ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-18 10:02:24

ᠵᠣᠬᠢᠶᠠᠭ᠍ᠴᠢ᠄ ​ᠯᠢ ᠢᠦᠶ ᠵᠦᠧᠧ ᠣᠩᠱᠢᠭ᠍ᠰᠠᠨ ᠣᠳᠠᠭ᠎ᠠ᠄ 3

ᠤᠳᠬᠤᠨ᠂ ᠬᠥᠯᠥᠨ ᠪᠣᠶᠢᠷ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠵᠠᠬᠢᠷᠤᠯ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠢᠯᠠᠭᠠᠬᠤ᠎ᠳ᠋ᠤ ᠠᠨᠠᠢᠬᠠᠨ ᠪᠠᠢᠭᠰᠠᠨ ᠮᠣᠩᠭᠣᠯ ᠦᠨᠳᠦᠰᠦᠲᠡᠨ᠎ᠤ ᠨᠢᠭᠡᠨ ᠵᠠᠯᠠᠭᠤ ᠰᠤᠷᠤᠭᠴᠢ᠎ᠡᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠡᠦᠬᠡ᠎ᠶᠢᠨ ᠳ᠋ᠣᠺᠲ᠋ᠣᠷ ᠪᠤᠯᠵᠤ᠂ ᠲᠠᠷᠢᠶᠠᠴᠢᠨ ᠠᠶᠢᠯ᠎ᠤᠨ ᠬᠡᠦᠬᠡᠳ ᠪᠠᠶᠢᠭᠰᠠᠨ᠎ᠡᠴᠠ᠎ᠪᠠᠨ ᠶᠡᠬᠡ ᠰᠤᠷᠭᠠᠭᠤᠯᠢ᠎ᠶᠢᠨ ᠤᠳᠤᠷᠢᠳᠤᠯᠭ᠎ᠠ ᠪᠤᠯᠵᠤ᠂ ᠤᠳᠬᠤᠨ ᠦᠶ ᠲᠦᠮᠡᠨ ᠰᠤᠷᠤᠭᠴᠢᠳ᠎ᠤᠨ ᠦᠯᠢᠭᠡᠷ ᠳᠠᠭᠤᠷᠢᠶᠠᠯ ᠪᠤᠯᠪᠠ᠃

ᠤᠯᠤᠰ ᠲᠥᠷᠥ᠎ᠶᠢᠨ ᠵᠥᠪᠯᠡᠯᠭᠡᠨ᠎ᠤ ᠬᠥᠯᠥᠨ ᠪᠣᠶᠢᠷ ᠬᠣᠲᠠ᠎ᠶᠢᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠭᠡᠰᠢᠭᠦᠨ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠨᠠᠷᠠᠲᠤ ᠪᠠᠭᠰᠢ᠂ ᠪᠥᠬᠥ ᠤᠯᠤᠰ᠎ᠤᠨ ᠪᠠᠭᠰᠢ᠎ᠶᠢᠨ ᠰᠤᠷᠭᠠᠨ ᠬᠥᠮᠦᠵᠢᠯ᠎ᠤᠨ ᠰᠤᠳᠤᠯᠭᠠᠨ᠎ᠤ ᠨᠡᠶᠢᠭᠡᠮᠯᠢᠭ᠎ᠤᠨ ᠪᠠᠭ᠎ᠠ ᠰᠤᠷᠭᠠᠭᠤᠯᠢ᠎ᠶᠢᠨ ᠪᠠᠭᠰᠢ᠎ᠶᠢᠨ ᠰᠤᠷᠭᠠᠨ ᠬᠥᠮᠦᠵᠢᠯ᠎ᠤᠨ ᠵᠥᠪᠯᠡᠯ᠎ᠤᠨ ᠪᠠᠶᠢᠩᠭᠤ᠎ᠶᠢᠨ ᠬᠡᠷᠡᠭ ᠡᠷᠬᠢᠯᠡᠭᠴᠢ᠂ ᠪᠥᠬᠥ ᠤᠯᠤᠰ᠎ᠤᠨ ᠲᠣᠭᠠᠨ᠎ᠤ ᠤᠬᠠᠭᠠᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠤᠨ ᠰᠤᠳᠤᠯᠭᠠᠨ᠎ᠤ ᠨᠡᠶᠢᠭᠡᠮᠯᠢᠭ᠎ᠤᠨ ᠪᠠᠶᠢᠩᠭᠤ᠎ᠶᠢᠨ ᠬᠡᠷᠡᠭ ᠡᠷᠬᠢᠯᠡᠭᠴᠢ᠂ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠠᠰᠫᠢᠷᠠᠨᠲ᠎ᠤᠨ ᠵᠢᠯᠣᠭᠣᠳᠣᠭᠴᠢ ᠪᠠᠭᠰᠢ᠂ ᠳᠤᠮᠳᠠᠳᠤ ᠤᠯᠤᠰ᠎ᠤᠨ ᠨᠡᠶᠢᠭᠡᠮ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠤᠨ ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠤ ᠠᠵᠢᠯ᠎ᠤᠨ ᠥᠷᠲᠡᠭᠡ᠎ᠶᠢᠨ ᠫᠤᠰᠲ ᠳ᠋ᠣᠺᠲ᠋ᠣᠷᠠᠨᠲ᠎ᠤᠨ ᠬᠠᠮᠲᠤᠷᠠᠭᠰᠠᠨ ᠵᠢᠯᠣᠭᠣᠳᠣᠭᠴᠢ ᠪᠠᠭᠰᠢ ᠁ ᠡᠲᠡᠭᠡᠷ ᠠᠮᠵᠢᠯᠲᠠ ᠪᠦᠲᠦᠮᠵᠢ ᠪᠠ ᠢᠷᠠᠭᠤ ᠠᠯᠳᠠᠷ᠎ᠢ ᠤᠯᠬᠤ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠶᠡᠭᠡᠭᠡᠨ ᠦᠢᠯᠡᠳᠦᠯ ᠦᠵᠡᠬᠦᠯᠦᠭᠰᠡᠨ ᠶᠤᠮ ᠬᠡᠵᠦ ᠤᠳᠬᠤᠨ ᠶᠠᠷᠢᠨ᠎ᠠ᠃

ᠲᠡᠷᠡ᠂ ᠦᠪᠡᠷ᠎ᠤᠨ ᠣᠯᠠᠨ ᠵᠢᠯ᠎ᠤᠨ ᠰᠤᠷᠤᠯᠴᠠᠯᠭ᠎ᠠ ᠪᠠ ᠠᠵᠢᠯ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ᠎ᠲᠤ ᠠᠪᠴᠤ ᠬᠡᠯᠡᠪᠡᠯ᠂ ᠢᠯᠡᠬᠦᠦ ᠨᠢᠬᠡ ᠬᠡᠯᠡ ᠰᠤᠷᠬᠤ᠎ᠨᠢ ᠢᠯᠡᠬᠦᠦ ᠨᠢᠬᠡ ᠰᠡᠳᠬᠢᠬᠦᠢ᠎ᠲᠠᠢ ᠪᠤᠯᠵᠤ᠂ ᠢᠯᠡᠭᠦᠦ ᠨᠢᠭᠡ ᠴᠢᠳᠠᠪᠤᠷᠢ᠎ᠶᠢ ᠡᠵᠡᠮᠰᠢᠵᠦ᠂ ᠢᠯᠡᠭᠦᠦ ᠨᠢᠭᠡ ᠭᠠᠷᠬᠤ ᠵᠠᠮ᠎ᠲᠠᠢ ᠪᠤᠯᠤᠨ᠎ᠠ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠬᠤᠪᠢ ᠬᠥᠮᠦᠨ᠎ᠤ ᠦᠰᠦᠯᠳᠠ ᠪᠣᠶᠢᠵᠢᠯᠲᠠ᠂ ᠦᠨᠳᠦᠰᠦᠲᠡᠨ᠎ᠤ ᠲᠠᠪᠰᠢᠯᠳᠠ ᠪᠠ ᠤᠯᠤᠰ᠎ᠤᠨ ᠬᠥᠭᠵᠢᠯᠲᠡ᠎ᠳ᠋ᠤ ᠮᠠᠰᠢ ᠶᠡᠬᠡ ᠠᠰᠢᠭ ᠲᠤᠰᠠ᠎ᠲᠠᠢ ᠶᠤᠮ ᠬᠡᠵᠦ ᠦᠵᠡᠨ᠎ᠡ᠃

ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ᠎ᠳ᠋ᠤ ᠲᠦᠷᠦᠵᠦ ᠥᠰᠦᠭᠰᠡᠨ ᠤᠳᠬᠤᠨ ᠬᠠᠷᠠᠬᠠᠨ ᠪᠠᠭ᠎ᠠ᠎ᠡᠴᠠ᠎ᠪᠠᠨ ᠴᠥᠭᠡᠨ ᠲᠣᠭᠠᠲᠤ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠵᠦ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠡᠴᠠ᠎ᠪᠠᠨ ᠰᠠᠶᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠠᠢ᠃

ᠶᠡᠬᠡ ᠰᠤᠷᠭᠠᠭᠤᠯᠢ᠎ᠳ᠋ᠤ ᠣᠷᠣᠬᠤ ᠦᠶᠡᠰ᠂ ᠲᠡᠭᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠢᠷᠢ ᠲᠦᠪᠰᠢᠨ᠎ᠨᠢ ᠪᠦᠬᠦ ᠠᠩᠭᠢ᠎ᠶᠢᠨ᠎ᠢᠶᠡᠨ ᠰᠡᠬᠦᠯ᠎ᠳ᠋ᠤ ᠤᠷᠤᠵᠦ ᠪᠠᠢᠵᠠᠢ᠃

1988 ᠣᠨ᠎ᠳ᠋ᠤ ᠤᠳᠬᠠᠨ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠡᠴᠠ ᠲᠡᠭᠦᠰᠦᠭᠰᠡᠨ᠎ᠤ ᠲᠠᠷᠠᠭ᠎ᠠ᠂ ᠬᠥᠯᠥᠨ ᠪᠤᠢᠷ ᠳᠡᠭᠡᠳᠦ ᠰᠤᠷᠭᠠᠭᠤᠯᠢ᠎ᠳ᠋ᠤ ᠠᠵᠢᠯᠯᠠᠪᠠ᠃ ᠡᠭᠦᠨ᠎ᠡᠴᠠ ᠬᠣᠶᠢᠰᠢ᠂ ᠤᠳᠬᠤᠨ ᠤᠷᠢᠳ ᠬᠣᠵᠢᠳ 5 ᠠᠩᠬᠢ᠎ᠶᠢᠨ ᠠᠩᠬᠢ᠎ᠶᠢᠨ ᠡᠷᠬᠢᠯᠡᠭᠴᠢ ᠪᠤᠯᠵᠤ ᠦᠩᠭᠡᠷᠡᠪᠡ᠂ ᠡᠭᠦᠨ᠎ᠳ᠋ᠤ 3 ᠠᠩᠬᠢ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ ᠠᠩᠬᠢ ᠪᠠᠢᠵᠠᠢ᠃ ᠪᠢ ᠲᠤᠰᠬᠠᠶᠢᠯᠠᠨ 3 ᠬᠤᠭᠤᠴᠠᠭᠠᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ ᠠᠩᠬᠢ᠎ᠶᠢ ᠳᠠᠭᠠᠭᠤᠯᠤᠭᠰᠠᠨ ᠬᠡᠵᠦ ᠳᠡᠷᠡ ᠶᠠᠷᠢᠨ᠎ᠠ᠃

ᠵᠢᠭᠠᠨ ᠰᠤᠷᠭᠠᠯᠳᠠ᠎ᠶᠢᠨ ᠳᠤᠮᠳᠠ᠂ ᠰᠤᠷᠤᠭᠴᠢᠳ ᠳᠡᠬᠦᠨ᠎ᠡᠴᠠ ᠳᠤᠭᠠᠨ᠎ᠤ ᠤᠬᠭᠠᠨ᠎ᠤ ᠳᠤᠰᠬᠠᠢ ᠮᠡᠷᠬᠡᠵᠢᠯ ᠰᠤᠷᠴᠤ᠂ ᠳᠡᠷᠡ ᠰᠤᠷᠤᠭᠴᠢᠳ᠎ᠲᠤ ᠵᠢᠭᠠᠵᠤ ᠰᠤᠷᠭᠠᠬᠤ᠎ᠪᠠᠷ ᠳᠠᠮᠵᠢᠨ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠬᠢᠷᠢ ᠲᠦᠪᠰᠢᠨ᠎ᠢᠶᠡᠨ ᠳᠡᠬᠡᠭᠰᠢᠯᠡᠬᠦᠯᠵᠦ ᠪᠠᠢᠯ᠎ᠠ᠃

1999 ᠣᠨ᠎ᠳ᠋ᠤ ᠤᠳᠬᠤᠨ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠲᠣᠭᠠᠨ᠎ᠤ ᠤᠬᠠᠭᠠᠨ᠎ᠤ ᠲᠤᠰᠬᠠᠢ ᠮᠡᠷᠭᠡᠵᠢᠯ᠎ᠤᠨ ᠮᠠᠰᠲ᠋ᠧᠷ ᠴᠣᠯᠠ ᠬᠠᠮᠠᠭᠠᠯᠠᠵᠠᠢ︔ 2014 ᠣᠨ᠎ᠳ᠋ᠤ ᠪᠠᠷᠠᠭᠤᠨ ᠬᠣᠶᠢᠲᠤ᠎ᠶᠢᠨ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠡᠦᠬᠡ᠎ᠶᠢᠨ ᠳ᠋ᠣᠺᠲ᠋ᠣᠷ ᠴᠣᠯᠠ ᠬᠠᠮᠠᠭᠠᠯᠠᠪᠠ᠃

ᠤᠳᠬᠤᠨ᠎ᠤ ᠦᠵᠡᠬᠦ᠎ᠪᠠᠷ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠳᠤᠷ ᠰᠤᠷᠴᠤ ᠡᠵᠡᠮᠰᠢᠬᠦ ᠦᠭᠡᠢ ᠶᠤᠮ ᠪᠣᠯ ᠲᠣᠭᠠᠨ᠎ᠤ ᠤᠬᠠᠭᠠᠨ ᠪᠠ ᠪᠤᠰᠤᠳ ᠲᠤᠰᠬᠠᠶ ᠮᠡᠷᠭᠡᠵᠢᠯ᠎ᠢ ᠴᠦ ᠰᠠᠶᠢᠨ ᠰᠤᠷᠴᠤ ᠴᠢᠳᠠᠬᠤ ᠦᠭᠡᠢ᠃ ᠬᠡᠷᠪᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠣᠷᠣᠭᠰᠠᠨ ᠦᠭᠡᠢ ᠶᠤᠮ ᠪᠣᠯ᠂ ᠲᠡᠷᠡ ᠠᠰᠫᠢᠷᠠᠨᠲ᠂ ᠳ᠋ᠣᠺᠲ᠋ᠣᠷᠠᠨᠲ᠎ᠢᠶᠠᠷ ᠰᠢᠯᠭᠠᠭᠤᠯᠤᠨ ᠣᠷᠣᠵᠤ ᠲᠡᠢᠯᠬᠦ ᠦᠭᠡᠢ ᠶᠤᠮ᠃ ᠤᠴᠢᠷ᠎ᠨᠢ ᠮᠡᠳᠡᠯᠭᠡ᠎ᠶᠢᠨ ᠪᠦᠲᠦᠴᠡ ᠪᠠ ᠰᠡᠳᠬᠢᠬᠦᠶ᠎ᠶᠢᠨ ᠬᠡᠯᠪᠡᠷᠢ ᠳᠠᠩ ᠴᠤᠯᠭᠤᠶ᠂ ᠦᠭᠡ ᠬᠡᠯᠡᠨ᠎ᠤ ᠢᠯᠡᠳᠬᠡᠬᠦ ᠴᠢᠳᠠᠪᠤᠷᠢ ᠬᠦᠢᠴᠡᠳ ᠦᠭᠡᠢ᠂ ᠪᠦᠬᠦ ᠤᠯᠤᠰ᠎ᠤᠨ ᠠᠵᠢᠯ ᠨᠢᠭᠡᠲᠡᠨ᠎ᠲᠠᠢ᠎ᠪᠠᠨ ᠬᠠᠷᠢᠯᠴᠠᠬᠤ᠎ᠶᠢᠨ ᠠᠷᠭ᠎ᠠ ᠦᠭᠡᠢ᠃

ᠤᠳᠤ ᠤᠳᠬᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠡᠦᠬᠡ᠂ ᠲᠣᠭᠠᠨ᠎ᠤ ᠤᠬᠠᠭᠠᠨ᠂ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ ᠵᠡᠷᠭᠡ 3 ᠨᠠᠶᠢᠵᠠ᠎ᠶᠢᠨ ᠲᠣᠭᠣᠷᠢᠭ᠎ᠲᠠᠢ᠃ ᠡᠲᠡᠭᠡᠷ ᠨᠠᠶᠢᠵᠠ᠎ᠶᠢᠨ ᠲᠣᠭᠣᠷᠢᠭ᠎ᠲᠤ ᠲᠡᠷᠡ ᠪᠥᠬᠥ ᠤᠯᠤᠰ᠎ᠤᠨ ᠮᠠᠰᠢ ᠣᠯᠠᠨ ᠲᠤᠰᠬᠠᠶ ᠮᠡᠷᠭᠡᠵᠢᠯᠲᠡᠨ᠎ᠲᠠᠢ ᠪᠦᠷ ᠰᠠᠶᠢᠨ ᠨᠠᠶᠢᠵᠠ ᠪᠤᠯᠤᠯᠴᠠᠵᠠᠢ᠃ ᠲᠡᠳᠡ ᠬᠠᠮᠲᠤ᠎ᠶᠢᠨ ᠦᠭᠡ ᠬᠡᠯᠡ᠎ᠪᠠᠷ ᠰᠠᠨᠠᠯ ᠪᠤᠳᠤᠯ᠎ᠢᠶᠡᠨ ᠰᠣᠯᠢᠯᠴᠠᠵᠦ᠂ ᠡᠷᠳᠡᠮ ᠰᠢᠨᠵᠢᠯᠡᠭᠡᠨ᠎ᠤ ᠲᠤᠬᠠᠢ ᠰᠠᠨᠠᠯ᠎ᠢᠶᠡᠨ ᠰᠤᠯᠢᠯᠴᠠᠬᠰᠠᠨ ᠮᠥᠷᠲᠡᠭᠡᠨ ᠨᠥᠬᠥᠷᠯᠡᠯ᠎ᠢᠶᠡᠨ ᠵᠤᠵᠠᠭᠠᠳᠬᠠᠵᠠᠢ᠃

ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠬᠦ ᠦᠭᠡᠢ ᠪᠣᠯ ᠠᠮᠢᠳᠤᠷᠠᠯ ᠳᠤᠮᠳᠠ ᠪᠠᠰᠠ ᠮᠠᠰᠢ ᠤᠯᠠᠨ ᠬᠠᠷᠰᠢ ᠰᠠᠭᠠᠳ᠎ᠲᠤ ᠲᠤᠯᠭᠠᠷᠠᠨ᠎ᠠ ᠭᠡᠵᠦ ᠤᠳᠬᠤᠨ ᠬᠤᠪᠢ ᠪᠡᠶ᠎ᠡ᠎ᠪᠠᠷ᠎ᠢᠶᠡᠨ ᠦᠩᠭᠡᠷᠡᠬᠦᠯᠦᠭᠰᠡᠨ ᠤᠴᠢᠷ᠎ᠢᠶᠡᠨ ᠡᠷᠬᠢᠴᠡᠬᠦᠯᠤᠯ᠎ᠠ᠃

2019 ᠣᠨ᠎ᠤ ᠡᠬᠢ᠎ᠪᠠᠷ ᠨᠤᠲᠤᠭ᠎ᠲᠠᠭᠠᠨ ᠪᠠᠶᠢᠭᠰᠠᠨ ᠡᠵᠢ᠎ᠨᠢ ᠡᠪᠡᠳᠴᠢᠯᠡᠪᠡ᠃ ᠠᠬ᠎ᠠ ᠡᠭᠡᠴᠢ ᠨᠡᠷ᠎ᠨᠢ ᠤᠳᠬᠤᠨ᠎ᠢ ᠴᠠᠭ᠎ᠢ ᠠᠮᠵᠢᠨ ᠪᠤᠴᠠᠵᠤ ᠢᠷᠡᠬᠦ᠎ᠶᠢ ᠵᠠᠬᠢᠵᠠᠢ᠂ ᠤᠴᠢᠷ᠎ᠨᠢ ᠠᠬ᠎ᠠ ᠡᠬᠡᠴᠢ ᠨᠠᠷ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠭᠰᠡᠨ᠎ᠢᠶᠠᠷ ᠠᠨᠠᠢ ᠪᠤᠯᠬᠤᠷ ᠡᠮᠴᠢ᠎ᠲᠠᠢ ᠰᠢᠭᠤᠳ ᠬᠠᠷᠢᠯᠴᠠᠬᠤ᠎ᠳ᠋ᠤ ᠲᠦᠪᠡᠭ᠎ᠲᠠᠢ ᠪᠠᠢᠵᠦ᠂ ᠶᠡᠬᠡ ᠡᠮᠨᠡᠯᠭᠡ᠎ᠶᠢᠨ ᠬᠣᠷᠢᠶᠠᠨ᠎ᠳ᠋ᠤ ᠤᠴᠢᠬᠤ᠎ᠳ᠋ᠤ ᠲᠦᠬᠦᠮ ᠦᠭᠡᠢ ᠪᠠᠢᠯ᠎ᠠ᠃ ᠲᠡᠢᠨ ᠬᠦ᠂ ᠣᠳᠬᠣᠨ ᠬᠦᠷᠢᠶ᠎ᠡ ᠬᠣᠰᠢᠭᠤᠨ᠎ᠳᠠᠭᠠᠨ ᠰᠡᠩᠳᠡ ᠮᠡᠩᠳᠡ ᠬᠠᠷᠢᠵᠤ ᠢᠷᠡᠨ᠂ ᠡᠵᠢ᠎ᠪᠠᠨ ᠠᠪᠴᠤ ᠲᠦᠩᠯᠢᠶᠣᠤ ᠬᠣᠲᠠ᠎ᠶᠢᠨ ᠶᠡᠬᠡ ᠡᠮᠨᠡᠯᠭᠡ᠎ᠶᠢᠨ ᠬᠤᠷᠢᠶᠠᠨ᠎ᠳ᠋ᠤ ᠬᠦᠷᠴᠦ ᠡᠮᠨᠡᠭᠦᠯᠵᠦ᠂ ᠡᠵᠢ᠎ᠨᠢ ᠤᠳᠠᠯ ᠥᠬᠡᠶ ᠡᠳᠡᠭᠡᠷᠡᠪᠡ᠃

2020 ᠣᠨ᠎ᠤ 9 ᠰᠠᠷ᠎ᠠ᠎ᠳ᠋ᠤ ᠰᠤᠷᠭᠠᠭᠤᠯᠢ ᠡᠬᠢᠯᠡᠭᠰᠡᠨ᠎ᠤ ᠳᠠᠷᠠᠭᠠᠬᠢ ᠨᠢᠭᠡᠳᠦᠭᠡᠷ ᠬᠢᠴᠢᠶᠡᠯ ᠳᠡᠭᠡᠷ᠎ᠡ᠂ ᠤᠳᠬᠤᠨ ᠰᠤᠷᠤᠭᠴᠢᠳ᠎ᠲᠠᠭᠠᠨ ᠥᠪᠡᠷ᠎ᠤᠨ ᠦᠰᠦᠨ ᠪᠣᠶᠢᠵᠢᠵ ᠂ ᠴᠢᠳᠠᠪᠤᠷᠢᠲᠠᠨ ᠪᠣᠯᠤᠭᠰᠠᠨ ᠥᠩᠭᠡᠷᠡᠯᠲᠡ᠎ᠪᠠᠨ ᠶᠠᠷᠢᠵᠤ ᠦᠭᠪᠡ᠃ ᠲᠡᠷᠡ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠬᠤᠪᠢ ᠬᠥᠮᠦᠨ᠎ᠤ ᠬᠥᠭᠵᠢᠯᠲᠡ᠎ᠳ᠋ᠤ ᠠᠰᠢᠭᠲᠠᠢ᠂ ᠦᠨᠳᠦᠰᠦᠲᠡᠨ᠎ᠤ ᠲᠠᠪᠰᠢᠯᠳᠠ᠎ᠳ᠋ᠤ ᠠᠰᠢᠭᠲᠠᠢ ᠪᠥᠭᠡᠳ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳ᠋ᠤ ᠨᠡᠩ ᠠᠰᠢᠭᠲᠠᠢ ᠶᠤᠮ ᠭᠡᠵᠦ ᠤᠴᠢᠷᠯᠠᠵᠠᠢ᠃

ᠤᠳᠬᠤᠨ᠎ᠤ ᠦᠵᠡᠬᠦ᠎ᠪᠠᠷ᠂ ᠬᠦᠮᠦᠨ ᠲᠤᠰ ᠦᠨᠳᠦᠰᠦᠲᠡᠨ᠎ᠤ᠎ᠪᠠᠨ ᠦᠭᠡ ᠬᠡᠯᠡ᠎ᠶᠢ ᠯᠡ ᠰᠤᠷᠤᠯᠴᠠᠪᠠᠯ ︽ ᠭᠠᠳᠠᠭᠰᠢ ᠭᠠᠷᠴᠤ ᠶᠠᠪᠤᠵᠤ︾ ᠳᠡᠶᠢᠯᠬᠦ ᠦᠭᠡᠢ᠂ ᠨᠡᠩ ᠤᠯᠠᠨ ᠮᠡᠳᠡᠯᠭᠡ᠎ᠶᠢ ᠡᠵᠡᠮᠰᠢᠵᠦ ᠳᠡᠶᠢᠯᠬᠦ ᠦᠭᠡᠢ᠂ ᠰᠢᠨ᠎ᠡ ᠴᠠᠭ ᠦᠶ᠎ᠡ᠎ᠶᠢᠨ ᠨᠡᠶᠢᠭᠡᠮ᠎ᠤᠨ ᠶᠡᠬᠡ ᠣᠷᠴᠢᠨ᠎ᠳ᠋ᠤ ᠠᠭᠤᠰᠤᠯᠴᠠᠵᠤ ᠲᠡᠢᠯᠬᠦ ᠦᠭᠡᠢ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠦᠭᠡᠢ ᠪᠣᠯ᠂ ᠠᠮᠢᠳᠤᠷᠠᠬᠤ ᠴᠢᠳᠠᠪᠤᠷᠢ ᠲᠠᠩ ᠴᠤᠯᠭᠤᠢ᠂ ᠦᠭᠡ ᠬᠡᠯᠡᠡ᠎ᠤ ᠤᠯᠤᠯᠴᠠᠭ᠎ᠠ ᠰᠢᠯᠤᠭᠤᠨ ᠪᠢᠰᠢ᠂ ᠢᠷᠡᠭᠡᠳᠦᠢ᠎ᠳ᠋ᠤ ᠠᠵᠢᠯ ᠤᠯᠬᠤ ᠵᠠᠮ ᠢᠪᠴᠤᠤ ᠪᠠᠢᠳᠠᠬ᠃ ᠲᠡᠷᠡ᠂ ᠦᠷᠭᠡᠨ ᠤᠯᠠᠨ ᠵᠠᠯᠠᠭᠤᠴᠤᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠢᠳᠡᠪᠬᠢᠲᠡᠢ ᠰᠠᠨᠠᠭᠠᠴᠢᠯᠠᠭ᠎ᠠ᠎ᠡᠴᠠ᠎ᠪᠠᠨ ᠰᠠᠶᠢᠲᠤᠷ ᠰᠤᠷᠤᠯᠴᠠᠵᠤ᠂ ᠰᠢᠨ᠎ᠡ ᠴᠠᠭ ᠦᠶ᠎ᠡ᠎ᠶᠢᠨ ᠪᠦᠲᠦᠭᠡᠨ ᠪᠠᠶᠢᠭᠤᠯᠤᠭᠴᠢ ᠪᠣᠯᠬᠤ᠎ᠶᠢ ᠬᠦᠰᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄
兼容浏览器的HTML页面