠦᠷᠨᠢᠬᠦᠨ ᠨᠢᠭᠡᠨᠲᠡ ᠦᠩᠬᠡ ᠭᠡᠷᠡᠯᠳᠤ ᠵᠠᠯᠠᠭᠤ ᠨᠠᠮ᠎ᠤᠨ ᠭᠡᠰᠢᠭᠦᠨ ᠪᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠤᠭᠴᠢᠳ᠎ᠤᠨ ᠬᠣᠯᠪᠣᠭ᠎ᠠ᠎ᠶᠢᠨ ᠵᠥᠪᠯᠡᠯ᠎ᠳ᠋ᠤ ᠰᠠᠭᠤᠭ᠎ᠠ ᠭᠦᠢᠴᠡᠳᠬᠡᠭᠴᠢ ᠲᠡᠷᠢᠭᠦᠯᠡᠭᠴᠢ᠂ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭᠠᠭᠤᠯᠢ᠎ᠶᠢᠨ ᠰᠤᠷᠤᠭᠴᠢᠳ᠎ᠤᠨ ᠵᠥᠪᠯᠡᠯ᠎ᠤᠨ ᠭᠦᠢᠴᠡᠳᠬᠡᠭᠴᠢ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠵᠦ ᠪᠠᠶᠢᠨ᠎ᠠ᠃ ᠦᠷᠨᠢᠬᠦᠨ᠂ ᠶᠡᠬᠡ ᠰᠤᠷᠭᠠᠭᠤᠯᠢ᠎ᠳ᠋ᠤ ᠪᠠᠶᠢᠬᠤ ᠬᠤᠭᠤᠴᠠᠭᠠᠨ᠎ᠳᠠᠭᠠᠨ ᠥᠪᠡᠷ᠎ᠢ᠎ᠪᠠᠨ ᠭᠦᠢᠴᠡᠳ ᠢᠯᠡᠷᠡᠭᠦᠯᠵᠦ᠂ ᠥᠪᠡᠷ᠎ᠢ᠎ᠪᠠᠨ ᠬᠥᠭᠵᠢᠭᠦᠯᠵᠦ᠂ ᠬᠦᠰᠡᠯ ᠵᠡᠭᠦᠳᠦ᠎ᠡᠴᠠ᠎ᠪᠠᠨ ᠶᠠᠪᠤᠬᠤ ᠲᠤᠳᠤᠮ ᠣᠶᠢᠷᠠᠳᠴᠤ ᠴᠢᠳᠠᠬᠰᠡᠨ᠎ᠨᠢ ᠭᠡᠷ᠎ᠤᠨ ᠬᠥᠮᠦᠰ᠎ᠨᠢ ᠬᠠᠷᠠᠬᠠᠨ ᠪᠠᠭ᠎ᠠ᠎ᠡᠴᠠ᠎ᠨᠢ ᠲᠡᠭᠦᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠥᠮᠦᠵᠢᠯ ᠬᠦᠷᠳᠡᠭᠡᠭᠰᠡᠨ᠎ᠡᠴᠠ ᠰᠠᠯᠵᠤ ᠴᠢᠳᠠᠬᠤ ᠦᠭᠡᠢ ᠶᠤᠮ ᠭᠡᠵᠤ ᠬᠡᠯᠡᠨ᠎ᠡ᠃

ᠦᠷᠨᠢᠬᠦᠨ ᠪᠠᠭ᠎ᠠ ᠰᠤᠷᠭᠠᠭᠤᠯᠢ᠎ᠶᠢᠨ ᠬᠣᠶᠠᠳᠤᠭᠠᠷ ᠣᠨ᠎ᠡᠴᠠ ᠡᠬᠢᠯᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠪᠠ᠃ ᠲᠤᠬᠠᠢ᠎ᠶᠢᠨ ᠦᠶ᠎ᠡ᠎ᠳ᠋ᠤ ᠪᠦᠷ ᠦᠨᠳᠦᠰᠦᠨ ᠱᠠᠲᠤᠨ᠎ᠳ᠋ᠤ ᠪᠠᠭᠰᠢᠯᠡᠵᠦ ᠪᠠᠶᠢᠭᠰᠠᠨ ᠨᠠᠭᠠᠴᠤ ᠡᠪᠦᠭᠡ ᠪᠣᠯᠤᠨᠠᠪᠤ᠋᠎ᠨᠢ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠨᠢ ᠬᠠᠷᠢᠴᠠᠩᠭᠤᠢ ᠳᠥᠭᠥᠮᠬᠡᠨ ᠭᠡᠵᠦ᠂ ᠲᠡᠭᠦᠨ᠎ᠳ᠋ᠤ ᠡᠯ᠎ᠡ ᠲᠦᠷᠦᠯ᠎ᠤᠨ ᠬᠢᠴᠢᠶᠡᠯ᠎ᠤᠨ ᠭᠠᠳᠠᠨᠠᠬᠢ ᠨᠣᠮ ᠪᠢᠴᠢᠭ ᠵᠠᠬᠢᠶᠠᠯᠠᠵᠤ᠂ ᠦᠷᠭᠦᠯᠵᠢ ᠲᠡᠭᠦᠨ᠎ᠢ ᠳᠠᠭᠠᠭᠤᠯᠤᠨ ᠨᠣᠮ᠎ᠤᠨ ᠳᠡᠯᠭᠡᠭᠦᠷ᠎ᠢᠶᠠᠷ ᠲᠣᠭᠣᠷᠢᠵᠤ᠂ ᠲᠡᠭᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠣᠨᠣᠰᠬᠤ᠂ ᠶᠠᠷᠢᠬᠤ᠂ ᠤᠩᠰᠢᠬᠤ᠂ ᠪᠢᠴᠢᠬᠦ ᠴᠢᠳᠠᠪᠤᠷᠢ᠎ᠶᠢ ᠲᠠᠰᠤᠷᠠᠯᠳᠠ ᠦᠭᠡᠢ ᠬᠥᠮᠦᠵᠢᠭᠦᠯᠪᠡ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠬᠤ ᠶᠠᠪᠤᠴᠠ᠎ᠳ᠋ᠤ ᠦᠷᠨᠢᠭᠦᠨ ᠨᠡᠩ ᠤᠯᠠᠠ ᠰᠢᠨᠵᠢᠯᠡᠬᠦ ᠤᠬᠠᠭᠠᠨ ᠪᠣᠯᠤᠨ ᠰᠣᠶᠣᠯ ᠢᠷᠭᠡᠨᠰᠢᠯ᠎ᠤᠨ ᠮᠡᠳᠡᠯᠭᠡ᠎ᠶᠢ ᠤᠢᠯᠠᠭᠠᠵᠤ᠂ ᠤᠲᠤ ᠦᠶ᠎ᠡ᠎ᠶᠢᠨ ᠨᠡᠶᠢᠭᠡᠮ᠎ᠳ᠋ᠤ ᠨᠡᠩ ᠰᠠᠢᠨ ᠠᠭᠤᠰᠤᠯᠴᠠᠵᠠᠢ᠃

ᠰᠤᠷᠤᠯᠴᠠᠯᠭ᠎ᠠ᠎ᠪᠠᠨ ᠭᠦᠨᠵᠡᠭᠡᠶᠢᠷᠡᠬᠦᠯᠬᠦ᠎ᠶᠢ ᠳᠠᠭᠠᠯᠳᠤᠨ᠂ ᠦᠷᠨᠢᠭᠦᠨ ᠰᠠᠭᠤᠷᠢ ᠬᠡᠷᠡᠭᠯᠡᠯᠳᠡ᠎ᠶᠢᠨ ᠲᠠᠪᠬᠤᠷᠭ᠎ᠠ᠎ᠳ᠋ᠤ ᠰᠡᠳᠬᠢᠯ ᠬᠠᠨᠤᠬᠤ᠎ᠪᠠᠨ ᠪᠤᠯᠢᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠭᠦᠨ ᠳᠠᠪᠬᠤᠷᠭ᠎ᠠ᠎ᠶᠢᠨ ᠤᠩᠰᠢᠯᠭ᠎ᠠ᠎ᠶᠢᠨ ᠴᠢᠳᠠᠪᠤᠷᠢ᠎ᠪᠠᠨ ᠦᠷᠭᠦᠯᠵᠢᠯᠡᠨ ᠬᠥᠮᠦᠵᠢᠭᠦᠯᠬᠦ᠎ᠶᠢ ᠵᠤᠷᠢᠪᠠ᠃ ᠤᠢᠷ᠎ᠠ᠎ᠳ᠋ᠤ ︽ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠪᠴᠢ ᠲᠡᠦᠬᠡ︾᠂ ︽ ᠰᠢ᠎ᠶᠢᠨ ᠫᠢᠩ ᠪᠣᠯᠤᠨ ᠶᠡᠬᠡ ᠰᠤᠷᠭᠠᠭᠤᠯᠢ᠎ᠶᠢᠨ ᠣᠶᠤᠲᠠᠨ ᠨᠠᠶᠢᠵᠠ ᠨᠠᠷ︾᠂ ︽ ᠰᠢ᠎ᠶᠢᠨ ᠫᠢᠩ᠎ᠤᠨ ᠰᠡᠬᠡᠭᠡᠲᠡᠨ᠎ᠢᠶᠠᠷ ᠪᠠᠭᠤᠬᠰᠠᠨ ᠲᠤᠯᠤᠭᠠᠨ ᠵᠢᠯ︾ ᠵᠡᠷᠭᠡ ᠨᠣᠮ᠎ᠤᠳ᠎ᠢ ᠤᠩᠰᠢᠬᠰᠠᠨ᠎ᠨᠢ ᠤᠩᠰᠢᠯᠭ᠎ᠠ᠎ᠶᠢᠨ ᠲᠦᠪᠰᠢᠨ᠂ ᠰᠣᠶᠣᠯ ᠮᠡᠳᠡᠯᠭᠡ᠎ᠶᠢᠨ ᠲᠦᠪᠰᠢᠨ᠎ᠢ᠎ᠨᠢ ᠲᠡᠭᠡᠭᠰᠢᠯᠡᠬᠦᠯᠬᠦ᠎ᠶᠢᠨ ᠬᠠᠮᠳᠤ᠎ᠳ᠋ᠤᠨᠢ ᠲᠡᠭᠦᠨ᠎ᠳ᠋ᠤ ᠬᠢᠵᠠᠭᠠᠯᠠᠰᠢ ᠦᠭᠡᠢ ᠦᠯᠢᠭᠡᠷ ᠳᠠᠭᠤᠷᠢᠶᠠᠯ᠎ᠤᠨ ᠬᠦᠴᠦᠨ ᠣᠯᠭᠣᠪᠠ᠃

ᠰᠠᠢᠬᠠᠨ ᠥᠩᠭᠡᠷᠡᠭᠰᠡᠨ ᠵᠤᠨ᠎ᠤ ᠠᠮᠠᠷᠠᠯᠲᠠ᠎ᠳ᠋ᠤ᠂ ᠦᠷᠨᠢᠭᠦᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠎ᠶᠢᠨ ᠡᠷᠬᠢᠯᠡᠭᠰᠡᠨ ︽ ᠠᠷᠪᠠᠨ ᠳᠥᠷᠪᠡᠳᠦᠭᠡᠷ ᠬᠤᠭᠤᠴᠠᠭᠠᠨ᠎ᠤ ᠵᠠᠯᠠᠭᠤ ᠮᠠᠷᠺᠰ᠎ᠤᠨ ᠦᠵᠡᠯᠳᠡᠨ᠎ᠢ ᠬᠥᠮᠦᠵᠢᠭᠦᠯᠬᠦ ᠢᠨᠵᠧᠨᠧᠷᠢᠩ᠎ᠤᠨ ᠤᠶᠤᠲᠠᠳ᠎ᠤᠨ ᠭᠣᠣᠯᠯᠠᠭᠴᠢ ᠪᠣᠯᠪᠠᠰᠤᠷᠠᠯ᠎ᠤᠨ ᠠᠩᠬᠢ︾᠎ᠳ᠋ᠤ ᠣᠷᠣᠯᠴᠠᠪᠠ᠃ ᠲᠡᠷᠡ ᠰᠤᠷᠤᠯᠭᠠᠳᠠᠨ ᠮᠥᠷᠲᠡᠭᠡᠨ ᠠᠩᠬᠢ᠎ᠶᠢᠨ ᠡᠷᠬᠢᠯᠡᠭᠴᠢ᠎ᠶᠢᠨ ᠲᠤᠰᠠᠯᠠᠭᠴᠢ ᠪᠠᠶᠢᠵᠤ᠂ ᠬᠠᠮᠳᠤ ᠰᠤᠷᠤᠯᠭᠠᠳᠠᠳ᠎ᠲᠠᠢ᠎ᠪᠠᠨ ᠬᠠᠮᠲᠤ ︽ ᠰᠡᠳᠬᠢᠯ᠎ᠳ᠋ᠡᠭᠡᠨ ᠢᠲᠡᠭᠡᠯ ᠪᠢᠰᠢᠷᠡᠯ᠎ᠲᠠᠢ᠂ ᠬᠦᠯ ᠳᠣᠣᠷ᠎ᠠ᠎ᠪᠠᠨ ᠬᠦᠴᠦᠨ ᠴᠢᠳᠠᠯ᠎ᠲᠠᠢ︾ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠣᠯᠬᠤ᠎ᠪᠠᠷ ᠴᠢᠷᠮᠠᠶᠢᠪᠠ᠃

ᠤᠳᠠᠯ ᠦᠭᠡᠶ ᠬᠦᠷᠴᠦ ᠢᠷᠡᠬᠦ ᠭᠡᠵᠦ ᠪᠠᠶᠢᠭ᠎ᠠ ᠶᠡᠬᠡ ᠰᠤᠷᠭᠠᠭᠤᠯᠢ᠎ᠶᠢᠨ ᠲᠦᠷᠪᠡᠳᠦᠭᠡᠷ ᠤᠨ᠎ᠤ ᠳᠠᠳᠤᠯᠭ᠎ᠠ᠎ᠨᠢ ᠦᠷᠨᠢᠭᠦᠨ᠎ᠢ ᠰᠡᠳᠬᠢᠯ ᠠᠮᠠᠷ ᠦᠬᠡᠢ ᠮᠦᠷᠳᠡᠬᠡᠨ ᠪᠠᠰᠠ ᠲᠤᠬᠳᠤᠯᠤᠭᠤᠯᠤᠨ᠎ᠠ᠃ ᠲᠡᠷᠡ ᠥᠪᠡᠷ᠎ᠤᠨ ᠬᠦᠨᠳᠦᠳᠬᠡᠨ ᠬᠠᠢᠷᠠᠯᠠᠳᠠᠭ ᠪᠠᠭᠰᠢ᠎ᠶᠢᠨ ᠲᠠᠢᠰᠠᠨ᠎ᠳ᠋ᠤ ᠭᠠᠷᠤᠬᠰᠠᠨ᠎ᠤ ᠲᠠᠷᠠᠭ᠎ᠠ ᠦᠷᠭᠦᠯᠵᠢᠯᠡᠨ ᠰᠠᠢᠳᠤᠷ ᠴᠢᠷᠮᠠᠢᠵᠤ᠂ ᠲᠤᠰᠬᠠᠶ ᠮᠡᠷᠭᠡᠵᠢᠯ᠎ᠤᠨ ᠲᠠᠪᠠᠭᠤᠯᠢᠬ᠎ᠢᠶᠡᠨ ᠪᠠᠳᠠᠷᠠᠭᠤᠯᠬᠤ᠎ᠪᠠᠷ ᠪᠠᠷᠠᠬᠤ ᠥᠬᠡᠶ ᠪᠠᠰᠠ ᠬᠢᠴᠢᠶᠡᠯ᠎ᠤᠨ ᠭᠠᠳᠠᠨᠠᠬᠢ ᠦᠢᠯᠡᠳᠦᠯᠭᠡ᠎ᠶᠢᠨ ᠲᠤᠷᠰᠢᠯᠭ᠎ᠠ ᠬᠤᠷᠠᠮᠳᠤᠭᠤᠯᠬᠤ᠎ᠶᠢ ᠬᠦᠰᠡᠵᠦ ᠪᠠᠢᠨ᠎ᠠ᠃ ᠬᠡᠳᠦᠶᠢᠪᠡᠷ ᠦᠷᠨᠢᠭᠦᠨ ᠶᠡᠬᠡ ᠰᠤᠷᠭᠠᠭᠤᠯᠢ᠎ᠶᠢᠨ ᠠᠮᠢᠳᠤᠷᠠᠯ᠎ᠡᠴᠠ᠎ᠪᠠᠨ ᠤᠳᠠᠯ ᠦᠭᠡᠢ ᠠᠶᠠᠷᠯᠠᠬᠤ ᠪᠣᠯᠪᠠᠴᠤ ᠲᠡᠷᠡ ᠬᠡᠵᠢᠶᠡᠳᠡ ᠰᠤᠷᠤᠯᠴᠠᠯᠭ᠎ᠠ᠎ᠪᠠᠨ ᠵᠣᠭᠰᠣᠬᠤ ᠦᠭᠡᠶ᠃

︽︿ ᠯᠢᠶᠠᠩ ᠵᠢᠶᠠ ᠾᠧ ᠭᠣᠣᠯ﹀ ᠭᠡᠬᠦ ᠨᠣᠮ᠎ᠳ᠋ᠤ᠂ ᠶᠡᠷᠦᠩᠬᠡᠢ ᠱᠦᠵᠢ ᠰᠢ᠎ᠶᠢᠨ ᠫᠢᠩ ︿ ᠪᠡᠶ᠎ᠡ᠎ᠪᠠᠨ ᠵᠠᠰᠠᠵᠦ᠂ ᠭᠡᠷ᠎ᠢᠶᠡᠨ ᠵᠠᠰᠠᠵᠤ᠂ ᠤᠯᠤᠰ᠎ᠢ ᠵᠠᠰᠠᠵᠤ᠂ ᠳᠡᠯᠡᠬᠡᠢ ᠳ᠋ᠠᠬᠢᠨ᠎ᠢ ᠲᠦᠪᠰᠢᠳᠬᠡᠨ᠎ᠡ᠂ ᠮᠠᠨ᠎ᠤ ᠡᠨᠡ ᠦᠶ᠎ᠡ᠎ᠶᠢᠨ ᠬᠥᠮᠦᠰ ᠬᠠᠷᠠᠬᠠᠨ ᠪᠠᠭ᠎ᠠ᠎ᠡᠴᠠ᠎ᠪᠠᠨ ᠡᠶᠢᠮᠦᠷᠬᠦᠦ ᠦᠵᠡᠯ ᠰᠠᠨᠠᠭᠠᠨ᠎ᠤ ᠨᠥᠯᠥᠭᠡ᠎ᠶᠢ ᠬᠦᠷᠳᠡᠵᠡᠢ᠃ ᠬᠦᠳᠡᠬᠡ ᠪᠠᠭᠤᠬᠤ ᠦᠶ᠎ᠠ᠎ᠳ᠋ᠤ ᠪᠢ 15 ᠨᠠᠰᠤᠲᠠᠶ᠃ ᠲᠤᠬᠠᠶ᠎ᠶᠢᠨ ᠦᠶ᠎ᠡ᠎ᠳ᠋ᠤ ᠪᠢ ᠭᠡᠷ᠎ᠢᠶᠡᠨ ᠵᠠᠰᠠᠬᠤ᠂ ᠤᠯᠤᠰ᠎ᠢ ᠵᠠᠰᠠᠬᠤ᠂ ᠳᠡᠯᠡᠬᠡᠶ ᠳ᠋ᠠᠬᠢᠨ᠎ᠢ ᠲᠦᠪᠰᠢᠳᠬᠡᠬᠦ ᠠᠵᠢᠯ᠎ᠢ ᠬᠢᠬᠦ ᠴᠢᠳᠠᠯ ᠦᠭᠡᠢ ᠪᠠᠢᠭᠰᠠᠨ ᠴᠦ᠂ ᠪᠢᠳᠡ ᠣᠲᠣ ᠨᠣᠮ ᠤᠩᠰᠢᠬᠤ᠂ ᠪᠡᠶ᠎ᠡ᠎ᠪᠠᠨ ᠵᠠᠰᠠᠬᠤ᠎ᠶᠢ ᠯᠡ ᠬᠢᠵᠦ ᠲᠠᠶᠢᠯᠤᠨ᠎ᠠ ᠭᠡᠵᠦ ᠪᠤᠳᠤᠵᠤ ᠪᠠᠢᠬᠰᠠᠨ ᠭᠡᠵᠦ ᠬᠡᠯᠡᠪᠡ﹀︾ ᠃ ᠲᠡᠷᠡ᠄ ︽ ᠪᠢ ᠶᠡᠷᠦᠩᠬᠡᠶ ᠱᠦᠵᠢ᠎ᠶᠢᠨ ᠡᠨᠡ ᠬᠦ ᠰᠢᠷᠭᠠᠭᠤ ᠬᠠᠲᠠᠭᠤᠵᠢᠯᠲᠠᠶ ᠰᠤᠷᠤᠯᠴᠠᠬᠤ ᠵᠣᠷᠢᠭ ᠰᠠᠨᠠᠭ᠎ᠠ᠎ᠶᠢ ᠰᠤᠷᠤᠯᠴᠠᠵᠤ᠂ ᠴᠥᠬᠥᠷᠡᠰᠢ ᠥᠬᠡᠶ ᠤᠷᠤᠭᠰᠢᠯᠠᠨ᠂ ᠬᠦᠰᠡᠯ ᠵᠡᠭᠦᠳᠦ᠎ᠪᠠᠨ ᠴᠢᠷᠮᠠᠶᠢᠨ ᠪᠡᠶᠡᠯᠡᠭᠦᠯᠦᠨ᠎ᠡ︕ ︾ ᠭᠡᠵᠦ ᠡᠷᠡᠰ ᠪᠠᠳᠤ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面