2021-08-17 10:20:29
ᠵᠤᠨ᠎ᠤ ᠠᠮᠠᠷᠠᠯᠲᠠ᠎ᠳ᠋ᠤ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ᠂ ᠪᠠᠭᠰᠢ ᠠᠵᠢᠯᠳᠠᠨ᠎ᠤ ᠬᠡᠯᠡᠨ᠎ᠤ ᠮᠡᠷᠬᠡᠵᠢᠯ᠎ᠤᠨ ᠨᠠᠮ᠎ᠤᠨ ᠡᠭᠦᠷ᠎ᠤᠨ ᠱᠦᠵᠢ᠂ ᠬᠢᠲᠠᠳ ᠬᠡᠯᠡ ᠵᠢᠭᠠᠨ ᠰᠤᠳᠤᠯᠬᠤ ᠲᠠᠰᠤᠭ᠎ᠤᠨ ᠡᠷᠬᠢᠯᠡᠭᠴᠢ ᠭᠤᠤ ᠬᠣᠩ ᠮᠧᠢ ᠪᠦᠬᠦ ᠤᠯᠤᠰ᠎ᠤᠨ ᠨᠡᠷᠡᠳᠦ ᠶᠡᠬᠡ ᠳᠡᠭᠡᠳᠦ ᠰᠤᠷᠭᠠᠭᠤᠯᠢ᠎ᠶᠢᠨ ᠰᠦᠯᠵᠢᠶᠡᠨ ᠲᠡᠭᠡᠷ᠎ᠡ ᠨᠡᠬᠡᠬᠡᠵᠦ ᠪᠠᠢᠭ᠎ᠠ ︽ ᠡᠷᠲᠡᠨ᠎ᠤ ᠬᠢᠲᠠᠳ ᠬᠡᠯᠡ︾᠂ ︽ ᠳᠤᠮᠳᠠᠳᠤ ᠤᠯᠤᠰ᠎ᠤᠨ ᠡᠷᠲᠡᠨ᠎ᠤ ᠤᠳᠬ᠎ᠠ ᠵᠣᠬᠢᠶᠠᠯ᠎ᠤᠨ ᠲᠡᠦᠬᠡ︾᠂ ︽ ᠳᠤᠮᠳᠠᠳᠤ ᠤᠯᠤᠰ᠎ᠤᠨ ᠰᠣᠶᠣᠯ᠎ᠤᠨ ᠲᠡᠦᠬᠡ︾ ᠵᠡᠷᠭᠡ ᠸᠢᠳᠢᠣ᠋ ᠬᠢᠴᠢᠶᠡᠯ᠎ᠢ ᠰᠤᠷᠤᠯᠴᠠᠵᠦ᠂ ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠳᠠᠭᠠᠨ ᠪᠡᠯᠡᠳᠬᠡᠨ᠎ᠠ᠃
︽ ᠰᠦᠯᠵᠢᠶᠡᠨ ᠳᠡᠭᠡᠷ᠎ᠡ ᠬᠢᠲᠠᠳ ᠬᠡᠯᠡ ᠤᠳᠬ᠎ᠠ ᠵᠣᠬᠢᠶᠠᠯ᠎ᠤᠨ ᠲᠤᠰᠬᠠᠶ ᠮᠡᠷᠭᠡᠵᠢᠯ᠎ᠢ ᠭᠦᠨᠵᠡᠭᠡᠶ ᠰᠤᠷᠤᠯᠴᠠᠵᠤ ᠲᠡᠢᠯᠬᠦᠢᠴᠡ ᠦᠨ᠎ᠡ ᠲᠦᠯᠦᠪᠦᠷᠢ ᠥᠬᠡᠶ ᠶᠡᠬᠡ ᠬᠡᠮᠵᠢᠶᠡᠨ᠎ᠤ ᠵᠢᠭᠠᠨ ᠰᠤᠷᠭᠠᠯᠳᠠ᠎ᠶᠢᠨ ᠡᠬᠢ ᠪᠠᠶᠠᠯᠢᠭ ᠪᠠᠶᠢᠳᠠᠭ᠋᠂ ᠠᠮᠠᠷᠠᠯᠲᠠ᠎ᠶᠢᠨ ᠬᠤᠭᠤᠴᠠᠭᠠᠨ᠎ᠳ᠋ᠤ ᠪᠢ ᠲᠤᠰᠬᠠᠶ ᠮᠡᠷᠭᠡᠵᠢᠯ᠎ᠤᠨ ᠨᠣᠮ ᠤᠩᠰᠢᠬᠤ᠎ᠡᠴᠠ ᠭᠠᠳᠠᠨ᠎ᠠ᠂ ᠪᠠᠰᠠ ᠦᠷᠭᠦᠯᠵᠢ ᠳᠥᠭᠥᠮ ᠳᠥᠲᠡ ᠰᠦᠯᠵᠢᠶᠡᠨ᠎ᠤ ᠡᠬᠢ ᠪᠠᠶᠠᠯᠢᠭ᠎ᠢ ᠠᠰᠢᠬᠯᠠᠨ ᠲᠤᠰᠬᠠᠶ ᠮᠡᠷᠭᠡᠵᠢᠯ᠎ᠤᠨ ᠮᠡᠳᠡᠯᠭᠡ᠎ᠪᠠᠨ ᠳᠡᠭᠡᠭᠰᠢᠯᠡᠭᠦᠯᠳᠡᠭ︾ ᠬᠡᠵᠦ ᠭᠤᠤ ᠬᠣᠩ ᠮᠧᠢ ᠬᠡᠯᠡᠨ᠎ᠡ᠃
ᠭᠤᠤ ᠬᠣᠩ ᠮᠧᠢ᠂ 1968 ᠣᠨ᠎ᠳ᠋ᠤ ᠲᠦᠩᠯᠢᠶᠣᠤ ᠬᠤᠲᠠ᠎ᠶᠢᠨ ᠵᠠᠷᠤᠳ ᠬᠣᠰᠢᠭᠤᠨ᠎ᠤ ᠭᠠᠬᠠᠶᠢᠲᠤ ᠭᠠᠴᠠᠭ᠎ᠠ᠎ᠳ᠋ᠤ ᠲᠦᠷᠦᠵᠦ᠂ ᠵᠠᠷᠤᠳ ᠬᠣᠰᠢᠭᠤᠨ᠎ᠤ ᠯᠦᠪᠸᠢ ᠬᠣᠶᠠᠳᠤᠭᠠᠷ ᠪᠠᠭ᠎ᠠ ᠰᠤᠷᠭᠠᠭᠤᠯᠢ ᠪᠣᠯᠤᠨ ᠯᠦᠪᠸᠢ᠎ᠶᠢᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠳ᠋ᠤ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠤᠷᠤᠯᠭ᠎ᠠ᠎ᠪᠠᠨ ᠲᠡᠭᠦᠰᠬᠡᠪᠡ᠃ 1984 ᠣᠨ᠎ᠳ᠋ᠤ᠂ ᠲᠡᠷᠡ ᠪᠦᠬᠦ ᠬᠣᠰᠢᠭᠤᠨ᠎ᠳᠠᠭᠠᠨ ᠨᠢᠭᠡᠳᠦᠭᠡᠷ ᠳᠡᠰ᠎ᠤᠨ ᠰᠢᠯᠢᠳᠡᠭ ᠬᠢᠷᠢ ᠪᠦᠲᠦᠮᠵᠢ᠎ᠪᠠᠷ ᠲᠤᠬᠠᠢ᠎ᠶᠢᠨ ᠦᠶ᠎ᠡ᠎ᠶᠢᠨ ᠵᠢᠷᠢᠮ ᠠᠶᠢᠮᠠᠭ᠎ᠤᠨ ᠮᠣᠩᠭᠣᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠳ᠋ᠤ ᠰᠢᠯᠭᠠᠨ ᠣᠷᠣᠵᠠᠢ᠃ ᠭᠤᠤ ᠬᠣᠩ ᠮᠧᠢ᠄ ︽ ᠪᠢ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠥᠮᠦᠵᠢᠯ᠎ᠢ ᠰᠢᠰᠲ᠋ᠧᠮ᠎ᠲᠠᠢ ᠬᠦᠷᠳᠡᠵᠡᠢ᠂ ᠡᠨᠡ᠎ᠨᠢ ᠮᠢᠨᠦ ᠰᠡᠭᠦᠯᠡᠷ ᠶᠡᠬᠡ ᠰᠤᠷᠭᠠᠭᠤᠯᠢ᠎ᠳ᠋ᠤ ᠰᠢᠯᠭᠠᠨ ᠣᠷᠣᠵᠤ᠂ ᠥᠪᠡᠷ᠎ᠤᠨ ᠳᠤᠷᠠᠲᠠᠢ ᠬᠢᠲᠠᠳ ᠬᠡᠯᠡ ᠤᠳᠬ᠎ᠠ ᠵᠣᠬᠢᠶᠠᠯ᠎ᠤᠨ ᠲᠤᠰᠬᠠᠢ ᠮᠡᠷᠭᠡᠵᠢᠯ᠎ᠢᠶᠡᠨ ᠰᠣᠩᠭᠣᠬᠤ᠎ᠳ᠋ᠤ ᠮᠠᠰᠢ ᠴᠢᠬᠤᠯᠠ ᠬᠡᠯᠡᠨ᠎ᠤ ᠰᠠᠭᠤᠷᠢ᠎ᠶᠢ ᠲᠠᠯᠪᠢᠵᠤ ᠥᠭᠴᠠᠢ︾ ᠬᠡᠵᠤ ᠬᠡᠯᠡᠪᠡ ᠃
ᠶᠡᠬᠡ ᠰᠤᠷᠭᠠᠭᠤᠯᠢ᠎ᠪᠠᠨ ᠲᠡᠭᠦᠰᠦᠭᠰᠡᠨ᠎ᠤ ᠳᠠᠷᠠᠭ᠎ᠠ᠂ ᠭᠤᠤ ᠬᠣᠩ ᠮᠧᠢ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠳ᠋ᠤ ᠠᠵᠢᠯᠯᠠᠵᠤ᠂ ᠮᠣᠩᠭᠣᠯ ᠦᠨᠳᠦᠰᠦᠲᠡᠨ᠎ᠤ ᠤᠶᠤᠲᠠᠳ᠎ᠤᠨ ᠬᠢᠲᠠᠳ ᠬᠡᠯᠡ ᠤᠳᠬ᠎ᠠ ᠵᠣᠬᠢᠶᠠᠯ᠎ᠤᠨ ᠬᠢᠴᠢᠶᠡᠯ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠬᠢᠭᠰᠡᠨ᠎ᠨᠢ ᠨᠡᠩ ᠴᠤ ᠲᠡᠭᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠴᠢᠳᠠᠮᠠᠭᠠᠢ ᠡᠵᠡᠮᠰᠢᠭᠰᠡᠨ᠎ᠤ ᠠᠴᠢ ᠲᠤᠰᠠ ᠪᠤᠯᠬᠤ ᠶᠤᠮ᠃ ︽ ᠬᠢᠴᠢᠶᠡᠯ᠎ᠤᠨ ᠵᠢᠭᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠲᠠᠯ᠎ᠠ᠎ᠪᠠᠷ᠂ ᠪᠢ ᠰᠠᠨᠠᠭᠠᠴᠢᠯᠠᠭ᠎ᠠ᠎ᠲᠠᠢ᠎ᠪᠠᠷ ᠤᠯᠤᠰ᠎ᠤᠨ ᠲᠠᠰ᠎ᠤᠨ ᠲᠥᠯᠥᠪᠵᠢᠭᠦᠯᠭᠡ᠎ᠶᠢᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠵᠦ᠂ ᠠᠳᠠᠯᠢ ᠪᠤᠰᠤ ᠭᠠᠵᠠᠷ ᠣᠷᠣᠨ᠎ᠤ ᠰᠤᠷᠭᠠᠨ ᠬᠥᠮᠦᠵᠢᠯ᠎ᠤᠨ ᠵᠥᠷᠢᠶ᠎ᠡ᠎ᠶᠢ ᠪᠠᠭᠠᠰᠬᠠᠵᠤ᠂ ᠰᠤᠷᠤᠭᠴᠢᠳ᠎ᠢ ᠠᠰᠫᠢᠷᠠᠨᠲ ᠰᠢᠯᠭᠠᠭᠤᠯᠬᠤ ᠪᠤᠶᠤ ᠠᠵᠢᠯ ᠡᠷᠢᠬᠦ ᠦᠶ᠎ᠡ᠎ᠳ᠋ᠤ ᠨᠠᠩ ᠣᠯᠠᠨ ᠰᠣᠩᠭᠣᠯᠳᠠ᠎ᠲᠠᠢ ᠪᠤᠯᠭᠠᠵᠤ᠂ ᠡᠬᠦᠨ᠎ᠤ ᠤᠯᠠᠮ᠎ᠢᠶᠠᠷ ᠰᠤᠷᠤᠭᠴᠢᠳ᠎ᠤᠨ ᠥᠷᠢᠰᠥᠯᠳᠦᠬᠦ ᠬᠦᠴᠦᠨ᠎ᠢ ᠳᠡᠬᠡᠭᠰᠢᠯᠡᠬᠦᠯᠳᠡᠭ︾ ᠬᠡᠵᠦ ᠭᠤᠤ ᠬᠣᠩ ᠮᠧᠶ ᠳᠠᠨᠢᠯᠴᠠᠭᠤᠯᠤᠨ᠎ᠠ᠃ ᠲᠡᠷᠡ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠪᠣᠯᠪᠠᠰᠤᠷᠠᠩᠭᠤᠶ ᠡᠵᠡᠮᠰᠢᠪᠡᠯ᠂ ᠰᠤᠷᠤᠭᠴᠢᠳ ᠣᠲᠣ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠨᠠᠩ ᠰᠠᠶᠢᠲᠤᠷ ᠡᠵᠡᠮᠰᠢᠵᠦ᠂ ᠰᠤᠳᠤᠯᠤᠨ ᠰᠤᠷᠤᠯᠴᠠᠬᠤ ᠦᠶ᠎ᠡ᠎ᠶᠢᠨ ᠰᠤᠷᠭᠠᠭᠤᠯᠢ ᠰᠣᠩᠭᠣᠬᠤ ᠬᠡᠪᠴᠢᠶ᠎ᠡ᠎ᠨᠢ ᠨᠡᠩ ᠦᠷᠬᠡᠵᠢᠵᠤ᠂ ᠠᠵᠢᠯ ᠰᠣᠩᠭᠣᠵᠤ ᠠᠵᠢᠯ ᠤᠯᠬᠤ ᠠᠷᠭ᠎ᠠ ᠵᠠᠮ᠎ᠨᠢ ᠨᠡᠩ ᠦᠷᠬᠡᠳᠴᠦ᠂ ᠨᠡᠶᠢᠭᠡᠮ᠎ᠳ᠋ᠤ ᠨᠠᠩ ᠰᠠᠶᠢᠲᠤᠷ ᠠᠭᠤᠰᠤᠯᠴᠠᠵᠤ᠂ ᠬᠥᠮᠦᠨ᠎ᠤ ᠠᠮᠢᠳᠤᠷᠠᠯ᠎ᠤᠨ ᠦᠨ᠎ᠡ ᠥᠷᠲᠡᠭ᠎ᠢᠶᠡᠨ ᠨᠡᠩ ᠰᠠᠢᠳᠤᠷ ᠪᠡᠶᠡᠯᠡᠭᠦᠯᠵᠦ ᠴᠢᠳᠠᠨ᠎ᠠ ᠭᠡᠵᠦ ᠲᠠᠨᠢᠯᠴᠠᠭᠤᠯᠪᠠ᠃
ᠰᠢᠨ᠎ᠡ ᠬᠥᠭᠵᠢᠯᠲᠡ᠎ᠶᠢᠨ ᠱᠠᠲᠤᠨ᠎ᠳ᠋ᠤ᠂ ᠰᠤᠷᠭᠠᠭᠤᠯᠢ᠎ᠳ᠋ᠤ ᠪᠠᠶᠢᠭ᠎ᠠ ᠤᠶᠤᠲᠠᠨᠤ ᠰᠤᠷᠭᠠᠨ ᠬᠥᠮᠦᠵᠢᠯ᠎ᠨᠢ ᠬᠢᠴᠢᠶᠡᠯ ᠰᠤᠷᠤᠯᠭ᠎ᠠ᠎ᠶᠢᠨ ᠵᠢᠭᠠᠨ ᠵᠢᠯᠣᠭᠣᠳᠣᠯᠭ᠎ᠠ᠎ᠡᠴᠠ ᠭᠠᠳᠠᠨ᠎ᠠ᠂ ᠦᠵᠡᠯ ᠰᠠᠨᠠᠭᠠᠨ᠎ᠤ ᠬᠥᠮᠦᠵᠢᠯ᠎ᠢ ᠣᠮᠲᠣᠭᠠᠶᠢᠯᠠᠵᠤ ᠪᠣᠯᠬᠤ ᠥᠬᠡᠶ ᠶᠤᠮ᠃ ᠵᠢᠭᠠᠨ ᠰᠤᠷᠭᠠᠯᠲᠠ᠎ᠶᠢᠨ ᠲᠤᠮᠳᠠ᠂ ᠭᠣᠤ ᠬᠣᠩ ᠮᠧᠶ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠴᠢᠬᠤᠯᠠᠴᠢᠯᠠᠵᠤ᠂ ︽ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ︾᠎ᠶᠢ ᠵᠢᠭᠠᠨ ᠰᠤᠷᠭᠠᠯᠲᠠ᠎ᠶᠢᠨ ᠪᠥᠬᠥ ᠶᠠᠪᠤᠴᠠ᠎ᠳᠠᠭᠠᠨ ᠲᠤᠭᠤᠰᠢᠯᠠᠭᠤᠯᠵᠤ ᠢᠷᠡᠵᠡᠢ᠃
ᠡᠷᠲᠡᠨ᠎ᠤ ᠬᠢᠲᠠᠳ ᠬᠡᠯᠡᠨ᠎ᠤ ᠬᠢᠴᠢᠶᠡᠯ᠎ᠤᠨ ᠵᠢᠭᠠᠨ ᠰᠤᠷᠭᠠᠯᠳᠠ᠎ᠳ᠋ᠤ᠂ ᠭᠤᠤ ᠬᠤᠩ ᠮᠧᠢ ᠡᠷᠲᠡᠨ ᠡᠳᠦᠭᠡ᠎ᠶᠢᠨ ᠬᠢᠲᠠᠳ ᠬᠡᠯᠡᠨ᠎ᠤ ᠤᠯᠠᠮᠵᠢᠯᠠᠯ ᠬᠦᠭᠵᠢᠯ᠎ᠤᠨ ᠬᠠᠷᠢᠴᠠᠭ᠎ᠠ ᠵᠢᠴᠢ ᠬᠢᠲᠠᠳ ᠬᠡᠯᠡ ᠬᠢᠭᠡᠳ ᠪᠤᠰᠤᠳ ᠦᠨᠳᠦᠰᠦᠲᠡᠨ᠎ᠤ ᠦᠭᠡ ᠬᠡᠯᠡᠨ᠎ᠤ ᠬᠣᠭᠣᠷᠣᠨᠳᠣᠬᠢ ᠬᠠᠷᠢᠯᠴᠠᠨ ᠰᠢᠩᠭᠡᠭᠡᠨ ᠠᠪᠤᠭᠰᠠᠨ᠂ ᠲᠤᠯᠢ ᠪᠣᠯᠭᠠᠭᠰᠠᠨ᠂ ᠨᠥᠯᠥᠭᠡᠯᠡᠭᠰᠡᠨ ᠪᠠᠶᠢᠳᠠᠯ᠎ᠢ ᠣᠶᠢᠯᠠᠭᠠᠭᠤᠯᠬᠤ᠎ᠶᠢ ᠴᠢᠬᠤᠯᠠᠴᠢᠯᠠᠳᠠᠭ᠋᠃ ᠳᠤᠮᠳᠠᠳᠤ ᠤᠯᠤᠰ᠎ᠤᠨ ᠡᠷᠲᠡᠨ᠎ᠤ ᠤᠳᠬ᠎ᠠ ᠵᠣᠬᠢᠶᠠᠯ᠎ᠤᠨ ᠬᠢᠴᠢᠶᠡᠯ᠎ᠤᠨ ᠵᠢᠭᠠᠨ ᠰᠤᠷᠭᠠᠯᠲᠠ᠎ᠳ᠋ᠤ᠂ ᠲᠡᠷᠡ᠎ᠪᠠᠷ ᠼᠤᠤ ᠰᠢᠤᠸᠠᠢ ᠴᠢᠨᠤ ︽ ᠤᠯᠠᠭᠠᠨ ᠠᠰᠠᠷ᠎ᠤᠨ ᠵᠡᠭᠦᠳᠦᠨ︾ ᠪᠣᠯᠤᠨ ᠬᠠᠰᠪᠤᠤ᠎ᠶᠢᠨ ︽ ᠰᠢᠨ᠎ᠡ᠎ᠪᠠᠷ ᠣᠷᠴᠢᠭᠤᠯᠤᠭᠰᠠᠨ ᠤᠯᠠᠭᠠᠨ ᠠᠰᠠᠷ᠎ᠤᠨ ᠵᠡᠭᠦᠳᠦᠨ︾᠂ ᠢᠨᠵᠠᠨᠨᠠᠰᠢ᠎ᠶᠢᠨ ︽ ᠨᠢᠭᠡᠨ ᠳᠠᠪᠬᠤᠷ ᠠᠰᠠᠷ︾ ᠵᠡᠷᠭᠡ ᠪᠦᠲᠦᠭᠡᠯ᠎ᠢ ᠬᠠᠷᠢᠴᠠᠭᠤᠯᠬᠤ᠎ᠪᠠᠷ ᠲᠠᠮᠵᠢᠨ ᠣᠯᠠᠨ ᠦᠨᠳᠦᠰᠦᠲᠡᠨ᠎ᠤ ᠰᠣᠶᠣᠯ ᠬᠠᠷᠢᠯᠴᠠᠨ ᠨᠥᠯᠥᠭᠡᠯᠡᠵᠦ᠂ ᠳᠤᠮᠳᠠᠳᠤ᠎ᠶᠢᠨ ᠦᠨᠳᠦᠰᠦᠲᠡᠨ᠎ᠤ ᠰᠣᠶᠣᠯ᠎ᠢ ᠬᠠᠮᠲᠤ᠎ᠪᠠᠷ ᠴᠤᠭᠴᠠᠯᠠᠭᠰᠠᠨ ᠭᠡᠳᠡᠭ᠎ᠢ ᠣᠶᠢᠯᠠᠭᠠᠭᠤᠯᠳᠠᠬ ᠪᠠᠶᠢᠨ᠎ᠠ᠃
ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠳ᠋ᠤ᠂ ᠲᠡᠷᠡ᠎ᠪᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨ᠎ᠨᠦᠭᠦᠳ᠎ᠤᠨ ᠤᠷᠲᠤ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠤᠮᠳᠠ ᠠᠭᠠᠵᠢᠮ᠎ᠢᠶᠠᠷ ᠬᠦᠭᠵᠢᠵᠦ ᠦᠨᠳᠦᠰᠦᠲᠡᠨ᠎ᠨᠦᠭᠦᠳ᠎ᠤᠨ ᠬᠠᠮᠲᠤ᠎ᠪᠠᠷ ᠬᠡᠷᠡᠭᠯᠡᠬᠦ ᠦᠭᠡ ᠬᠡᠯᠡ ᠪᠤᠯᠤᠭᠰᠠᠨ᠂ ᠳᠤᠮᠳᠠᠳᠤ᠎ᠶᠢᠨ ᠦᠨᠳᠦᠰᠦᠲᠡᠨ᠎ᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ ᠬᠡᠳᠡᠭ᠎ᠢ ᠰᠤᠷᠤᠬᠴᠢᠳ᠎ᠲᠠᠭᠠᠨ ᠲᠠᠨᠢᠭᠤᠯᠵᠤ᠂ ᠤᠳᠤ ᠦᠶ᠎ᠡ᠎ᠶᠢᠨ ᠤᠶᠤᠲᠠᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠰᠢᠬᠦ ᠴᠢᠬᠤᠯᠠ ᠴᠢᠨᠠᠷ ᠪᠠ ᠵᠠᠢᠯᠠᠰᠢ ᠦᠭᠡᠢ ᠴᠢᠨᠠᠷ᠎ᠢ ᠮᠡᠳᠡᠵᠦ᠂ ︽ ᠲᠠᠪᠤᠨ ᠬᠠᠮᠲᠤ᠎ᠶᠢᠨ ᠲᠠᠨᠢᠯᠲᠠ︾᠎ᠶᠢ ᠲᠠᠰᠤᠷᠠᠯᠳᠠ ᠦᠭᠡᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠬᠡᠷᠡᠭᠳᠡᠢ ᠭᠡᠳᠡᠭ᠎ᠢ ᠲᠠᠨᠢᠭᠤᠯᠳᠠᠭ ᠪᠠᠶᠢᠨ᠎ᠠ᠃
ᠰᠤᠷᠭᠠᠨ ᠬᠥᠮᠦᠵᠢᠯ᠎ᠤᠨ ᠠᠵᠢᠯ᠎ᠢ ᠬᠢᠭᠰᠡᠨ ᠭᠤᠴᠢᠨ ᠵᠢᠯ᠎ᠤᠨ ᠲᠤᠷᠰᠢ᠂ ᠭᠤᠤ ᠬᠣᠩ ᠮᠧᠢ ᠪᠢᠴᠢᠭ ᠵᠢᠭᠠᠵᠤ ᠬᠥᠮᠦᠨ ᠬᠥᠮᠦᠵᠢᠭᠦᠯᠬᠦ ᠡᠮᠦᠨ᠎ᠡ ᠹᠷᠣᠨᠲ᠎ᠲᠤ ᠢᠮᠠᠭᠲᠠ ᠭᠠᠪᠰᠢᠭᠠᠢᠯᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠪᠣᠯ ᠳᠤᠮᠳᠠᠳᠤ᠎ᠶᠢᠨ ᠬᠥᠪᠡᠭᠦᠳ ᠥᠬᠢᠳ ᠨᠢᠭᠡ ᠪᠦᠷᠢ᠎ᠶᠢᠨ ᠬᠠᠷᠢᠭᠤᠴᠠᠯᠭ᠎ᠠ ᠮᠥᠨ ᠭᠡᠵᠦ ᠰᠤᠷᠤᠭᠴᠢᠳ᠎ᠢᠶᠡᠨ ᠦᠷᠬᠦᠯᠵᠢ ᠰᠤᠷᠭᠠᠳᠠᠭ᠋᠃ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠬᠥᠭᠵᠢᠭᠦᠯᠬᠦ᠎ᠳ᠋ᠤ ᠦᠭᠡ ᠬᠡᠯᠡ᠎ᠶᠢ ᠤᠷᠢᠳ᠎ᠢᠶᠠᠷ ᠬᠦᠭᠵᠢᠬᠦᠯᠬᠦ ᠬᠡᠷᠡᠭᠳᠡᠢ︾᠃ ᠭᠣᠤ ᠬᠣᠩ ᠮᠧᠶ᠂ ᠪᠢᠳᠡ ᠪᠥᠬᠥ ᠤᠯᠤᠰ᠎ᠲᠤ ᠬᠠᠨᠳᠤᠭᠰᠠᠨ᠂ ᠪᠦᠬᠦ ᠲᠡᠯᠡᠭᠡᠢ᠎ᠳ᠋ᠤ ᠬᠠᠨᠳᠤᠭᠰᠠᠨ ᠲᠡᠯᠬᠡᠷ ᠬᠠᠷᠠᠭ᠎ᠠ ᠪᠠ ᠠᠭᠤᠳᠠᠮᠴᠢ ᠰᠡᠳᠬᠢᠯᠭᠡ᠎ᠲᠠᠢ ᠪᠠᠶᠢᠪᠠᠯ ᠰᠠᠶᠢ ᠠᠮᠢᠳᠤᠷᠠᠬᠤᠶ᠎ᠶᠢᠨ ᠥᠷᠲᠡᠭ᠎ᠢᠶᠡᠨ ᠨᠠᠩ ᠰᠠᠶᠢᠨ ᠪᠡᠶᠡᠯᠡᠭᠦᠯᠵᠦ ᠴᠢᠳᠠᠨ᠎ᠠ ᠭᠡᠵᠦ ᠬᠡᠯᠡᠪᠠ᠃
ᠪᠠᠭᠰᠢ ᠪᠤᠯᠤᠬᠰᠠᠳ ᠦᠶ᠋ᠯᠡ ᠠᠵᠢᠯᠯᠠᠭ᠎ᠠ᠎ᠪᠠᠷ᠎ᠢᠶᠡᠨ ᠬᠡᠪ ᠳᠠᠭᠤᠷᠢᠶᠠᠯ ᠪᠤᠯᠬᠤ ᠬᠡᠷᠡᠭᠳᠡᠢ᠃ ᠭᠣᠤ ᠬᠣᠩ ᠮᠧᠶ ᠤᠷᠢᠳ ᠬᠣᠵᠢᠳ ︽ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠰᠢᠰᠲ᠋ᠧᠮ᠎ᠤᠨ ᠰᠢᠯᠢᠳᠡᠭ ᠡᠪ ᠬᠠᠮᠳᠤ ᠨᠠᠮ᠎ᠤᠨ ᠭᠡᠰᠢᠭᠦᠨ︾᠂ ︽ ᠪᠥᠬᠥ ᠣᠷᠣᠨ᠎ᠤ ᠦᠨᠳᠦᠰᠦᠳᠡᠨ᠎ᠤ ᠪᠦᠯᠬᠦᠮᠳᠡᠯ ᠳᠠᠪᠰᠢᠯᠲᠠ᠎ᠶᠢᠨ ᠵᠢᠱᠢᠶᠡᠴᠢ ᠬᠤᠪᠢ ᠬᠥᠮᠦᠨ︾ ᠵᠡᠷᠭᠡ ᠢᠷᠠᠭᠤ ᠠᠯᠳᠠᠷ᠎ᠢ ᠭᠥᠷᠳᠡᠵᠦ ᠦᠩᠭᠡᠷᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃