ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-24 09:23:04

ᠵᠣᠬᠢᠶᠠᠭ᠍ᠴᠢ᠄ ​ ᠪᠠᠶᠠᠰᠬᠤᠯᠠᠡᠭ ᠣᠩᠱᠢᠭ᠍ᠰᠠᠨ ᠣᠳᠠᠭ᠎ᠠ᠄ 3

ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ ᠬᠦᠷᠴᠤ ᠢᠷᠡᠬᠦ᠎ᠶᠢ ᠲᠠᠭᠠᠯᠳᠤᠨ᠂ ᠠᠪᠠᠭ᠎ᠠ ᠬᠤᠰᠢᠭᠤᠨ᠎ᠤ ᠮᠤᠡᠭᠭᠤᠯ ᠦᠨᠳᠦᠰᠦᠳᠡᠨ᠎ᠤ ᠲᠤᠷᠰᠢᠯᠳᠠ᠎ᠶᠢᠨ ᠪᠠᠭ᠎ᠠ ᠰᠤᠷᠭᠠᠭᠤᠯᠢ᠎ᠶᠢᠨ ᠵᠠᠬᠢᠷᠤᠯ ᠲᠢᠶᠠᠨ ᠭᠸ᠎ᠶᠢᠨ ᠠᠵᠢᠯ᠎ᠤᠨ ᠲᠤᠬᠢᠷᠠᠭᠤᠯᠭ᠎ᠠ ᠮᠠᠰᠢ ᠠᠷᠪᠢᠨ᠃ ᠤᠨᠴᠠᠭᠠᠢᠯᠠᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ ᠮᠦᠨ ᠬᠦ ᠬᠦᠨᠳᠦ ᠨᠤᠴᠢᠳᠠᠢ ᠪᠠᠢᠳᠠᠯ ᠲᠤᠤᠷ᠎ᠠ᠂ ᠲᠡᠷᠡ ᠨᠡᠡᠭ ᠴᠤ ᠤᠨᠠᠬᠰᠠᠨ ᠮᠠᠯᠠᠭᠠᠢ᠎ᠪᠠᠨ ᠠᠪᠬᠤ ᠵᠡᠪ ᠦᠭᠡᠢ ᠶᠠᠭᠠᠷᠠᠨ᠎ᠠ᠃

︽ ᠬᠡᠤᠬᠡᠳ᠎ᠲᠤ ᠨᠠᠡᠭ ᠲᠠᠭᠠᠯᠠᠮᠵᠢᠳᠠᠢ ᠠᠮᠤᠷ ᠲᠦᠪᠰᠢᠨ ᠰᠤᠷᠤᠯᠴᠠᠬᠤ ᠤᠷᠴᠢᠨ ᠲᠤᠭᠤᠷᠢᠨ᠎ᠢ ᠪᠤᠢ ᠪᠤᠯᠭᠠᠵᠤ ᠦᠭᠭᠦ ᠪᠤᠯ ᠪᠢᠳᠡᠨ᠎ᠤ ᠬᠠᠷᠢᠭᠤᠴᠠᠯᠭ᠎ᠠ ᠮᠦᠨ᠃ ᠵᠢᠭᠠᠬᠠᠨ ᠶᠠᠳᠠᠷᠠᠵᠤ ᠵᠦᠳᠡᠷᠡᠭᠰᠡᠨ ᠴᠤ ᠬᠠᠮᠢᠶ᠎ᠠ ᠦᠭᠡᠢ︾ ᠭᠡᠵᠦ 8 ᠰᠠᠷ᠎ᠠ᠎ᠶᠢᠨ 21᠎ᠤ ᠡᠳᠦᠷ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠲᠢᠶᠠᠨ ᠭᠸ ᠢᠨᠢᠶᠡᠮᠰᠦᠭᠯᠡᠨ ᠬᠡᠯᠡᠨ᠎ᠠ᠃

ᠰᠤᠷᠪᠤᠯᠵᠢᠯᠠᠭ᠎ᠠ ᠬᠦᠨᠵᠡᠭᠡᠢᠷᠡᠬᠦ᠎ᠶᠢᠨ ᠤᠯᠠᠮ᠎ᠢᠶᠠᠷ᠂ ᠲᠢᠶᠠᠨ ᠭᠸ ᠦᠪᠡᠷ᠎ᠤᠨ ᠦᠰᠦᠨ ᠪᠤᠢᠵᠢᠬᠰᠠᠨ ᠦᠡᠭᠭᠡᠷᠡᠯᠳᠠ᠎ᠪᠠᠷ᠎ᠢᠶᠡᠨ ᠰᠤᠷᠪᠤᠯᠵᠢᠯᠬᠠᠴᠢ᠎ᠳ᠋ᠤ ᠪᠠᠭ᠎ᠠ᠎ᠡᠴᠠ᠎ᠪᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠶᠢᠨ ᠴᠢᠬᠤᠯᠠ ᠴᠢᠨᠠᠷ᠎ᠢ ᠶᠠᠷᠢᠵᠤ ᠦᠭᠪᠡ᠃

ᠲᠢᠶᠠᠨ ᠭᠸ ᠲᠦᠡᠭᠯᠢᠶᠤᠤ ᠬᠤᠳᠠ᠎ᠶᠢᠨ ᠬᠤᠷᠴᠢᠨ ᠵᠡᠬᠦᠨ ᠭᠠᠷᠤᠨ ᠬᠤᠢᠳᠤ ᠬᠤᠰᠢᠭᠤᠨ᠎ᠳ᠋ᠤ ᠨᠤᠳᠤᠬᠳᠠᠢ᠃ ᠪᠠᠭ᠎ᠠ᠎ᠡᠴᠠ᠎ᠪᠠᠨ ᠠᠷᠠᠳ᠎ᠤᠨ ᠪᠠᠬᠰᠢ ᠪᠤᠯᠬᠤ ᠬᠦᠰᠡᠯ᠎ᠲᠠᠢ ᠲᠠᠷᠡ ᠲᠤᠮᠤ ᠪᠤᠯᠤᠬᠰᠠᠨ᠎ᠤ ᠬᠤᠢᠨ᠎ᠠ ᠰᠠᠨᠠᠬᠰᠠᠨ ᠪᠤᠳᠤᠯ᠎ᠢᠶᠠᠷ᠎ᠢᠶᠡᠨ ᠪᠠᠬᠰᠢ᠎ᠶᠢᠨ ᠰᠤᠷᠭᠠᠭᠤᠯᠢ᠎ᠳ᠋ᠤ ᠰᠢᠯᠭᠠᠨ ᠤᠷᠤᠵᠤ᠂ ᠰᠢᠯᠢ᠎ᠶᠢᠨ ᠭᠤᠤᠯ ᠠᠢᠮᠠᠭ᠎ᠤᠨ ᠠᠪᠠᠭ᠎ᠠ ᠬᠤᠰᠢᠭᠤᠨ᠎ᠤ ᠦᠨᠳᠦᠰᠦᠨ ᠱᠠᠳᠤᠨ᠎ᠤ ᠰᠤᠮᠤᠨ᠎ᠤ ᠪᠠᠭ᠎ᠠ ᠰᠤᠷᠭᠠᠭᠤᠯᠢ᠎ᠳ᠋ᠤ ᠬᠤᠪᠢᠶᠠᠬᠳᠠᠨ ᠪᠠᠬᠰᠢᠯᠠᠪᠠ᠃ ᠪᠠᠬᠰᠢ᠎ᠶᠢᠨ ᠰᠤᠷᠭᠠᠭᠤᠯᠢ᠎ᠳ᠋ᠤ ᠪᠠᠢᠬᠤ᠎ᠳᠠᠭᠠᠨ ᠤᠯᠠᠡᠭᠭᠢ ᠬᠢᠴᠢᠶᠡᠯ᠎ᠨᠢ ᠴᠦᠮ ᠦᠨᠳᠦᠰᠦᠳᠡᠨ᠎ᠤ ᠦᠬᠡ ᠬᠡᠯᠡ᠎ᠪᠠᠷ ᠬᠢᠴᠢᠶᠡᠯᠯᠡᠵᠦ᠂ ᠠᠡᠭᠬᠠᠨ᠎ᠤ ᠠᠵᠢᠯ᠎ᠤᠨ ᠪᠠᠢᠷᠢ᠎ᠨᠢ ᠮᠦᠨ ᠦᠨᠳᠦᠰᠦᠨ ᠱᠠᠳᠤᠨ᠎ᠤ ᠮᠠᠯᠵᠢᠬᠤ ᠤᠷᠤᠨ᠎ᠳ᠋ᠤ ᠪᠠᠢᠬᠰᠠᠨ ᠪᠤᠯᠬᠤᠷ ᠲᠢᠶᠠᠨ ᠭᠸ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠪᠰᠢᠨ ᠲᠡᠮᠡᠢ ᠶᠡᠬᠡ ᠲᠠᠪᠰᠢᠯᠳᠠ᠎ᠲᠠᠢ ᠪᠢᠰᠢ ᠪᠠᠢᠪᠠ᠃

1993 ᠤᠨ᠎ᠳ᠋ᠤ᠂ ᠲᠢᠶᠠᠨ ᠭᠸ ᠦᠨᠳᠦᠰᠦᠨ ᠱᠠᠳᠤᠨ᠎ᠤ ᠪᠠᠭ᠎ᠠ ᠰᠤᠷᠭᠠᠭᠤᠯᠢ᠎ᠡᠴᠠ ᠬᠤᠰᠢᠭᠤᠨ᠎ᠤ ᠪᠠᠭ᠎ᠠ ᠰᠤᠷᠭᠠᠭᠤᠯᠢ᠎ᠳ᠋ᠤ ᠠᠵᠢᠯ ᠰᠢᠯᠵᠢᠵᠡᠢ᠃ ᠨᠠᠰᠤ ᠵᠠᠯᠠᠭᠤ ᠠᠵᠢᠯ᠎ᠳᠠᠭᠠᠨ ᠭᠠᠷᠮᠠᠭᠠᠢ ᠪᠦᠭᠡᠳ ᠬᠦᠴᠢᠷ ᠪᠡᠷᠭᠡ᠎ᠡᠴᠠ ᠠᠶᠤᠬᠤ ᠦᠭᠡᠢ ᠲᠢᠶᠠᠨ ᠭᠸ᠎ᠳ᠋ᠤ ᠰᠤᠷᠭᠠᠭᠤᠯᠢ᠎ᠶᠢᠨ ᠤᠳᠤᠷᠢᠳᠤᠯᠭ᠎ᠠ᠎ᠡᠴᠠ ᠲᠦᠷᠪᠡᠳᠦᠭᠡᠷ ᠤᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠢᠴᠢᠶᠡᠯ᠎ᠢ ᠲᠤᠬᠢᠷᠠᠭᠤᠯᠵᠤ ᠦᠭᠪᠠ᠃ ᠲᠤᠬᠠᠢ᠎ᠶᠢᠨ ᠦᠶ᠎ᠡ᠎ᠳ᠋ᠤ᠂ ᠲᠢᠶᠠᠨ ᠭᠸ ᠬᠢᠴᠢᠶᠡᠯ᠎ᠤᠨ ᠠᠭᠤᠯᠭ᠎ᠠ᠎ᠪᠠᠨ ᠪᠦᠷ ᠪᠡᠯᠡᠳᠬᠡᠴᠢᠬᠡᠭᠰᠡᠨ ᠪᠣᠯᠪᠠᠴᠤ ᠬᠢᠴᠢᠶᠡᠯ᠎ᠤᠨ ᠲᠠᠢᠰᠠᠨ᠎ᠳ᠋ᠤ ᠵᠢᠩᠬᠢᠨᠢ᠎ᠪᠠᠷ ᠭᠠᠷᠬᠤ ᠦᠶ᠎ᠡ᠎ᠳ᠋ᠤ᠂ ᠨᠢᠭᠡᠨ ᠶᠡᠬᠡ ᠠᠰᠠᠭᠤᠳᠠᠯ᠎ᠨᠢ ᠲᠡᠭᠦᠨ᠎ᠢ ᠮᠠᠰᠢ ᠬᠦᠴᠢᠷᠳᠡᠭᠦᠯᠵᠦ ᠪᠠᠢᠵᠠᠢ᠂ ᠳᠠᠷᠤᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ 4 ᠠᠶᠠᠯᠭᠤ᠎ᠶᠢ ᠶᠠᠭᠠᠬᠢᠭᠰᠠᠨ ᠴᠤ ᠰᠠᠶᠢᠲᠤᠷ ᠡᠵᠡᠮᠰᠢᠵᠦ ᠴᠢᠳᠠᠬᠤ ᠦᠭᠡᠢ᠂ ᠬᠢᠴᠢᠶᠡᠯ ᠵᠢᠭᠠᠬᠤ ᠪᠦᠷᠢ ᠠᠶᠠᠯᠭᠤ᠎ᠨᠢ ᠶᠡᠷᠦᠨᠢ ᠪᠠᠷᠢᠮᠵᠢᠶᠡᠨ᠎ᠳ᠋ᠤ ᠨᠡᠢᠴᠡᠬᠦ ᠦᠬᠡᠢ ᠪᠠᠢᠪᠠ᠃ ᠠᠶᠠᠯᠭᠤ᠎ᠶᠢ ᠰᠠᠶᠢᠲᠤᠷ ᠡᠵᠡᠮᠰᠢᠬᠦ᠎ᠶᠢᠨ ᠲᠥᠯᠥᠭᠡ᠂ ᠲᠡᠷᠡ ᠰᠥᠨᠢ ᠪᠦᠷᠢ ︽ ᠰᠢᠨᠬᠤᠸᠠ ᠲᠤᠯᠢ ᠪᠢᠴᠢᠭ︾᠎ᠢ ᠤᠷᠪᠠᠭᠤᠯᠵᠤ᠂ ᠲᠠᠷᠠᠭ᠎ᠠ ᠡᠳᠦᠷ᠎ᠤᠨ᠎ᠢᠶᠡᠨ ᠬᠢᠴᠢᠶᠡᠯ᠎ᠤᠨ ᠠᠭᠤᠯᠭ᠎ᠠ᠎ᠳ᠋ᠤ ᠠᠶᠠᠯᠭᠤ᠎ᠶᠢ ᠦᠰᠦᠭ ᠳᠠᠷᠠᠭᠠᠯᠠᠨ ᠰᠠᠶᠢᠬᠠᠨ ᠲᠡᠮᠳᠡᠭᠯᠡᠭᠰᠡᠨ ᠬᠤᠢᠨ᠎ᠠ ᠰᠠᠶᠢ ᠬᠡᠦᠬᠡᠳ᠎ᠤᠳ᠎ᠲᠤ ᠬᠢᠴᠢᠶᠡᠯ ᠣᠷᠣᠳᠠᠭ ᠪᠠᠢᠵᠠᠢ᠃

ᠡᠨᠡᠬᠦ ᠴᠢᠷᠮᠠᠶᠢᠯᠲᠠ᠎ᠳᠠᠭᠠᠨ ᠲᠦᠰᠢᠭᠯᠡᠨ᠂ ᠲᠢᠶᠠᠨ ᠭᠸ ᠪᠠᠭᠰᠢ᠎ᠶᠢᠨ ᠠᠵᠢᠯ᠎ᠤᠨ ᠪᠠᠶᠢᠷᠢ᠎ᠡᠴᠠ᠎ᠪᠠᠨ ᠠᠭᠠᠵᠢᠮ᠎ᠢᠶᠠᠷ ᠬᠠᠮᠢᠶᠠᠷᠤᠯᠲᠠ᠎ᠶᠢᠨ ᠠᠵᠢᠯ᠎ᠤᠨ ᠪᠠᠶᠢᠷᠢᠨ᠎ᠳ᠋ᠤ ᠰᠢᠯᠵᠢᠪᠡ᠃ ᠰᠤᠷᠭᠠᠭᠤᠯᠢ᠎ᠶᠢᠨ ᠳᠡᠳ᠋ ᠵᠠᠬᠢᠷᠤᠯ᠎ᠡᠴᠠ ᠰᠤᠷᠭᠠᠭᠤᠯᠢ᠎ᠶᠢᠨ ᠵᠠᠬᠢᠷᠤᠯ᠎ᠤᠨ ᠲᠤᠰᠢᠶᠠᠯ᠎ᠳ᠋ᠤ ᠰᠢᠯᠵᠢᠬᠦ ᠬᠦᠷᠲᠡᠯ᠎ᠡ᠂ ᠲᠡᠷᠡ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠣᠨᠴᠠᠭᠠᠶᠢᠯᠠᠨ ᠴᠢᠬᠤᠯᠠᠴᠢᠯᠠᠵᠤ᠂ ᠰᠤᠷᠤᠭᠴᠢᠳ᠎ᠤᠨ ᠪᠠᠭ᠎ᠠ ᠰᠤᠷᠭᠠᠭᠤᠯᠢ᠎ᠡᠴᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠬᠡᠷᠡᠭᠯᠡᠬᠦ᠎ᠨᠢ ᠠᠵᠢᠯ ᠤᠯᠬᠤ᠂ ᠤᠳᠤ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠬᠦᠯᠢᠶᠠᠨ ᠠᠪᠬᠤ᠂ ᠨᠡᠶᠢᠭᠡᠮ᠎ᠳ᠋ᠤ ᠠᠭᠤᠰᠤᠯᠴᠠᠬᠤ᠎ᠳ᠋ᠤ ᠴᠥᠮ ᠠᠰᠢᠭᠲᠠᠢ ᠭᠡᠵᠦ ᠦᠵᠡᠭᠰᠡᠭᠡᠷ ᠢᠷᠡᠵᠠᠢ᠃ ︽ ᠰᠤᠷᠭᠠᠨ ᠬᠥᠮᠦᠵᠢᠯ ᠪᠣᠯ ᠤᠯᠤᠰ᠎ᠤᠨ ᠶᠡᠬᠡ ᠪᠤᠳᠤᠯᠭ᠎ᠠ᠂ ᠨᠠᠮ᠎ᠤᠨ ᠶᠡᠬᠡ ᠪᠤᠳᠤᠯᠭ᠎ᠠ ᠮᠥᠨ᠃ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠨᠢ ᠤᠯᠤᠰ᠎ᠤᠨ ᠵᠣᠷᠢᠭ ᠰᠠᠨᠠᠭ᠎ᠠ ᠪᠣᠯᠤᠨ ᠨᠡᠶᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ᠎ᠶᠢ ᠲᠥᠪᠯᠡᠷᠡᠩᠭᠦᠶ᠎ᠪᠠᠷ ᠢᠯᠡᠷᠡᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠮᠡᠳᠡᠯᠭᠡ᠎ᠶᠢ ᠤᠯᠠᠮᠵᠢᠯᠠᠬᠤ ᠴᠢᠬᠤᠯᠠ ᠴᠢᠳᠠᠮᠵᠢ᠎ᠲᠠᠢ ᠪᠠᠶᠢᠵᠤ᠂ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢ ᠠᠬᠢᠭᠤᠯᠬᠤ᠎ᠨᠢ ᠬᠡᠦᠬᠡᠳ᠎ᠤᠳ᠎ᠲᠤ ᠨᠠᠩ ᠡᠷᠬᠡ ᠲᠡᠭᠰᠢ᠂ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠬᠦᠷᠲᠡᠭᠡᠬᠦ᠎ᠳ᠋ᠤ ᠴᠢᠬᠤᠯᠠ ᠶᠡᠬᠡ ᠪᠥᠭᠡᠳ ᠠᠯᠤᠰ ᠬᠡᠲᠦ᠎ᠶᠢᠨ ᠠᠴᠢ ᠬᠣᠯᠪᠣᠭᠳᠠᠯ᠎ᠲᠠᠢ ᠶᠤᠮ︾ ᠭᠡᠵᠦ ᠲᠢᠶᠠᠨ ᠭᠸ ᠬᠡᠯᠡᠨ᠎ᠠ᠃

ᠰᠤᠷᠭᠠᠨ ᠬᠥᠮᠦᠵᠢᠯ᠎ᠤᠨ ᠹᠷᠣᠨᠲ ᠳᠡᠭᠡᠷ᠎ᠡ 30 ᠭᠠᠷᠤᠢ ᠵᠢᠯ ᠬᠤᠪᠢ ᠨᠡᠮᠡᠷᠢ ᠦᠵᠡᠭᠦᠯᠦᠭᠰᠡᠨ ᠠᠷᠠᠳ᠎ᠤᠨ ᠪᠠᠭᠰᠢ ᠪᠣᠯᠤᠭᠰᠠᠨ᠎ᠤ ᠬᠤᠪᠢ᠎ᠳ᠋ᠤ᠂ ᠲᠢᠶᠠᠨ ᠭᠸ ᠰᠤᠷᠤᠭᠴᠢᠳ᠎ᠤᠨ᠎ᠢᠶᠡᠨ ᠪᠠᠭ᠎ᠠ ᠰᠤᠷᠭᠠᠭᠤᠯᠢ᠎ᠡᠴᠠ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠰᠠᠶᠢᠲᠤᠷ ᠰᠤᠷᠤᠯᠴᠠᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠡᠵᠡᠮᠰᠢᠨ ᠬᠡᠷᠡᠭᠯᠡᠵᠦ᠂ ᠶᠡᠷᠦᠩᠬᠡᠶᠢᠯᠡᠭᠰᠡᠨ ᠬᠡᠪ ᠴᠢᠨᠠᠷ᠎ᠢᠶᠡᠨ ᠳᠡᠭᠡᠭᠰᠢᠯᠡᠭᠦᠯᠵᠦ᠂ ᠢᠷᠡᠭᠡᠳᠦᠢ᠎ᠳ᠋ᠤ ᠠᠭᠤᠤ ᠶᠡᠬᠡ ᠡᠭᠡ ᠤᠯᠤᠰ᠎ᠢᠶᠡᠨ ᠪᠦᠳᠦᠭᠡᠨ ᠪᠠᠶᠢᠭᠤᠯᠬᠤ ᠰᠢᠯᠢᠳᠡᠭ ᠴᠢᠳᠠᠪᠤᠷᠢᠲᠠᠨ ᠪᠣᠯᠬᠤ᠎ᠶᠢ ᠴᠢᠩ ᠰᠡᠳᠬᠢᠯ᠎ᠡᠴᠠ᠎ᠪᠠᠨ ᠬᠦᠰᠡᠳᠡᠭ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面