ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠦᠯᠢᠭᠡᠷ

2021-08-26 09:51:06

ᠵᠣᠬᠢᠶᠠᠭ᠍ᠴᠢ᠄ ᠸᠸᠢ ᠨᠠ ᠣᠩᠱᠢᠭ᠍ᠰᠠᠨ ᠣᠳᠠᠭ᠎ᠠ᠄ 3

ᠪᠠᠶᠠᠷᠲᠦ᠎ᠲᠠᠢ ᠠᠩᠬ᠎ᠠ ᠠᠭᠤᠯᠵᠠᠬᠰᠠᠨ᠎ᠨᠢ ᠤᠯᠠᠭᠠᠨᠬᠠᠲᠠ ᠬᠤᠲᠠ᠎ᠶᠢᠨ ᠬᠡᠰᠢᠭᠲᠡᠨ ᠬᠤᠰᠢᠭᠤᠨ᠎ᠤ ᠪᠢᠷᠠᠭᠤ ᠮᠤᠩᠭᠤᠯ ᠦᠨᠳᠦᠰᠦᠲᠡᠨ᠎ᠤ ᠲᠤᠮᠲᠠᠲᠤ ᠰᠤᠷᠭᠠᠭᠤᠯᠢ᠎ᠳ᠋ᠤ ᠪᠢᠯᠠ᠃ ᠲᠡᠷᠡ᠎ᠪᠠᠷ ᠶᠠᠭ ᠰᠠᠢᠬᠠᠨ ᠰᠤᠷᠤᠬᠴᠢᠳ᠎ᠲᠠᠭᠠᠨ ᠤᠷᠠᠨ ᠪᠢᠴᠢᠯᠭᠡ᠎ᠶᠢᠨ ᠲᠤᠷ᠎ᠠ ᠰᠤᠨᠢᠷᠬᠠᠯ᠎ᠤᠨ ᠬᠢᠴᠢᠶᠡᠯ ᠵᠢᠭᠠᠵᠦ ᠪᠠᠢᠬᠰᠡᠨ᠎ᠲᠠᠢ ᠲᠠᠭᠠᠷᠠᠯᠳᠤᠯ᠎ᠠ᠃ ᠲᠤᠷᠭᠠᠨ ᠴᠠᠭᠠᠰᠤ᠎ᠪᠠᠨ ᠡᠪᠯᠢᠭ ᠲᠡᠯᠭᠡᠨ᠂ ᠪᠢᠷ ᠪᠡᠬᠡᠰ᠎ᠢᠶᠡᠨ ᠨᠢᠮᠪᠡᠢ ᠵᠤᠬᠢᠴᠠᠭᠤᠯᠤᠨ᠂ ᠪᠡᠶ᠎ᠠ ᠭᠠᠷ ᠰᠡᠳᠬᠢᠯ᠎ᠢᠶᠡᠨ ᠨᠢᠭᠡᠨ ᠵᠢᠯᠤᠭᠤ᠎ᠪᠠᠷ ᠡᠪᠬᠡᠬᠦ᠎ᠳ᠋ᠤ ᠦᠵᠦᠭ᠎ᠤᠨ ᠦᠵᠦᠬᠦᠷ ᠤᠷᠡᠨ ᠭᠤᠪᠠᠢ ᠦᠰᠦᠭ᠎ᠤᠳ ᠭᠤᠸᠠᠯᠢᠭ ᠰᠠᠢᠬᠠᠨ᠂ ᠤᠷᠠᠯᠢᠭ ᠤᠴᠢᠷᠳᠠᠢ ᠮᠦᠰᠢᠶᠡᠯᠴᠡᠨ᠎ᠠ᠃ ᠡᠨᠡ ᠪᠤᠯ ᠲᠡᠬᠦᠨ᠎ᠤ ᠤᠷᠡᠨ ᠪᠢᠴᠢᠯᠭᠡ᠎ᠶᠢᠨ ᠬᠢᠴᠢᠶᠡᠯ ᠪᠦᠷᠢ ᠰᠤᠷᠤᠬᠴᠢᠳ᠎ᠲᠠᠭᠠᠨ ᠲᠠᠭᠤᠷᠢᠶᠡᠯ ᠦᠵᠡᠬᠦᠯᠤᠨ ᠪᠢᠴᠢᠳᠡᠭ ᠵᠤᠷᠰᠢᠬᠰᠡᠨ ᠲᠠᠳᠬᠠᠯ ᠭᠡᠳᠡᠭ᠎ᠢ ᠰᠤᠷᠪᠤᠯᠵᠢᠯᠠᠭ᠎ᠠ᠎ᠡᠴᠠ ᠤᠢᠯᠠᠭᠠᠯ᠎ᠠ᠃ ᠡᠶᠡᠯᠲᠡᠭ ᠵᠦᠭᠡᠯᠡᠨ ᠵᠠᠩ᠎ᠲᠠᠢ ᠪᠠᠶᠠᠷᠲᠦ ᠰᠤᠷᠤᠬᠴᠢᠳ᠎ᠲᠠᠢ᠎ᠪᠠᠨ ᠡᠶ᠎ᠡ ᠡᠪᠲᠡᠢ ᠶᠠᠪᠤᠯᠴᠠᠵ᠂ ᠪᠠᠶᠠᠷ ᠪᠠᠶᠠᠰᠬᠤᠯᠠᠩ᠎ᠲᠠᠢ ᠵᠢᠭᠠᠨ ᠰᠤᠷᠭᠠᠯᠲᠠ ᠲᠤᠮᠲᠠ᠎ᠪᠠᠨ ᠨᠢᠭᠡ ᠵᠦᠢᠯ᠎ᠤᠨ ᠲᠦᠭᠦᠮ ᠲᠦᠲᠡ ᠪᠠᠶᠠᠷ ᠪᠠᠶᠠᠰᠤᠯ᠎ᠢ ᠡᠳ᠋ᠯᠡᠵᠦ ᠪᠠᠢᠲᠠᠭ᠋᠃ ᠲᠡᠷᠡ᠄ ︽ ᠪᠢ ᠤᠷᠠᠨ ᠪᠢᠴᠢᠯᠭᠡ᠎ᠳ᠋ᠡᠭᠡᠨ ᠨᠢᠭᠡ ᠪᠦᠯᠦᠭ ᠰᠠᠢᠨ ᠰᠤᠷᠤᠬᠴᠢ᠎ᠶᠢ ᠬᠦᠮᠦᠵᠢᠭᠦᠯᠵᠦ᠂ ᠲᠡᠲᠡᠨ᠎ᠳ᠋ᠤ ᠤᠷᠠᠨ ᠪᠢᠴᠢᠯᠭᠡ᠎ᠶᠢᠨ ᠤᠷᠠᠯᠢᠬ᠎ᠢ ᠰᠤᠷᠤᠯᠴᠠᠭᠤᠯᠤᠨ᠂ ᠲᠤᠮᠲᠠᠲᠤ᠎ᠶᠢᠨ ᠰᠢᠯᠢᠲᠡᠭ ᠤᠯᠠᠮᠵᠢᠯᠠᠯᠲᠦ ᠰᠤᠶᠤᠯ᠎ᠢ ᠨᠡᠩ ᠰᠠᠢᠨ ᠵᠠᠯᠭᠠᠮᠵᠢᠯᠠᠭᠤᠯᠬᠤ᠎ᠶᠢ ᠬᠦᠰᠡᠵᠦ ᠪᠠᠢᠨ᠎ᠠ︾ ᠬᠡᠵᠦ ᠬᠡᠯᠡᠪᠡ᠃

ᠳᠡᠭᠡᠷ᠎ᠡ ᠵᠠᠭᠤᠨ᠎ᠤ ᠨᠠᠶᠠᠭᠠᠳ ᠤᠨ᠎ᠳ᠋ᠤ ᠲᠦᠷᠦᠭᠰᠡᠨ ᠵᠠᠯᠠᠭᠤ ᠪᠠᠬᠰᠢ ᠪᠠᠶᠠᠷᠲᠦ ᠤᠯᠠᠭᠠᠨᠬᠠᠲᠠ ᠬᠤᠲᠠ᠎ᠶᠢᠨ ᠬᠡᠰᠢᠭᠲᠡᠨ ᠬᠤᠰᠢᠭᠤᠨ᠎ᠤ ᠪᠢᠷᠠᠭᠤ ᠮᠤᠩᠭᠤᠯ ᠦᠨᠳᠦᠰᠦᠲᠡᠨ᠎ᠤ ᠲᠤᠮᠲᠠᠲᠤ ᠰᠤᠷᠭᠠᠭᠤᠯᠢ᠎ᠶᠢᠨ ᠲᠡᠳ᠋ ᠵᠠᠬᠢᠷᠤᠯ᠎ᠤᠨ ᠲᠤᠰᠢᠶᠠᠯ᠎ᠢ ᠬᠠᠷᠢᠭᠤᠴᠠᠵᠦ ᠪᠠᠢᠬᠤ᠎ᠶᠢᠨ ᠬᠠᠮᠲᠦ᠂ ᠲᠡᠷᠡ ᠪᠠᠰᠠ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠠᠨ ᠪᠢᠴᠢᠯᠭᠡᠲᠡᠨ᠎ᠤ ᠨᠡᠢᠭᠡᠮᠯᠢᠭ᠎ᠤᠨ ᠬᠡᠰᠢᠭᠦᠨ ᠮᠦᠨ᠃ ᠬᠠᠷᠠᠬᠠᠨ ᠪᠠᠭ᠎ᠠ᠎ᠡᠴᠠ᠎ᠪᠠᠨ ᠮᠠᠯᠵᠢᠬᠤ ᠤᠷᠤᠨ᠎ᠳ᠋ᠤ ᠦᠰᠦᠭᠰᠡᠨ ᠬᠡᠦᠬᠡᠳ ᠪᠤᠯᠤᠬᠰᠠᠨ᠎ᠤ ᠬᠤᠪᠢ᠎ᠳ᠋ᠤ᠂ ᠲᠡᠷᠡ ᠪᠠᠭ᠎ᠠ ᠰᠤᠷᠭᠠᠭᠤᠯᠢ᠎ᠡᠴᠠ ᠦᠨᠳᠦᠷ ᠵᠡᠷᠭᠡ᠎ᠶᠢᠨ ᠲᠤᠮᠲᠠᠲᠤ ᠰᠤᠷᠭᠠᠭᠤᠯᠢ ᠬᠦᠷᠲᠡᠯ᠎ᠡ ᠴᠦᠮ ᠮᠤᠩᠭᠤᠯ ᠦᠨᠳᠦᠰᠦᠲᠡᠨ᠎ᠤ ᠰᠤᠷᠭᠠᠭᠤᠯᠢ᠎ᠳ᠋ᠤ ᠰᠤᠷᠤᠯᠴᠠᠵᠦ᠂ ᠪᠠᠭ᠎ᠠ ᠰᠤᠷᠭᠠᠭᠤᠯᠢ᠎ᠶᠢᠨ ᠭᠤᠷᠪᠠᠳᠤᠭᠠᠷ ᠤᠨ᠎ᠡᠴᠠ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠡᠬᠢᠯᠡᠪᠡ᠃ 1999 ᠤᠨ᠎ᠳ᠋ᠤ᠂ ᠲᠡᠷᠡ ᠰᠢᠯᠢᠲᠡᠭ ᠬᠢᠷᠢ ᠪᠦᠲᠦᠮᠵᠢ᠎ᠪᠠᠷ ᠤᠯᠠᠭᠠᠨᠬᠠᠲᠠ᠎ᠶᠢᠨ ᠦᠨᠳᠦᠰᠦᠲᠡᠨ᠎ᠤ ᠪᠠᠬᠰᠢ᠎ᠶᠢᠨ ᠲᠡᠭᠡᠲᠦ ᠵᠡᠷᠭᠡ᠎ᠶᠢᠨ ᠲᠤᠰᠬᠠᠢ ᠮᠡᠷᠭᠡᠵᠢᠯ᠎ᠤᠨ ᠰᠤᠷᠭᠠᠭᠤᠯᠢ᠎ᠶᠢᠨ ᠤᠷᠠᠨ ᠵᠢᠷᠤᠭ᠎ᠤᠨ ᠰᠤᠷᠭᠠᠨ ᠬᠦᠮᠦᠵᠢᠯ᠎ᠤᠨ ᠲᠤᠰᠬᠠᠢ ᠮᠡᠷᠭᠡᠵᠢᠯ᠎ᠳ᠋ᠤ ᠰᠢᠯᠭᠠᠨ ᠤᠷᠤᠵᠦ᠂ ᠲᠡᠭᠦᠰᠦᠭᠰᠡᠨ᠎ᠤ᠎ᠪᠠᠨ ᠲᠠᠷᠠᠭ᠎ᠠ ᠨᠤᠳᠤᠭ᠎ᠲᠠᠭᠠᠨ ᠪᠤᠴᠠᠵᠦ ᠪᠠᠭ᠎ᠠ ᠰᠤᠷᠭᠠᠭᠤᠯᠢ᠎ᠶᠢᠨ ᠪᠠᠬᠰᠢ ᠪᠤᠯᠪᠠ᠃

ᠦᠰᠦᠨ ᠪᠤᠢᠵᠢᠬᠰᠠᠨ ᠦᠩᠭᠡᠷᠡᠯᠲᠡ᠎ᠪᠠᠨ ᠡᠷᠬᠢᠴᠡᠭᠦᠯᠬᠦ᠎ᠳ᠋ᠤ᠂ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠤᠯᠪᠠᠰᠤᠷᠠᠩᠭᠤᠢ ᠬᠡᠷᠡᠭᠯᠡᠵᠦ ᠴᠢᠲᠠᠬᠤ ᠦᠭᠡᠢ ᠪᠠᠢᠬᠰᠠᠨ᠎ᠨᠢ ᠪᠠᠶᠠᠷᠲᠦ᠎ᠳ᠋ᠤ ᠨᠢᠭᠡ ᠵᠦᠢᠯ᠎ᠤᠨ ᠬᠦᠢᠴᠡᠦᠨ ᠦᠭᠡᠢ ᠲᠦᠷᠦᠭᠲᠡᠯ ᠦᠭᠴᠦ᠂ ᠲᠡᠭᠦᠨ᠎ᠳ᠋ᠤ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠦ ᠬᠡᠷᠡᠭᠯᠡᠬᠦ᠎ᠶᠢᠨ ᠴᠢᠬᠤᠯᠠ ᠴᠢᠨᠠᠷ ᠪᠠ ᠲᠤᠯᠭᠠᠮ ᠴᠢᠨᠠᠷ᠎ᠢ ᠨᠡᠩ ᠬᠦᠨᠵᠡᠭᠡᠢ ᠲᠠᠨᠢᠭᠤᠯᠵᠠᠢ᠃ ᠪᠠᠶᠠᠷᠲᠦ᠄ ︽ ᠪᠠᠭ᠎ᠠ ᠰᠤᠷᠭᠠᠭᠤᠯᠢ᠎ᠳ᠋ᠤ ᠪᠠᠢᠢᠬᠤ᠎ᠳᠠᠭᠠᠨ ᠪᠢ ᠮᠠᠯᠴᠢᠳ᠎ᠤᠨ ᠬᠡᠦᠬᠡᠳ᠎ᠲᠠᠢ ᠬᠠᠮᠲᠦ ᠰᠤᠷᠭᠠᠭᠤᠯᠢ᠎ᠳ᠋ᠤ ᠰᠠᠭᠤᠵᠠᠢ᠃ ᠵᠡᠭᠡᠯᠢ ᠲᠡᠭᠡᠷᠡᠬᠢ ᠨᠤᠭᠤᠭ᠎ᠠ ᠬᠤᠳᠠᠯᠳᠤᠬᠴᠢ ᠬᠢᠲᠠᠳ᠎ᠢᠶᠠᠷ ︿ ᠴᠠᠭᠠᠨ ᠨᠤᠭᠤᠭ᠎ᠠ ᠬᠤᠳᠠᠯᠳᠤᠨ᠎ᠠ᠂ ᠬᠠᠰᠢ ᠬᠤᠳᠠᠯᠳᠤᠨ᠎ᠠ ︕ ﹀ ᠬᠡᠵᠦ ᠬᠠᠰᠬᠢᠷᠬᠤ᠎ᠳ᠋ᠤ ᠪᠢᠲᠡ ᠪᠠᠷᠤᠭ ᠯᠡ ᠰᠤᠨᠤᠰᠴᠤ ᠲᠦᠭᠦᠭᠡᠷᠡᠬᠦ ᠦᠭᠡᠢ᠂ ᠴᠠᠭᠠᠨ ᠨᠤᠭᠤᠭ᠎ᠠ᠂ ᠬᠠᠰᠢ ᠬᠡᠲᠡᠭ᠎ᠨᠢ ᠶᠠᠮᠠᠷ ᠶᠠᠩᠵᠦ᠎ᠶᠢᠨ ᠶᠠᠭᠤᠮ᠎ᠠ ᠪᠢᠯᠡ ᠬᠡᠳ ᠤᠴᠢᠵᠦ ᠦᠵᠡᠲᠡᠭ᠃ ᠬᠣᠵᠢᠮ᠎ᠨᠢ ᠪᠢ ᠬᠣᠰᠢᠭᠤᠨ᠎ᠳ᠋ᠤ ᠰᠢᠯᠵᠢᠨ ᠣᠴᠢᠵᠤ ᠳᠤᠮᠳᠠᠳᠤ ᠰᠤᠷᠭᠠᠭᠤᠯᠢ᠎ᠳ᠋ᠤ ᠰᠤᠷᠤᠯᠴᠠᠬᠤ᠎ᠳ᠋ᠤ᠂ ᠬᠠᠮᠲᠤ ᠨᠦᠭᠦᠳ ᠲᠡᠷᠭᠡᠨ ᠥᠷᠲᠡᠭᠡᠨ᠎ᠳ᠋ᠤ ᠣᠴᠢᠵᠤ ᠲᠡᠷᠭᠡᠨ ᠪᠢᠯᠧᠲ ᠬᠤᠳᠠᠯᠳᠤᠨ ᠠᠪᠬᠤ᠂ ᠳᠡᠯᠭᠡᠭᠦᠷ᠎ᠲᠤ ᠣᠴᠢᠵᠤ ᠪᠢᠴᠢᠭ᠎ᠤᠨ ᠬᠡᠷᠡᠭᠰᠡᠯ ᠬᠤᠳᠠᠯᠳᠤᠨ ᠠᠪᠬᠤ᠎ᠳ᠋ᠤ ᠪᠦᠷ ᠦᠭᠡ ᠬᠡᠯᠡᠨ᠎ᠤ ᠲᠠᠯ᠎ᠠ᠎ᠪᠠᠷ ᠪᠠᠭ᠎ᠠ ᠪᠤᠰᠤ ᠬᠦᠴᠢᠷᠳᠡᠯ ᠲᠤᠯᠭᠠᠷᠠᠵᠤ᠂ ᠪᠤᠰᠤᠳ᠎ᠲᠠᠢ ᠵᠥᠷᠢᠶ᠎ᠡ᠎ᠲᠠᠢ ᠪᠠᠶᠢᠬᠤ᠎ᠪᠠᠨ ᠰᠡᠷᠡᠵᠦ ᠮᠡᠳᠡᠵᠡᠢ︾ ᠬᠡᠵᠦ ᠡᠷᠬᠢᠴᠡᠭᠦᠯᠦᠨ ᠬᠡᠯᠡᠨ᠎ᠡ᠃ ᠡᠶᠢᠮᠦ᠎ᠡᠴᠠ᠂ ᠶᠡᠬᠡ ᠰᠤᠷᠭᠠᠭᠤᠯᠢ᠎ᠳ᠋ᠤ ᠪᠠᠶᠢᠬᠤ ᠬᠤᠭᠤᠴᠠᠭᠠᠨ᠎ᠳᠠᠭᠠᠨ ᠲᠡᠷᠡ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠢᠷᠭᠠᠭᠤ ᠬᠠᠲᠠᠭᠤᠵᠢᠯᠲᠠᠶ᠎ᠪᠠᠷ ᠰᠤᠷᠤᠯᠴᠠᠵᠤ᠂ ᠴᠢᠨᠠᠭᠰᠢᠯᠠᠨ ᠤᠷᠠᠨ ᠪᠢᠴᠢᠯᠭᠡ ᠭᠠᠷ ᠰᠡᠶᠢᠯᠦᠮᠡᠯ᠎ᠤᠨ ᠤᠷᠠᠯᠢᠭ᠎ᠲᠤ ᠪᠠᠬ᠎ᠠ᠎ᠲᠠᠢ ᠪᠤᠯᠵᠤ᠂ ᠬᠣᠵᠢᠮ᠎ᠤᠨ ᠬᠢᠲᠠᠳ ᠬᠡᠯᠡ ᠪᠢᠴᠢᠭ᠎ᠤᠨ ᠵᠢᠭᠠᠨ ᠰᠤᠷᠭᠠᠯᠲᠠ ᠪᠠ ᠤᠷᠠᠨ ᠪᠢᠴᠢᠯᠭᠡ᠎ᠶᠢᠨ ᠵᠢᠭᠠᠨ ᠰᠤᠷᠭᠠᠯᠲᠠ ᠬᠢᠬᠦ᠎ᠳ᠋ᠤ ᠪᠠᠲᠤ ᠪᠡᠬᠢ ᠰᠠᠭᠤᠷᠢ᠎ᠶᠢ ᠲᠠᠯᠪᠢᠭᠰᠠᠨ ᠪᠠᠶᠢᠨ᠎ᠠ᠃

ᠬᠤᠷᠢᠭᠠᠳ ᠵᠢᠯ᠎ᠤᠨ ᠵᠢᠭᠠᠨ ᠰᠤᠷᠭᠠᠯᠲᠠ᠎ᠳ᠋ᠤ᠂ ᠪᠠᠶᠠᠷᠲᠤ ᠤᠷᠠᠨ ᠵᠢᠷᠤᠭ᠎ᠤᠨ ᠰᠤᠷᠭᠠᠨ ᠬᠥᠮᠦᠵᠢᠯ ᠡᠷᠬᠢᠯᠡᠭᠰᠡᠨ᠎ᠡᠴᠠ ᠭᠠᠳᠠᠨ᠎ᠠ ᠪᠠᠰᠠ ᠪᠠᠭ᠎ᠠ ᠰᠤᠷᠭᠠᠭᠤᠯᠢ᠎ᠶᠢᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠪᠠᠭᠰᠢ ᠪᠤᠯᠵᠤ ᠥᠩᠭᠡᠷᠡᠵᠡᠢ᠃ 2018 ᠣᠨ᠎ᠳ᠋ᠤ᠂ ᠲᠡᠷᠡ ᠪᠢᠷᠠᠭᠤ ᠮᠣᠩᠭᠣᠯ ᠳᠤᠮᠳᠠᠳᠤ ᠰᠤᠷᠭᠠᠭᠤᠯᠢ᠎ᠶᠢᠨ ᠳᠡᠳ᠋ ᠵᠠᠬᠢᠷᠤᠯ᠎ᠢᠶᠠᠷ ᠲᠣᠮᠢᠯᠠᠭᠳᠠᠵᠤ᠂ ᠬᠠᠮᠢᠶᠠᠷᠤᠯᠲᠠ᠎ᠶᠢᠨ ᠠᠵᠢᠯ ᠬᠢᠬᠦ᠎ᠶᠢᠨ ᠬᠠᠮᠲᠤ ᠪᠠᠰᠠ ᠰᠤᠷᠭᠠᠭᠤᠯᠢ᠎ᠶᠢᠨ ᠤᠷᠠᠨ ᠪᠢᠴᠢᠯᠭᠡ᠎ᠶᠢᠨ ᠳᠤᠷ᠎ᠠ ᠰᠣᠨᠢᠷᠬᠠᠯ᠎ᠤᠨ ᠬᠢᠴᠢᠶᠡᠯ᠎ᠤᠨ ᠵᠢᠭᠠᠨ ᠰᠤᠷᠭᠠᠯᠲᠠ᠎ᠶᠢᠨ ᠠᠵᠢᠯ ᠬᠢᠵᠡᠢ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠭᠰᠡᠨ᠎ᠨᠢ ᠪᠠᠶᠠᠷᠲᠤ᠎ᠶᠢᠨ ᠰᠤᠷᠤᠯᠴᠠᠯᠭ᠎ᠠ᠂ ᠠᠵᠢᠯ ᠪᠠ ᠠᠮᠢᠳᠤᠷᠠᠯ᠎ᠳ᠋ᠤ ᠲᠤᠶᠢᠯ᠎ᠤᠨ ᠶᠡᠬᠡ ᠬᠤᠪᠢᠷᠠᠯᠲᠠ ᠭᠠᠷᠭᠠᠪᠠ᠃ ᠤᠷᠠᠨ ᠪᠢᠴᠢᠯᠭᠡ᠎ᠶᠢᠨ ᠤᠷᠠᠯᠢᠭ᠎ᠲᠤ ᠲᠤᠷᠠᠲᠠᠢ ᠪᠠᠢᠳᠠᠬ᠎ᠡᠴᠠ ᠠᠷᠪᠠᠨ ᠬᠡᠳᠦᠨ ᠵᠢᠯ ᠥᠪᠡᠷ᠎ᠢᠶᠡᠨ ᠬᠠᠲᠠᠭᠤᠵᠢᠯᠲᠠᠶ ᠰᠤᠷᠤᠯᠴᠠᠵᠤ᠂ ᠪᠠᠶᠠᠷᠲᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠣᠶᠢᠯᠠᠭᠠᠬᠤ ᠦᠭᠡᠶ᠂ ᠮᠡᠳᠡᠬᠦ ᠦᠭᠡᠶ ᠮᠠᠯᠵᠢᠬᠤ ᠣᠷᠣᠨ᠎ᠤ ᠬᠡᠦᠬᠡᠳ᠎ᠡᠴᠠ᠎ᠪᠠᠨ ᠠᠭᠠᠵᠢᠮ᠎ᠢᠶᠠᠷ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠠᠨ ᠪᠢᠴᠢᠯᠭᠡᠲᠡᠨ᠎ᠤ ᠨᠡᠶᠢᠭᠡᠮᠯᠢᠭ᠎ᠤᠨ ᠭᠡᠰᠢᠭᠦᠨ ᠪᠣᠯᠤᠭᠰᠠᠨ ᠪᠥᠭᠡᠳ ᠪᠦᠬᠦ ᠤᠯᠤᠰ᠎ᠤᠨ ᠤᠷᠠᠨ ᠪᠢᠴᠢᠯᠭᠡᠲᠡᠨ᠎ᠤ ᠬᠦᠷᠢᠶᠡᠨ᠎ᠳ᠋ᠤ ᠣᠷᠣᠵᠤ᠂ ᠦᠷᠭᠦᠯᠵᠢ ᠲᠤᠰᠬᠠᠶ ᠮᠡᠷᠭᠡᠵᠢᠯᠲᠡᠨ ᠡᠷᠳᠡᠮᠲᠡᠳ᠎ᠲᠠᠢ ᠬᠠᠷᠢᠯᠴᠠᠨ ᠰᠤᠷᠤᠯᠴᠠᠵᠤ ᠬᠠᠷᠢᠯᠴᠠᠨ ᠨᠡᠪᠲᠡᠷᠡᠯᠴᠡᠬᠦ ᠪᠤᠯᠵᠠᠢ᠃ ᠲᠡᠷᠡ᠄ ︽ ᠤᠷᠠᠨ ᠪᠢᠴᠢᠯᠭᠡ᠎ᠶᠢᠨ ᠤᠷᠠᠯᠢᠭ᠎ᠤᠨ ᠲᠠᠯ᠎ᠠ᠎ᠪᠠᠷ ᠣᠯᠤᠭᠰᠠᠨ ᠠᠮᠵᠢᠯᠲᠠ ᠪᠦᠲᠦᠮᠵᠢ ᠪᠣᠯ ᠳᠠᠷᠤᠶ ᠮᠢᠨᠦ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠷᠳᠤ ᠬᠤᠭᠤᠴᠠᠭ᠎ᠠ᠎ᠪᠠᠷ ᠰᠤᠷᠴᠤ ᠬᠡᠷᠡᠭᠯᠡᠭᠰᠡᠨ᠎ᠤ ᠬᠠᠮᠤᠭ᠎ᠤᠨ ᠰᠠᠢᠨ ᠭᠡᠷᠡᠴᠢ ᠪᠣᠯᠤᠨ᠎ᠠ︾ ᠭᠡᠵᠦ ᠪᠠᠢᠯ᠎ᠠ᠃

ᠤᠷᠠᠨ ᠪᠢᠴᠢᠯᠭᠡ᠎ᠶᠢᠨ ᠳᠤᠷ᠎ᠠ ᠰᠣᠨᠢᠷᠬᠠᠯ᠎ᠤᠨ ᠠᠩᠭᠢ᠎ᠳ᠋ᠤ ᠬᠢᠴᠢᠶᠡᠯ ᠣᠷᠣᠬᠤ᠎ᠳᠠᠭᠠᠨ ᠪᠠᠶᠠᠷᠲᠤ ᠰᠤᠷᠤᠭᠴᠢᠳ᠎ᠢᠶᠡᠨ ᠤᠷᠠᠨ ᠪᠢᠴᠢᠯᠭᠡ᠎ᠶᠢᠨ ᠤᠷᠠᠯᠢᠭ᠎ᠢ ᠰᠤᠷᠤᠯᠴᠠᠬᠤ᠎ᠪᠠᠷ ᠳᠠᠮᠵᠢᠭᠤᠯᠤᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠨᠡᠩ ᠰᠠᠶᠢᠨ ᠤᠯᠠᠮᠵᠢᠯᠠᠨ ᠵᠠᠯᠭᠠᠮᠵᠢᠯᠠᠬᠤ ᠬᠡᠷᠡᠭᠲᠡᠶ ᠭᠡᠵᠦ ᠱᠠᠭᠠᠷᠳᠠᠳᠠᠬ᠃ ︽ ᠦᠭᠡ ᠬᠡᠯᠡ ᠦᠰᠦᠭ ᠪᠢᠴᠢᠭ ᠨᠡᠪᠲᠡᠷᠡᠪᠡᠯ ᠰᠡᠳᠬᠢᠯ ᠨᠡᠪᠲᠡᠷᠡᠵᠦ ᠴᠢᠳᠠᠮᠤᠢ᠃︾ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠳ᠋ᠤ ᠨᠡᠩ ᠠᠰᠢᠭᠲᠠᠢ ᠪᠠᠶᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳ᠋ᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ᠎ᠳ᠋ᠤ ᠨᠡᠩ ᠠᠰᠢᠭᠲᠠᠢ ᠶᠤᠮ᠃ ᠰᠤᠷᠭᠠᠨ ᠬᠥᠮᠦᠵᠢᠯ᠎ᠤᠨ ᠠᠵᠢᠯᠳᠠᠨ ᠪᠣᠯᠤᠭᠰᠠᠨ᠎ᠤ ᠬᠤᠪᠢ᠎ᠳ᠋ᠤ᠂ ᠪᠢ ᠢᠮᠠᠭᠲᠠ ᠨᠠᠮ᠎ᠤᠨ ᠰᠤᠷᠭᠠᠨ ᠬᠥᠮᠦᠵᠢᠯ᠎ᠤᠨ ᠦᠢᠯᠡᠰ᠎ᠲᠤ ᠦᠨᠡᠨᠴᠢ ᠰᠢᠳᠤᠷᠭᠤ ᠪᠠᠶᠢᠵᠤ᠂ ᠨᠠᠮ᠎ᠳᠠᠭᠠᠨ ᠬᠥᠮᠦᠨ᠎ᠢ ᠬᠥᠮᠦᠵᠢᠭᠦᠯᠵᠦ᠂ ᠤᠯᠤᠰ᠎ᠲᠠᠭᠠᠨ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠴᠢᠷᠮᠠᠶᠢᠨ᠎ᠠ ᠬᠡᠵᠦ ᠪᠠᠶᠠᠷᠲᠤ ᠶᠠᠷᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面