ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-22 11:38:25

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠰᠤᠷᠭᠠᠨ ᠬᠥᠮᠦᠵᠢᠯ ᠪᠣᠯ ᠤᠯᠤᠰ᠎ᠤᠨ ᠶᠡᠬᠡ ᠪᠤᠳᠤᠯᠭ᠎ᠠ᠂ ᠨᠠᠮ᠎ᠤᠨ ᠶᠡᠬᠡ ᠪᠤᠳᠤᠯᠭ᠎ᠠ ᠮᠥᠨ᠃ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ ᠵᠢᠭᠠᠨ ᠰᠤᠷᠭᠠᠯᠳᠠ᠎ᠶᠢᠨ ᠠᠵᠢᠯ᠎ᠢ ᠪᠦᠬᠦ ᠳᠠᠯ᠎ᠠ᠎ᠪᠠᠷ ᠴᠢᠩᠭᠠᠳᠬᠠᠬᠤ ᠲᠤᠬᠠᠢ ᠬᠥᠬᠡᠬᠣᠲᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ᠎ᠤᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠤᠨ ᠵᠢᠭᠠᠬᠤ᠎ᠶᠢ ᠰᠤᠳᠤᠯᠤᠭᠴᠢ ᠵᠠᠩ ᠶᠢᠩ ᠬᠤᠢ ᠦᠪᠡᠷ᠎ᠤᠨ᠎ᠢᠶᠡᠨ ᠦᠵᠡᠯᠳᠡ᠎ᠲᠠᠢ ᠪᠠᠢᠯ᠎ᠠ᠃ ᠲᠡᠬᠦᠨ᠎ᠤ ᠦᠵᠡᠬᠦ᠎ᠪᠠᠷ᠂ ᠵᠢᠭᠠᠬᠤ ᠮᠠᠲ᠋ᠧᠷᠢᠶᠠᠯ ᠪᠣᠯ ᠮᠡᠳᠡᠯᠭᠡ ᠤᠯᠠᠮᠵᠢᠯᠠᠬᠤ ᠭᠣᠣᠯ ᠠᠴᠢᠶᠠᠯᠠᠪᠤᠷᠢ ᠮᠥᠨ᠂ ᠪᠠᠭᠰᠢ᠎ᠶᠢᠨ ᠵᠢᠭᠠᠨ ᠰᠤᠷᠭᠠᠯᠲᠠ᠂ ᠰᠤᠷᠤᠭᠴᠢᠳ᠎ᠤᠨ ᠰᠤᠷᠤᠯᠴᠠᠯᠭ᠎ᠠ᠎ᠶᠢᠨ ᠴᠢᠬᠤᠯᠠ ᠪᠠᠭᠠᠵᠢ ᠮᠥᠨ᠂ ᠨᠢᠭᠡ ᠤᠯᠤᠰ ᠦᠨᠳᠦᠰᠦᠲᠡᠨ᠎ᠤ ᠦᠷᠳᠡᠭ᠎ᠤᠨ ᠦᠵᠡᠯᠲᠡ᠎ᠶᠢᠨ ᠰᠢᠰᠲ᠋ᠧᠮ᠎ᠢ ᠢᠯᠡᠷᠡᠭᠦᠯᠵᠦ ᠪᠠᠶᠢᠳᠠᠭ᠋᠃

︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ᠎ᠤᠨ ᠲᠡᠰ᠎ᠤᠨ᠂ ᠥᠨᠳᠥᠷ ᠲᠦᠪᠰᠢᠨ ᠪᠦᠬᠦᠢ᠂ ᠡᠷᠬᠡ ᠰᠦᠷᠲᠦ ᠴᠢᠨᠠᠷᠲᠠᠢ ᠵᠢᠭᠠᠬᠤ ᠮᠠᠲ᠋ᠧᠷᠢᠶᠠᠯ ᠪᠣᠯᠤᠨ᠎ᠠ᠃ ᠵᠢᠱᠢᠶᠡᠯᠡᠪᠡᠯ᠂ ᠪᠠᠭ᠎ᠠ ᠰᠤᠷᠭᠠᠭᠤᠯᠢ᠎ᠶᠢᠨ ᠨᠢᠭᠡᠳᠦᠯᠲᠡᠶ ᠨᠠᠶᠢᠷᠠᠭᠤᠯᠤᠭᠰᠠᠨ ︿ ᠬᠡᠯᠡ ᠪᠢᠴᠢᠭ﹀᠎ᠤᠨ ᠵᠢᠭᠠᠬᠤ ᠮᠠᠲ᠋ᠧᠷᠢᠶᠠᠯ᠎ᠨᠢ ᠨᠠᠶᠢᠷᠠᠭᠤᠯᠤᠨ ᠵᠤᠬᠢᠶᠠᠮᠵᠢᠯᠠᠬᠤ ᠲᠠᠯ᠎ᠠ᠎ᠪᠠᠷ ᠬᠥᠮᠦᠨ ᠬᠥᠮᠦᠵᠢᠭᠦᠯᠬᠦ ᠴᠢᠳᠠᠮᠵᠢ᠎ᠶᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠂ ᠳᠤᠮᠳᠠᠳᠤ᠎ᠶᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠂ ᠰᠠᠶᠢᠨ ᠰᠠᠶᠢᠬᠠᠨ ᠦᠵᠡᠯ ᠰᠠᠨᠠᠭ᠎ᠠ ᠶᠣᠰᠣ ᠰᠤᠷᠲᠠᠬᠤᠨ ᠵᠡᠷᠭᠡ ᠰᠤᠶᠤᠯ ᠢᠷᠬᠡᠨᠰᠢᠯ᠎ᠤᠨ ᠬᠥᠮᠦᠵᠢᠯ᠎ᠤᠨ ᠠᠭᠤᠯᠭ᠎ᠠ᠎ᠶᠢ ᠵᠢᠭᠠᠬᠤ ᠮᠠᠲ᠋ᠧᠷᠢᠶᠠᠯ᠎ᠳ᠋ᠤ ᠠᠶᠠᠨᠳᠠᠭᠠᠨ ᠠᠭᠤᠰᠬᠠᠵᠤ᠂ ᠠᠭᠤᠯᠭ᠎ᠠ᠎ᠶᠢᠨ ᠰᠣᠩᠭᠣᠯᠲᠠ᠎ᠶᠢᠨ ᠲᠠᠯ᠎ᠠ᠎ᠪᠠᠷ ᠴᠤ ᠢᠳᠡᠭ ᠢᠳᠡᠭ᠎ᠢᠶᠠᠷ ᠬᠦᠨᠵᠡᠬᠡᠢᠷᠡᠬᠦᠯᠬᠦ᠎ᠶᠢ ᠴᠢᠬᠤᠯᠠᠴᠢᠯᠠᠵᠠᠢ᠃ ᠡᠶᠢᠮᠦ᠎ᠡᠴᠠ ᠰᠤᠷᠤᠭᠴᠢᠳ ᠡᠨᠡ ᠬᠦ ᠵᠢᠭᠠᠬᠤ ᠮᠠᠲ᠋ᠧᠷᠢᠶᠠᠯ᠎ᠲᠠᠢ ᠣᠶᠢᠷᠠᠳᠬᠤ ᠶᠠᠪᠤᠴᠠ᠎ᠳ᠋ᠤ ᠠᠶᠠᠨᠳᠠᠭᠠᠨ ᠨᠦᠯᠦᠬᠡᠯᠡᠭᠳᠡᠨ᠎ᠡ︾ ᠭᠡᠵᠦ ᠵᠢᠭᠠᠬᠤ᠎ᠶᠢ ᠰᠤᠳᠤᠯᠬᠤ ᠠᠵᠢᠯ᠎ᠢ ᠤᠯᠠᠨ ᠵᠢᠯ ᠬᠢᠭᠰᠡᠨ ᠵᠠᠩ ᠶᠢᠩ ᠬᠤᠢ ᠬᠦᠨ ᠤᠢᠯᠠᠭᠠᠯᠳᠠ ᠲᠦᠷᠦᠭᠳᠡᠯ᠎ᠲᠠᠢ ᠶᠠᠷᠢᠨ᠎ᠠ᠃ ᠳᠡᠷᠡ᠄ ︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠨᠢ ᠮᠡᠳᠡᠯᠭᠡ᠎ᠶᠢᠨ ᠰᠢᠰᠲ᠋ᠧᠮ᠎ᠤᠨ ᠲᠠᠯ᠎ᠠ᠎ᠪᠠᠷ ᠬᠡᠰᠡᠨ ᠦᠭᠡᠢ᠂ ᠰᠣᠶᠣᠯ ᠢᠷᠭᠡᠨᠰᠢᠯ᠎ᠤᠨ ᠭᠣᠣᠯ ᠰᠡᠳᠦᠪ᠎ᠤᠨ ᠲᠠᠯ᠎ᠠ᠎ᠪᠠᠷ ᠴᠦ ᠬᠡᠰᠡᠨ ᠦᠭᠡᠢ᠂ ᠰᠤᠷᠤᠭᠴᠢᠳ᠎ᠢ ᠬᠥᠮᠦᠵᠢᠭᠦᠯᠬᠦ᠎ᠳ᠋ᠤ ᠴᠦᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ︾ ᠬᠡᠯ᠎ᠡ᠃

ᠣᠶᠢᠯᠠᠭᠠᠭᠰᠠᠨ᠎ᠢᠶᠠᠷ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠵᠦ ᠪᠦᠬᠦᠢ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠎ᠶᠢᠨ ᠰᠤᠷᠤᠭᠴᠢᠳ᠎ᠤᠨ ᠰᠤᠷᠤᠯᠭ᠎ᠠ᠎ᠪᠠᠨ ᠳᠠᠭᠠᠵᠤ ᠲᠡᠢᠯᠬᠦ᠎ᠶᠢ ᠲᠦᠷᠭᠡᠳᠭᠡᠨ ᠠᠬᠢᠭᠤᠯᠬᠤ ᠵᠢᠴᠢ ᠬᠢᠴᠢᠶᠡᠯ ᠲᠦᠷᠦᠯ᠎ᠢ ᠰᠠᠶᠢᠲᠤᠷ ᠵᠣᠯᠭᠠᠭᠤᠯᠬᠤ᠎ᠶᠢᠨ ᠲᠥᠯᠥᠭᠡ᠂ ᠬᠥᠬᠡᠬᠣᠲᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ ᠨᠢᠳᠤᠨᠤᠨ᠎ᠤ 8 ᠰᠠᠷ᠎ᠠ᠎ᠡᠴᠠ ᠨᠠᠭᠠᠰᠢ᠂ ᠵᠢᠭᠠᠨ ᠰᠤᠷᠭᠠᠯᠲᠠ᠎ᠶᠢᠨ ᠬᠠᠪᠰᠤᠷᠤᠨ ᠵᠢᠯᠤᠭᠤᠳᠬᠤ ᠪᠢᠴᠢᠭ᠎ᠢ ᠨᠠᠶᠢᠷᠠᠭᠤᠯᠤᠨ ᠪᠢᠴᠢᠬᠦ᠂ ᠪᠠᠭᠰᠢ ᠨᠠᠷ᠎ᠲᠤ ᠪᠤᠯᠪᠠᠰᠤᠷᠠᠯ ᠬᠦᠷᠳᠡᠬᠡᠬᠦ᠂ ᠵᠢᠭᠠᠨ ᠰᠤᠷᠭᠠᠯᠲᠠ᠎ᠶᠢ ᠵᠢᠯᠣᠭᠣᠳᠬᠤ ᠠᠵᠢᠯ᠎ᠢ ᠢᠳᠡᠪᠬᠢᠲᠡᠶ ᠬᠢᠵᠦ᠂ ᠪᠠᠭᠰᠢ ᠨᠠᠷ᠎ᠢ ᠬᠠᠪᠰᠤᠷᠤᠨ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠵᠢᠷᠤᠮᠵᠢᠭᠤᠯᠤᠨ ᠬᠡᠷᠡᠭᠯᠡᠬᠦ᠎ᠶᠢ ᠠᠬᠢᠭᠤᠯᠪᠠ᠃

ᠵᠠᠩ ᠶᠢᠩ ᠬᠤᠢ᠎ᠶᠢᠨ ᠲᠡᠮᠳᠡᠭᠯᠡᠯ᠎ᠤᠨ ᠳᠡᠪᠲᠡᠷ ᠳᠡᠭᠡᠷ᠎ᠡ ᠤᠳᠠᠭ᠎ᠠ ᠪᠦᠷᠢ᠎ᠶᠢᠨ ᠵᠢᠭᠠᠨ ᠰᠤᠷᠭᠠᠯᠲᠠ᠎ᠶᠢᠨ ᠦᠵᠡᠭᠦᠯᠭᠡ᠂ ᠵᠢᠭᠠᠨ ᠰᠤᠷᠭᠠᠯᠲᠠ᠎ᠶᠢᠨ ᠰᠤᠳᠤᠯᠤᠨ ᠶᠠᠷᠢᠯᠴᠠᠭᠰᠠᠨ ᠣᠯᠤᠯᠲᠠ ᠲᠥᠷᠥᠭᠳᠡᠯ ᠨᠠᠷᠢᠯᠢᠭ ᠲᠡᠮᠳᠡᠭᠯᠡᠭᠡᠰᠦᠳᠡᠢ᠃

︽ ᠮᠣᠩᠭᠣᠯ ᠦᠨᠳᠦᠰᠦᠲᠡᠨ᠎ᠤ ᠰᠤᠷᠭᠠᠭᠤᠯᠢ᠎ᠳ᠋ᠤ ᠥᠷᠨᠢᠭᠦᠯᠦᠭᠰᠡᠨ ᠠᠳᠠᠯᠢ ᠬᠢᠴᠢᠶᠡᠯ᠎ᠢ ᠠᠳᠠᠯᠢ ᠪᠤᠰᠤ᠎ᠪᠠᠷ ᠰᠡᠳᠬᠢᠮᠵᠢᠯᠡᠬᠦ ᠠᠵᠢᠯᠯᠠᠭ᠎ᠠ᠎ᠳ᠋ᠤ᠂ ᠪᠢᠳᠡ ᠨᠢᠭᠡ ᠮᠣᠩᠭᠣᠯ ᠪᠠᠭᠰᠢ᠂ ᠨᠢᠭᠡ ᠬᠢᠲᠠᠳ ᠪᠠᠭᠰᠢ᠎ᠶᠢ ᠤᠷᠢᠵᠤ ᠲᠤᠰ ᠲᠤᠰ ᠦᠪᠡᠷ᠎ᠤᠨ᠎ᠢᠶᠡᠨ ᠵᠢᠭᠠᠬᠤ ᠮᠠᠲ᠋ᠧᠷᠢᠶᠠᠯ᠎ᠤᠨ ᠲᠤᠬᠠᠶ ᠣᠶᠢᠯᠠᠭᠠᠯᠲᠠ᠎ᠲᠠᠢ᠎ᠪᠠᠨ ᠤᠶᠠᠯᠳᠤᠭᠤᠯᠤᠨ ᠲᠠᠩ ᠤᠯᠤᠰ᠎ᠤᠨ ᠰᠢᠯᠦᠭ ︿ ᠲᠠᠲᠠᠭᠠᠯ﹀᠎ᠤᠨ ᠠᠭᠤᠯᠭ᠎ᠠ᠎ᠶᠢ ᠲᠠᠢᠯᠪᠤᠷᠢᠯᠠᠭᠤᠯᠤᠭᠠᠳ ᠠᠯᠢ ᠨᠢᠬᠡ ᠵᠠᠭᠪᠤᠷ᠎ᠨᠢ ᠰᠤᠷᠤᠭᠴᠢᠳ᠎ᠤᠨ ᠰᠤᠷᠬᠤ᠎ᠳ᠋ᠤ ᠵᠤᠬᠢᠴᠠᠵᠤ᠂ ᠰᠤᠷᠤᠭᠴᠢᠳ ᠠᠮᠠᠷᠬᠠᠨ ᠤᠢᠯᠠᠭᠠᠬᠤ᠎ᠶᠢ ᠦᠵᠡᠪᠡ᠃ ᠬᠢᠴᠢᠶᠡᠯ᠎ᠤᠨ ᠳᠠᠷᠠᠭ᠎ᠠ᠂ ᠪᠠᠭᠰᠢ ᠨᠠᠷ ᠬᠠᠮᠲᠤ᠎ᠪᠠᠷ ᠵᠠᠳᠠᠯᠤᠨ ᠰᠢᠨᠵᠢᠯᠡᠵᠦ᠂ ᠰᠤᠷᠤᠭᠴᠢᠳ᠎ᠤᠨ ᠭᠥᠯᠢᠶᠡᠨ ᠠᠪᠬᠤ᠎ᠳ᠋ᠤ ᠬᠠᠮᠤᠭ᠎ᠤᠨ ᠲᠣᠬᠢᠷᠠᠮᠵᠢᠲᠠᠶ ᠬᠢᠴᠢᠶᠡᠯ ᠶᠠᠷᠢᠬᠤ ᠵᠠᠭᠪᠤᠷ᠎ᠢ ᠰᠤᠳᠤᠯᠤᠨ ᠭᠠᠷᠭᠠᠪᠠ︾ ᠬᠡᠵᠦ ᠵᠠᠩ ᠶᠢᠩ ᠬᠣᠶ ᠲᠠᠨᠢᠯᠴᠠᠭᠤᠯᠤᠨ᠎ᠠ᠃ ᠠᠳᠠᠯᠢ ᠬᠢᠴᠢᠶᠡᠯ᠎ᠢ ᠠᠳᠠᠯᠢ ᠪᠤᠰᠤ᠎ᠪᠠᠷ ᠰᠡᠳᠬᠢᠮᠵᠢᠯᠡᠬᠦ ᠠᠷᠭ᠎ᠠ ᠬᠡᠯᠪᠡᠷᠢ᠎ᠶᠢ ᠠᠪᠤᠭᠰᠠᠨ᠎ᠨᠢ ᠪᠠᠭᠰᠢ ᠨᠠᠷ᠎ᠤᠨ ᠬᠣᠭᠣᠷᠣᠨᠳᠣᠬᠢ ᠬᠠᠷᠢᠯᠴᠠᠭ᠎ᠠ᠎ᠳ᠋ᠤ ᠲᠥᠬᠥᠮ ᠦᠵᠡᠬᠦᠯᠦᠭᠰᠡᠨ ᠮᠦᠷᠳᠡᠬᠡᠨ ᠣᠯᠠᠨ᠎ᠤ ᠵᠢᠭᠠᠨ ᠰᠤᠷᠭᠠᠯᠲᠠ᠎ᠶᠢᠨ ᠲᠦᠪᠰᠢᠨ᠎ᠢ ᠳᠡᠭᠡᠭᠰᠢᠯᠡᠭᠦᠯᠪᠡ᠃ ᠣᠳᠣᠬᠠᠨ᠎ᠳ᠋ᠤ᠂ ᠰᠤᠷᠤᠭᠴᠢᠳ ᠨᠢᠭᠡᠳᠦᠯᠲᠡᠶ ᠨᠠᠶᠢᠷᠠᠭᠤᠯᠤᠭᠰᠠᠨ ︽ ᠬᠡᠯᠡ ᠪᠢᠴᠢᠭ︾᠎ᠤᠨ ᠵᠢᠭᠠᠬᠤ ᠮᠠᠲ᠋ᠧᠷᠢᠶᠠᠯ᠎ᠢ ᠰᠤᠷᠤᠯᠴᠠᠬᠤ᠎ᠪᠠᠷ ᠳᠡᠮᠵᠢᠨ᠂ ᠪᠢᠴᠢᠭ᠎ᠤᠨ ᠬᠡᠯᠡᠨ᠎ᠤ ᠵᠣᠬᠢᠶᠠᠯ ᠪᠠ ᠡᠷᠲᠡᠨ᠎ᠤ ᠰᠢᠯᠦᠭ ᠳᠠᠭᠤᠯᠠᠯ ᠵᠡᠷᠭᠡ᠎ᠶᠢ ᠡᠵᠡᠮᠰᠢᠬᠦ ᠲᠠᠯ᠎ᠠ᠎ᠪᠠᠷ ᠴᠥᠮ ᠮᠠᠰᠢ ᠶᠡᠬᠡ ᠳᠠᠪᠰᠢᠯᠲᠠ᠎ᠲᠠᠢ ᠪᠣᠯᠵᠣ᠂ ᠰᠤᠷᠤᠯᠴᠠᠬᠤ ᠳᠤᠷ᠎ᠠ ᠰᠣᠨᠢᠷᠬᠠᠯ᠎ᠨᠢ ᠴᠦ ᠨᠡᠮᠡᠭᠳᠡᠭᠰᠡᠨ ᠪᠠᠶᠢᠨ᠎ᠠ᠃

︽ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ ᠤᠭ ᠰᠠᠨᠠᠭ᠎ᠠ᠎ᠪᠠᠨ ᠪᠠᠲᠤ ᠰᠠᠬᠢᠵᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠨ᠎ᠡ᠃︾ ᠵᠠᠩ ᠶᠢᠩ ᠬᠤᠢ᠄ ︽ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠣᠯ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠤ ᠬᠡᠷᠡᠭᠯᠡᠬᠦ ᠴᠢᠬᠤᠯᠠ ᠠᠴᠢᠶᠠᠯᠠᠪᠤᠷᠢ ᠪᠠ ᠪᠦᠲᠦᠮᠵᠢᠲᠡᠢ ᠠᠷᠭ᠎ᠠ ᠵᠠᠮ ᠮᠥᠨ᠂ ᠡᠨᠡ᠎ᠨᠢ ᠦᠨᠳᠦᠰᠦᠲᠡᠨ᠎ᠨᠦᠭᠦᠳ᠎ᠤᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠲᠠᠰᠤᠷᠠᠯᠳᠠ ᠦᠭᠡᠢ ᠪᠠᠲᠤ ᠴᠣᠭᠴᠠᠯᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳ᠋ᠤ ᠠᠰᠢᠭᠲᠠᠢ᠂ ᠪᠠᠰᠠ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶᠢᠭᠡᠮ᠎ᠤᠨ ᠬᠥᠭᠵᠢᠯᠲᠡ ᠪᠣᠯᠤᠨ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ᠎ᠤᠨ ᠤᠳᠤ ᠦᠶ᠎ᠡ᠎ᠶᠢᠨ ᠨᠡᠶᠢᠭᠡᠮ᠎ᠳ᠋ᠤ ᠨᠡᠩ ᠰᠠᠶᠢᠲᠤᠷ ᠠᠭᠤᠰᠤᠯᠴᠠᠬᠤ᠎ᠳ᠋ᠤ ᠠᠰᠢᠭᠲᠠᠢ︾ ᠬᠡᠯ᠎ᠡ ᠃

ᠰᠤᠷᠤᠭᠴᠢᠳ᠎ᠤᠨ ᠢᠷᠡᠭᠡᠳᠦᠢ᠎ᠶᠢᠨ ᠬᠥᠭᠵᠢᠯᠲᠡ᠎ᠶᠢᠨ ᠳᠤᠬᠠᠢ ᠵᠠᠩ ᠶᠢᠩ ᠬᠤᠢ ᠵᠢᠭᠠᠨ ᠰᠤᠷᠭᠠᠯᠲᠠ᠎ᠶᠢᠨ ᠶᠠᠪᠤᠴᠠ᠎ᠳ᠋ᠤ᠂ ᠪᠠᠭᠰᠢ ᠨᠠᠷ ᠵᠢᠭᠠᠨ ᠰᠤᠷᠭᠠᠯᠲᠠ᠎ᠶᠢᠨ ᠲᠦᠪᠰᠢᠨ᠎ᠢᠶᠡᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠦᠨ᠎ᠡ ᠦᠷᠳᠡᠭ ᠪᠣᠯᠤᠨ ᠠᠴᠢ ᠬᠣᠯᠪᠣᠭᠳᠠᠯ᠎ᠢ ᠭᠦᠢᠴᠡᠳ ᠠᠭᠤᠳᠠᠯᠵᠤ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠠᠮᠢᠳᠤᠯᠢᠭ ᠰᠠᠶᠢᠲᠤᠷ ᠬᠡᠷᠡᠭᠯᠡᠵᠦ᠂ ᠰᠤᠷᠤᠭᠴᠢᠳ᠎ᠤᠨ ᠦᠭᠡ ᠬᠡᠯᠡᠨ᠎ᠤ ᠬᠤᠷᠠᠮᠳᠤᠭᠤᠯᠤᠯ ᠪᠣᠯᠤᠨ ᠬᠡᠷᠡᠭᠯᠡᠯᠳᠡ᠂ ᠰᠡᠳᠬᠢᠬᠦᠢ᠎ᠶᠢᠨ ᠬᠥᠭᠵᠢᠯᠲᠡ ᠪᠣᠯᠤᠨ ᠳᠡᠭᠡᠭᠰᠢᠯᠡᠯᠲᠡ᠂ ᠰᠣᠶᠣᠯ᠎ᠤᠨ ᠤᠯᠠᠮᠵᠢᠯᠠᠯ ᠪᠣᠯᠤᠨ ᠣᠶᠢᠯᠠᠭᠠᠯᠲᠠ ᠵᠡᠷᠭᠡ ᠠᠭᠤᠯᠭ᠎ᠠ᠎ᠶᠢ ᠴᠢᠨᠠᠭᠰᠢᠳᠠ ᠴᠢᠩᠭᠠᠳᠬᠠᠪᠠᠯ ᠵᠣᠬᠢᠨ᠎ᠠ ᠬᠡᠵᠦ ᠢᠯᠡᠷᠭᠡᠢᠯᠡᠵᠦ ᠪᠠᠢᠯ᠎ᠠ᠃ ᠪᠠᠭᠰᠢ᠎ᠶᠢᠨ ᠪᠦᠯᠬᠦᠮ᠎ᠨᠢ ᠨᠠᠩ ᠴᠤ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶᠢᠭᠠᠳ ᠦᠭᠡ ᠬᠡᠯᠡᠨ᠎ᠤ ᠦᠢᠯᠡᠳᠦᠯᠭᠡ᠎ᠶᠢᠨ ᠳᠤᠮᠳᠠ ᠰᠣᠨᠣᠰᠬᠤ ᠶᠠᠷᠢᠬᠤ ᠤᠩᠰᠢᠬᠤ ᠪᠢᠴᠢᠬᠦ ᠳᠥᠷᠪᠡᠨ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠰᠠᠨᠠᠭᠠᠴᠢᠯᠠᠵᠤ᠂ ᠰᠤᠷᠤᠭᠴᠢᠳ᠎ᠢᠶᠠᠷ ᠢᠯᠡᠭᠦᠬᠡᠨ ᠨᠣᠮ ᠤᠩᠰᠢᠭᠤᠯᠵᠤ᠂ ᠰᠠᠢᠨ ᠨᠣᠮ ᠤᠩᠰᠢᠭᠤᠯᠬᠤ᠎ᠶᠢᠨ ᠬᠠᠮᠲᠤ᠂ ᠡᠷᠲᠡᠨ᠎ᠤ ᠰᠢᠯᠦᠭ ᠵᠣᠬᠢᠶᠠᠯ᠂ ᠰᠣᠩᠭᠣᠳᠠᠭ ᠨᠠᠷᠠᠲᠤ ᠪᠦᠲᠦᠭᠡᠯ᠎ᠢ ᠤᠩᠰᠢᠭᠤᠯᠬᠤ ᠲᠤᠮᠳᠠ ᠰᠤᠷᠤᠭᠴᠢᠳ᠎ᠤᠨ ᠳᠤᠮᠳᠠᠳᠤ᠎ᠶᠢᠨ ᠰᠢᠯᠢᠳᠡᠭ ᠰᠤᠶᠤᠯ᠎ᠢ ᠤᠯᠠᠮᠵᠢᠯᠠᠬᠤ ᠪᠠ ᠣᠶᠢᠯᠠᠭᠠᠬᠤ᠎ᠶᠢ ᠬᠦᠳᠦᠯᠦᠨ ᠵᠢᠯᠤᠭᠤᠳᠴᠤ᠂ ᠲᠡᠳᠡᠨ᠎ᠤ ᠭᠤᠸ᠎ᠠ ᠰᠠᠶᠢᠬᠠᠨ᠎ᠤ ᠬᠡᠪ ᠪᠣᠯᠪᠠᠰᠤᠷᠠᠯ᠂ ᠰᠣᠶᠣᠯ᠎ᠤᠨ ᠬᠡᠪ ᠪᠣᠯᠪᠠᠰᠤᠷᠠᠯ᠂ ᠰᠡᠳᠬᠢᠬᠦᠶ᠎ᠶᠢᠨ ᠬᠤᠪᠢᠰᠤᠩᠭᠤᠶ ᠠᠷᠭ᠎ᠠ᠎ᠶᠢ ᠴᠢᠨᠠᠭᠰᠢᠳᠠ ᠳᠡᠭᠡᠭᠰᠢᠯᠡᠬᠦᠯᠵᠦ᠂ ︽ ᠤᠩᠰᠢᠬᠤ ᠴᠢᠳᠠᠪᠤᠷᠢ︾᠎ᠶᠢ ᠢᠳᠡᠭ ᠢᠳᠡᠭ᠎ᠢᠶᠠᠷ ︽ ᠰᠤᠷᠤᠯᠴᠠᠬᠤ ᠴᠢᠳᠠᠪᠤᠷᠢ︾ ᠪᠣᠯᠭᠠᠨ ᠬᠤᠪᠢᠷᠠᠭᠤᠯᠪᠠᠯ ᠵᠤᠬᠢᠨ᠎ᠠ ᠬᠡᠯ᠎ᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面