ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-21 10:25:56

ᠵᠣᠬᠢᠶᠠᠭ᠍ᠴᠢ᠄ ​ᠬᠤᠷᠴᠠ ᠭᠣᠣ ᠮᠢᠨ ᠨᠠ ᠣᠩᠱᠢᠭ᠍ᠰᠠᠨ ᠣᠳᠠᠭ᠎ᠠ᠄ 3

9 ᠰᠠᠷ᠎ᠠ ᠤᠢᠷᠠᠳᠤᠵᠤ ᠢᠷᠡᠬᠦ᠎ᠪᠠᠷ᠂ ᠬᠢᠩᠭᠠᠨ ᠠᠶᠢᠮᠠᠭ᠎ᠤᠨ ᠤᠯᠠᠭᠠᠨᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠥᠨᠳᠥᠷ ᠳᠤᠮᠳᠠᠳᠤ᠎ᠶᠢᠨ ᠭᠤᠷᠪᠠᠳᠤᠭᠠᠷ ᠣᠨ᠎ᠤ ᠰᠤᠷᠤᠭᠴᠢᠳ ᠰᠤᠷᠭᠠᠭᠤᠯᠢ ᠡᠬᠢᠯᠡᠬᠦ ᠤᠯᠠᠷᠢᠯ᠎ᠢᠶᠡᠨ ᠤᠷᠢᠳᠴᠢᠯᠠᠨ ᠤᠭᠳᠤᠯ᠎ᠠ᠃

ᠥᠨᠳᠥᠷ ᠳᠤᠮᠳᠠᠳᠤ᠎ᠶᠢᠨ ᠭᠤᠷᠪᠠᠳᠤᠭᠠᠷ ᠣᠨ᠎ᠤ 12 ᠳ᠋ᠤᠭᠠᠷ ᠠᠩᠭᠢ᠎ᠶᠢᠨ ᠬᠢᠴᠢᠶᠡᠯ᠎ᠤᠨ ᠬᠡᠷ᠎ᠲᠤ᠂ ᠰᠤᠷᠤᠭᠴᠢᠳ ᠰᠡᠴᠡᠨᠪᠠᠲᠤ ᠪᠠᠭᠰᠢ᠎ᠶᠢᠨ ᠭᠣᠴᠤ ᠰᠠᠶᠢᠬᠠᠨ ᠬᠢᠴᠢᠶᠡᠯ᠎ᠢ ᠨᠠᠷᠢᠨ ᠬᠢᠨᠠᠮᠠᠭᠠᠶ ᠰᠤᠨᠤᠰᠤᠨ᠎ᠠ᠂ ᠲᠠᠷᠠᠭᠠᠴᠢ᠎ᠶᠢᠨ ᠬᠡᠳᠦᠨ ᠰᠠᠷ᠎ᠠ᠎ᠶᠢᠨ ᠰᠢᠷᠭᠠᠭᠤ ᠬᠠᠲᠠᠭᠤᠵᠢᠯᠲᠠᠶ ᠰᠤᠷᠤᠯᠴᠠᠯᠭ᠎ᠠ᠎ᠪᠠᠷ ᠳᠡᠮᠵᠢᠨ᠂ ᠲᠠᠳᠠ ᠬᠥᠮᠦᠨ᠎ᠤ ᠠᠮᠢᠳᠤᠷᠠᠯ᠎ᠤᠨ ᠴᠢᠬᠤᠯᠠ ᠨᠢᠭᠡᠨ ︽ ᠡᠷᠭᠢᠯᠲᠡ᠎ᠶᠢᠨ ᠴᠡᠭ︾  ᠤᠯᠤᠰ᠎ᠤᠨ ᠨᠢᠭᠡᠳᠦᠯᠲᠡᠢ ᠰᠢᠯᠭᠠᠯᠲᠠ᠎ᠶᠢ ᠤᠭᠲᠤᠨ ᠠᠪᠴᠢᠷᠠᠬᠤ ᠪᠣᠯᠤᠨ᠎ᠠ᠃

ᠰᠤᠷᠤᠭᠴᠢᠳ᠎ᠤᠨ ᠰᠢᠷᠭᠠᠭᠤ ᠬᠠᠲᠠᠭᠤᠵᠢᠯᠲᠠᠶ ᠴᠢᠷᠮᠠᠢᠨ ᠰᠤᠷᠤᠯᠴᠠᠬᠤ ᠪᠠᠶᠢᠳᠠᠯ᠎ᠨᠢ ᠰᠡᠴᠡᠨᠪᠠᠲᠤ ᠪᠠᠬᠰᠢ᠎ᠶᠢ ᠡᠷᠭᠡ ᠦᠭᠡᠢ ᠥᠪᠡᠷ᠎ᠤᠨ ᠬᠢᠨᠢ ᠰᠤᠶᠤᠯ ᠮᠡᠳᠡᠯᠭᠡ᠎ᠶᠢᠨ ᠵᠠᠮ ᠮᠦᠷ᠎ᠢ ᠬᠦᠭᠡᠭᠡᠵᠦ ᠪᠠᠢᠢᠭᠰᠠᠨ ᠤᠨ ᠰᠠᠷ᠎ᠠ᠎ᠶᠢ ᠪᠣᠳᠣᠭᠳᠠᠭᠤᠯᠤᠨ᠎ᠠ᠃ ᠲᠦᠩᠯᠢᠶᠣᠤ ᠬᠤᠳᠠ᠎ᠶᠢᠨ ᠨᠠᠢᠮᠠᠨ ᠬᠣᠰᠢᠭᠤᠨ᠎ᠤ ᠨᠠᠷᠢᠨ ᠰᠤᠮᠤ᠎ᠳ᠋ᠤ ᠦᠰᠴᠤ ᠲᠦᠷᠦᠭᠰᠡᠨᠰᠡᠴᠡᠨᠪᠠᠲᠤᠪᠠᠭ᠎ᠠᠰᠤᠷᠭᠠᠭᠤᠯᠢ᠎ᠳ᠋ᠤ ᠤᠷᠤᠭᠰᠠᠨ᠎ᠡᠴᠠ᠎ᠪᠠᠨ ᠶᠡᠬᠡ ᠰᠤᠷᠭᠠᠭᠤᠯᠢ ᠲᠡᠭᠦᠰᠲᠡᠯ᠎ᠡ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠶᠢᠭᠰᠠᠨ ᠪᠣᠯᠪᠠᠴᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ᠎ᠪᠠᠨ ᠶᠡᠷᠦ᠎ᠡᠴᠠ ᠰᠤᠯᠠᠷᠠᠭᠤᠯᠤᠭᠰᠠᠨ ᠦᠭᠡᠢ᠃ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠳ᠋ᠤ᠂ ᠲᠡᠷᠡ ᠹᠢᠽᠢᠺ᠎ᠤᠨ ᠤᠬᠠᠭᠠᠨ᠎ᠳ᠋ᠤ ᠲᠤᠶᠢᠯ᠎ᠤᠨ ᠳᠤᠷ᠎ᠠ ᠰᠣᠨᠢᠷᠬᠠᠯ᠎ᠲᠠᠢ ᠪᠤᠯᠤᠭᠰᠠᠨ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ᠎ᠪᠠᠨ ᠴᠢᠩᠭᠠᠳᠬᠠᠵᠦ᠂ ᠮᠡᠳᠡᠯᠭᠡ ᠤᠯᠬᠤ ᠠᠷᠭ᠎ᠠ ᠵᠠᠮ᠎ᠢᠶᠡᠨ ᠥᠷᠭᠡᠳᠬᠡᠬᠦ᠎ᠶᠢ᠎ᠨᠢ ᠨᠡᠩ ᠤᠷᠮᠠᠰᠢᠭᠤᠯᠤᠨ ᠵᠣᠷᠢᠭᠵᠢᠭᠤᠯᠵᠠᠶ᠃

ᠶᠡᠬᠡ ᠰᠤᠷᠭᠠᠭᠤᠯᠢ ᠲᠡᠭᠦᠰᠦᠭᠰᠡᠨ᠎ᠤ ᠳᠠᠷᠠᠭ᠎ᠠ᠂ ᠰᠡᠴᠡᠨᠪᠠᠲᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠹᠢᠽᠢᠺ᠎ᠤᠨ ᠬᠢᠴᠢᠶᠡᠯ ᠵᠢᠭᠠᠵᠠᠢ᠃ ᠠᠵᠢᠯ᠎ᠤᠨ ᠤᠷᠴᠢᠨ ᠬᠡᠳᠦᠢᠪᠡᠷ ᠲᠣᠭᠲᠠᠭᠤᠨ ᠲᠠᠭᠠᠯᠠᠮᠵᠢᠲᠠᠢ ᠪᠤᠯᠪᠠᠴᠤ᠂ ᠲᠡᠷᠡ ᠥᠪᠡᠷ᠎ᠢ᠎ᠪᠠᠨ ᠴᠢᠨᠠᠭᠰᠢᠳᠠ ᠳᠡᠭᠡᠭᠰᠢᠯᠡᠭᠦᠯᠬᠦ᠎ᠪᠠᠷ ᠴᠢᠷᠮᠠᠢᠵᠤ᠂ 2005 ᠣᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠪᠠᠭᠰᠢᠯᠠᠬᠤ᠎ᠪᠠᠷ ᠲᠣᠭᠲᠠᠪᠠ᠃

︽ ᠡᠨᠡ ᠬᠦ ᠰᠣᠩᠭᠣᠯᠲᠠ ᠮᠠᠨᠢ ᠳᠡᠷᠭᠡᠳᠡᠬᠢ ᠮᠠᠰᠢ ᠣᠯᠠᠨ ᠬᠥᠮᠦᠰ᠎ᠲᠤ ᠤᠢᠯᠠᠭᠠᠭᠳᠠᠰᠢ ᠦᠭᠡᠢ ᠪᠠᠢᠯ᠎ᠠ᠂ ᠪᠢ ᠪᠤᠰᠤᠳ ᠪᠠᠭᠰᠢ ᠨᠠᠷ᠎ᠤᠨ ᠬᠢᠴᠢᠶᠡᠯᠯᠡᠬᠦ ᠰᠡᠳᠬᠢᠴᠡ ᠠᠷᠭ᠎ᠠ᠎ᠶᠢ ᠣᠶᠢᠯᠠᠭᠠᠶ᠎ᠠ ᠭᠡᠵᠦ ᠶᠡᠬᠡ ᠬᠦᠰᠡᠵᠦ ᠪᠠᠶᠢᠬᠰᠠᠨ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠬᠦᠷᠪᠡᠯ ᠲᠠᠷᠤᠢ ᠪᠦᠬᠦ ᠤᠯᠤᠰ᠎ᠤᠨ ᠰᠢᠯᠢᠳᠡᠭ ᠪᠠᠭᠰᠢ ᠨᠠᠷ᠎ᠲᠠᠢ ᠰᠠᠨᠠᠯ᠎ᠢᠶᠡᠨ ᠰᠣᠯᠢᠯᠴᠠᠬᠤ ᠵᠠᠪᠰᠢᠶᠠᠨ᠎ᠲᠠᠢ ᠪᠣᠯᠤᠨ᠎ᠠ︾ ᠭᠡᠵᠦ ᠰᠡᠴᠡᠨᠪᠠᠲᠤ ᠲᠤᠬᠠᠢ᠎ᠶᠢᠨ ᠦᠶ᠎ᠡ᠎ᠶᠢᠨ ᠪᠠᠢᠳᠠᠯ᠎ᠢᠶᠡᠨ ᠡᠷᠬᠢᠴᠡᠬᠦᠯᠵᠦ ᠪᠠᠢᠯ᠎ᠠ᠃ ᠲᠡᠷᠡ᠂ ᠪᠠᠭᠰᠢ ᠪᠣᠯᠤᠭᠰᠠᠨ᠎ᠤ ᠬᠤᠪᠢ᠎ᠳ᠋ᠤ᠂ ᠪᠢ ᠶᠠᠭᠤᠨ᠎ᠤ ᠡᠮᠦᠨ᠎ᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶᠢᠲᠤᠷ ᠰᠤᠷᠬᠤ ᠬᠡᠷᠡᠭᠲᠡᠶ᠂ ᠢᠩᠭᠢᠪᠡᠯ ᠰᠠᠶᠢ ᠭᠠᠵᠠᠷ ᠣᠷᠣᠨ᠎ᠤ ᠬᠢᠵᠠᠭᠠᠷᠯᠠᠯ᠎ᠢ ᠲᠠᠪᠠᠵᠤ᠂ ᠦᠭᠡ ᠬᠡᠯᠡ ᠥᠰᠥᠭ ᠪᠢᠴᠢᠭ᠎ᠤᠨ ᠬᠠᠷᠰᠢ ᠰᠠᠭᠠᠳ᠎ᠢ ᠳᠠᠪᠠᠵᠤ᠂ ᠡᠷᠳᠡᠮ ᠰᠢᠨᠵᠢᠯᠡᠭᠡᠨ᠎ᠤ ᠲᠠᠯ᠎ᠠ᠎ᠪᠠᠷ᠎ᠬᠢ ᠰᠣᠯᠢᠯᠴᠠᠭ᠎ᠠ᠎ᠪᠠᠨ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠨᠠᠩ ᠣᠯᠠᠨ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠰᠤᠷᠤᠯᠴᠠᠵᠤ᠂ ᠨᠠᠩ ᠣᠯᠠᠨ ᠬᠥᠭᠵᠢᠯᠲᠡ᠎ᠶᠢᠨ ᠠᠵᠠ ᠲᠣᠬᠢᠶᠠᠯ ᠤᠯᠬᠤ᠎ᠳ᠋ᠤ ᠬᠠᠪᠰᠤᠷᠤᠮᠵᠢ ᠪᠣᠯᠵᠣ ᠴᠢᠳᠠᠨ᠎ᠠ ᠭᠡᠯ᠎ᠡ᠃

ᠴᠤ᠋ ᠰᠢᠨ᠎ᠡ ᠣᠷᠴᠢᠨ ᠲᠣᠭᠣᠷᠢᠨ᠎ᠳ᠋ᠤ ᠵᠤᠬᠢᠴᠠᠬᠤ᠎ᠳ᠋ᠤ ᠪᠠᠰᠠ ᠡᠳᠦᠢ ᠲᠡᠳᠦᠢ ᠬᠦᠴᠢᠷᠳᠡᠯ ᠲᠤᠯᠭᠠᠷᠠᠵᠤ ᠪᠠᠢᠪᠠ᠃ ᠭᠡᠪᠡᠴᠦ᠂ ᠰᠡᠴᠡᠨᠪᠡᠲᠤ ᠰᠤᠷᠤᠭᠴᠢᠳ᠎ᠲᠠᠢ᠎ᠪᠠᠨ ᠬᠠᠮᠲᠤ᠎ᠪᠠᠷ ᠲᠠᠪᠰᠢᠵᠤ ᠪᠠᠢᠪᠠ᠃ ᠲᠡᠷᠡ ᠰᠤᠷᠤᠭᠴᠢᠳ᠎ᠲᠠᠭᠠᠨ ᠹᠢᠽᠢᠺ᠎ᠤᠨ ᠮᠡᠳᠡᠯᠭᠡ ᠵᠢᠭᠠᠵᠤ᠂ ᠰᠤᠷᠤᠭᠴᠢᠳ᠎ᠨᠢ ᠲᠡᠭᠦᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠵᠢᠭᠠᠳᠠᠭ ᠪᠠᠢᠯ᠎ᠠ᠃

︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠨᠢ ᠵᠥᠪᠬᠡᠨ ᠨᠡᠶᠢᠭᠡᠮ᠎ᠤᠨ ᠰᠢᠨᠵᠢᠯᠡᠬᠦ ᠤᠬᠠᠭᠠᠨ᠎ᠤ ᠲᠤᠰᠬᠠᠢ ᠮᠡᠷᠭᠡᠵᠢᠯ᠎ᠢ ᠰᠤᠷᠬᠤ᠎ᠳ᠋ᠤ ᠯᠡ ᠠᠰᠢᠭ᠎ᠲᠠᠢ ᠪᠢᠰᠢ᠂ ᠪᠠᠶᠢᠭᠠᠯᠢ᠎ᠶᠢᠨ ᠰᠢᠨᠵᠢᠯᠡᠬᠦ ᠤᠬᠠᠭᠠᠨ᠎ᠳ᠋ᠤ ᠠᠪᠴᠤ ᠬᠡᠯᠡᠭᠰᠡᠨ ᠴᠦ ᠠᠳᠠᠯᠢᠬᠠᠨ ᠠᠴᠢ ᠲᠤᠰᠠ᠎ᠲᠠᠢ ᠶᠤᠮ᠃ ᠹᠢᠽᠢᠺ᠎ᠤᠨ ᠤᠬᠠᠭᠠᠨ᠎ᠤ ᠳᠡᠭᠡᠳᠦ ᠬᠦᠷᠢᠶᠡᠨ᠎ᠳ᠋ᠠᠬᠢ ᠰᠤᠳᠤᠯᠭᠠᠨ᠎ᠳ᠋ᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠡᠵᠡᠮᠰᠢᠪᠡᠯ ᠰᠠᠶᠢ ᠡᠷᠳᠡᠮ ᠰᠢᠨᠵᠢᠯᠡᠭᠡᠨ᠎ᠤ ᠰᠤᠳᠤᠯᠭᠠᠨ᠎ᠤ ᠬᠠᠷᠠᠭ᠎ᠠ᠎ᠪᠠᠨ ᠥᠷᠭᠡᠳᠬᠡᠵᠦ᠂ ᠰᠤᠳᠤᠯᠭᠠᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ ᠴᠢᠳᠠᠨ᠎ᠠ︾᠃ ᠡᠨᠳᠡ ᠬᠦᠷᠲᠡᠯ᠎ᠡ ᠶᠠᠷᠢᠭᠠᠳ ᠰᠡᠴᠡᠨᠪᠠᠲᠤ ᠬᠠᠢᠷᠠᠳᠠᠢ ᠱᠠᠪᠢ ᠪᠤᠶᠠᠨᠬᠡᠰᠢᠭ᠎ᠢᠶᠡᠨ ᠳᠤᠷᠠᠳᠤᠯ᠎ᠠ᠃ ᠴᠢᠩᠬᠤᠸᠠ ᠶᠡᠬᠡ ᠰᠤᠷᠭᠠᠭᠤᠯᠢ᠎ᠶᠢᠨ ᠰᠠᠨᠰᠠᠷ᠎ᠤᠨ ᠠᠶᠠᠯᠠᠯ᠎ᠤᠨ ᠳᠡᠭᠡᠳᠦ ᠰᠤᠷᠭᠠᠭᠤᠯᠢ᠎ᠶᠢᠨ ᠫᠷᠦᠹᠸᠰᠰᠤᠷ᠂ ᠰᠠᠨᠰᠠᠷ᠎ᠤᠨ ᠠᠶᠠᠯᠠᠯ᠎ᠤᠨ ᠠᠯᠤᠰ ᠬᠡᠮᠵᠢᠯᠲᠡ᠎ᠶᠢᠨ ᠲᠤᠰᠬᠠᠢ ᠮᠡᠷᠭᠡᠵᠢᠯᠲᠡᠨ᠂ ᠤᠯᠤᠰ᠎ᠤᠨ ᠭᠠᠷᠮᠠᠭᠠᠢ ᠵᠠᠯᠠᠭᠤᠴᠤᠳ᠎ᠤᠨ ᠰᠠᠭᠤᠷᠢ ᠮᠥᠩᠭᠥ᠎ᠶᠢ ᠬᠦᠷᠳᠡᠭᠴᠢ ᠪᠤᠶᠠᠨᠬᠡᠰᠢᠭ ᠪᠤᠯ ︽ ᠲᠩᠷᠢ᠎ᠶᠢᠨ ᠣᠷᠳᠣᠨ︾᠂ ︽ ᠬᠤᠪᠢᠯᠭᠠᠨ ᠣᠩᠭᠣᠴᠠ︾᠎ᠶᠢ ᠵᠣᠯᠭᠠᠭᠤᠯᠤᠨ ᠵᠠᠯᠭᠠᠬᠤ᠎ᠳ᠋ᠤ ᠤᠯᠠᠨ ᠤᠳᠠᠭ᠎ᠠ ᠣᠷᠣᠯᠴᠠᠵᠤ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠬᠥᠮᠦᠨ ᠠᠴᠢᠶᠠᠯᠠᠭᠰᠠᠨ ᠢᠨᠵᠧᠨᠧᠷᠢᠩ᠎ᠤᠨ ᠬᠠᠮᠤᠭ᠎ᠤᠨ ᠬᠤᠯᠠ ᠵᠠᠢ᠎ᠡᠴᠠ ᠬᠦᠳᠦᠯᠦᠨ ᠵᠢᠯᠣᠭᠣᠳᠬᠤ ᠠᠷᠭ᠎ᠠ ᠪᠤᠳᠤᠯᠭ᠎ᠠ᠎ᠶᠢᠨ ᠵᠢᠷᠤᠭ ᠲᠥᠯᠥᠪᠯᠡᠭᠡ᠎ᠳ᠋ᠤ ᠣᠷᠣᠯᠴᠠᠵᠤ ᠥᠩᠭᠡᠷᠡᠭᠰᠡᠨ ᠪᠦᠭᠡᠳ ᠰᠠᠨᠰᠠᠷ᠎ᠤᠨ ᠠᠶᠠᠯᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠤᠶᠤᠨ᠎ᠢᠶᠡᠨ ᠰᠢᠪᠬᠠᠵᠤ ᠰᠡᠳᠬᠢᠯ᠎ᠢᠶᠡᠨ ᠴᠢᠯᠡᠬᠡᠨ᠎ᠡ᠃

ᠰᠡᠴᠡᠨᠪᠠᠲᠤ᠎ᠶᠢᠨ ᠦᠵᠡᠬᠦ᠎ᠪᠠᠷ᠂ ᠪᠤᠶᠠᠨᠬᠡᠰᠢᠭ ᠠᠵᠢᠯ ᠦᠢᠯᠡᠰ᠎ᠲᠡᠭᠡᠨ ᠲᠠᠰᠤᠷᠠᠯᠲᠠ ᠦᠭᠡᠢ ᠳᠠᠪᠰᠢᠵᠤ ᠠᠮᠵᠢᠯᠲᠠ ᠣᠯᠤᠭᠰᠠᠨ᠎ᠨᠢ ᠲᠡᠬᠦᠨ᠎ᠤ ᠥᠪᠡᠷ᠎ᠤᠨ ᠬᠢᠨᠢ ᠠᠪᠢᠶᠠᠰ ᠴᠢᠳᠠᠪᠤᠷᠢ ᠪᠣᠯᠤᠨ ᠴᠢᠷᠮᠠᠶᠢᠯᠭ᠎ᠠ᠎ᠲᠠᠢ᠎ᠨᠢ ᠰᠠᠯᠤᠰᠢ ᠦᠭᠡᠢ ᠬᠣᠯᠪᠣᠭ᠎ᠠ᠎ᠲᠠᠢ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠭᠰᠠᠨ᠎ᠨᠢ ᠦᠨᠡᠳᠦ ᠡᠷᠳᠡᠨᠢ ᠪᠤᠯᠤᠭᠰᠠᠨ ᠪᠠᠢᠨ᠎ᠠ᠃ ᠲᠡᠷᠡ᠄ ︽ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠪᠣᠯ ᠰᠤᠷᠤᠭᠴᠢᠳ᠎ᠤᠨ ᠰᠠᠨᠠᠯ ᠪᠤᠳᠤᠯ᠎ᠢᠶᠡᠨ ᠰᠣᠯᠢᠯᠴᠠᠨ ᠤᠢᠯᠠᠭᠠᠯᠴᠠᠬᠤ ᠴᠢᠳᠠᠪᠤᠷᠢ᠂ ᠲᠤᠰᠬᠠᠢ ᠮᠡᠷᠭᠡᠵᠢᠯ᠎ᠤᠨ ᠰᠤᠷᠤᠯᠴᠠᠯᠭ᠎ᠠ᠎ᠶᠢᠨ ᠬᠢᠷᠢ ᠪᠦᠲᠦᠮᠵᠢ ᠪᠣᠯᠤᠨ ᠢᠷᠡᠭᠡᠳᠦᠢ᠎ᠶᠢᠨ ᠠᠵᠢᠯ ᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ︾ ᠬᠡᠵᠦ ᠬᠡᠯᠡᠵᠦ ᠪᠠᠢᠯ᠎ᠠ᠃

33 ᠵᠢᠯ ᠪᠠᠭᠰᠢᠯᠠᠭᠰᠠᠨ ᠰᠡᠴᠡᠨᠪᠠᠳᠤ ᠮᠢᠩᠭ᠎ᠠ ᠭᠠᠷᠤᠢ ᠰᠤᠷᠤᠭᠴᠢ ᠬᠦᠮᠦᠵᠢᠬᠦᠯᠵᠡᠢ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠭᠡᠨ᠎ᠤ ᠰᠠᠯᠠᠭ᠎ᠠ᠎ᠶᠢᠨ ᠳᠠᠭᠠᠭᠤᠯᠤᠭᠴᠢ᠂ ᠳᠤᠮᠳᠠᠳᠤ ᠰᠤᠷᠭᠠᠭᠤᠯᠢ᠎ᠶᠢᠨ ᠳᠡᠭᠡᠳᠦ ᠳᠡᠰ᠎ᠤᠨ ᠪᠠᠭᠰᠢ᠂ ᠳᠤᠮᠳᠠᠳᠤ ᠰᠤᠷᠭᠠᠭᠤᠯᠢ᠎ᠶᠢᠨ ᠣᠨᠴᠠ ᠳᠡᠰ᠎ᠤᠨ ᠪᠠᠭᠰᠢ ᠪᠣᠯᠤᠭᠰᠠᠨ ᠲᠡᠷᠡ᠎ᠪᠠᠷ ︽ ᠶᠣᠰᠣ ᠰᠤᠷᠲᠠᠬᠤᠨ᠎ᠢᠶᠠᠷ ᠬᠥᠮᠦᠨ ᠬᠥ᠋ᠮᠦᠵᠢᠭᠦᠯᠬᠦ︾ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠷᠢᠮᠲᠠᠯᠠᠭᠰᠠᠭᠠᠷ᠂ ᠲᠡᠭᠦᠨ᠎ᠤ ᠣᠯᠠᠩᠬᠢ ᠰᠤᠷᠤᠭᠴᠢ᠎ᠨᠢ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ᠂ ᠵᠧᠵᠢᠶᠠᠩ ᠶᠡᠬᠡ ᠰᠤᠷᠭᠠᠭᠤᠯᠢ᠂ ᠬᠠᠷᠪᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠡᠷᠭᠡ ᠨᠡᠷᠡᠲᠦ ᠰᠤᠷᠭᠠᠭᠤᠯᠢ᠎ᠳ᠋ᠤ ᠰᠢᠯᠭᠠᠭᠤᠯᠤᠨ ᠤᠷᠤᠪᠠ᠃

ᠰᠡᠴᠡᠨᠪᠠᠲᠤ᠂ ᠭᠠᠭᠴᠠ ᠬᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠪᠡᠯ ᠰᠠᠶᠢ ᠬᠠᠮᠲᠤ᠎ᠶᠢᠨ ᠲᠠᠨᠢᠯᠲᠠ᠎ᠲᠠᠢ ᠪᠤᠯᠵᠤ᠂ ᠲᠡᠦᠬᠡ ᠪᠠ ᠰᠣᠶᠣᠯ᠎ᠤᠨ ᠬᠠᠮᠳᠤ᠎ᠶᠢᠨ ᠲᠠᠨᠢᠯᠳᠠ᠎ᠪᠠᠨ ᠨᠡᠮᠡᠭᠳᠡᠭᠦᠯᠵᠦ ᠴᠢᠳᠠᠨ᠎ᠠ᠂ ᠤᠯᠠᠨ᠎ᠢᠶᠠᠷ᠎ᠢᠶᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠪᠠᠯ ᠰᠠᠶᠢ᠂ ᠳᠤᠮᠳᠠᠳᠤ᠎ᠶᠢᠨ ᠦᠨᠳᠦᠰᠦᠳᠡᠨ᠎ᠤ ᠠᠭᠤᠤ ᠶᠡᠬᠡ ᠰᠡᠷᠬᠦᠨ ᠮᠠᠨᠳᠤᠯᠳᠠ᠎ᠶᠢ ᠪᠡᠶᠡᠯᠡᠬᠦᠯᠬᠦ ᠠᠤᠭ᠎ᠠ ᠬᠦᠴᠦᠨ᠎ᠢ ᠨᠢᠭᠳᠠᠷᠠᠭᠤᠯᠵᠤ ᠴᠢᠳᠠᠨ᠎ᠠ ᠬᠡᠵᠦ ᠶᠠᠷᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面