ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-27 19:06:59

ᠵᠣᠬᠢᠶᠠᠭ᠍ᠴᠢ᠄ ᠳᠠᠳᠤᠯᠭ᠎ᠠ᠎ᠶᠢᠨ ᠰᠤᠷᠪᠤᠯᠵᠢᠯᠠᠭᠴᠢ ᠯᠢ ᠼᠦᠨ ᠰᠢᠶᠠ ᠣᠩᠱᠢᠭ᠍ᠰᠠᠨ ᠣᠳᠠᠭ᠎ᠠ᠄ 3

︽ ᠦᠭᠡ ᠬᠡᠯᠡ ᠦᠰᠦᠭ ᠪᠢᠴᠢᠭ ᠪᠣᠯ ᠰᠣᠯᠢᠯᠴᠠᠭᠠᠨ᠎ᠤ ᠴᠢᠬᠤᠯᠠ ᠪᠠᠭᠠᠵᠢ ᠮᠥᠨ᠃ 30 ᠵᠢᠯ ᠪᠠᠭᠰᠢᠯᠠᠬᠤ᠎ᠪᠠᠷ ᠲᠠᠮᠵᠢᠨ ᠪᠢ᠂ ᠦᠰᠦᠨ ᠪᠣᠶᠢᠵᠢᠬᠤ ᠱᠠᠳᠤᠨ᠎ᠳ᠋ᠤ᠎ᠪᠠᠨ ᠪᠠᠶᠢᠭ᠎ᠠ ᠰᠤᠷᠤᠭᠴᠢᠳ ᠤᠯᠠᠨ ᠵᠦᠢᠯ᠎ᠤᠨ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠰᠢᠬᠦ᠎ᠨᠢ ᠲᠡᠳᠡᠨ᠎ᠤ ᠤᠯᠠᠨ ᠡᠰᠢᠴᠢᠯᠡᠭᠰᠡᠨ ᠰᠡᠳᠬᠢᠬᠦᠢ᠎ᠶᠢᠨ ᠠᠷᠭ᠎ᠠ ᠬᠡᠯᠪᠡᠷᠢ᠎ᠶᠢ ᠪᠤᠢ ᠪᠤᠯᠭᠠᠵᠤ᠂ ᠠᠰᠠᠭᠤᠳᠠᠯ᠎ᠢ ᠤᠢᠯᠠᠭᠠᠨ ᠵᠠᠳᠠᠯᠬᠤ ᠪᠠ ᠠᠰᠠᠭᠤᠳᠠᠯ᠎ᠢ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ᠎ᠳ᠋ᠤ ᠴᠦᠮ ᠠᠰᠢᠭᠲᠠᠢ ᠭᠡᠳᠡᠭ᠎ᠢ ᠪᠡᠶᠡᠴᠢᠯᠡᠨ ᠣᠶᠢᠯᠠᠭᠠᠵᠠᠢ᠃ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ᠎ᠲᠤ ᠠᠪᠴᠤ ᠬᠡᠯᠡᠪᠡᠯ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠲᠠᠷᠤᠢ ᠢᠯᠡᠬᠦᠦ ᠨᠢᠭᠡ ᠵᠦᠢᠯ᠎ᠤᠨ ᠤᠷ᠎ᠠ ᠴᠢᠳᠠᠪᠤᠷᠢ᠂ ᠢᠯᠡᠬᠦᠦ ᠨᠢᠭᠡ ᠵᠦᠢᠯ᠎ᠤᠨ ᠰᠡᠳᠬᠢᠴᠡ᠎ᠲᠠᠢ ᠪᠤᠯᠵᠤ᠂ ᠨᠡᠶᠢᠭᠡᠮ᠎ᠳ᠋ᠤ ᠨᠡᠩ ᠰᠠᠢᠨ ᠠᠭᠤᠰᠤᠯᠴᠠᠵᠤ᠂ ᠨᠡᠩ ᠤᠯᠠᠨ ᠬᠥᠭᠵᠢᠯᠲᠡ᠎ᠶᠢᠨ ᠠᠵᠠ ᠲᠣᠬᠢᠶᠠᠯ᠎ᠲᠠᠢ ᠪᠤᠯᠬᠤ᠎ᠶᠢ ᠬᠠᠷᠠᠭᠤᠯᠵᠤ ᠪᠠᠢᠨ᠎ᠠ︾ ᠭᠡᠵᠦ ᠬᠥᠬᠡᠬᠣᠲᠠ᠎ᠶᠢᠨ ᠲᠦᠮᠡᠳ ᠳᠤᠮᠳᠠᠳᠤ ᠰᠤᠷᠭᠠᠭᠤᠯᠢ᠎ᠶᠢᠨ ᠠᠯᠪᠠᠨ ᠬᠡᠷ᠎ᠤᠨ ᠳᠡᠳ᠋ ᠡᠷᠬᠢᠯᠡᠭᠴᠢ ᠲᠤᠷᠤᠨ᠎ᠠ ᠤᠢᠷ᠎ᠠ᠎ᠳ᠋ᠤ ᠰᠤᠷᠪᠤᠯᠵᠢᠯᠠᠭ᠎ᠠ ᠬᠦᠯᠢᠶᠡᠬᠦ᠎ᠳ᠋ᠡᠭᠡᠨ ᠶᠡᠷᠢᠯ᠎ᠠ᠃

ᠤᠯᠠᠭᠠᠨᠬᠠᠳᠠ ᠨᠤᠳᠤᠭᠳᠠᠢ ᠲᠤᠷᠤᠨ᠎ᠠ ᠪᠠᠭ᠎ᠠ᠎ᠳᠠᠭᠠᠨ ᠡᠮᠡᠭᠡ᠎ᠪᠠᠨ ᠲᠠᠭᠠᠵᠤ ᠮᠠᠯᠵᠢᠬᠤ ᠤᠷᠤᠨ᠎ᠳ᠋ᠤ ᠠᠮᠢᠳᠤᠷᠠᠵᠤ ᠪᠠᠶᠢᠵᠠᠶ᠃ ︽ ᠮᠠᠯᠵᠢᠬᠤ ᠣᠷᠣᠨ᠎ᠳ᠋ᠤ ᠠᠮᠢᠳᠤᠷᠠᠵᠤ ᠪᠠᠶᠢᠬᠤ᠎ᠳᠠᠭᠠᠨ ᠪᠢ ᠭᠣᠣᠯᠳᠠᠭᠤ ᠦᠨᠳᠦᠰᠦᠲᠡᠨ᠎ᠤ ᠦᠭᠡ ᠬᠡᠯᠡ᠎ᠪᠠᠷ ᠶᠠᠷᠢᠳᠠᠭ᠋᠂ ᠬᠤᠳᠠ᠎ᠳ᠋ᠤ ᠣᠷᠣᠵᠤ ᠪᠠᠭ᠎ᠠ ᠰᠤᠷᠭᠠᠭᠤᠯᠢ᠎ᠳ᠋ᠤ ᠰᠤᠷᠤᠯᠴᠠᠬᠤ ᠪᠤᠯᠤᠭᠰᠠᠨ᠎ᠤ ᠲᠠᠷᠠᠭ᠎ᠠ᠂ ᠠᠪᠤ᠋ ᠡᠵᠢ ᠨᠠᠮᠠᠶᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠳ᠋ᠤ ᠰᠤᠷᠤᠯᠴᠠᠭᠤᠯᠬᠤ᠎ᠪᠠᠷ ᠲᠣᠭᠲᠠᠪᠠ᠃ ᠮᠢᠨᠦ ᠡᠴᠢᠭᠡ ᠡᠬᠡ ᠪᠣᠯ ᠴᠥᠮ ᠳᠡᠭᠡᠷ᠎ᠡ ᠵᠠᠭᠤᠨ᠎ᠤ ᠵᠢᠷᠠᠭᠠᠳ ᠣᠨ᠎ᠤ ᠶᠡᠬᠡ ᠰᠤᠷᠭᠠᠭᠤᠯᠢ ᠲᠡᠭᠦᠰᠦᠭᠰᠡᠨ ᠣᠶᠤᠲᠠᠨ ᠪᠠᠢᠵᠦ᠂ ᠬᠣᠶᠠᠭᠤᠯᠠ ᠴᠦᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠨ ᠬᠡᠷᠡᠭᠯᠡᠳᠡᠭ᠃ ᠲᠠᠳᠠ ᠦᠵᠡᠬᠦ᠎ᠪᠠᠷ᠂ ᠭᠠᠭᠴᠠ ᠬᠦ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠰᠤᠷᠤᠯᠴᠠᠪᠠᠯ᠂ ᠡᠳᠤᠷ ᠲᠤᠳᠤᠮ᠎ᠤᠨ ᠠᠮᠢᠳᠤᠷᠡᠯ ᠰᠤᠷᠤᠯᠭ᠎ᠠ᠂ ᠦᠨᠳᠤᠰᠤᠳᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ᠎ᠶᠢᠨ ᠠᠯᠢ ᠭᠤᠬᠴᠤᠭᠠᠨ᠎ᠳ᠋ᠤ ᠬᠡᠯᠡᠭᠰᠡᠨ ᠴᠤ ᠴᠥᠮ ᠵᠣᠬᠢᠬᠤ ᠬᠡᠮᠵᠢᠶᠡᠨ᠎ᠤ ᠬᠢᠵᠠᠭᠠᠷᠳᠠᠮᠠᠯ ᠴᠢᠨᠠᠷᠲᠠᠶ ᠶᠤᠮ᠃ ᠠᠪᠤ᠋ ᠡᠵᠢ ᠮᠢᠨᠢ ᠨᠠᠳᠠ᠎ᠶᠢ ᠬᠤᠯᠠ ᠶᠠᠪᠤᠵᠦ ᠦᠨᠳᠤᠷ᠎ᠲᠤ ᠨᠢᠰᠬᠦ᠎ᠶᠢ ᠬᠦᠰᠡᠳᠡᠭ ᠲᠤᠯᠠ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠴᠤ ᠡᠵᠡᠮᠰᠢᠬᠦ᠎ᠶᠢ ᠲᠦᠢᠯ᠎ᠢᠶᠠᠷ ᠬᠦᠨᠳᠤᠳᠬᠡᠨ ᠦᠵᠡᠳᠡᠭ ᠪᠠᠢᠯ᠎ᠠ︾ ᠭᠡᠵᠦ ᠲᠤᠷᠤᠨ᠎ᠠ ᠡᠷᠬᠢᠴᠡᠬᠦᠯᠤᠨ ᠬᠡᠯᠡᠨ᠎ᠠ᠃

ᠲᠤᠷᠤᠨ᠎ᠠ ᠰᠠᠶᠢ ᠰᠤᠷᠭᠠᠭᠤᠯᠢ᠎ᠶᠢᠨ ᠪᠤᠱᠤᠭ᠎ᠠ᠎ᠶᠢ ᠠᠯᠬᠤᠨ ᠤᠷᠤᠬᠤ᠎ᠳ᠋ᠤ᠂ ᠠᠪᠤ᠋ ᠡᠵᠢ᠎ᠨᠢ ᠲᠡᠭᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠵᠦ ᠪᠠᠢᠭ᠎ᠠ ᠰᠤᠷᠭᠠᠭᠤᠯᠢ᠎ᠶᠢᠨ ᠵᠢᠭᠠᠨ ᠰᠤᠷᠭᠠᠯᠳᠠ᠎ᠶᠢᠨ ᠠᠬᠢᠴᠠ᠎ᠶᠢ ᠲᠠᠭᠠᠵᠤ ᠠᠮᠵᠢᠬᠤ ᠦᠭᠡᠢ᠎ᠡᠴᠠ ᠵᠣᠪᠠᠵᠤ ᠪᠠᠶᠢᠪᠠ᠃ ︽ ᠦᠨᠡᠨ᠎ᠳ᠋ᠡᠭᠡᠨ ᠪᠢ ᠮᠠᠰᠢ ᠲᠦᠷᠭᠡᠨ᠎ᠢᠶᠠᠷ ᠰᠤᠷᠴᠤ᠂ ᠡᠯ᠎ᠡ ᠬᠢᠴᠢᠶᠡᠯ᠎ᠤᠨ ᠬᠢᠷᠢ ᠪᠦᠲᠦᠮᠵᠢ ᠴᠦ ᠮᠠᠰᠢ ᠰᠠᠶᠢᠨ ᠪᠠᠢᠪᠠ᠃ ᠮᠢᠨᠦ ᠪᠣᠳᠣᠬᠤ᠎ᠪᠠᠷ ᠬᠡᠦᠬᠡᠳ᠎ᠤᠨ ᠬᠡᠯᠡ ᠰᠤᠷᠬᠤ ᠴᠢᠳᠠᠪᠤᠷᠢ ᠶᠡᠬᠡ ᠰᠠᠶᠢᠨ᠂ ᠢᠯᠡᠭᠦᠦ ᠨᠢᠭᠡ ᠵᠦᠢᠯ᠎ᠤᠨ ᠬᠡᠯᠡ ᠰᠤᠷᠬᠤ᠎ᠨᠢ ᠬᠡᠦᠬᠡᠳ᠎ᠲᠤ ᠠᠪᠴᠤ ᠬᠡᠯᠡᠪᠡᠯ ᠲᠤᠩ ᠰᠠᠢᠨ ᠶᠤᠮ᠃ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠥᠮᠦᠵᠢᠯ᠎ᠢ ᠰᠢᠰᠲ᠋ᠧᠮ᠎ᠲᠠᠢ ᠬᠦᠷᠳᠡᠭᠰᠡᠨ᠎ᠨᠢ ᠮᠢᠨᠤ ᠬᠣᠵᠢᠮ᠎ᠤᠨ ᠰᠤᠷᠤᠯᠴᠠᠯᠭ᠎ᠠ ᠪᠠ ᠠᠵᠢᠯ᠎ᠳ᠋ᠤ ᠲᠤᠶᠢᠯ᠎ᠤᠨ ᠴᠢᠬᠤᠯᠠ ᠰᠠᠭᠤᠷᠢ᠎ᠶᠢ ᠲᠠᠯᠪᠢᠭᠰᠠᠨ︾ ᠭᠡᠵᠦ ᠲᠤᠷᠤᠨ᠎ᠠ ᠬᠡᠯᠡᠨ᠎ᠡ᠃

1987 ᠣᠨ᠎ᠳ᠋ᠤ᠂ ᠲᠤᠷᠤᠨ᠎ᠠ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠬᠢᠮᠢ᠎ᠶᠢᠨ ᠲᠤᠰᠬᠠᠢ ᠮᠡᠷᠭᠡᠵᠢᠯ᠎ᠳ᠋ᠤ ᠰᠢᠯᠭᠠᠭᠤᠯᠤᠨ ᠣᠷᠣᠪᠠ᠃ ᠰᠤᠷᠤᠯᠴᠠᠯᠭ᠎ᠠ᠎ᠶᠢᠨ ᠶᠠᠪᠤᠴᠠ᠎ᠳ᠋ᠤ ᠲᠡᠷᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠶ ᠡᠵᠡᠮᠰᠢᠬᠦ᠎ᠨᠢ ᠲᠤᠰᠬᠠᠶ ᠮᠡᠷᠭᠡᠵᠢᠯ᠎ᠤᠨ ᠰᠤᠷᠤᠯᠴᠠᠯᠭ᠎ᠠ᠎ᠳ᠋ᠤ ᠶᠡᠭᠡᠭᠡᠨ ᠠᠰᠢᠭᠲᠠᠶ ᠪᠠᠢᠬᠤ᠎ᠶᠢ ᠤᠯᠠᠮ᠎ᠢᠶᠠᠷ ᠤᠬᠠᠵᠠᠢ᠃ ︽ ᠪᠠᠶᠢᠭᠠᠯᠢ᠎ᠶᠢᠨ ᠰᠢᠨᠵᠢᠯᠡᠬᠦ ᠤᠬᠠᠭᠠᠨ᠎ᠤ ᠲᠦᠷᠦᠯ᠎ᠤᠨ ᠲᠤᠰᠬᠠᠶ ᠮᠡᠷᠭᠡᠵᠢᠯ᠎ᠢ ᠰᠤᠷᠬᠤ᠎ᠳ᠋ᠤ᠂ ᠦᠨᠳᠦᠰᠦᠲᠡᠨ᠎ᠤ ᠬᠡᠯᠡ ᠲᠡᠭᠡᠷ᠎ᠡ ᠣᠷᠴᠢᠭᠤᠯᠤᠭᠳᠠᠭᠰᠠᠨ ᠮᠠᠲ᠋ᠧᠷᠢᠶᠠᠯ ᠰᠠᠯᠳᠠ ᠲᠡᠮᠡᠢ ᠤᠯᠳᠠᠳᠠᠭ ᠦᠭᠡᠢ᠃ ᠶᠡᠬᠡ ᠰᠤᠷᠭᠠᠭᠤᠯᠢ᠎ᠶᠢᠨ ᠭᠤᠷᠪᠠᠳᠤᠭᠠᠷ ᠤᠨ᠂ ᠳᠥᠷᠪᠡᠳᠦᠭᠡᠷ ᠤᠨ ᠪᠣᠯᠵᠤ ᠢᠷᠡᠬᠦ᠎ᠳ᠋ᠤ᠂ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠢᠭ᠎ᠠ ᠠᠩᠬᠢ᠎ᠶᠢᠨ ᠰᠤᠷᠤᠭᠴᠢᠳ ᠴᠤ ᠪᠢᠳᠠᠨ᠎ᠲᠠᠢ ᠬᠠᠮᠲᠤ ᠬᠢᠴᠢᠶᠡᠯ ᠣᠷᠣᠬᠤ ᠪᠤᠯᠵᠤ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠲᠤᠰᠬᠠᠢ ᠮᠡᠷᠭᠡᠵᠢᠯ᠎ᠤᠨ ᠮᠡᠳᠡᠯᠭᠡ᠎ᠶᠢ ᠰᠤᠷᠤᠯᠴᠠᠬᠤ ᠪᠤᠯᠪᠠ᠃ ᠵᠦᠪᠭᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠡᠵᠡᠮᠰᠢᠪᠡᠯ ᠰᠠᠶᠢ ᠡᠷᠳᠡᠮ ᠰᠢᠨᠵᠢᠯᠡᠭᠡᠨ᠎ᠤ ᠰᠤᠳᠤᠯᠭᠠᠨ᠎ᠤ ᠬᠠᠷᠠᠭ᠎ᠠ᠎ᠪᠠᠨ ᠲᠠᠰᠤᠷᠠᠯᠳᠠ ᠦᠭᠡᠢ ᠲᠡᠯᠡᠵᠦ᠂ ᠰᠤᠳᠤᠯᠭᠠᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ᠎ᠤᠨ ᠬᠦᠷᠢᠶᠡᠨ᠎ᠳ᠋ᠤ ᠨᠡᠩ ᠰᠠᠢᠨ ᠭᠦᠨᠵᠡᠭᠡᠶᠢᠷᠡᠵᠦ ᠴᠢᠳᠠᠨ᠎ᠠ︾ ᠭᠡᠵᠦ ᠲᠤᠷᠤᠨ᠎ᠠ ᠦᠷᠬᠦᠯᠵᠢᠯᠡᠨ ᠶᠠᠷᠢᠨ᠎ᠠ᠃

ᠶᠡᠬᠡ ᠰᠤᠷᠭᠠᠭᠤᠯᠢ᠎ᠪᠠᠨ ᠲᠡᠭᠦᠰᠦᠭᠰᠡᠨ᠎ᠤ ᠳᠠᠷᠠᠭ᠎ᠠ᠂ ᠲᠤᠷᠤᠨ᠎ᠠ ᠬᠥᠬᠡᠬᠣᠲᠠ᠎ᠶᠢᠨ ᠲᠦᠮᠡᠳ ᠳᠤᠮᠳᠠᠳᠤ ᠰᠤᠷᠭᠠᠭᠤᠯᠢ᠎ᠳ᠋ᠤ ᠬᠢᠮᠢ᠎ᠶᠢᠨ ᠪᠠᠭᠰᠢ᠎ᠪᠠᠷ ᠠᠵᠢᠯ᠎ᠤᠨ ᠭᠠᠷᠤᠭ᠎ᠠ᠎ᠪᠠᠨ ᠡᠬᠢᠯᠡᠬᠦᠯᠪᠡ᠃ ᠲᠡᠷᠡ᠎ᠪᠠᠷ ᠠᠵᠢᠯᠯᠠᠵᠦ ᠪᠠᠢᠭ᠎ᠠ ᠬᠤᠭᠤᠴᠠᠭᠠᠨ᠎ᠳᠠᠭᠠᠨ ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠤᠨ ᠤᠬᠠᠭᠠᠨ᠎ᠤ ᠮᠠᠰᠲ᠋ᠧᠷ ᠴᠣᠯᠠ ᠬᠠᠮᠠᠭᠠᠯᠠᠪᠠ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠭᠰᠡᠨ᠎ᠡᠴᠠ ᠰᠠᠶᠢ ᠵᠢᠭᠠᠨ ᠰᠤᠷᠭᠠᠯᠲᠠ᠎ᠶᠢᠨ ᠰᠤᠳᠤᠯᠭᠠᠨ ᠬᠢᠭᠰᠡᠨ 30 ᠵᠢᠯ᠎ᠤᠨ ᠲᠤᠷᠰᠢ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠲᠠᠢ ᠰᠠᠨᠠᠯ᠎ᠢᠶᠡᠨ ᠭᠦᠨᠵᠡᠭᠡᠢ ᠰᠣᠯᠢᠯᠴᠠᠵᠤ᠂ ᠵᠢᠭᠠᠨ ᠰᠤᠷᠭᠠᠯᠲᠠ᠎ᠶᠢᠨ ᠡᠭᠦᠷᠭᠡ᠎ᠪᠠᠨ ᠤᠷᠤᠭᠰᠢᠲᠠᠢ ᠪᠡᠶᠡᠯᠡᠭᠦᠯᠵᠦ᠂ ᠠᠩᠬᠢ᠎ᠶᠢᠨ ᠬᠡᠷᠡᠭ ᠶᠠᠪᠤᠳᠠᠯ᠎ᠢ ᠰᠠᠶᠢᠲᠤᠷ ᠰᠢᠢᠳᠪᠦᠷᠢᠯᠡᠵᠦ᠂ ᠠᠯᠢ ᠤᠯᠠᠨ ᠵᠢᠭᠠᠨ ᠰᠤᠷᠭᠠᠯᠲᠠ᠎ᠶᠢᠨ ᠰᠤᠳᠤᠯᠭᠠᠨ᠎ᠤ ᠠᠵᠢᠯ᠎ᠢ ᠰᠠᠶᠢᠲᠤᠷ ᠬᠢᠵᠦ ᠴᠢᠳᠠᠭᠰᠠᠨ ᠭᠡᠵᠦ ᠲᠤᠷᠤᠨ᠎ᠠ ᠶᠠᠷᠢᠨ᠎ᠠ᠃

ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠭᠰᠡᠨ᠎ᠨᠢ ᠲᠤᠷᠤᠨ᠎ᠠ᠎ᠶᠢ ᠪᠠᠰᠠ ᠤᠯᠠᠨ ᠲᠦᠷᠦᠯ᠎ᠤᠨ ︽ ᠪᠡᠶ᠎ᠡ᠎ᠶᠢᠨ ᠭᠠᠷᠤᠯ︾᠎ᠲᠠᠢ ᠪᠣᠯᠭᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳ᠋ᠤ᠂ ᠲᠡᠷᠡ᠎ᠪᠠᠷ ᠲᠥᠯᠥᠭᠡᠯᠡᠭᠴᠢ᠎ᠶᠢᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠰᠡᠯ ᠪᠣᠳᠣᠯ᠎ᠢ ᠰᠣᠨᠣᠰᠴᠤ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ᠎ᠪᠠᠷ ᠳᠡᠮᠵᠢᠨ ᠮᠠᠰᠢ ᠣᠯᠠᠨ ᠴᠢᠨᠠᠷ ᠰᠠᠢᠳᠠᠢ ᠰᠠᠨᠠᠯ ᠰᠠᠨᠠᠭᠤᠯᠭ᠎ᠠ ᠳᠤᠷᠠᠳᠴᠠᠶ᠃ ᠲᠤᠷᠤᠨ᠎ᠠ᠄ ︽ ᠪᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠭᠰᠡᠨ᠎ᠢᠶᠠᠷ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠯᠦᠭᠡ᠎ᠶᠢᠨ ᠤᠢᠯᠠᠭᠠᠯᠴᠠᠭ᠎ᠠ ᠰᠣᠯᠢᠯᠴᠠᠭ᠎ᠠ ᠨᠡᠩ ᠤᠷᠤᠭᠰᠢᠲᠠᠢ ᠶᠠᠪᠤᠭᠳᠠᠵᠤ᠂ ᠨᠡᠩ ᠰᠠᠢᠨ᠎ᠢᠶᠠᠷ ᠵᠠᠰᠠᠭ᠎ᠤᠨ ᠶᠠᠪᠤᠳᠠᠯ᠎ᠳ᠋ᠤ ᠣᠷᠣᠯᠴᠠᠵᠤ ᠵᠠᠰᠠᠭ᠎ᠤᠨ ᠶᠠᠪᠤᠳᠠᠯ᠎ᠢ ᠵᠥᠪᠯᠡᠬᠦ ᠪᠤᠯᠪᠠ︾ ᠭᠡᠯ᠎ᠡ᠃ ᠲᠤᠷᠤᠨ᠎ᠠ ᠪᠣᠯ ᠮᠥᠨ ᠴᠦ ᠥᠪᠥᠷ ᠮᠣᠩᠭᠣᠯ᠎ᠤᠨ ᠡᠷᠳᠡᠨ᠎ᠤ ᠰᠢᠯᠦᠭ ᠳᠠᠭᠤᠯᠠᠯ᠎ᠤᠨ ᠨᠡᠶᠢᠭᠡᠮᠯᠢᠭ᠎ᠤᠨ ᠭᠡᠰᠢᠭᠦᠨ ᠮᠦᠨ᠃ ᠲᠡᠷᠡ ᠵᠠᠪ ᠴᠢᠯᠥᠭᠡ᠎ᠲᠠᠢ ᠯᠠ ᠪᠤᠯ ᠡᠷᠲᠡᠨ᠎ᠤ ᠰᠢᠯᠦᠭ ᠪᠠ ᠨᠠᠶᠢᠷᠠᠭᠤᠯᠤᠯ ᠪᠢᠴᠢᠵᠦ᠂ ᠤᠯᠠᠨ ᠪᠦᠳᠦᠭᠡᠯ᠎ᠢᠶᠡᠨ ᠬᠠᠮᠢᠶ᠎ᠠ ᠪᠦᠬᠦᠢ ᠰᠡᠳᠬᠦᠯ ᠳᠡᠭᠡᠷ᠎ᠡ ᠨᠡᠢᠳᠡᠯᠡᠬᠦᠯᠵᠦ ᠦᠩᠭᠡᠷᠡᠪᠡ᠃ ᠬᠠᠷᠠᠬᠠᠨ ᠪᠠᠭ᠎ᠠ᠎ᠡᠴᠠ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠭᠰᠠᠨ᠎ᠨᠢ ᠲᠡᠭᠦᠨ᠎ᠳ᠋ᠤ ᠳᠤᠮᠳᠠᠳᠤ᠎ᠶᠢᠨ ᠤᠯᠠᠮᠵᠢᠯᠠᠯᠲᠤ ᠰᠣᠶᠣᠯ᠂ ᠡᠷᠲᠡᠨ᠎ᠤ ᠤᠳᠬ᠎ᠠ ᠵᠣᠬᠢᠶᠠᠯ ᠪᠣᠯᠤᠨ ᠡᠷᠲᠡᠨ᠎ᠤ ᠰᠢᠯᠦᠭ ᠳᠠᠭᠤᠯᠠᠯ᠎ᠤᠨ ᠷᠢᠳᠢ ᠰᠢᠳᠢ᠎ᠶᠢ ᠮᠡᠳᠡᠷᠡᠬᠦᠯᠵᠦ᠂ ᠲᠡᠭᠦᠨ᠎ᠤ ᠠᠮᠢᠳᠤᠷᠠᠯ᠎ᠢ ᠨᠡᠩ ᠪᠠᠶᠠᠯᠢᠭ ᠰᠠᠶᠢᠬᠠᠨ ᠪᠣᠯᠭᠠᠪᠠ᠃

ᠲᠤᠷᠤᠨ᠎ᠠ᠄ ︽ ᠴᠠᠭ ᠦᠶ᠎ᠡ᠎ᠶᠢᠨ ᠬᠥᠭᠵᠢᠯᠲᠡ᠎ᠶᠢ ᠳᠠᠭᠠᠯᠳᠤᠨ ᠴᠥᠭᠡᠨ ᠲᠣᠭᠠᠲᠤ ᠦᠨᠳᠦᠰᠦᠲᠡᠨ᠎ᠤ ᠰᠤᠷᠤᠭᠴᠢᠳ ᠨᠠᠩ ᠥᠷᠭᠡᠨ ᠠᠭᠤᠳᠠᠮ ᠳᠡᠯᠡᠬᠡᠶ ᠶᠢᠷᠲᠢᠨᠴᠦ᠎ᠳ᠋ᠤ ᠬᠠᠨᠳᠤᠬᠤ ᠪᠣᠯᠤᠨ᠎ᠠ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠬᠦ᠎ᠨᠢ ᠰᠣᠯᠢᠯᠴᠠᠭ᠎ᠠ᠎ᠳ᠋ᠤ ᠲᠦᠬᠦᠮ ᠦᠵᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠠᠭᠤᠰᠤᠯᠴᠠᠯ᠎ᠢ ᠠᠬᠢᠭᠤᠯᠵᠤ ᠴᠢᠳᠠᠬᠤ᠎ᠪᠠᠷ ᠪᠠᠷᠠᠬᠤ ᠦᠭᠡᠢ᠂ ᠰᠤᠷᠤᠭᠴᠢᠳ᠎ᠲᠤ ᠨᠡᠩ ᠤᠯᠠᠨ ᠬᠥᠭᠵᠢᠯᠲᠡ᠎ᠶᠢᠨ ᠠᠵᠠ ᠲᠣᠬᠢᠶᠠᠯ ᠣᠯᠭᠣᠵᠤ᠂ ᠦᠨᠳᠦᠰᠦᠲᠡᠨ᠎ᠤ ᠭᠠᠵᠠᠷ ᠣᠷᠣᠨ᠎ᠤ ᠴᠡᠴᠡᠭᠯᠡᠯ ᠬᠥᠭᠵᠢᠯ᠎ᠳ᠋ᠤ ᠨᠡᠩ ᠶᠡᠬᠡ ᠬᠤᠪᠢ ᠨᠡᠮᠡᠷᠢ ᠦᠵᠡᠭᠦᠯᠬᠦ ᠪᠤᠯᠭᠠᠨ᠎ᠠ︾ ᠭᠡᠵᠦ ᠤᠴᠢᠷᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄
兼容浏览器的HTML页面