2021-09-12 12:23:26
︽ ᠪᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠴᠤ ᠡᠵᠡᠮᠰᠢᠭᠰᠡᠨ ᠳᠠᠪᠠᠭᠤᠯᠢᠭ᠎ᠢᠶᠠᠷ᠎ᠢᠶᠡᠨ ᠠᠮᠢᠳᠤᠷᠠᠬᠤᠢ᠎ᠶᠢᠨ ᠦᠷᠲᠡᠭ᠎ᠢᠶᠡᠨ ᠪᠡᠶᠡᠯᠡᠭᠦᠯᠵᠦ᠂ ᠠᠨᠠᠭᠠᠬᠤ ᠤᠬᠠᠭᠠᠨ᠎ᠤ ᠲᠠᠪᠴᠠᠩ ᠳᠡᠭᠡᠷ᠎ᠡ ᠴᠤᠭ ᠵᠢᠪᠬᠤᠭ᠎ᠠ᠎ᠪᠠᠨ ᠪᠠᠳᠠᠷᠠᠭᠤᠯᠵᠤ ᠶᠠᠪᠤᠨ᠎ᠠ︾ ᠬᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶᠠᠨ᠎ᠤ ᠮᠡᠳᠡᠷᠡᠯ᠎ᠤᠨ ᠭᠠᠳᠠᠷ ᠰᠠᠯᠠᠭᠠᠨ᠎ᠤ ᠨᠠᠮ᠎ᠤᠨ ᠡᠭᠦᠷ᠎ᠤᠨ ᠱᠦᠵᠢ᠂ ᠳᠡᠳ᠋ ᠡᠷᠬᠢᠯᠡᠭᠴᠢ ᠦᠷᠯᠦᠬᠡ ᠰᠤᠷᠪᠤᠯᠵᠢᠯᠠᠭᠴᠢ᠎ᠳ᠋ᠤ ᠬᠡᠯᠡᠪᠡ᠃
ᠦᠷᠯᠦᠬᠡ᠂ ᠠᠨᠠᠭᠠᠬᠤ ᠤᠬᠠᠭᠠᠨ᠎ᠤ ᠰᠤᠷᠪᠤᠯᠵᠢ᠎ᠳᠤ ᠭᠡᠷ ᠪᠦᠯᠢ᠎ᠳ᠋ᠤ ᠲᠥᠷᠥᠵᠤ᠂ ᠡᠵᠢ᠎ᠨᠢ ᠮᠡᠳᠡᠷᠡᠯ᠎ᠤᠨ ᠭᠠᠳᠠᠷ ᠰᠠᠯᠠᠭᠠᠨ᠎ᠤ ᠨᠡᠷᠡᠳᠤ ᠫᠷᠤᠹᠧᠰᠰᠤᠷ ᠠᠵᠢ᠃ ᠡᠵᠢ᠎ᠶᠢᠨ᠎ᠢᠶᠡᠨ ᠨᠥᠯᠥᠭᠡ᠎ᠪᠠᠷ ᠲᠡᠷᠡ ᠬᠠᠷᠠᠬᠠᠨ ᠪᠠᠭ᠎ᠠ᠎ᠡᠴᠠ᠎ᠪᠠᠨ ᠡᠪᠡᠳᠴᠢᠨ ᠵᠠᠰᠠᠵᠤ ᠬᠥᠮᠦᠨ ᠠᠪᠤᠷᠠᠬᠤ ᠬᠦᠰᠡᠯ᠎ᠲᠠᠢ ᠪᠤᠯᠤᠭᠰᠠᠨ ᠪᠦᠭᠡᠳ ᠲᠠᠰᠤᠷᠠᠯᠲᠠ ᠦᠭᠡᠢ ᠴᠢᠷᠮᠠᠶᠢᠬᠤ᠎ᠪᠠᠷ ᠳᠠᠮᠵᠢᠨ ᠮᠡᠳᠡᠷᠡᠯ᠎ᠤᠨ ᠭᠠᠳᠠᠷ ᠰᠠᠯᠠᠭᠠᠨ᠎ᠤ ᠫᠤᠰᠲ ᠳ᠋ᠣᠺᠲ᠋ᠣᠷ ᠪᠣᠯᠵᠠᠢ᠃ 2008 ᠣᠨ᠎ᠳ᠋ᠤ᠂ ᠲᠡᠷᠡ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠤᠷᠢᠶ᠎ᠠ᠎ᠳ᠋ᠤ ᠤᠷᠢᠭᠳᠠᠨ ᠠᠵᠢᠯᠯᠠᠪᠠ᠃
ᠦᠷᠯᠦᠬᠡ᠎ᠶᠢᠨ ᠦᠵᠡᠬᠦ᠎ᠪᠠᠷ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ ᠪᠣᠯ ᠡᠮᠴᠢ ᠪᠣᠯᠤᠭᠰᠠᠳ᠎ᠤᠨ ᠡᠷᠬᠡᠪᠰᠢ ᠪᠦᠷᠢᠯᠳᠦᠭᠦᠯᠬᠦ ᠦᠨᠳᠦᠰᠦᠨ ᠵᠦᠢᠯ ᠮᠦᠨ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠤᠯᠪᠠᠰᠤᠷᠠᠩᠭᠤᠢ ᠬᠡᠷᠡᠭᠯᠡᠬᠦ᠎ᠨᠢ ᠰᠣᠶᠣᠯ᠎ᠤᠨ ᠬᠠᠮᠳᠤ᠎ᠶᠢᠨ ᠲᠠᠨᠢᠯᠳᠠ᠎ᠶᠢᠨ ᠰᠠᠭᠤᠷᠢ᠎ᠶᠢ ᠪᠡᠬᠢᠵᠢᠬᠦᠯᠬᠦ᠎ᠳ᠋ᠤ ᠠᠰᠢᠭᠳᠠᠢ ᠪᠦᠭᠡᠳ ᠡᠪᠡᠳᠴᠢᠲᠡᠨ᠎ᠳ᠋ᠤ ᠨᠡᠩ ᠰᠠᠢᠨ ᠦᠢᠯᠡᠴᠢᠯᠡᠬᠦ᠎ᠳ᠋ᠤ ᠠᠰᠢᠭᠲᠠᠢ ᠶᠤᠮ᠃ ᠤᠯᠠᠨ ᠵᠢᠯ᠎ᠤᠨ ᠲᠤᠷᠰᠢᠬᠢ ᠠᠮᠢᠳᠤᠷᠠᠯ᠂ ᠰᠤᠷᠤᠯᠭ᠎ᠠ᠂ ᠠᠵᠢᠯ᠎ᠤᠨ ᠥᠩᠭᠡᠷᠡᠯᠲᠡ᠎ᠪᠠᠨ ᠡᠷᠭᠢᠴᠡᠭᠦᠯᠵᠦ ᠦᠵᠡᠪᠡᠯ᠂ ᠠᠮᠢᠳᠤᠷᠠᠯ᠎ᠤᠨ ᠳᠤᠮᠳᠠᠬᠢ ᠠᠷᠰᠠᠷ ᠶᠠᠪᠤᠳᠠᠯ᠎ᠤᠳ᠎ᠨᠢ ᠪᠦᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠲᠠᠢ ᠨᠢᠭᠲᠠ ᠬᠣᠯᠪᠣᠭ᠎ᠠ᠎ᠲᠠᠢ ᠶᠤᠮ ᠬᠡᠵᠦ ᠦᠷᠯᠦᠬᠡ ᠬᠡᠯᠡᠨ᠎ᠠ᠃
︽ ᠪᠢ ᠪᠠᠭ᠎ᠠ ᠰᠤᠷᠭᠠᠭᠤᠯᠢ᠎ᠶᠢᠨ ᠬᠣᠶᠠᠳᠤᠭᠠᠷ ᠣᠨ᠎ᠡᠴᠠ ᠡᠬᠢᠯᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠵᠠᠢ᠃ ᠠᠩᠬ᠎ᠠ ᠰᠤᠷᠤᠯᠴᠠᠬᠤ ᠦᠶ᠎ᠡ᠎ᠳ᠋ᠤ ᠨᠡᠯᠢᠶᠡᠳ ᠬᠦᠴᠢᠷᠳᠡᠵᠦ ᠪᠠᠶᠢᠭᠰᠠᠨ ᠪᠣᠯᠪᠠᠴᠤ ᠬᠡᠰᠡᠭ ᠬᠤᠭᠤᠴᠠᠭᠠᠨ᠎ᠤ ᠰᠤᠷᠤᠯᠴᠠᠯᠭ᠎ᠠ᠎ᠶᠢ ᠦᠩᠭᠡᠷᠡᠭᠡᠭᠡᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠡᠯᠪᠡᠭ ᠪᠠᠶᠠᠯᠢᠭ ᠰᠣᠶᠣᠯ᠎ᠤᠨ ᠠᠭᠤᠯᠬᠤᠨ᠎ᠳ᠋ᠤ ᠰᠡᠳᠬᠢᠯ ᠲᠠᠳᠠᠭᠳᠠᠬᠤ ᠪᠤᠯᠪᠠ︾ ᠬᠡᠵᠦ ᠦᠷᠯᠦᠬᠡ ᠪᠠᠶᠠᠷᠳᠠᠢᠬᠠᠨ ᠬᠡᠯᠡᠨ᠎ᠠ᠃ ᠲᠡᠷᠡ ᠪᠤᠰᠤᠳ᠎ᠡᠴᠠ ᠨᠡᠩ ᠢᠯᠡᠭᠦᠦ ᠴᠠᠭ ᠵᠠᠷᠤᠴᠠᠭᠤᠯᠵᠤ ᠴᠢᠷᠮᠠᠶᠢᠨ ᠰᠤᠷᠤᠯᠴᠠᠭᠰᠠᠨ᠎ᠢᠶᠠᠷ᠂ ᠠᠩᠬ᠎ᠠ ᠳᠤᠮᠳᠠᠳᠤ᠂ ᠥᠨᠳᠥᠷ ᠳᠤᠮᠳᠠᠳᠤ᠎ᠳ᠋ᠤ ᠣᠷᠣᠬᠤ ᠦᠶ᠎ᠡ᠎ᠳ᠋ᠤ᠂ ᠬᠡᠯᠡ ᠪᠢᠴᠢᠭ᠎ᠤᠨ ᠬᠢᠷᠢ ᠪᠦᠲᠦᠮᠵᠢ᠎ᠨᠢ ᠪᠤᠰᠤᠳ ᠬᠠᠮᠲᠤ ᠰᠤᠷᠤᠭᠴᠢ᠎ᠪᠠᠨ ᠨᠡᠬᠡᠵᠦ ᠭᠦᠢᠴᠡᠭᠰᠡᠨ ᠲᠡᠳᠦᠢ ᠦᠭᠡᠢ ᠳᠠᠪᠠᠵᠤ ᠭᠠᠷᠤᠭᠰᠠᠨ ᠪᠠᠶᠢᠨ᠎ᠠ᠂ ᠡᠨᠡ᠎ᠨᠢ ᠲᠡᠭᠦᠨ᠎ᠤ ᠬᠣᠵᠢᠮ᠎ᠤᠨ ᠰᠤᠷᠤᠯᠴᠠᠯᠭ᠎ᠠ᠎ᠳ᠋ᠤ ᠮᠠᠰᠢ ᠰᠠᠶᠢᠨ ᠰᠠᠭᠤᠷᠢ᠎ᠶᠢ ᠲᠠᠯᠪᠢᠵᠤ ᠥᠭᠭᠦᠭᠰᠡᠨ ᠠᠵᠢ᠃
︽ ᠬᠥᠮᠦᠨ ᠪᠠ ᠬᠥᠮᠦᠨ᠎ᠤ ᠬᠤᠭᠤᠷᠤᠨᠳᠤ ᠬᠡᠯᠡᠨ᠎ᠤ ᠤᠯᠤᠯᠴᠠᠭ᠎ᠠ ᠪᠤᠯ ᠬᠠᠮᠤᠬ᠎ᠤᠨ ᠴᠢᠬᠤᠯᠠ ᠪᠠᠢᠳᠠᠬ᠂ ᠢᠩᠭᠢᠪᠡᠯ ᠰᠠᠶᠢ ᠬᠠᠷᠢᠯᠴᠠᠨ ᠤᠢᠯᠠᠭᠠᠯᠴᠠᠵᠤ ᠴᠢᠳᠠᠨ᠎ᠠ︾ ᠬᠡᠵᠦ ᠦᠷᠯᠦᠬᠡ ᠬᠡᠯᠡᠨ᠎ᠡ᠃ ᠡᠮᠴᠢ ᠰᠤᠪᠢᠯᠠᠭᠴᠢ ᠪᠣᠯᠤᠭᠰᠠᠨ᠎ᠤ ᠬᠤᠪᠢ᠎ᠳ᠋ᠤ᠂ ᠲᠡᠷᠡ ᠡᠳᠦᠷ ᠪᠦᠷᠢ ᠮᠠᠰᠢ ᠣᠯᠠᠨ ᠡᠪᠡᠳᠴᠢᠲᠡᠨ᠎ᠤ ᠡᠪᠡᠳᠴᠢᠨ᠎ᠤ ᠪᠠᠶᠢᠳᠠᠯ᠎ᠢ ᠣᠶᠢᠯᠠᠭᠠᠵᠤ᠂ ᠡᠮᠨᠡᠨ ᠵᠠᠰᠠᠬᠤ ᠲᠥᠰᠦᠯ᠎ᠢᠶᠡᠨ ᠤᠢᠯᠠᠭᠠᠯᠴᠠᠨ᠂ ᠡᠮᠨᠡᠨ ᠵᠠᠰᠠᠭᠰᠠᠨ ᠪᠠᠢᠳᠠᠯ᠎ᠢᠶᠡᠨ ᠠᠰᠠᠭᠤᠨ ᠯᠠᠪᠯᠠᠨ᠎ᠠ᠃ ᠦᠷᠯᠦᠭᠡ᠄ ︽ ᠡᠬᠦᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠬᠦ᠎ᠶᠢᠨ ᠴᠢᠬᠤᠯᠠ ᠴᠢᠨᠠᠷ ᠢᠯᠡᠷᠡᠵᠦ ᠪᠤᠢ᠂ ᠬᠠᠷᠢᠯᠴᠠᠨ ᠤᠢᠯᠠᠭᠠᠯᠴᠠᠪᠠᠯ ᠰᠠᠶᠢ ᠠᠪᠤᠷᠠᠨ ᠡᠮᠨᠡᠬᠦ ᠠᠵᠢᠯ᠎ᠢᠶᠡᠨ ᠨᠡᠩ ᠰᠠᠢᠳᠤᠷ ᠬᠢᠵᠦ ᠴᠢᠳᠠᠨ᠎ᠠ︾ ᠬᠡᠪᠡ᠃
ᠦᠷᠯᠦᠬᠡ᠂ ︽ ᠲᠠᠯ᠎ᠠ ᠨᠤᠲᠤᠭ᠎ᠤᠨ ᠴᠢᠳᠠᠪᠤᠷᠢᠲᠠᠨ︾᠂ ︽ ᠰᠢᠨ᠎ᠡ ᠡᠷᠢᠨ ᠵᠠᠭᠤᠨ᠎ᠤ 321 ᠴᠢᠳᠠᠪᠤᠷᠢᠲᠠᠨ᠎ᠤ ᠢᠨᠵᠧᠨᠧᠷᠢᠩ︾᠎ᠤᠨ ᠨᠢᠭᠡᠳᠦᠭᠡᠷ ᠳᠡᠰ᠎ᠤᠨ ᠴᠢᠳᠠᠪᠤᠷᠢᠳᠠᠨ᠎ᠢᠶᠠᠷ ᠦᠨᠡᠯᠡᠭᠳᠡᠵᠦ᠂ ︽ ᠪᠠᠷᠠᠭᠤᠨ ᠣᠷᠣᠨ᠎ᠤ ᠭᠡᠷᠡᠯ ᠭᠢᠯᠪᠠᠭ᠎ᠠ︾ ᠰᠢᠯᠢᠳᠡᠭ ᠠᠢᠯᠴᠢᠯᠠᠨ ᠰᠤᠷᠤᠯᠴᠠᠬᠤ ᠡᠷᠳᠡᠮᠲᠡᠨ ᠁ᠢᠶᠠᠷ ᠦᠨᠡᠯᠡᠭᠳᠡᠪᠡ᠃ ᠲᠡᠷᠡ ᠦᠷᠭᠦᠯᠵᠢ ᠡᠷᠬᠢᠨ ᠲᠣᠭᠣᠷᠢᠨ᠎ᠤ ᠨᠠᠶᠢᠵᠠ ᠨᠦᠬᠦᠳ᠂ ᠰᠤᠷᠤᠭᠴᠢᠳ᠎ᠲᠠᠢ᠎ᠪᠠᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠶᠢᠨ ᠴᠢᠬᠤᠯᠠ ᠴᠢᠨᠠᠷ᠎ᠤᠨ ᠳᠤᠬᠠᠢ ᠰᠤᠳᠤᠯᠤᠨ ᠶᠠᠷᠢᠯᠴᠠᠳᠠᠭ᠋᠃ ᠲᠡᠭᠦᠨ᠎ᠤ ᠦᠵᠡᠬᠦ᠎ᠪᠠᠷ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠰᠢᠨ ᠬᠡᠷᠡᠭᠯᠡᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠨᠢ ᠰᠢᠨ᠎ᠡ ᠴᠠᠭ ᠦᠶ᠎ᠡ᠎ᠶᠢᠨ ᠬᠥᠭᠵᠢᠯᠲᠡ᠎ᠶᠢᠨ ᠤᠷᠤᠰᠬᠠᠯ᠎ᠢ ᠲᠠᠭᠠᠵᠤ᠂ ᠨᠡᠩ ᠥᠨᠳᠥᠷ ᠨᠡᠩ ᠬᠤᠯᠠ ᠳᠡᠬᠦᠯᠢᠵᠦ ᠴᠢᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃